ᠣᠶᠢᠷ᠎ᠠ ᠳᠤ᠂ ᠬᠦᠶᠲᠡᠨ ᠤᠷᠤᠰᠬᠠᠯ ᠤᠨ ᠨᠥᠯᠥᠭᠡ ᠪᠠᠷ᠂ ᠬᠥᠪᠡᠭᠡᠲᠦ ᠰᠢᠷ᠎ᠠ ᠬᠤᠰᠢᠭᠤᠨ ᠳᠤ ᠶᠡᠭᠡ ᠰᠠᠯᠬᠢ | ᠰᠠᠯᠬᠢᠯᠠᠠ᠂ ᠲᠡᠭᠷᠢ ᠬᠦᠶᠲᠡᠷᠡᠵᠤ᠂ ᠠᠭᠠᠷ ᠤᠨ ᠳᠤᠯᠠᠭᠠᠨ ᠭᠡᠰᠡᠭ ᠲᠤ ᠪᠠᠨ — 27 ᠭᠷᠠᠳᠦ᠋ᠰ ᠬᠦᠷᠦᠭᠰᠡᠨ ᠴᠤ ᠡᠯ᠎ᠡ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠷᠠᠭᠤᠯ ᠤᠨ ᠴᠢᠭ ᠲᠠᠬᠢ ᠵᠢᠵᠢᠭᠦᠷᠯᠡᠭᠴᠢ ᠶᠢᠨ ᠠᠵᠢᠯ ᠬᠠᠷᠢᠠ ᠥᠴᠦᠬᠡᠨ | ᠴᠦ ᠰᠤᠯᠠᠷᠠᠭᠰᠠᠨ ᠥᠬᠡᠶ᠃ 11 ᠰᠠᠷ᠎ᠠ ᠶᠢᠨ 30 ᠤ ᠡᠳᠦᠷ᠂ ᠰᠤᠷᠪᠤᠯᠵᠢᠯᠠᠭᠴᠢ ᠬᠥᠪᠡᠭᠡᠲᠦ ᠰᠢᠷ᠎ᠠ ᠬᠤᠰᠢᠭᠤᠨ ᠤ | G511 ᠵᠠᠮ ᠬᠠᠷᠢᠯᠴᠠᠭᠠᠠ ᠤ ᠬᠠᠷᠠᠭᠤᠯ ᠤᠨ ᠴᠢᠭ ᠪᠣᠯᠤᠨ ᠰᠢᠨᠡᠪᠤᠯᠠᠭ ᠪᠠᠯᠭᠠᠰᠤᠨ ᠤ ᠪᠠᠶᠢᠴᠠᠭᠠᠯᠲᠠ ᠶᠢᠨ ᠴᠢᠭ ᠲᠤ᠂ | ᠵᠢᠵᠢᠭᠦᠷᠯᠡᠭᠴᠢ ᠬᠠᠬᠢᠷ ᠬᠦᠶᠲᠡᠨ ᠢ ᠰᠥᠷᠴᠦ᠂ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ | ︽ᠨᠢᠭᠡ ᠲᠡᠷᠭᠡ ᠶᠢ ᠴᠦ ᠣᠷᠬᠢᠭᠳᠠᠭᠤᠯᠬᠤ ᠥᠬᠡᠶ᠂ ᠨᠢᠭᠡ ᠬᠥᠮᠦᠨ ᠢ ᠴᠦ ᠣᠷᠬᠢᠭᠳᠠᠭᠤᠯᠬᠤ ᠥᠬᠡᠶ︾ ᠪᠠᠶᠢᠬᠤ ᠶᠢ | ᠪᠠᠲᠤᠯᠠᠵᠤ ᠪᠠᠶᠢᠬᠤ ᠲᠠᠢ ᠲᠠᠭᠠᠷᠠᠯᠳᠤᠪᠠ᠃ | ᠬᠢᠵᠢᠭ ᠤᠨ ᠪᠠᠶᠢᠳᠠᠯ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠪᠠᠶᠢᠵᠤ ᠰᠡᠷᠭᠡᠶᠢᠯᠡᠨ ᠡᠵᠡᠮᠳᠡᠬᠦ ᠠᠵᠢᠯ ᠬᠦᠴᠢᠷ | ᠲᠦᠪᠡᠭ ᠲᠠᠢ ᠪᠠᠶᠢᠭ᠎ᠠ ᠪᠦᠭᠡᠳ ᠴᠠᠭ ᠠᠭᠤᠷ ᠤᠨ ᠨᠦᠬᠦᠴᠡᠯ ᠮᠠᠭᠤ ᠪᠠᠶᠢᠭ᠎ᠠ ᠪᠠᠶᠢᠳᠠᠯ ᠳᠤᠤᠷ᠎ᠠ᠂ ᠬᠥᠪᠡᠭᠡᠲᠦ ᠰᠢᠷ᠎ᠠ | ᠬᠤᠰᠢᠭᠤᠨ ᠤ ᠡᠯ᠎ᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠠᠮ ᠬᠠᠷᠢᠯᠴᠠᠭᠠᠠ ᠤ ᠪᠠᠶᠢᠴᠠᠭᠠᠯᠲᠠ ᠶᠢᠨ ᠴᠢᠭ ᠳᠠᠬᠢ | ᠠᠵᠢᠯᠲᠠᠳ ᠺᠣᠳ᠋ ᠰᠢᠷᠪᠢᠬᠦ᠂ ᠪᠡᠶ᠎ᠡ ᠶᠢᠨ ᠬᠠᠯᠠᠭᠤᠨ ᠢ ᠬᠡᠮᠵᠢᠬᠦ᠂ ᠲᠡᠮᠳᠡᠭᠯᠡᠬᠦ᠂ ᠭᠡᠷᠡᠴᠢ ᠦᠨᠡᠮᠯᠡᠯ ᠢ ᠰᠢᠯᠭᠠᠬᠤ᠂ ᠪᠥᠭᠡᠮ | ᠬᠦᠴᠢᠯ ᠤᠨ ᠪᠠᠶᠢᠴᠠᠭᠠᠯᠲᠠ ᠬᠢᠬᠦ ᠵᠡᠷᠭᠡ ᠠᠵᠢᠯ ᠢ ᠡᠮᠬᠢ ᠵᠢᠷᠤᠮ ᠲᠠᠢ ᠬᠦᠢᠴᠡᠳᠬᠡᠵᠤ ᠪᠠᠶᠢᠯ᠎ᠠ᠃ ᠠᠵᠢᠯ ᠬᠠᠳᠠᠭᠤᠵᠢᠯᠲᠠᠢ | ᠪᠦᠭᠡᠳ ᠵᠠᠷᠢᠮ ᠦᠶ᠎ᠡ ᠳᠤ ᠪᠠᠰᠠ ᠣᠯᠠᠨ ᠲᠦᠮᠡᠨ ᠣᠶᠢᠯᠠᠭᠠᠬᠤ ᠦᠭᠡᠢ ᠪᠠᠶᠢᠳᠠᠯ ᠳᠤ ᠲᠤᠯᠭᠠᠷᠠᠳᠠᠭ ᠴᠤ ᠵᠢᠵᠢᠬᠦᠷᠯᠡᠭᠴᠢᠳ | ᠭᠤᠳᠤᠷᠠᠵᠤ ᠨᠠᠵᠠᠭᠠᠶᠢᠷᠠᠭᠰᠠᠨ ᠦᠭᠡᠢ᠂ ᠬᠢᠵᠢᠭ ᠤᠨ ᠪᠠᠶᠢᠳᠠᠯ ᠢ ᠡᠵᠡᠮᠳᠡᠭᠦ ᠠᠵᠢᠯ ᠳᠤ ᠪᠠᠨ ᠭᠠᠪᠰᠢᠭᠠᠶᠢᠯᠠᠨ᠂ ᠬᠢᠵᠢᠭ ᠢ ︽ | ᠰᠡᠷᠭᠡᠶᠢᠯᠡᠬᠦ ᠬᠡᠷᠡᠮ︾ ᠪᠤᠯᠵᠤ ᠪᠠᠶᠢᠨ᠎ᠠ᠃ | ᠣᠶᠢᠯᠠᠭᠠᠭᠰᠠᠨ ᠢᠶᠠᠷ᠂ ᠣᠳᠣᠬᠠᠨ ᠳᠤ ᠬᠥᠪᠡᠭᠡᠲᠦ ᠰᠢᠷ᠎ᠠ ᠬᠤᠰᠢᠭᠤ ᠪᠥᠬᠦ ᠬᠤᠰᠢᠭᠤᠨ ᠤ ᠬᠡᠪᠴᠢᠶᠡᠨ ᠳᠤ 2 | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠷᠠᠭᠤᠯ ᠤᠨ ᠴᠢᠭ ᠪᠠ 1 ᠪᠠᠶᠢᠴᠠᠭᠠᠨ ᠰᠢᠯᠭᠠᠬᠤ ᠴᠡᠭ᠂ 1 ᠮᠠᠯᠵᠢᠬᠤ | ᠣᠷᠣᠨ ᠤ ᠵᠠᠮ ᠳᠡᠭᠡᠷ᠎ᠡ ᠵᠢᠵᠢᠭᠦᠷᠯᠡᠬᠦ ᠴᠢᠭ ᠭᠠᠷᠭᠠᠵᠤ᠂ 24 ᠴᠠᠭ ᠢᠶᠠᠷ ᠵᠢᠵᠢᠭᠦᠷᠯᠡᠵᠦ᠂ ᠪᠣᠳᠠᠲᠤ ᠠᠵᠢᠯᠯᠠᠭ᠎ᠠ ᠪᠠᠷ ᠢᠶᠠᠨ | ᠠᠷᠠᠳ ᠲᠦᠮᠡᠨ ᠳᠤ ᠦᠶᠯᠡᠴᠢᠯᠡᠵᠦ ᠪᠠᠶᠢᠨ᠎ᠠ᠃ |