ᠤᠩᠭᠤᠨ ᠠᠭᠤᠯᠠ ᠰᠤᠮᠤᠨ ᠤ ᠨᠠᠮ ᠤᠨ ᠲᠥᠯᠥᠭᠡᠯᠡᠭᠴᠢᠳ ᠤᠨ ᠬᠤᠷᠠᠯ ᠤᠨ2022 ᠤᠨ ᠤ ᠬᠤᠷᠠᠯ ᠠᠮᠵᠢᠯᠲᠠ ᠲᠠᠢ ᠬᠤᠷᠠᠯᠳᠤᠪᠠ
ᠨᠡᠶᠢᠲᠡᠯᠡᠭᠰᠡᠨ ᠴᠠᠭ᠄
2022/12/1
     11 ᠰᠠᠷ᠎ᠠ ᠶᠢᠨ 17 ᠤ ᠡᠳᠦᠷ᠂ ᠣᠩᠭᠤᠨ ᠠᠭᠤᠯᠠ ᠰᠤᠮᠤᠨ ᠤ ᠨᠠᠮ ᠤᠨ ᠲᠥᠯᠥᠭᠡᠯᠡᠭᠴᠢᠳ ᠤᠨ ᠬᠤᠷᠠᠯ  ᠤᠨ 2022 ᠤᠨ ᠤ ᠬᠤᠷᠠᠯ ᠠᠮᠵᠢᠯᠲᠠ ᠲᠠᠢ ᠬᠤᠷᠠᠯᠳᠤᠪᠠ᠃ ᠲᠤᠰ ᠤᠳᠠᠭᠠᠨ ᠤ ᠬᠤᠷᠠᠯ ᠳᠤ ᠣᠷᠣᠯᠴᠠᠬᠤ ᠶᠣᠰᠣᠲᠠᠢ ᠲᠥᠯᠥᠭᠡᠯᠡᠭᠴᠢ 43 ᠬᠥᠮᠦᠨ᠂ ᠪᠣᠳᠠᠲᠠᠢ ᠣᠷᠣᠯᠴᠠᠭᠰᠠᠨ ᠨᠢ 40 ᠬᠥᠮᠦᠨ᠂ ᠴᠢᠯᠥᠭᠡ  ᠭᠤᠶᠤᠭᠰᠠᠨ  ᠨᠢ 3 ᠬᠥᠮᠦᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠨ᠎ᠡ᠃ ᠡᠯ᠎ᠡ ᠥᠷᠲᠡᠭᠡ᠂ ᠰᠠᠯᠪᠤᠷᠢ᠂ ᠲᠥᠪ᠂ ᠲᠣᠪᠴᠢᠶ᠎ᠠ ᠵᠢᠴᠢ ᠰᠤᠮᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ ᠢᠲᠡᠭᠡᠮᠵᠢ ᠶᠢᠨ ᠬᠤᠯᠪᠣᠭᠠᠲᠤ ᠬᠤᠷᠰᠢᠶᠠᠨ ᠤ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠵᠤ᠂ ᠰᠤᠮᠤᠨ ᠤ ᠨᠠᠮ ᠤᠨ ᠬᠤᠷᠢᠶᠠᠨ  ᠤ ᠳᠡᠳ᠋ ᠱᠦᠵᠢ᠂ ᠰᠤᠮᠤᠨ ᠳᠠᠷᠤᠭ᠎ᠠ ᠠᠰᠬᠠᠨ ᠬᠤᠷᠠᠯ ᠡᠷᠭᠢᠯᠡᠪᠡ᠃     ᠰᠤᠮᠤᠨ ᠤ ᠨᠠᠮ ᠤᠨ ᠬᠤᠷᠢᠶᠠᠨ ᠤ ᠱᠦᠵᠢ᠂ ᠨᠠᠮ ᠤᠯᠠᠨ ᠲᠦᠮᠡᠨ ᠤ ᠦᠢᠯᠡᠴᠢᠯᠡᠭᠡᠨ ᠤ ᠲᠥᠪ ᠤᠨ ᠡᠷᠬᠢᠯᠡᠭᠴᠢ ᠠᠭᠤᠯᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠩᠭᠤᠨ ᠠᠭᠤᠯᠠ ᠰᠤᠮᠤᠨ ᠤ ᠬᠤᠷᠢᠶ᠎ᠠ ᠶᠢ ᠲᠥᠯᠥᠭᠡᠯᠡᠨ《 ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠥ᠂ ᠤᠩᠭᠤᠨ ᠠᠭᠤᠯᠠ ᠰᠤᠮᠤᠨ ᠤ ᠡᠯ᠎ᠡ ᠲᠥᠷᠥᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠤᠨ᠂ ᠣᠳᠣᠬᠢᠴᠢᠯᠠᠬᠤ ᠪᠥᠲᠥᠭᠡᠨ ᠪᠠᠶᠢᠭᠤᠯᠤᠯᠲᠠ ᠶᠢᠨ ᠲᠥᠯᠥᠭᠡ ᠴᠥᠬᠦᠷᠡᠰᠢ ᠥᠬᠡᠶ ᠲᠡᠮᠡᠴᠡᠶ᠎ᠡ︾ ᠭᠡᠬᠦ ᠰᠡᠳᠦᠪ ᠢᠶᠠᠷ ᠮᠡᠳᠡᠭᠦᠯᠥᠯᠳᠡ ᠬᠢᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠩᠭᠤᠨ ᠠᠭᠤᠯᠠ ᠰᠤᠮᠤᠨ ᠤ ᠳᠥᠷᠪᠡᠳᠦᠭᠡᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠠᠴᠠ ᠨᠠᠭᠠᠰᠢᠬᠢ ᠠᠵᠢᠯ ᠢ ᠡᠷᠭᠢᠴᠡᠭᠦᠯᠦᠨ ᠳ᠋ᠦᠩᠨᠡᠵᠦ᠂ ᠬᠤᠶᠢᠰᠢᠳᠠ ᠶᠢᠨ ᠡᠯ᠎ᠡ ᠲᠥᠷᠥᠯ ᠤᠨ ᠠᠵᠢᠯ ᠤᠨ ᠡᠭᠦᠷᠭᠡ ᠬᠠᠷᠠᠯᠳᠠ ᠶᠢ ᠲᠤᠳᠤᠷᠬᠠᠶᠢᠯᠠᠪᠠ᠃ ᠲᠠᠷᠠᠭ᠎ᠠ ᠨᠢ᠂ ᠰᠤᠮᠤᠨ ᠤ ᠨᠠᠮ ᠤᠨ ᠬᠤᠷᠢᠶᠠᠨ ᠤ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠠᠯᠪᠠᠨ ᠭᠡᠷ ᠤᠨ ᠡᠷᠬᠢᠯᠡᠭᠴᠢ     ᠭᠤᠤ ᠡᠾᠥ᠋ᠢ ᠨᠥᠬᠦᠷ ᠠᠴᠠ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢ ᠲᠥᠯᠥᠭᠡᠯᠡᠨ《 ᠰᠠᠬᠢᠯᠭ᠎ᠠ ᠪᠠᠲᠤ  ᠶᠢ ᠴᠢᠩᠭ᠎ᠠ ᠭᠡᠷᠡᠭᠵᠢᠭᠦᠯᠥᠨ᠂ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭ᠎ᠠ ᠨᠠᠶᠢᠳᠠᠪᠤᠷᠢᠵᠢᠭᠤᠯᠵᠤ᠂ ᠤᠩᠭᠤᠨ ᠠᠭᠤᠯᠠ ᠰᠤᠮᠤᠨ ᠤ ᠴᠢᠨᠠᠷ ᠰᠠᠶᠢᠳᠠᠢ ᠬᠥᠭᠵᠢᠯᠳᠡ ᠳᠤ ᠪᠠᠲᠤ ᠴᠢᠩᠭ᠎ᠠ ᠰᠠᠬᠢᠯᠭ᠎ᠠ ᠪᠠᠲᠤ ᠶᠢᠨ ᠪᠠᠲᠤᠯᠠᠭ᠎ᠠ ᠬᠠᠩᠭᠠᠶ᠎ᠠ 》ᠭᠡᠬᠦ ᠮᠡᠳᠡᠭᠦᠯᠦᠯᠲᠡ ᠬᠢᠵᠡᠢ᠃      ᠲᠥᠯᠥᠭᠡᠯᠡᠭᠴᠢᠳ ᠳᠤᠭᠤᠶᠢᠯᠠᠩ ᠬᠤᠪᠢᠶᠠᠨ ᠬᠤᠶᠠᠷ ᠢᠯᠡᠳᠬᠡᠯ ( ᠲᠥᠰᠦᠯ ) ᠢ ᠬᠢᠨᠠᠨ ᠶᠠᠷᠢᠯᠴᠠᠵᠤ᠂ ᠣᠷᠭᠢᠯᠤᠮ᠎ᠠ ᠬᠠᠯᠠᠭᠤᠨ ᠤᠯᠤᠰ ᠲᠥᠷᠥ ᠶᠢᠨ ᠰᠡᠳᠬᠢᠯᠭᠡ ᠪᠠ ᠳᠡᠭᠡᠳᠦ  ᠬᠡᠮᠵᠢᠶᠡᠨ ᠤ ᠬᠠᠷᠢᠭᠤᠴᠠᠯᠭᠠᠳᠤ ᠵᠤᠷᠢᠭ ᠰᠠᠨᠠᠭ᠎ᠠ ᠪᠠᠷ ᠢᠳᠡᠪᠬᠢᠲᠡᠶ ᠰᠠᠨᠠᠯ ᠵᠥᠪᠯᠡᠭᠡ ᠪᠠᠨ ᠳᠡᠪᠰᠢᠭᠦᠯᠪᠡ ᠃     ᠬᠤᠷᠠᠯ ᠨᠢ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠰᠢ ᠶᠢᠨ ᠫᠢᠩ ᠤᠨ ᠰᠢᠨ᠎ᠡ ᠴᠠᠭ ᠦᠶ᠎ᠡ  ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ ᠂ ᠲᠠᠷᠠᠭᠠᠴᠢ ᠶᠢᠨ ᠠᠯᠬᠤᠮ ᠤᠨ ᠠᠵᠢᠯ ᠤᠨ ᠬᠠᠷᠠᠯᠲᠠ ᠡᠭᠦᠷᠭᠡ ᠶᠢ ᠲᠤᠳᠤᠷᠬᠠᠶᠢᠯᠠᠨ᠂ ᠦᠨᠳᠦᠰᠦᠨ ᠱᠠᠲᠤᠨ ᠤ ᠨᠠᠮ  ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠶᠢᠨ ᠦᠶᠯᠡᠳᠦᠯ ᠪᠣᠯᠤᠨ ᠥᠷᠭᠡᠨ ᠣᠯᠠᠨ ᠨᠠᠮ ᠤᠨ ᠭᠡᠰᠢᠭᠦᠳ ᠤᠨ ᠬᠤᠰᠢᠭᠤᠴᠢ ᠵᠢᠱᠢᠶᠡᠴᠢ ᠦᠶᠯᠡᠳᠦᠯ ᠢ ᠤᠯᠠᠮ ᠴᠢᠨᠠᠭᠰᠢᠳᠠ ᠪᠠᠳᠠᠷᠠᠭᠤᠯᠵᠤ᠂ ᠪᠥᠬᠦ ᠰᠤᠮᠤᠨ  ᠤ《ᠳᠥᠷᠪᠡᠨ ᠤᠬᠠᠮᠰᠠᠷ 》᠂《ᠳᠥᠷᠪᠡᠨ ᠢᠲᠡᠭᠡᠯ 》᠂《ᠬᠤᠶᠠᠷ ᠢ ᠬᠠᠮᠠᠭᠠᠯᠠᠬᠤ 》 ᠥᠵᠡᠯ ᠤᠯᠠᠮ ᠪᠠᠲᠤ ᠴᠢᠩᠭ᠎ᠠ ᠪᠣᠯᠵᠣ᠂ ᠪᠥᠬᠦ ᠰᠤᠮᠤᠨ ᠤ ᠨᠠᠮ ᠤᠨ ᠪᠠᠶᠢᠭᠤᠯᠤᠯᠲᠠ ᠶᠢ ᠳᠠᠬᠢᠨ ᠰᠢᠨ᠎ᠡ ᠨᠢᠭᠡᠨ ᠳᠡᠭᠲᠡᠷ ᠲᠤ ᠭᠠᠷᠬᠤ ᠶᠢ ᠠᠬᠢᠭᠤᠯᠬᠤ ᠨᠢ ᠯᠠᠪᠲᠠᠶ ᠶᠤᠮ᠃     ᠬᠤᠷᠠᠯ ᠤᠨ ᠡᠴᠦᠰ ᠲᠤ᠂ ᠰᠦᠷ ᠵᠢᠪᠬᠤᠯᠠᠩᠲᠤ《 ᠢᠨᠲ᠋ᠧᠷᠨᠠᠼᠢᠣᠨᠠᠯ ᠤᠨ ᠳᠠᠭᠤᠤ 》 ᠤ ᠠᠶᠠᠰ ᠤᠨ ᠳᠤᠮᠳᠠ᠂ ᠤᠩᠭᠤᠨ ᠠᠭᠤᠯᠠ ᠰᠤᠮᠤᠨ ᠤ ᠨᠠᠮ ᠤᠨ ᠲᠥᠯᠥᠭᠡᠯᠡᠭᠴᠢᠳ ᠤᠨ ᠬᠤᠷᠠᠯ ᠤᠨ ᠤᠨ ᠤ ᠬᠤᠷᠠᠯ ᠠᠮᠵᠢᠯᠲᠠ  ᠲᠠᠢ ᠲᠡᠭᠦᠰᠪᠡ᠃ 
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号