ᠤᠷᠴᠢᠮᠬᠠᠨ ᠰᠢᠯᠢ ᠶᠢᠨ ᠭᠤᠤᠯ ᠠᠶᠢᠮᠠᠭ ᠤᠨ ︽ᠤᠲᠣᠷ︾ ᠵᠠᠯᠠᠭᠤᠴᠤᠳ ᠤᠨ ᠰᠤᠶᠤᠯ ᠤᠨ ᠪᠤᠶᠠᠨᠰᠠᠭ | ᠨᠡᠶᠢᠭᠡᠮᠯᠢᠭ ᠠᠴᠠ ᠡᠷᠬᠢᠯᠡᠨ ᠶᠠᠪᠤᠭᠳᠠᠭᠤᠯᠤᠭᠰᠠᠨ ᠠᠷᠪᠠᠳᠤᠭᠠᠷ ᠣᠳᠠᠭᠠᠨ ᠤ ︽ᠤᠲᠣᠷ︾ ᠵᠠᠯᠠᠭᠤ ᠪᠠᠭᠠᠴᠤᠳ ᠤᠨ | ᠨᠠᠭᠠᠳᠤᠮ ᠬᠦᠪᠡᠭᠡᠲᠦ ᠰᠢᠷ᠎ᠠ ᠬᠤᠰᠢᠭᠤᠨ ᠳᠤ ᠶᠠᠪᠤᠭᠳᠠᠵᠤ᠂ ᠵᠠᠯᠠᠭᠤ ᠪᠠᠭᠠᠴᠤᠳ ᠤᠨ ᠢᠶᠠᠨ ᠤᠷᠮ᠎ᠠ ᠶᠢ ᠬᠦᠭᠵᠢᠭᠡᠵᠥ | ᠂ ᠵᠤᠨ ᠤ ᠴᠢᠯᠦᠭᠡᠨ ᠳᠤ ᠨᠢ ᠬᠦᠷ ᠪᠠᠶᠠᠷ ᠨᠡᠮᠡᠯ᠎ᠡ᠃ | ᠲᠣᠰ ᠣᠳᠠᠭᠠᠨ ᠤ ᠨᠠᠭᠠᠳᠤᠮ ᠳᠤ ᠨᠡᠶᠢᠲᠡ ᠳᠦᠷᠪᠡᠨ ᠵᠠᠭᠤ ᠭᠠᠷᠤᠢ ᠬᠡᠥᠬᠡᠳ ᠤᠷᠤᠯᠴᠠᠵᠤ᠂ ᠵᠠᠯᠠᠭᠤ | ᠪᠠᠭᠠᠴᠤᠳ ᠤᠨ 128 ᠪᠦᠬᠡ ᠶᠢᠨ ᠪᠠᠷᠢᠯᠳᠤᠭᠠᠨ ᠵᠢᠴᠢ ᠨᠢᠭᠡᠴᠡ ᠶᠢᠨ ᠪᠠᠷᠢᠯᠳᠤᠭᠠᠨ᠂ ᠰᠤᠷ ᠬᠠᠷᠪᠤᠯᠲᠠ ᠶᠢᠨ | ᠤᠷᠤᠯᠳᠤᠭᠠᠨ᠂ ᠱᠠᠭ᠎ᠠ ᠲᠤᠭᠯᠠᠭᠠᠮ ᠤᠨ ᠮᠦᠷᠦᠶᠢᠴᠡᠭᠡᠨ᠂ ︽ᠲᠠᠯ᠎ᠠ ᠶᠢᠨ ᠴᠤᠤᠷᠢᠶ᠎ᠠ︾ ᠤᠷᠠᠨ ᠤᠩᠰᠢᠯᠭ᠎ᠠ ᠶᠢᠨ | ᠤᠷᠤᠯᠳᠤᠭᠠᠨ᠂ ᠮᠤᠩᠭᠤᠯ ᠰᠢᠲᠠᠷ᠎ᠠ ᠶᠢᠨ ᠤᠷᠤᠯᠳᠤᠭᠠᠨ ᠵᠡᠷᠭᠡ ᠪᠠᠶᠠᠯᠢᠭ ᠠᠭᠤᠯᠭ᠎ᠠ ᠲᠠᠢ ᠤᠷᠤᠯᠳᠤᠭᠠᠨ ᠲᠡᠮᠡᠴᠡᠭᠡᠨ | ᠤ ᠲᠦᠷᠦᠯ ᠢ ᠳᠤᠬᠢᠷᠠᠭᠤᠯᠵᠤ᠂ ᠨᠤᠲᠤᠭ ᠤᠨ ᠢᠶᠠᠨ ᠬᠡᠶᠢᠮᠦᠷᠢ ᠶᠢ ᠰᠡᠷᠭᠦᠭᠡᠵᠥ᠂ ᠵᠠᠯᠠᠭᠤᠴᠤᠳ ᠬᠡᠥᠬᠡᠳ ᠤᠨ ᠢᠶᠠᠨ | ᠢᠲᠡᠬᠡᠯ ᠵᠤᠷᠢᠭ ᠢ ᠬᠦᠪᠴᠢᠯᠡᠵᠠᠢ᠃ | ︽ᠬᠡᠥᠬᠡᠳ ᠳᠡᠬᠦᠦᠨᠡᠷ ᠲᠤ ᠪᠠᠨ ᠦᠪᠡᠷ ᠤᠨ ᠤᠷ᠎ᠠ ᠠᠪᠢᠶᠠᠰ ᠢᠶᠠᠨ ᠪᠠᠳᠠᠷᠠᠭᠤᠯᠬᠤ ᠳᠠᠪᠴᠠᠩ ᠢ ᠬᠠᠩᠭᠠᠵᠤ᠂ | ᠦᠨᠳᠦᠰᠦᠲᠡᠨ ᠤ ᠤᠯᠠᠮᠵᠢᠯᠠᠯᠲᠤ ᠰᠤᠶᠤᠯ ᠲᠠᠮᠢᠷ ᠤᠨ ᠣᠬᠢ ᠰᠣᠳᠣ ᠪᠠᠷ ᠬᠡᠥᠬᠡᠳ ᠪᠠᠭᠠᠴᠤᠳ ᠢᠶᠠᠨ ᠨᠦᠯᠦᠭᠡᠯᠡᠵᠥ᠂ | ᠡᠷᠡᠭᠦᠯ ᠴᠢᠭᠢᠷᠠᠭ ᠢᠶᠠᠷ ᠦᠰᠦᠨ ᠪᠤᠶᠢᠵᠢᠬᠤ ᠳᠤ ᠨᠢ ᠪᠠᠭ᠎ᠠ ᠴᠤ ᠭᠡᠰᠡᠨ ᠬᠤᠪᠢ ᠨᠡᠮᠡᠷᠢ ᠪᠤᠯᠤᠶ᠎ᠠ ᠭᠡᠵᠥ ᠲᠣᠰ | ᠣᠳᠠᠭᠠᠨ ᠤ ᠨᠠᠭᠠᠳᠤᠮ ᠢ ᠡᠷᠬᠢᠯᠡᠭᠰᠡᠨ ᠶᠤᠮ︾ ᠭᠡᠵᠥ ᠰᠢᠯᠢ ᠶᠢᠨ ᠭᠤᠤᠯ ᠠᠶᠢᠮᠠᠭ ᠤᠨ ︽ᠤᠲᠣᠷ︾ | ᠵᠠᠯᠠᠭᠤᠴᠤᠳ ᠤᠨ ᠰᠤᠶᠤᠯ ᠤᠨ ᠪᠤᠶᠠᠨᠰᠠᠭ ᠨᠡᠶᠢᠭᠡᠮᠯᠢᠭ ᠤᠨ ᠲᠡᠷᠢᠭᠦᠯᠡᠭᠴᠢ ᠡᠷᠳᠡᠨᠢᠴᠢᠯᠠᠭᠤ ᠶᠠᠷᠢᠯ᠎ᠠ᠃ | ᠨᠠᠭᠠᠳᠤᠮ ᠤᠨ ᠲᠦᠷᠥᠯ ᠵᠦᠢᠯ ᠤᠨ ᠲᠡᠷᠢᠭᠦᠨ ᠳᠤ ᠬᠠᠯᠠᠭᠤᠨ ᠬᠤᠰᠢᠭᠤᠲᠤ ᠬᠤᠷᠠᠭ᠎ᠠ᠂ ᠱᠠᠩᠨᠠᠯ ᠤᠨ | ᠬᠤᠨᠳᠠᠭ᠎ᠠ᠂ ᠮᠧᠲᠠᠯ᠂ ᠬᠦᠬᠢᠭᠦᠯᠥᠯ᠂ ᠳᠣᠷᠠᠰᠬᠠᠯ ᠤᠨ ᠪᠤᠳᠠᠰ ᠢᠶᠠᠷ ᠬᠡᠥᠬᠡᠳ ᠪᠠᠭᠠᠴᠤᠳ ᠤᠨ ᠢᠶᠠᠨ ᠤᠷᠮ᠎ᠠ ᠶᠢ | ᠮᠢᠯᠢᠶᠠᠵᠤ᠂ ᠬᠤᠵᠢᠮ ᠬᠤᠶᠢᠰᠢᠲᠡ ᠪᠠᠨ ᠦᠷᠭᠦᠯᠵᠢᠯᠡᠨ ᠴᠢᠷᠮᠠᠶᠢᠵᠤ ᠤᠯᠠᠮᠵᠢᠯᠠᠯᠲᠤ ᠰᠤᠶᠤᠯ ᠢᠶᠠᠨ ᠦᠪᠯᠡᠬᠦ ᠳᠤᠷ᠎ᠠ | ᠰᠤᠨᠢᠷᠬᠠᠯ ᠢ ᠨᠢ ᠬᠦᠪᠴᠢᠯᠡᠵᠠᠢ᠃ | ᠣᠲᠤᠷ ᠪᠠᠭᠠᠴᠤᠳ ᠤᠨ ᠨᠠᠭᠠᠳᠤᠮ ᠢ 2013 ᠣᠨ ᠠᠴᠠ ᠡᠬᠢᠯᠡᠨ ᠶᠠᠪᠤᠭᠳᠠᠭᠤᠯᠵᠤ᠂ ᠵᠢᠯ ᠪᠦᠷᠢ ᠡᠯ᠎ᠡ | ᠭᠠᠵᠠᠷ ᠤᠨ ᠬᠡᠥᠬᠡᠳ ᠪᠠᠭᠠᠴᠤᠳ ᠤᠷᠣᠯᠴᠠᠵᠤ᠂ ᠤᠷᠤᠯᠳᠤᠭᠠᠨ ᠤ ᠲᠦᠷᠥᠯ ᠵᠦᠢᠯ ᠨᠢ ᠴᠤ ᠵᠢᠯ ᠠᠴᠠ ᠪᠠᠨ ᠵᠢᠯ | ᠪᠠᠶᠠᠯᠢᠭᠵᠢᠭᠰᠠᠭᠠᠷ ᠢᠷᠡᠭᠰᠡᠨ ᠪᠠᠶᠢᠨ᠎ᠠ᠃ |