ᠬᠤᠷᠢᠨ ᠭᠤᠷᠪᠠᠳᠡᠬᠢ ᠰᠤᠷᠪᠤᠯᠵᠢᠯᠠᠭᠴᠢ ᠶᠢᠨ ᠪᠠᠶᠠᠷ ᠢ ᠪᠡᠯᠭᠡᠯᠡᠬᠦ ᠰᠤᠶᠤᠯ ᠲᠠᠮᠢᠷ ᠤᠨ ᠠᠵᠢᠯᠯᠠᠭ᠎ᠠ ᠶᠠᠪᠤᠭᠳᠠᠪᠠ
ᠨᠡᠶᠢᠲᠡᠯᠡᠭᠰᠡᠨ ᠴᠠᠭ᠄
2022/11/8
      11 ᠰᠠᠷ᠎ᠠ ᠶᠢᠨ 6 ᠤ ᠡᠳᠦᠷ᠂ ᠬᠦᠪᠡᠭᠡᠲᠦ ᠰᠢᠷ᠎ᠠ ᠬᠤᠰᠢᠭᠤᠨ ᠤ ᠤᠬᠠᠭᠤᠯᠬᠤ ᠭᠡᠯᠲᠡᠰ᠂ ᠠᠵᠢᠯᠴᠢᠨ ᠤ ᠶᠡᠷᠦᠩᠬᠡᠢ ᠡᠪᠯᠡᠯ᠂ ᠬᠠᠮ ᠵᠠᠭᠤᠴᠢᠯᠠᠭᠤᠷ ᠤᠨ ᠲᠦᠪ ᠠᠴᠠ ᠬᠠᠮᠳᠤᠷᠠᠨ ᠡᠷᠬᠢᠯᠡᠭᠰᠡᠨ ᠳᠤᠮᠳᠠᠳᠦ ᠤᠯᠤᠰ ᠤᠨ ᠬᠤᠷᠢᠨ ᠭᠤᠷᠪᠠᠳᠡᠬᠢ ᠰᠤᠷᠪᠤᠯᠵᠢᠯᠠᠭᠴᠢ ᠶᠢᠨ ᠪᠠᠶᠠᠷ ᠢ ᠪᠡᠯᠭᠡᠯᠡᠬᠦ ᠰᠤᠶᠤᠯ ᠲᠠᠮᠢᠷ ᠤᠨ ᠠᠵᠢᠯᠯᠠᠭ᠎ᠠ ᠬᠤᠰᠢᠭᠤ ᠲᠠᠮᠢᠷ ᠤᠨ ᠤᠷᠳᠤᠨ ᠳᠤ ᠶᠠᠪᠤᠭᠳᠠᠪᠠ᠃      ᠠᠵᠢᠯᠯᠠᠭ᠎ᠠ ᠳᠡᠭᠡᠷ᠎ᠡ᠂ ᠬᠠᠮ ᠵᠠᠭᠤᠴᠢᠯᠠᠭᠤᠷ ᠤᠨ ᠲᠦᠪ ᠤᠨ ᠰᠢᠯᠢᠳᠡᠭ ᠠᠵᠢᠯᠲᠠᠨ ᠢ ᠱᠠᠩᠨᠠᠨ ᠵᠤᠷᠢᠭᠵᠢᠭᠤᠯᠪᠠ᠃ ᠤᠶᠢᠷ᠎ᠠ ᠶᠢᠨ ᠵᠢᠯ᠂ ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ ᠨᠢ ᠳᠡᠭᠡᠷ᠎ᠡ ᠱᠠᠲᠤᠨ ᠤ ᠪᠠᠶᠢᠷᠢᠯᠠᠭᠤᠯᠤᠯᠲᠠ ᠵᠢᠯᠤᠭᠤᠳᠤᠯᠭ᠎ᠠ ᠶᠢ ᠳᠠᠭᠠᠵᠤ᠂ ᠨᠠᠮ ᠤᠨ ᠳᠠᠭᠤ ᠬᠤᠭᠤᠯᠠᠢ ᠶᠢᠨ ᠦᠢᠯᠡᠳᠦᠯ ᠢᠶᠠᠨ ᠪᠠᠳᠠᠷᠠᠭᠤᠯᠤᠨ᠂ ᠲᠦᠷᠦ ᠶᠢᠨ ᠪᠤᠳᠤᠯᠭ᠎ᠠ ᠶᠢ ᠤᠬᠠᠭᠤᠯᠵᠤ᠂ ᠬᠢᠵᠢᠭ ᠢ ᠰᠡᠷᠬᠡᠶᠢᠯᠡᠬᠦ ᠤᠳᠤᠭ᠎ᠠ ᠦᠭᠡᠢ ᠳᠠᠶᠢᠨ ᠳᠤ ᠤᠷᠤᠯᠴᠠᠨ᠂ ᠰᠢᠯᠢᠳᠡᠭ ᠵᠢᠱᠢᠶᠡᠴᠢ ᠬᠦᠮᠦᠰ ᠤᠨ ᠲᠡᠷᠢᠬᠦᠨ ᠤ ᠦᠢᠯᠡ ᠠᠵᠢᠯᠯᠠᠭ᠎ᠠ ᠶᠢ ᠰᠤᠷᠲᠠᠯᠴᠢᠯᠠᠨ᠂ ᠮᠠᠰᠢ ᠰᠠᠶᠢᠨ ᠦᠷ᠎ᠡ ᠠᠰᠢᠭ ᠤᠯᠤᠭᠰᠠᠨ ᠪᠠᠶᠢᠨ᠎ᠠ᠃       ᠰᠤᠷᠪᠤᠯᠵᠢᠯᠠᠭᠴᠢ ᠶᠢᠨ ᠪᠠᠶᠠᠷ ᠢ ᠪᠡᠯᠭᠡᠯᠡᠬᠦ ᠰᠤᠶᠤᠯ ᠲᠠᠮᠢᠷ ᠤᠨ ᠠᠵᠢᠯᠯᠠᠭ᠎ᠠ ᠨᠢ ᠳᠡᠭᠡᠰᠦ ᠳᠠᠳᠠᠬᠤ ᠤᠷᠤᠯᠳᠤᠭᠠᠨ᠂ ᠠᠯᠠᠭᠠᠳᠠᠬᠤ ᠪᠦᠮᠪᠦᠭᠡᠨ ᠤᠷᠤᠯᠳᠤᠭᠠᠨ᠂ ᠫᠠᠢ ᠨᠠᠭᠠᠳᠤᠮ ᠤᠨ ᠤᠷᠤᠯᠳᠤᠭᠠᠨ ᠵᠡᠷᠭᠡ ᠬᠡᠯᠪᠡᠷᠢ ᠪᠠᠷ ᠶᠠᠪᠤᠭᠳᠠᠵᠤ᠂ ᠰᠤᠷᠪᠤᠯᠵᠢᠯᠠᠭᠴᠢ ᠨᠠᠶᠢᠷᠠᠭᠤᠯᠤᠭᠴᠢ ᠨᠠᠷ ᠮᠠᠨᠢ ᠠᠵᠢᠯ ᠤᠨ ᠶᠠᠳᠠᠷᠠᠭ᠎ᠠ ᠵᠦᠳᠡᠷᠡᠭᠡ ᠪᠠᠨ ᠲᠠᠶᠢᠯᠤᠨ ᠪᠠᠶᠠᠰᠴᠦ᠂ ᠪᠠᠶᠠᠷ ᠤᠨ ᠡᠳᠦᠷ ᠢᠶᠠᠨ ᠤᠳᠬ᠎ᠠ ᠠᠭᠤᠯᠭ᠎ᠠ ᠲᠠᠢ ᠲᠡᠮᠳᠡᠭᠯᠡᠵᠠᠢ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ 
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号