ᠬᠢᠮᠢ ᠶᠢᠨ ᠤᠬᠠᠭᠠᠨ ᠤ ᠳ᠋ᠣᠺᠲ᠋ᠣᠷ ᠪᠣᠷᠵᠢᠬᠢᠨ ᠭᠡᠷᠡᠯᠲᠦ
ᠨᠡᠶᠢᠲᠡᠯᠡᠭᠰᠡᠨ ᠴᠠᠭ᠄
2022/12/12
      ᠬᠢᠮᠢ ᠶᠢᠨ ᠤᠬᠠᠭᠠᠨ ᠤ ᠳ᠋ᠣᠺᠲ᠋ᠣᠷ ᠪᠤᠷᠵᠢᠬᠢᠨ ᠭᠡᠷᠡᠯᠲᠦ ᠬᠦᠪᠡᠭᠡᠲᠦ ᠰᠢᠷ᠎ᠠ ᠬᠤᠰᠢᠭᠤᠨ ᠤ ᠲᠥᠪ ᠰᠢᠨᠡᠪᠤᠯᠠᠭ ᠪᠠᠯᠭᠠᠰᠤᠨ ᠳᠤ ᠬᠦᠪᠡᠭᠡᠲᠦ ᠰᠢᠷ᠎ᠠ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠠᠷ ᠠᠵᠢᠯᠯᠠᠵᠤ ᠪᠠᠶᠢᠭᠰᠠᠨ ᠠᠭᠰᠠᠨ ᠲᠡᠮᠦᠷᠪᠠᠷᠰ ᠤᠨ ᠭᠤᠷᠪᠠᠳᠤᠭᠠᠷ ᠬᠦᠪᠡᠬᠦᠨ ᠪᠤᠯᠤᠨ ᠵᠠᠶᠠᠭᠠᠵᠠᠢ᠃      1977 ᠣᠨ ᠳᠤ ᠥᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠢᠮᠢ ᠶᠢᠨ ᠰᠠᠯᠪᠦᠷᠢ ᠳᠤ ᠰᠢᠯᠭᠠᠭᠳᠠᠨ ᠣᠷᠣᠵᠤ᠂ 1987 ᠣᠨ ᠠᠴᠠ 1999 ᠣᠨ ᠬᠦᠷᠲᠡᠯ᠎ᠡ ᠪᠡᠭᠡᠵᠢᠩ ᠶᠡᠭᠡ ᠰᠤᠷᠭᠠᠭᠤᠯᠢ᠂ ᠠᠩᠯᠢ ᠤᠯᠤᠰ ᠤᠨ  lancster ᠶᠡᠭᠡ ᠰᠤᠷᠭᠠᠭᠤᠯᠢ ᠪᠤᠯᠤᠨ ᠶᠠᠫᠤᠨ ᠤ ᠲᠤᠤᠺᠢᠤ᠋ ᠶᠡᠭᠡ ᠰᠤᠷᠭᠠᠭᠤᠯᠢ ᠳᠤ ᠰᠤᠷᠤᠯᠴᠠᠵᠤ᠂ ᠬᠢᠮᠢ ᠶᠢᠨ ᠤᠬᠠᠭᠠᠨ ᠤ ᠳ᠋ᠣᠺᠲ᠋ᠣᠷ ᠴᠣᠯᠠ ᠬᠠᠮᠠᠭᠠᠯᠠᠵᠠᠢ᠃ ᠥᠪᠦᠷ ᠮᠤᠩᠭᠤᠯ ᠤᠨ ᠶᠡᠭᠡ ᠰᠤᠷᠭᠠᠭᠤᠯᠢ ᠶᠢᠨ ᠫᠷᠤᠹᠧᠰᠰᠤᠷ᠂ ᠳ᠋ᠣᠺᠲ᠋ᠣᠷᠠᠨᠲ ᠤᠨ ᠵᠢᠯᠤᠭᠤᠳᠤᠭᠴᠢ ᠪᠠᠭᠰᠢ᠂ ᠥᠪᠦᠷ ᠮᠤᠩᠭᠤᠯ ᠤᠨ ᠶᠡᠭᠡ ᠰᠤᠷᠭᠠᠭᠤᠯᠢ ᠶᠢᠨ ᠮᠤᠩᠭᠤᠯ ᠡᠮ ᠬᠢᠮᠢ ᠰᠤᠳᠤᠯᠬᠤ ᠭᠠᠵᠠᠷ ᠪᠠ ᠥᠪᠦᠷ ᠮᠤᠩᠭᠤᠯ ᠤᠨ ᠮᠤᠩᠭᠤᠯ ᠡᠮ ᠬᠢᠮᠢ ᠰᠤᠳᠤᠯᠬᠤ ᠲᠥᠪ ᠤᠨ ᠡᠬᠦᠰᠬᠡᠨ ᠪᠠᠶᠢᠭᠤᠯᠤᠭᠴᠢ᠂ ︽ᠮᠤᠩᠭᠤᠯ ᠲᠤᠯᠭᠠᠲᠠᠨ ᠤ ᠵᠠᠭᠤᠨ ᠡᠷᠬᠢᠮ︾ ᠤᠨ ᠨᠢᠭᠡᠨ ᠪᠢᠯᠡ᠃ᠥᠪᠦᠷ ᠮᠤᠩᠭᠤᠯ ᠤᠨ ᠠᠩᠬᠠᠳᠠᠭᠴᠢ ︽ᠲᠠᠯ᠎ᠠ ᠨᠤᠲᠤᠭ ᠤᠨ ᠴᠢᠳᠠᠪᠦᠷᠢᠲᠠᠨ︾ ᠤ ᠬᠤᠰᠢᠭᠤᠴᠢᠯᠠᠭᠴᠢ᠂ ᠲᠥᠪ ᠤᠨ ᠵᠤᠬᠢᠶᠠᠨ ᠪᠠᠶᠢᠭᠤᠯᠬᠤ ᠬᠡᠯᠲᠡᠰ ᠤᠨ ᠬᠠᠷᠢᠯᠴᠠᠬᠤ ᠡᠷᠳᠡᠮᠳᠡᠨ᠂ ᠥᠪᠦᠷ ᠮᠤᠩᠭᠤᠯ ᠤᠨ ᠮᠤᠩᠭᠤᠯ ᠡᠮ ᠬᠢᠮᠢ ᠰᠤᠳᠤᠯᠬᠤ ᠲᠡᠷᠢᠬᠦᠨ ᠮᠡᠷᠭᠡᠵᠢᠯᠲᠡᠨ ᠪᠤᠯᠤᠨ᠎ᠠ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号