ᠨᠠᠢᠮᠠᠨ ᠮᠤᠵᠢ ᠣᠷᠣᠨ ᠤ ᠬᠤᠶᠠᠳᠤᠭᠠᠷ ᠬᠤᠭᠤᠴᠠᠭᠠᠨ ᠤ ︽ᠠᠰᠤᠷᠤᠬᠤᠨᠳᠠᠭᠠᠲᠤ︾ ᠴᠠᠬᠠᠷ ᠠᠷᠠᠳ ᠤᠨ ᠳᠠᠭᠤᠨ ᠤ ᠤᠷᠤᠯᠳᠤᠭᠠᠨ ᠶᠠᠪᠤᠭ᠊
ᠨᠡᠶᠢᠲᠡᠯᠡᠭᠰᠡᠨ ᠴᠠᠭ᠄
2022/12/11
     ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠵᠤ᠂  ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠬᠤ ᠶᠢᠨ ᠲᠥᠯᠥᠭᠡ᠂ 5 ᠰᠠᠷ᠎ᠠ ᠶᠢᠨ 18᠎ ᠤ ᠡᠳᠦᠷ᠂ ᠬᠦᠪᠡᠭᠡᠲᠦ ᠰᠢᠷ᠎ᠠ ᠬᠤᠰᠢᠭᠤ ᠨᠢ ᠨᠠᠢᠮᠠᠨ ᠮᠤᠵᠢ ᠣᠷᠣᠨ ᠤ ᠬᠤᠶᠠᠳᠤᠭᠠᠷ ᠬᠤᠭᠤᠴᠠᠭᠠᠨ ᠤ ︽ᠠᠰᠤᠷᠤ ᠬᠤᠨᠳᠠᠭᠠᠲᠤ︾ ᠴᠠᠬᠠᠷ ᠠᠷᠠᠳ ᠤᠨ ᠳᠠᠭᠤᠤ ᠶᠢᠨ ᠤᠷᠤᠯᠳᠤᠭᠠᠨ ᠢ ᠡᠷᠬᠢᠯᠡᠨ ᠶᠠᠪᠤᠭᠳᠠᠭᠤᠯᠵᠠᠢ᠃      ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠨᠠᠢᠮᠠᠨ ᠮᠤᠵᠢ ᠤᠷᠤᠨ ᠤ ᠮᠤᠩᠭᠤᠯ ᠦᠭᠡ ᠬᠡᠯᠡ ᠦᠰᠦᠭ ᠪᠢᠴᠢᠭ ᠤᠨ ᠠᠵᠢᠯ ᠤᠨ ᠬᠠᠮᠵᠢᠯᠴᠠᠬᠤ ᠳᠤᠭᠤᠶᠢᠯᠠᠩ ᠤᠨ ᠠᠯᠪᠠᠨ ᠭᠡᠷ ᠤᠨ ᠭᠠᠵᠠᠷ ᠤᠨ ᠳᠠᠷᠤᠭ᠎ᠠ ᠯᠢ ᠶᠠᠨ᠂ ᠠᠶᠢᠮᠠᠭ ᠤᠨ ᠦᠨᠳᠦᠰᠦᠲᠡᠨ ᠤ ᠬᠡᠷᠡᠭ ᠡᠷᠭᠢᠯᠡᠬᠦ ᠵᠦᠪᠯᠡᠯ ᠤᠨ ᠡᠷᠬᠢᠯᠡᠭᠴᠢ ᠰᠠᠶᠢᠨ᠎ᠠ ᠵᠡᠷᠭᠡ ᠤᠳᠤᠷᠢᠳᠤᠯᠭ᠎ᠠ ᠵᠢᠴᠢ ᠬᠤᠰᠢᠭᠤ ᠤᠳᠤᠷᠢᠳᠤᠯᠭ᠎ᠠ ᠬᠤᠷᠴᠠ᠂ ᠤᠶᠤᠨᠲᠦ᠂ ᠪᠣᠷᠭᠢᠯ ᠤᠷᠤᠯᠳᠣᠭᠠᠨ ᠢ ᠰᠤᠨᠢᠷᠬᠠᠵᠤ᠂ ᠤᠶᠤᠨᠳᠤ ᠤᠷᠤᠯᠳᠤᠭᠠᠨ ᠡᠬᠢᠯᠡᠬᠦ ᠪᠠᠶᠠᠷ ᠤᠨ ᠦᠭᠡ ᠬᠡᠯᠡᠵᠡᠢ᠃     ᠨᠠᠢᠮᠠᠨ ᠮᠤᠵᠢ ᠣᠷᠣᠨ ᠤ ᠬᠤᠶᠠᠳᠤᠭᠠᠷ ᠬᠤᠭᠤᠴᠠᠭᠠᠨ ᠤ ︽ᠠᠰᠤᠷᠤ ᠬᠤᠨᠳᠠᠭᠠᠲᠤ︾ ᠴᠠᠬᠠᠷ ᠠᠷᠠᠳ ᠤᠨ ᠳᠠᠭᠤᠨ ᠤ ᠤᠷᠤᠯᠳᠤᠭᠠᠨ ᠤ ᠪᠡᠯᠡᠳᠬᠡᠯ ᠣᠷᠤᠯᠳᠣᠭᠠᠨ ᠳᠤ 118 ᠤᠷᠣᠯᠴᠠᠭᠴᠢ ᠤᠷᠣᠯᠴᠠᠵᠤ᠂ 16 ᠤᠷᠣᠯᠴᠠᠭᠴᠢ ᠰᠢᠢᠳᠪᠦᠷᠢᠲᠦ ᠤᠷᠣᠯᠳᠣᠭᠠᠨ ᠳᠤ ᠰᠢᠯᠭᠠᠷᠠᠨ ᠦᠷᠢᠰᠦᠯᠳᠦᠵᠠᠢ᠃ ᠤᠷᠤᠯᠳᠤᠭᠠᠨ ᠤ ᠳ᠋ᠦᠩ ᠳᠤ ᠰᠢᠯᠤᠭᠤᠨ ᠬᠥᠬᠡ ᠬᠤᠰᠢᠭᠤᠨ ᠤ ᠰᠢᠯᠤᠭᠤᠨ ᠨᠢᠭᠡᠳᠦᠭᠡᠷ ᠳᠡᠰ ᠎ ᠲᠤ ᠲᠤᠳᠣᠷᠠᠵᠤ᠂ ᠬᠥᠪᠡᠭᠡᠲᠦ ᠰᠢᠷ᠎ᠠ ᠬᠤᠰᠢᠭᠤᠨ ᠤ ᠰᠦᠮᠡᠨ ᠪᠠ ᠭᠠᠷᠤᠳᠢ ᠬᠤᠶᠠᠳᠤᠭᠠᠷ ᠳᠡᠰ᠂ ᠪᠠᠷᠠᠭᠤᠨ ᠦᠵᠦᠮᠦᠴᠢᠨ ᠬᠤᠰᠢᠭᠤᠨ ᠤ ᠪᠦᠬᠡᠪᠠᠶᠠᠷ᠂  ᠰᠢᠯᠤᠭᠤᠨ ᠬᠥᠬᠡ ᠬᠤᠰᠢᠭᠤᠨ ᠤ ᠬᠥᠭᠵᠢᠯᠲᠦ᠂ ᠬᠥᠬᠡᠨᠠᠭᠤᠷ ᠮᠤᠵᠢ ᠶᠢᠨ ᠭᠤᠤᠯᠮᠤᠳᠦ ᠬᠤᠲᠠ ᠶᠢᠨ ᠰᠢᠨᠡᠪᠢᠯᠢᠭ ᠭᠤᠷᠪᠠᠳᠤᠭᠠᠷ ᠳᠡᠰ ᠲᠤ ᠲᠣᠳᠤᠷᠠᠵᠠᠢ᠃︽ᠪᠢ ᠬᠤᠶᠠᠳᠤᠭᠠᠷ ᠤᠳᠠᠭ᠎ᠠ ᠪᠠᠨ ᠴᠠᠬᠠᠷ ᠠᠷᠠᠳ ᠤᠨ ᠳᠠᠭᠤᠨ ᠤ ᠤᠷᠣᠯᠳᠣᠭᠠᠨ ᠳᠤ ᠤᠷᠣᠯᠴᠠᠵᠤ ᠪᠠᠶᠢᠨ᠎ᠠ︔ ᠳᠡᠭᠡᠷ᠎ᠡ ᠤᠳᠠᠭ᠎ᠠ ᠭᠤᠷᠪᠠᠳᠤᠭᠠᠷ ᠨᠡᠷ᠎ᠡ ᠳᠤ ᠳᠤᠳᠤᠷᠠᠵᠤ᠂ ᠡᠨᠡ ᠤᠳᠠᠭ᠎ᠠ ᠨᠢᠭᠡᠳᠦᠭᠡᠷ ᠲᠡᠰ ᠲᠤ  ᠳᠤᠳᠤᠷᠠᠭᠰᠠᠨ︔ ᠰᠡᠳᠬᠢᠯ ᠶᠡᠭᠡ ᠦᠨᠳᠦᠷ ᠪᠠᠶᠢᠨ᠎ᠠ︔ ᠦᠷᠭᠦᠯᠵᠢᠯᠡᠨ ᠴᠢᠷᠮᠠᠶᠢᠵᠤ ᠳᠠᠭᠤᠯᠠᠬᠤ ᠤᠷ᠎ᠠ ᠠᠪᠢᠶᠠᠰ ᠢᠶᠠᠨ ᠳᠡᠭᠡᠭᠰᠢᠯᠡᠬᠦᠯᠦᠨ᠎ᠡ︾ ᠭᠡᠵᠤ ᠲᠡᠷᠢᠬᠦᠨ ᠨᠡᠷ᠎ᠡ ᠳᠤ ᠳᠤᠳᠤᠷᠠᠭᠰᠠᠨ ᠳᠠᠭᠤᠴᠢᠨ ᠰᠢᠯᠤᠭᠤᠨ ᠶᠠᠷᠢᠯ᠎ᠠ᠃      ︽ᠦᠨᠦᠳᠦᠷ ᠤᠨ ᠴᠠᠬᠠᠷ ᠠᠷᠠᠳ ᠤᠨ ᠳᠠᠭᠤᠨ ᠤ ᠤᠷᠣᠯᠳᠤᠭᠠᠨ ᠢ ᠦᠵᠡᠭᠡᠳ ᠰᠡᠳᠬᠢᠯ ᠶᠡᠭᠡ ᠦᠨᠳᠦᠷ ᠪᠠᠶᠢᠨ᠎ᠠ︔ ᠦᠩᠭᠡᠷᠡᠭᠰᠡᠨ ᠳᠤ ᠰᠤᠨᠤᠰᠴᠤ ᠪᠠᠶᠢᠭᠰᠠᠨ ᠮᠠᠰᠢ ᠣᠯᠠᠨ ᠴᠠᠬᠠᠷ ᠠᠷᠠᠳ ᠤᠨ  ᠳᠠᠭᠤᠤ ᠶᠢ ᠳᠠᠬᠢᠨᠲᠠ ᠣᠯᠵᠤ ᠰᠤᠨᠤᠰᠤᠯ᠎ᠠ︔ ᠤᠨᠴᠠᠭᠠᠶᠢᠯᠠᠨ ︿ᠬᠠᠯᠪᠠᠩ ᠬᠠᠯᠪᠠᠩ ᠬᠡᠶᠢᠰᠳᠡᠭ﹀ ᠭᠡᠬᠦ ᠠᠷᠠᠳ ᠤᠨ ᠳᠠᠭᠤᠤ ᠰᠡᠳᠬᠢᠯ ᠳᠤ ᠶᠡᠭᠡ ᠲᠠᠭᠠᠯᠠᠭᠳᠠᠭᠰᠠᠨ︾ ᠭᠡᠵᠤ ᠦᠵᠡᠭᠴᠢ ᠲᠦᠮᠦᠰᠦ ᠶᠠᠷᠢᠯ᠎ᠠ᠃ᠲᠤᠰ ᠣᠳᠠᠭᠠᠨ ᠤ ᠤᠷᠤᠯᠳᠤᠭᠠᠨ ᠢ ᠨᠠᠢᠮᠠᠨ ᠮᠤᠵᠢ ᠣᠷᠣᠨ ᠤ ᠮᠣᠩᠭᠤᠯ ᠦᠭᠡ ᠬᠡᠯᠡ ᠦᠰᠦᠭ ᠪᠢᠴᠢᠭ ᠤᠨ ᠠᠵᠢᠯ ᠤᠨ ᠬᠠᠮᠵᠢᠯᠴᠠᠬᠤ ᠳᠤᠭᠤᠶᠢᠯᠠᠩ ᠤᠨ ᠠᠯᠪᠠᠨ ᠭᠡᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠠᠴᠠ ᠭᠤᠣᠯᠯᠠᠨ ᠡᠷᠬᠢᠯᠡᠵᠥ᠂ ᠰᠢᠯᠢ ᠶᠢᠨ ᠭᠤᠤᠯ ᠠᠶᠢᠮᠠᠭ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠬᠥᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠎ ᠠᠴᠠ ᠳᠠᠭᠠᠭᠠᠴᠢᠯᠠᠨ ᠡᠷᠬᠢᠯᠡᠵᠡᠢ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号