ᠬᠦᠳᠡᠭᠡ ᠠᠵᠤ ᠠᠬᠤᠢ᠂ ᠮᠠᠯ ᠡᠮᠨᠡᠯᠭᠡ ᠶᠢᠨ ᠤᠬᠠᠭᠠᠨ ᠤ ᠬᠤᠣᠰ ᠳ᠋ᠣᠺᠲ᠋ᠣᠷ ᠮᠠᠩᠯᠠᠢ
ᠨᠡᠶᠢᠲᠡᠯᠡᠭᠰᠡᠨ ᠴᠠᠭ᠄
2022/12/12
    ᠬᠦᠳᠡᠭᠡ ᠠᠵᠤ ᠠᠬᠤᠢ᠂ ᠮᠠᠯ ᠡᠮᠨᠡᠯᠭᠡ ᠶᠢᠨ ᠤᠬᠠᠭᠠᠨ ᠤ ᠬᠤᠣᠰ ᠳ᠋ᠣᠺᠲ᠋ᠣᠷ ᠮᠠᠩᠯᠠᠢ ᠬᠦᠪᠡᠭᠡᠲᠦ ᠰᠢᠷ᠎ᠠ ᠬᠤᠰᠢᠭᠤᠨ ᠤ ᠣᠣᠯ ᠤᠨ ᠬᠤᠩᠭᠤᠷ ᠠᠭᠤᠯᠠ ᠨᠢᠭᠡᠳᠦᠯ ᠤᠨ ᠬᠦᠷᠳᠦᠨ ᠭᠤᠣᠯ ᠪᠠᠷᠢᠭᠠᠳᠠ ᠶᠢᠨ ᠳᠤᠮᠳᠠ ᠬᠦᠷᠳᠦᠨ ᠭᠤᠣᠯ ᠬᠡᠮᠡᠬᠦ ᠨᠤᠲᠤᠭ ᠲᠤ᠂ ᠣᠣᠯ ᠤᠨ ᠴᠠᠬᠠᠷ ᠤᠨ ᠴᠢᠭᠤᠯᠭᠠᠨ ᠤ ᠬᠦᠪᠡᠭᠡᠲᠦ ᠰᠢᠷ᠎ᠠ ᠠᠷᠪᠠᠨᠨ ᠬᠤᠶᠠᠳᠤᠭᠠᠷ ᠰᠣᠮᠣ ᠶᠢᠨ ᠬᠠᠷᠢᠶᠠᠲᠤ ᠣᠯᠭᠤᠨᠤᠳ ᠣᠪᠣᠭᠲᠤ ᠲᠤᠭᠠᠷᠵᠠᠪ ᠤᠨ ᠤᠤᠭᠠᠨ ᠬᠦᠪᠡᠬᠦᠨ ᠪᠤᠯᠤᠨ ᠵᠠᠶᠠᠭᠠᠵᠠᠢ᠃ 1981 ᠣᠨ ᠳᠤ ᠥᠪᠦᠷ ᠮᠤᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠳᠤ ᠰᠢᠯᠭᠠᠭᠳᠠᠨ ᠤᠷᠤᠵᠤ᠂  ᠵᠡᠬᠦᠨ ᠬᠤᠶᠢᠳᠦ ᠶᠢᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠠᠮᠢᠳᠠᠨ ᠤ ᠤᠳᠤᠮᠰᠢᠯ ᠪᠠ ᠡᠬᠦᠯᠳᠡᠷ ᠪᠣᠶᠢᠵᠢᠭᠤᠯᠬᠤ ᠲᠤᠰᠬᠠᠢ ᠮᠡᠷᠭᠡᠵᠢᠯ ᠢᠶᠠᠷ ᠠᠰᠫᠢᠷᠠᠨᠲ ᠲᠡᠬᠦᠰᠴᠦ᠂ 2000 ᠣᠨ ᠳᠤ ᠶᠠᠫᠤᠨ ᠤ ᠲᠤᠤᠺᠢᠤ᠋ ᠶᠡᠭᠡ ᠰᠤᠷᠭᠠᠭᠤᠯᠢ ᠳᠤ ᠮᠠᠯ ᠡᠮᠨᠡᠯᠭᠡ ᠶᠢᠨ ᠤᠬᠠᠭᠠᠨ ᠤ ᠳ᠋ᠣᠺᠲ᠋ᠣᠷ ᠴᠣᠯᠠ ᠬᠠᠮᠠᠭᠠᠯᠠᠵᠤ᠂  ᠲᠤᠰ ᠵᠢᠯ ᠠᠴᠠ ᠥᠪᠦᠷ ᠮᠤᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠳᠤ ᠡᠬᠢᠯᠡᠵᠦ ᠠᠵᠢᠯᠯᠠᠵᠠᠢ᠃     ᠣᠳᠤ ᠥᠪᠦᠷ ᠮᠤᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠳᠡᠳ᠋ ᠲᠠᠷᠤᠭ᠎ᠠ᠂ ᠥᠪᠦᠷ ᠮᠤᠩᠭᠤᠯ ᠤᠨ ᠦᠪᠡᠷᠲᠡᠭᠡᠨ ᠲᠠᠪᠤᠳᠤᠭᠠᠷ ᠬᠤᠭᠤᠴᠠᠭᠠᠨ ᠤ ᠮᠠᠯ ᠠᠵᠤ ᠠᠬᠤᠢ ᠶᠢᠨ ᠨᠡᠶᠢᠭᠡᠮᠯᠢᠭ ᠤᠨ ᠬᠡᠷᠡᠭ ᠮᠡᠳᠡᠭᠴᠢᠳ ᠤᠨ ᠲᠠᠷᠤᠭ᠎ᠠ᠂ ᠪᠦᠬᠦ ᠤᠯᠤᠰ ᠤᠨ ᠬᠤᠶᠠᠳᠤᠭᠠᠷ ᠬᠤᠭᠤᠴᠠᠭᠠᠨ ᠤ ᠲᠡᠵᠢᠭᠡᠪᠦᠷᠢ ᠶᠢᠨ ᠤᠳᠤᠮᠰᠢᠯ ᠤᠨ ᠨᠦᠭᠡᠴᠡ ᠪᠠᠶᠠᠯᠢᠭ ᠤᠨ ᠵᠥᠪᠯᠡᠯ ᠤᠨ ᠬᠡᠰᠢᠬᠦᠨ ᠪᠦᠭᠡᠳ ᠦᠬᠡᠷ ᠠᠳᠤᠭᠤ ᠲᠡᠮᠡᠭᠡᠨ ᠤ ᠲᠤᠰᠬᠠᠢ ᠮᠡᠷᠭᠡᠵᠢᠯᠲᠡᠨ ᠤ ᠵᠥᠪᠯᠡᠯ ᠤᠨ ᠬᠡᠰᠢᠬᠦᠨ᠂ ᠰᠤᠷᠭᠠᠨ ᠬᠦᠮᠦᠵᠢᠯ ᠤᠨ ᠶᠠᠮᠤᠨ ᠤ ᠠᠮᠢᠳᠠᠨ ᠠᠴᠠ ᠭᠠᠷᠤᠯᠲᠠᠢ ᠦᠢᠯᠡᠳᠪᠦᠷᠢᠯᠡᠯ ᠤᠨ ᠲᠤᠰᠬᠠᠢ ᠮᠡᠷᠭᠡᠵᠢᠯ ᠤᠨ ᠵᠢᠭᠠᠨ ᠵᠢᠯᠦᠭᠤᠳᠬᠤ ᠵᠥᠪᠯᠡᠯ ᠤᠨ ᠳᠡᠳ᠋ ᠡᠷᠬᠢᠯᠡᠭᠴᠢ᠂ ᠲᠤᠮᠳᠠᠳᠤ ᠤᠯᠤᠰ ᠤᠨ ᠮᠣᠷᠢᠨ ᠤ ᠦᠢᠯᠡᠰ ᠤᠨ ᠨᠡᠶᠢᠭᠡᠮᠯᠢᠭ ᠤᠨ ᠬᠤᠶᠠᠳᠤᠭᠠᠷ ᠬᠤᠭᠤᠴᠠᠭᠠᠨ ᠤ ᠬᠡᠷᠡᠭ ᠮᠡᠳᠡᠭᠴᠢᠳ ᠤᠨ ᠳᠠᠷᠤᠭ᠎ᠠ᠂ ᠲᠤᠮᠳᠠᠳᠤ ᠤᠯᠤᠰ ᠤᠨ ᠮᠣᠷᠢᠨ ᠤ ᠠᠵᠤ ᠦᠢᠯᠡᠰ ᠤᠨ ᠨᠡᠶᠢᠭᠡᠮᠯᠢᠭ ᠤᠨ ᠲᠥᠷᠦ ᠶᠢᠨ ᠪᠤᠳᠣᠯᠭ᠎ᠠ ᠰᠣᠳᠣᠯᠠᠬᠤ ᠲᠥᠪ ᠤᠨ ᠲᠤᠰᠬᠠᠢ ᠮᠡᠷᠭᠡᠵᠢᠯᠲᠡᠨ᠂ ᠲᠤᠮᠳᠠᠳᠤ ᠤᠯᠤᠰ ᠤᠨ ᠮᠠᠯ ᠠᠵᠤ ᠠᠬᠤᠢ ᠮᠠᠯ ᠡᠮᠨᠡᠯᠭᠡ ᠶᠢᠨ ᠨᠡᠶᠢᠭᠡᠮᠯᠢᠭ ᠤᠨ ᠮᠣᠷᠢᠨ ᠤ ᠦᠢᠯᠡᠰ ᠤᠨ ᠰᠠᠯᠪᠦᠷᠢ ᠨᠡᠶᠢᠭᠡᠮᠯᠢᠭ ᠤᠨ ᠳᠡᠳ᠋ ᠳᠠᠷᠤᠭ᠎ᠠ᠂ ᠲᠤᠮᠳᠠᠳᠤ ᠤᠯᠤᠰ ᠤᠨ ᠠᠩᠬᠠᠳᠤᠭᠠᠷ ᠤᠳᠠᠭᠠᠨ ᠤ ᠮᠠᠯ ᠠᠵᠤ ᠠᠬᠤᠢ ᠶᠢᠨ ᠨᠡᠶᠢᠭᠡᠮᠯᠢᠭ ᠤᠨ ᠡᠯᠵᠢᠭᠡᠨ ᠤ ᠦᠢᠯᠡᠰ ᠤᠨ ᠰᠠᠯᠪᠦᠷᠢ ᠨᠡᠶᠢᠭᠡᠮᠯᠢᠭ ᠤᠨ ᠳᠡᠳ᠋ ᠳᠠᠷᠤᠭ᠎ᠠ᠂ ᠲᠤᠮᠳᠠᠳᠤ ᠤᠯᠤᠰ ᠤᠨ ᠮᠠᠯ ᠲᠡᠵᠢᠭᠡᠪᠦᠷᠢ ᠶᠢᠨ ᠤᠳᠤᠮᠰᠢᠯ ᠤᠨ ᠨᠦᠭᠡᠴᠡ ᠪᠠᠶᠠᠯᠢᠭ ᠤᠨ ᠭᠤᠷᠪᠠᠳᠤᠭᠠᠷ ᠬᠤᠭᠤᠴᠠᠭᠠᠨ ᠤ ᠵᠥᠪᠯᠡᠯ ᠤᠨ ᠬᠡᠰᠢᠬᠦᠨ ᠪᠦᠭᠡᠳ ᠦᠬᠡᠷ ᠠᠳᠤᠭᠤ ᠲᠡᠮᠡᠭᠡᠨ ᠤ ᠲᠤᠬᠠᠢ ᠮᠡᠷᠭᠡᠵᠢᠯ ᠤᠨ ᠵᠥᠪᠯᠡᠯ ᠤᠨ ᠡᠷᠬᠢᠯᠡᠭᠴᠢ ᠵᠡᠷᠭᠡ ᠲᠤᠰᠢᠶᠠᠯ ᠢ ᠡᠬᠦᠷᠭᠡᠯᠡᠵᠦ ᠪᠠᠶᠢᠨ᠎ᠠ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号