ᠰᠢᠯᠢᠩᠬᠤᠲᠠ ᠶᠢ ᠲᠤᠰᠠᠯᠬᠠᠰᠠᠠ ᠡᠮᠴᠢᠯᠡᠭᠡᠨ ᠤ ᠠᠩᠭᠢ ᠶᠢᠨ ᠨᠦᠭᠦᠦᠡ ᠢᠶᠠᠨ ᠤᠭᠳᠤᠨ ᠠᠪᠤᠯ᠎ᠠ
ᠨᠡᠶᠢᠲᠡᠯᠡᠭᠰᠡᠨ ᠴᠠᠭ᠄
2022/11/9
        ᠰᠢᠯᠢᠩᠬᠤᠲᠠ ᠶᠢ ᠳᠤᠰᠠᠯᠠᠭᠰᠠᠨ ᠬᠦᠪᠡᠭᠡᠲᠦ ᠰᠢᠷ᠎ᠠ ᠬᠤᠰᠢᠭᠤᠠ ᠤ ᠡᠮᠴᠢᠯᠡᠭᠡᠨ ᠤ ᠠᠩᠭᠢ ᠶᠢᠨ ᠨᠦᠭᠦᠦᠡ ᠡᠭᠦᠷᠭᠡ ᠬᠠᠷᠢᠭᠤᠴᠠᠯᠭ᠎ᠠ ᠪᠠᠨ ᠬᠦᠢᠴᠡᠳᠬᠡᠵᠤ᠂ ᠢᠷᠠᠭᠤ ᠠᠯᠳᠠᠷ ᠲᠠᠢ ᠬᠠᠷᠢᠵᠤ ᠢᠷᠡᠭᠰᠡᠨ ᠬᠠᠯᠠᠭᠤᠨ ᠴᠢᠮᠡᠭᠡ ᠠᠮᠠ ᠳᠠᠮᠵᠢᠨ ᠶᠠᠷᠢᠭᠳᠠᠵᠤ ᠪᠠᠶᠢᠯ᠎ᠠ᠃ 11 ᠰᠠᠷ᠎ᠠ ᠶᠢᠨ 8 ᠤ ᠡᠳᠦᠷ᠂ ᠰᠢᠯᠢᠩᠬᠤᠲᠠ ᠶᠢ ᠲᠤᠰᠠᠯᠠᠬᠤ ᠳᠤ ᠤᠷᠤᠯᠴᠬᠠᠰᠠᠠ ᠬᠦᠪᠡᠭᠡᠲᠦ ᠰᠢᠷ᠎ᠠ ᠬᠤᠰᠢᠭᠤᠨ ᠤ ᠡᠮᠴᠢᠯᠡᠭᠡᠨ ᠤ ᠠᠩᠭᠢ ᠶᠢᠨ 48 ᠨᠦᠭᠦᠦᠡ ᠤᠨ ᠠᠮᠵᠢᠯᠳᠠ ᠲᠠᠢ ᠪᠤᠴᠠᠵᠤ ᠢᠷᠡᠭᠰᠡᠨ ᠢ ᠬᠠᠯᠠᠭᠤᠨ ᠢᠶᠠᠷ ᠤᠭᠲᠤᠬᠤ ᠶᠣᠰᠣᠯᠠᠯ  ᠶᠠᠪᠤᠭᠳᠠᠵᠠᠢ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ ᠸᠠᠩ ᠱᠤ᠋ ᠲᠠᠢ ᠶᠣᠰᠣᠯᠠᠯ ᠳᠤ ᠣᠷᠣᠯᠴᠠᠵᠤ ᠪᠠᠶᠠᠷ ᠤᠨ ᠦᠭᠡ ᠬᠡᠯᠡᠪᠡ᠃        ᠸᠠᠩ ᠱᠤ᠋ ᠲᠠᠢ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠢ ᠲᠥᠯᠥᠭᠡᠯᠡᠨ᠂ ᠠᠵᠢᠯ ᠡᠬᠦᠷᠭᠡ  ᠪᠠᠨ ᠪᠡᠶᠡᠯᠡᠬᠦᠯᠵᠤ ᠪᠤᠴᠠᠵᠤ ᠢᠷᠡᠭᠰᠡᠨ ᠡᠮᠴᠢᠯᠡᠭᠡᠨ ᠤ ᠠᠩᠭᠢ ᠶᠢᠨ ᠨᠦᠭᠦᠦᠡ ᠲᠤ ᠲᠠᠯᠠᠷᠬᠠᠵᠤ ᠪᠠᠶᠢᠬᠤ ᠪᠠᠨ ᠢᠯᠡᠳᠬᠡᠵᠦ᠂ ᠲᠡᠳᠡᠨ ᠤ ᠪᠡᠶ᠎ᠡ ᠰᠡᠳᠬᠢᠯ ᠢᠶᠠᠨ ᠵᠣᠬᠢᠴᠠᠭᠤᠯᠵᠤ᠂ ᠬᠤᠶᠢᠰᠢᠳᠠ ᠶᠢᠨ ᠠᠵᠢᠯ ᠳᠤ ᠪᠠᠨ ᠰᠠᠶᠢᠨ ᠠᠮᠵᠢᠯᠲᠠ ᠪᠦᠲᠦᠮᠵᠢ ᠣᠯᠵᠤ᠂ ᠳᠠᠬᠢᠨ ᠰᠢᠨ᠎ᠡ ᠭᠠᠪᠢᠶ᠎ᠠ ᠪᠠᠶᠢᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠤᠤᠰ ᠢᠯᠠᠯᠲᠠ ᠶᠢ ᠤᠯᠬᠤ ᠠᠵᠢᠯ ᠳᠤ ᠦᠷᠭᠦᠯᠵᠢᠯᠡᠨ ᠰᠢᠨ᠎ᠡ ᠬᠤᠪᠢ ᠨᠡᠮᠡᠷᠢ ᠦᠵᠡᠭᠦᠯᠬᠦ ᠶᠢ ᠴᠢᠩ ᠰᠡᠳᠬᠢᠯ ᠠᠴᠠ ᠪᠠᠨ ᠬᠦᠰᠡᠵᠦ ᠪᠠᠶᠢᠨ᠎ᠠ ᠭᠡᠪᠡ᠃       ᠬᠥᠪᠡᠭᠡᠲᠦ ᠰᠢᠷ᠎ᠠ ᠬᠤᠰᠢᠭᠤᠨ ᠤ ᠰᠠᠭᠠᠯᠢ ᠶᠢᠨ ᠲᠡᠭᠡᠵᠢ ᠰᠦᠡ ᠤ ᠦᠢᠯᠡᠰ ᠤᠨ ᠬᠢᠵᠠᠭᠠᠷᠲᠤ ᠺᠣᠮᠫᠠᠨᠢ  ᠠᠴᠠ ᠡᠳᠡᠭᠡᠷ ᠡᠮᠴᠢᠯᠡᠭᠡᠨ ᠤ ᠠᠵᠢᠯᠲᠠᠳ ᠲᠤ 1 ᠲᠦᠮᠡᠨ ᠲᠥᠭᠦᠷᠢᠭ ᠤᠨ ᠦᠷᠳᠡᠭ ᠪᠦᠬᠦᠢ ᠴᠠᠭᠠᠨ ᠢᠳᠡᠭᠡᠨ ᠬᠦᠷᠭᠡᠵᠦ ᠬᠦᠨᠳᠦᠳᠬᠡᠯ ᠳᠡᠪᠰᠢᠬᠦᠯᠵᠠᠢ᠃ ︽ᠰᠢᠯᠢᠩᠬᠤᠲᠠ ᠶᠢ ᠲᠤᠰᠠᠯᠠᠬᠤ ᠳᠤ ᠤᠷᠤᠯᠴᠬᠠᠰᠠᠠ ᠡᠮᠴᠢᠯᠡᠭᠡᠨ ᠤ ᠠᠩᠭᠢ ᠶᠢᠨ ᠨᠦᠭᠦᠦᠡ ᠠᠮᠵᠢᠯᠳᠠ ᠲᠠᠢ ᠪᠠᠷ ᠪᠤᠴᠠᠵᠤ ᠢᠷᠡᠭᠰᠡᠨ ᠳᠤ ᠮᠠᠠ ᠤ ᠺᠣᠮᠫᠠᠨᠢ ᠨᠢ ᠴᠠᠭᠠᠨ ᠢᠳᠡᠭᠡ ᠬᠦᠷᠭᠡᠵᠦ ᠲᠠᠯᠠᠷᠬᠠᠯ ᠤᠨ ᠰᠡᠥᠡᠬᠢᠯᠭᠡ ᠪᠠᠨ ᠢᠯᠡᠥᠡᠭᠡᠵᠥ᠂ ᠡᠮᠴᠢᠯᠡᠭᠡᠨ ᠤ ᠠᠵᠢᠯᠲᠠᠳ ᠤᠨ ᠪᠡᠶ᠎ᠡ ᠮᠠᠬᠠᠪᠣᠳ ᠡᠷᠡᠭᠦᠯ ᠴᠢᠭᠢᠷᠠᠭ᠂ ᠠᠵᠢᠯ ᠦᠢᠯᠡᠰ ᠠᠮᠵᠢᠯᠲᠠ ᠲᠠᠢ ᠪᠠᠶᠢᠬᠤ ᠶᠢ ᠢᠷᠥᠭᠡᠡ ᠵᠦᠩᠨᠡᠵᠤ ᠪᠠᠶᠢᠨ᠎ᠠ︾ ᠭᠡᠵᠤ ᠬᠥᠪᠡᠭᠡᠲᠦ ᠰᠢᠷ᠎ᠠ ᠬᠤᠰᠢᠭᠤᠨ ᠤ ᠰᠠᠭᠠᠯᠢ ᠶᠢᠨ ᠲᠡᠭᠡᠵᠢ ᠰᠦᠡ ᠤ ᠦᠢᠯᠡᠰ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠬᠡᠷᠡᠯᠳᠤ ᠶᠠᠷᠢᠯ᠎ᠠ᠃       ᠬᠢᠵᠢᠭ ᠲᠠᠢ ᠲᠡᠮᠡᠴᠡᠬᠦ ᠠᠶᠤᠯ ᠲᠦᠭᠰᠢᠭᠦᠷᠢ ᠲᠠᠢ ᠴᠠᠭ ᠮᠥᠴᠡ ᠳᠤ᠂ ᠬᠥᠪᠡᠭᠡᠲᠦ ᠰᠢᠷ᠎ᠠ ᠬᠤᠰᠢᠭᠤᠨ ᠤ ᠡᠮᠴᠢᠯᠡᠭᠡᠨ ᠤ ᠠᠵᠢᠯᠲᠠᠳ ᠦᠪᠡᠷ ᠢ ᠪᠠᠨ ᠤᠮᠠᠷᠳᠠᠠ ᠬᠠᠮᠳᠤ ᠣᠯᠠᠨ ᠤ ᠲᠥᠯᠥᠭᠡ ᠵᠢᠳᠬᠦᠵᠦ᠂ ᠭᠤᠶᠠᠴᠢ ᠦᠭᠡᠢ ᠰᠡᠳᠬᠢᠯᠭᠡ ᠪᠠᠷ ᠢᠳᠡᠪᠬᠢᠲᠡᠶ ᠭᠤᠶᠤᠴᠢᠯᠠᠠ ᠰᠢᠯᠢ ᠶᠢᠨ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠳᠤ ᠬᠦᠷᠴᠦ᠂ ᠬᠢᠵᠢᠭ ᠲᠠᠢ ᠲᠡᠮᠡᠴᠡᠬᠦ ᠭᠤᠤᠯ ᠲᠡᠶᠢᠨ ᠤ ᠲᠠᠯᠠᠪᠤᠷ ᠲᠤ ᠡᠳᠦᠷᠵᠢᠨ ᠰᠥᠨᠢᠵᠢᠨ ᠲᠡᠮᠡᠴᠡᠵᠦ᠂ ᠡᠯ᠎ᠡ ᠵᠦᠶᠯ ᠤᠨ ᠠᠵᠢᠯ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠮᠣᠷᠳᠠᠬᠤ ᠦᠶ᠎ᠡ ᠶᠢᠨ ᠠᠮᠠᠯᠠᠯᠲᠠ ᠪᠠᠨ ᠪᠡᠶᠡᠯᠡᠬᠦᠯᠪᠡ᠃        ᠬᠤᠰᠢᠭᠤᠨ ᠤ ᠤᠳᠤᠷᠢᠳᠤᠯᠭ᠎ᠠ ᠨᠠᠬᠢᠶ᠎ᠠ᠂ ᠤᠷᠠᠩᠭᠤᠸ᠎ᠠ᠂ ᠪᠠᠶᠠᠷᠲᠤ ᠶᠣᠰᠣᠯᠠᠯ ᠳᠤ ᠣᠷᠣᠯᠴᠠᠵᠤ᠂ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠦᠶᠯᠡᠳᠪᠦᠷᠢ ᠬᠤᠳᠠᠯᠳᠤᠭᠠᠨ ᠤ ᠬᠤᠯᠪᠤᠭᠠᠨ ᠤ ᠬᠠᠷᠢᠭᠤᠴᠠᠯᠭᠠᠲᠠᠨ᠂ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠡᠯᠲᠡᠰ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠨᠢᠭᠡᠴᠡ ᠪᠠ ᠡᠷᠡᠭᠦᠯ ᠬᠠᠮᠠᠭᠠᠯᠠᠯ ᠤᠨ ᠰᠢᠰᠲ᠋ᠧᠮ ᠤᠨ ᠲᠥᠯᠥᠭᠡᠯᠡᠭᠴᠢ ᠵᠢᠴᠢ ᠡᠮᠴᠢᠯᠡᠭᠡᠨ ᠤ ᠠᠩᠭᠢ ᠶᠢᠨ ᠭᠡᠷ ᠪᠦᠯᠢ ᠶᠢᠨ ᠲᠥᠯᠥᠭᠡᠯᠡᠭᠴᠢ ᠶᠣᠰᠣᠯᠠᠯ ᠳᠤ ᠣᠷᠣᠯᠴᠠᠪᠠ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号