ᠡᠴᠢᠭᠡ ᠡᠬᠡ ᠬᠥᠮᠥᠨ ᠴᠥᠮ ᠦᠷ᠎ᠡ ᠬᠡᠦᠬᠡᠳ ᠤᠨ ᠢᠶᠠᠨ ᠰᠠᠨᠠᠭᠠᠨ ᠳᠤᠨᠢ ᠳᠠᠭᠠᠷᠠᠬᠰᠠᠨ ᠠᠵᠢᠯ ᠣᠯᠬᠤ ᠶᠢ | ᠬᠦᠰᠡᠳᠡᠭ᠂ ᠡᠭᠦᠨ ᠤ ᠲᠥᠯᠥᠭᠡ᠂ ᠵᠠᠷᠢᠮ ᠭᠡᠷ ᠤᠨ ᠠᠬᠠᠮᠠᠳ ︽ᠤᠬᠠᠭᠠᠨ ᠬᠦᠴᠦ︾ ᠪᠠᠨ ᠰᠢᠪᠬᠠᠨ ᠠᠷᠭ᠎ᠠ ᠵᠠᠮ | ᠡᠷᠢᠵᠦ᠂ ᠴᠢᠨᠠᠭᠰᠢᠯᠠᠪᠠᠯ ᠵᠣᠭᠤᠰ ᠭᠠᠷᠭᠠᠵᠤ ︽ᠠᠵᠢᠯ ᠤᠨ ᠪᠠᠶᠢᠷᠢ ᠬᠤᠳᠠᠯᠳᠤᠨ ᠠᠪᠬᠤ︾ ᠪᠠᠷ ᠴᠢᠷᠮᠠᠶᠢᠨ᠎ᠠ ᠁ | ᠣᠶᠢᠷ᠎ᠠ ᠳᠤ᠂ ᠪᠤᠭᠤᠲᠤ ᠬᠤᠲᠠ ᠶᠢᠨ ᠨᠢᠭᠡᠨ ᠨᠠᠰᠤᠲᠠᠨ ᠬᠡᠦᠬᠡᠳ ᠢᠶᠠᠨ ᠬᠠᠪᠰᠤᠷᠤᠨ ︽ᠬᠠᠷᠢᠴᠠᠭ᠎ᠠ ᠡᠷᠢᠵᠦ︾ ᠠᠵᠢᠯ | ᠡᠷᠢᠬᠦ ᠭᠡᠳ 60 ᠲᠦᠮᠡᠨ ᠲᠥᠭᠦᠷᠢᠭ ᠮᠡᠬᠡᠯᠡᠭᠳᠡᠪᠡ᠃ | ᠡᠨᠡ ᠵᠢᠯ ᠤᠨ 6 ᠰᠠᠷ᠎ᠠ ᠶᠢᠨ ᠡᠬᠢ ᠪᠠᠷ᠂ ᠪᠤᠭᠤᠲᠤ ᠬᠤᠲᠠ ᠶᠢᠨ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ ᠶᠢᠨ ᠵᠢᠦᠶᠤᠸᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠱᠠ ᠾᠧ | ᠲᠣᠮᠢᠯᠠᠭᠰᠠᠨ ᠰᠠᠯᠪᠤᠷᠢ ᠬᠠᠷᠢᠶ᠎ᠠ ᠣᠷᠣᠨ ᠤ ᠪᠠᠨ ᠪᠠᠶᠢᠳᠠᠯ ᠢ ᠨᠠᠷᠢᠨ ᠨᠢᠮᠪᠠᠢ ᠪᠠᠶᠢᠴᠠᠭᠠᠬᠤ ᠦᠶ᠎ᠡ ᠳᠤ᠂ | ᠨᠠᠰᠤᠵᠢᠯ ᠤᠨ ᠠᠰᠠᠷᠠᠮᠵᠢ ᠶᠢᠨ ᠮᠡᠬᠡᠯᠡᠯ ᠤᠨ ᠶᠠᠯᠠᠲᠤ ᠠᠵᠢᠯᠯᠠᠭ᠎ᠠ ᠶᠢᠨ ᠰᠦᠪᠡᠭᠴᠢ ᠶᠢ ᠡᠮᠬᠢᠯᠡᠨ ᠭᠠᠷᠭᠠᠵᠤ᠂ | ᠠᠷᠠᠳ ᠤᠨ ᠴᠠᠭᠳᠠᠭ᠎ᠠ ᠲᠡᠷᠡ ᠳᠠᠷᠤᠢ ᠳᠤᠨᠢ ᠲᠠᠩᠨᠠᠨ ᠪᠠᠶᠢᠴᠠᠭᠠᠬᠤ ᠠᠵᠢᠯ ᠥᠷᠨᠢᠭᠦᠯᠪᠡ᠃ ᠪᠠᠶᠢᠴᠠᠭᠠᠯᠲᠠ ᠪᠠᠷ | ᠳᠡᠮᠵᠢᠨ᠂ ᠡᠴᠦᠰ ᠲᠡᠭᠡᠨ ᠶᠠᠯ᠎ᠠ ᠶᠢᠨ ᠰᠡᠵᠢᠭᠲᠡᠨ ᠨᠢᠶᠧ ᠣᠪᠣᠭᠲᠤ ᠶᠢᠨ ᠪᠡᠶ᠎ᠡ ᠭᠡᠮ ᠢ ᠨᠢ ᠲᠣᠳᠣᠯᠠᠵᠤ᠂ | ᠠᠷᠠᠳ ᠤᠨ ᠴᠠᠭᠳᠠᠭ᠎ᠠ ᠶᠢᠨ ᠤᠲᠠᠰᠤ ᠶᠢ ᠳᠤᠰᠤᠭᠰᠠᠨ ᠨᠢᠶᠧ ᠣᠪᠣᠭᠲᠤ ᠰᠠᠨᠠᠭᠠᠴᠢᠯᠠᠭ᠎ᠠ ᠠᠴᠠ ᠪᠠᠨ ᠬᠡᠷᠡᠭ ᠢᠶᠠᠨ | ᠲᠤᠰᠢᠶᠠᠪᠠ᠃ | ᠶᠠᠯ᠎ᠠ ᠶᠢᠨ ᠰᠡᠵᠢᠭᠲᠡᠨ ᠨᠢᠶᠧ ᠣᠪᠣᠭᠲᠤ 2005 ᠣᠨ ᠠᠴᠠ 2016 ᠣᠨ ᠤ ᠬᠤᠭᠤᠷᠣᠨᠳᠤ᠂ ᠸᠠᠩ | ᠣᠪᠣᠭᠲᠤ ᠨᠠᠰᠤᠲᠠᠨ ᠤ ᠥᠬᠢᠨ ᠳᠤ ᠠᠵᠢᠯ ᠡᠷᠢᠵᠦ ᠥᠭᠭᠦ ᠪᠠᠷ ᠰᠢᠯᠲᠠᠭ ᠪᠤᠯᠭᠠᠵᠤ᠂ ᠤᠷᠢᠳ ᠬᠤᠵᠢᠳ 80 | ᠭᠠᠷᠤᠢ ᠤᠳᠠᠭ᠎ᠠ ᠨᠠᠰᠤᠲᠠᠨ ᠠᠴᠠ 595000 ᠲᠥᠭᠦᠷᠢᠭ ᠮᠡᠬᠡᠯᠡᠨ ᠠᠪᠴᠤ᠂ ᠮᠡᠬᠡᠯᠡᠨ ᠣᠯᠣᠭᠰᠠᠨ ᠪᠦᠭᠦ | ᠵᠣᠭᠤᠰ ᠢᠶᠠᠨ ᠳᠤᠷ᠎ᠠ ᠪᠠᠷ ᠢᠶᠠᠨ ᠵᠠᠷᠤᠵᠤ ᠪᠦᠷᠢᠯᠭᠡᠵᠡᠢ᠃ ᠨᠢᠶᠧ ᠣᠪᠣᠭᠲᠤ ᠪᠠᠷᠢᠪᠴᠢᠯᠠᠭᠳᠠᠭᠰᠠᠨ ᠤ ᠳᠠᠷᠠᠭ᠎ᠠ᠂ ᠸᠠᠩ | ᠣᠪᠣᠭᠲᠤ ᠨᠠᠰᠤᠲᠠᠨ ᠢ ᠮᠡᠬᠡᠯᠡᠭᠰᠡᠨ ᠶᠠᠯ᠎ᠠ ᠪᠠᠨ ᠥᠴᠢᠭᠯᠡᠨ ᠮᠡᠳᠡᠷᠡᠵᠦ᠂ ᠣᠳᠣᠬᠠᠨ ᠳᠤ ᠶᠠᠯ᠎ᠠ ᠶᠢᠨ ᠰᠡᠵᠢᠭᠲᠡᠨ ᠨᠢᠶᠧ | ᠣᠪᠣᠭᠲᠤ ᠨᠢᠭᠡᠨᠲᠡ ᠡᠷᠡᠭᠦᠦ ᠶᠢᠨ ᠬᠡᠷᠡᠭ ᠢᠶᠠᠷ ᠲᠦᠷ ᠬᠤᠷᠢᠬᠤ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠤᠭᠰᠠᠨ | ᠪᠥᠭᠡᠳ ᠲᠤᠰ ᠬᠡᠷᠡᠭ ᠢ ᠴᠢᠨᠠᠭᠰᠢᠳᠠ ᠳᠡᠩᠨᠡᠨ ᠪᠠᠶᠢᠴᠠᠭᠠᠵᠤ ᠪᠤᠢ᠃ | ᠴᠠᠭᠳᠠᠭᠠᠨ ᠤ ᠲᠠᠯ᠎ᠠ ᠶᠢᠨ ᠬᠢᠨ᠂ ᠵᠠᠷᠢᠮ ᠬᠠᠤᠯᠢ ᠪᠤᠰᠤ ᠡᠲᠡᠭᠡᠳ ᠨᠠᠰᠤᠲᠠᠶᠢᠴᠤᠳ ᠤᠨ ᠢᠯᠭᠠᠨ ᠲᠠᠨᠢᠬᠤ | ᠴᠢᠳᠠᠪᠤᠷᠢ ᠳᠣᠣᠷ᠎ᠠ᠂ ᠨᠡᠶᠢᠭᠡᠮ ᠤᠨ ᠮᠡᠳᠡᠯᠭᠡ ᠬᠦᠷᠦᠯᠴᠡᠬᠦ ᠦᠭᠡᠢ᠂ ᠦᠷ᠎ᠡ ᠬᠡᠦᠬᠡᠳ ᠲᠡᠭᠡᠨ ᠠᠵᠢᠯ ᠡᠷᠢᠵᠦ ᠥᠭᠭᠦ | ᠪᠠᠴᠢᠮ ᠰᠡᠳᠬᠢᠯᠭᠡ ᠶᠢ ᠨᠢ ᠠᠰᠢᠭᠯᠠᠨ᠂ ᠨᠠᠰᠤᠲᠠᠶᠢᠴᠤᠳ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠮᠡᠬᠡᠯᠡᠨ | ᠠᠪᠴᠤ᠂ ᠨᠠᠰᠤᠲᠠᠶᠢᠴᠤᠳ ᠤᠨ ᠬᠠᠤᠯᠢ ᠶᠣᠰᠣᠨ ᠤ ᠡᠷᠬᠡ ᠠᠰᠢᠭ ᠲᠤ ᠬᠠᠯᠳᠠᠵᠤ ᠪᠠᠶᠢᠨ᠎ᠠ᠃ ᠨᠡᠶᠢᠭᠡᠮ ᠨᠡᠶᠢᠳᠡ | ᠶᠢᠨ ᠬᠢᠨ ᠠᠵᠢᠯ ᠡᠷᠢᠬᠦ ᠲᠡᠭᠡᠨ ᠡᠷᠬᠡᠪᠰᠢ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢ ᠪᠠᠲᠤ ᠪᠠᠬᠢ ᠪᠤᠢ | ᠪᠤᠯᠭᠠᠬᠤ᠂ ᠥᠪᠡᠷ ᠢ ᠪᠠᠨ︽ᠲᠠᠨᠢᠬᠤ ᠬᠥᠮᠥᠨ ᠲᠠᠢ︾᠂ ︽ᠬᠠᠷᠢᠴᠠᠭ᠎ᠠ ᠬᠤᠯᠪᠤᠭ᠎ᠠ ᠲᠠᠢ︾ ᠭᠡᠵᠦ ᠪᠠᠶᠢᠬᠤ ᠬᠥᠮᠥᠰ ᠢ | ᠠᠮᠠᠷᠬᠠᠨ ᠢᠲᠡᠭᠡᠵᠦ ᠪᠤᠯᠬᠤ ᠦᠭᠡᠢ᠃ ᠮᠠᠨ ᠤ ᠤᠯᠤᠰ ᠤᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ | ᠨᠢᠭᠡᠴᠢ ᠠᠵᠢᠯᠲᠠᠨ ᠠᠵᠢᠯᠴᠢᠨ ᠤᠷᠢᠨ ᠡᠯᠰᠡᠭᠦ ᠳᠡᠭᠡᠨ ᠴᠥᠮ ᠴᠢᠩᠭ᠎ᠠ ᠲᠣᠭᠲᠠᠭᠠᠯ ᠪᠠ ᠵᠢᠷᠤᠮᠵᠢᠬᠰᠠᠨ ᠡᠮᠬᠢ | ᠳᠠᠷᠠᠭᠠᠯᠠᠯ ᠲᠠᠢ ᠪᠠᠶᠢᠵᠤ᠂ ᠠᠵᠢᠯ ᠡᠷᠢᠭᠰᠡᠳ ᠬᠠᠤᠯᠢ ᠶᠣᠰᠣᠨ ᠤ ᠠᠵᠢᠯᠲᠠᠨ ᠠᠵᠢᠯᠴᠢᠨ ᠤᠷᠢᠨ ᠡᠯᠰᠡᠭᠦ ᠠᠷᠭ᠎ᠠ | ᠵᠠᠮ ᠢᠶᠠᠷ ᠠᠵᠢᠯ ᠡᠷᠢᠬᠦ ᠬᠡᠷᠡᠭᠲᠡᠢ ᠭᠡᠵᠦ ᠰᠠᠨᠠᠭᠤᠯᠤᠨ᠎ᠠ᠃ | |