ᠬᠦᠪᠡᠭᠡᠲᠦ ᠰᠢᠷ᠎ᠠ ᠬᠤᠰᠢᠭᠤ ᠨᠠᠰᠤᠲᠠᠶᠢᠴᠤᠳ ᠲᠤ ᠲᠥᠯᠥᠪᠦᠷᠢ ᠥᠬᠡᠶ ᠪᠠᠷ ᠪᠡᠶ᠎ᠡ ᠶᠢᠨ ᠪᠠᠶᠢᠴᠠᠭᠠᠯᠲᠠ ᠬᠢᠪᠡ
ᠨᠡᠶᠢᠲᠡᠯᠡᠭᠰᠡᠨ ᠴᠠᠭ᠄
2022/11/25
     11 ᠰᠠᠷ᠎ᠠ ᠶᠢᠨ 24 ᠤ ᠡᠳᠦᠷ᠂  ᠬᠦᠪᠡᠭᠡᠲᠦ ᠰᠢᠷ᠎ᠠ ᠬᠤᠰᠢᠭᠤᠨ ᠤ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠠᠴᠠ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠤᠳᠠᠭᠠᠨ ᠴᠢᠨᠠᠷᠲᠠᠶ ᠡᠪᠡᠳᠴᠢᠨ ᠢ ᠡᠷᠲᠡ ᠢᠯᠡᠷᠡᠭᠦᠯᠵᠦ ᠡᠷᠲᠡ ᠣᠨᠣᠰᠢᠯᠠᠵᠤ ᠡᠷᠲᠡ ᠡᠮᠨᠡᠨ ᠵᠠᠰᠠᠬᠤ ᠶᠢ ᠪᠡᠶᠡᠯᠡᠭᠦᠯᠬᠦ ᠶᠢᠨ ᠲᠥᠯᠥᠭᠡ᠂ ᠬᠤᠲᠠ ᠪᠠᠯᠭᠠᠰᠤᠨ ᠤ 65 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠲᠦᠯᠥᠪᠦᠷᠢ ᠦᠭᠡᠢ ᠪᠠᠷ ᠪᠡᠶ᠎ᠡ ᠶᠢᠨ ᠪᠠᠶᠢᠴᠠᠭᠠᠯᠲᠠ ᠬᠢᠵᠡᠢ᠃     ᠪᠡᠶ᠎ᠡ ᠶᠢᠨ ᠪᠠᠶᠢᠴᠠᠭᠠᠯᠲᠠ ᠶᠢᠨ ᠲᠤᠬᠠᠢ ᠶᠢᠨ ᠲᠠᠯᠠᠪᠤᠷ ᠲᠤ᠂ ᠡᠮᠴᠢ ᠠᠴᠠ ᠪᠡᠶ᠎ᠡ ᠶᠢᠨ ᠪᠠᠶᠢᠴᠠᠭᠠᠯᠲᠠ ᠬᠢᠬᠦ ᠪᠠᠷ ᠢᠷᠡᠭᠰᠡᠨ ᠨᠠᠰᠤᠲᠠᠶᠢᠴᠤᠳ ᠤᠨ ᠡᠳᠦᠷ ᠲᠤᠲᠤᠮ ᠤᠨ ᠠᠮᠢᠳᠤᠷᠠᠯ ᠤᠨ ᠳᠠᠳᠬᠠᠯ ᠵᠢᠴᠢ ᠪᠡᠶ᠎ᠡ ᠶᠢᠨ ᠡᠷᠡᠭᠦᠯ ᠮᠡᠨᠳᠦ  ᠶᠢᠨ ᠪᠠᠶᠢᠳᠠᠯ ᠢ ᠨᠠᠷᠢᠨ ᠤᠶᠢᠯᠠᠭᠠᠬᠤ ᠶᠢᠨ ᠬᠠᠮᠲᠤ ᠪᠡᠶ᠎ᠡ ᠶᠢᠨ ᠡᠷᠡᠭᠦᠯ ᠮᠡᠨᠳᠦ ᠳᠤ ᠴᠢᠭᠯᠡᠭᠦᠯᠦᠭᠰᠡᠨ ᠬᠠᠮᠢᠶ᠎ᠠ ᠪᠦᠬᠦᠢ ᠰᠠᠨᠠᠭᠤᠯᠭ᠎ᠠ ᠳᠤᠷᠠᠳᠴᠠᠢ᠃ ᠶᠣᠣ ᠨᠠᠰᠤᠲᠠᠨ ︽ᠪᠢ ᠡᠨᠡ ᠵᠢᠯ 67 ᠨᠠᠰᠤᠲᠠᠢ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠠᠴᠠ ᠵᠢᠯ ᠪᠦᠷᠢ ᠨᠠᠰᠤᠲᠠᠶᠢᠴᠤᠳ ᠲᠤ ᠦᠨ᠎ᠡ ᠲᠥᠯᠥᠪᠦᠷᠢ ᠦᠭᠡᠢ ᠪᠠᠷ ᠪᠡᠶ᠎ᠡ ᠶᠢᠨ ᠪᠠᠶᠢᠴᠠᠭᠠᠯᠲᠠ ᠬᠢᠵᠦ ᠦᠭᠳᠡᠭ ᠠᠴᠠ ᠪᠢ ᠵᠢᠯ ᠪᠣᠯᠭᠠᠨ ᠢᠷᠡᠵᠥ ᠪᠠᠶᠢᠴᠠᠭᠠᠯᠲᠠ ᠬᠢᠯᠭᠡᠳᠡᠭ︔ ᠡᠨᠡ ᠨᠢ ᠪᠡᠶ᠎ᠡ ᠶᠢᠨ ᠡᠷᠡᠭᠦᠯ ᠴᠢᠭᠢᠷᠠᠭ ᠲᠤ ᠮᠠᠰᠢ ᠶᠡᠭᠡ ᠬᠠᠪᠰᠤᠷᠤᠯᠭ᠎ᠠ ᠦᠵᠡᠭᠦᠯᠵᠦ ᠪᠠᠶᠢᠨ᠎ᠠ︾ ᠭᠡᠵᠥ ᠶᠠᠷᠢᠵᠤ ᠪᠠᠶᠢᠯ᠎ᠠ᠃     ᠣᠶᠢᠯᠠᠭᠠᠭᠰᠠᠨ ᠢᠶᠠᠷ᠂ ᠲᠣᠰ ᠤᠳᠠᠭᠠᠨ ᠤ ᠪᠡᠶ᠎ᠡ ᠶᠢᠨ ᠪᠠᠶᠢᠴᠠᠭᠠᠯᠲᠠ ᠨᠢ ᠴᠢᠰᠤᠨ ᠤ ᠪᠠᠶᠢᠴᠠᠭᠠᠯᠲᠠ᠂ ᠰᠢᠭᠡᠰᠦᠨ ᠤ ᠪᠠᠶᠢᠴᠠᠭᠠᠯᠲᠠ᠂ ᠬᠡᠪᠡᠯᠢ ᠶᠢᠨ ᠬᠡᠲᠦ ᠳᠤᠯᠭᠢᠶᠠᠨ ᠤ ᠪᠠᠶᠢᠴᠠᠭᠠᠯᠲᠠ᠂ ᠵᠢᠷᠦᠬᠡᠨ ᠤ ᠴᠠᠬᠢᠯᠭᠠᠨ ᠵᠢᠷᠤᠭ ᠵᠡᠷᠭᠡ ᠲᠦᠷᠥᠯ ᠵᠦᠢᠯ ᠢ ᠬᠠᠮᠤᠷᠴᠠᠢ᠃     ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠡᠷᠬᠢᠯᠡᠭᠴᠢ ᠼᠤᠤ ᠵᠢᠶᠠᠨ ᠫᠢᠩ ᠠᠴᠠ ︽ᠰᠢᠨᠡᠪᠣᠯᠠᠭ ᠪᠠᠯᠭᠠᠰᠤᠨ ᠤ 6 ᠨᠡᠶᠢᠭᠡᠮ ᠲᠣᠭᠤᠷᠢᠭ ᠤᠨ ᠨᠠᠰᠤᠲᠠᠳ ᠲᠤ ᠰᠦᠢᠳᠬᠡᠯ ᠬᠤᠷᠢᠶᠠᠬᠤ ᠦᠭᠡᠢ ᠪᠠᠷ ᠪᠡᠶ᠎ᠡ ᠶᠢᠨ ᠪᠠᠶᠢᠴᠠᠭᠠᠯᠲᠠ ᠬᠢᠬᠦ ᠳᠤ ᠪᠠᠷᠤᠭ ᠨᠡᠶᠢᠭᠡᠮ ᠲᠤᠭᠤᠷᠢᠭ ᠪᠦᠷᠢ  ᠳᠤ 3 ᠡᠳᠦᠷ ᠤᠨ ᠴᠠᠭ ᠬᠡᠷᠡᠭᠰᠡᠵᠦ᠂ 18 ᠡᠳᠦᠷ ᠤᠨ ᠳᠣᠲᠣᠷ᠎ᠠ ᠪᠦᠬᠦᠨ ᠢ ᠬᠢᠵᠥ ᠳᠠᠭᠤᠰᠬᠠᠨ᠎ᠠ︔ ᠪᠠᠶ᠎ᠠ ᠶᠢᠨ ᠪᠠᠶᠢᠴᠠᠭᠠᠯᠲᠠ ᠬᠢᠯᠭᠡᠬᠦ ᠬᠦᠮᠦᠨ ᠪᠦᠬᠦ ᠨᠡᠶᠢᠲᠡ 1000 ᠬᠦᠮᠦᠨ ᠣᠷᠴᠢᠮ ᠪᠠᠶᠢᠨ᠎ᠠ︾ ᠭᠡᠵᠥ ᠶᠠᠷᠢᠯ᠎ᠠ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号