ᠪᠥᠬᠦ ᠬᠤᠰᠢᠭᠤᠨ ᠤ ᠤᠬᠠᠭᠤᠯᠬᠤ ᠰᠢᠰᠲ᠋ᠧᠮ ᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠵᠤ ᠤᠬᠠᠭᠤᠯᠤᠨ ᠲᠠᠶᠢᠯᠪᠤᠷᠢᠯᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/12/2
      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠤᠬᠠᠭᠤᠯᠬᠤ ᠰᠢᠰᠲ᠋ᠧᠮ ᠤᠨ ᠠᠵᠢᠯᠲᠠᠨ ᠤ ᠦᠵᠡᠯ ᠤᠬᠠᠮᠰᠠᠷ ᠢ ᠳᠡᠭᠡᠭᠰᠢᠯᠡᠬᠦᠯᠦᠨ᠂ ᠤᠬᠠᠭᠤᠯᠭ᠎ᠠ ᠶᠢᠨ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠬᠦᠯᠬᠦ ᠶᠢᠨ ᠲᠦᠯᠦᠭᠡ᠂ 12 ᠰᠠᠷ᠎ᠠ ᠶᠢᠨ 2 ᠤᠨ ᠡᠳᠦᠷ᠂ ᠬᠦᠪᠡᠭᠡᠲᠦ ᠰᠢᠷ᠎ᠠ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠢ ᡁᠢ ᠦ᠋   ᠠᠴᠠ ᠰᠤᠷᠲᠠᠯ ᠤᠬᠠᠭᠤᠯᠭ᠎ᠠ ᠶᠢᠨ ᠰᠢᠰᠲ᠋ᠧᠮ ᠤᠨ ᠬᠢᠨ ᠳᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠯᠲᠡ ᠬᠢᠪᠠ᠃      ᠬᠤᠷᠠᠯ ᠳᠡᠭᠡᠷ᠎ᠡ᠂ ᠯᠢ ᡁᠢ ᠦ᠋ ᠨᠠᠮ ᠤᠨ ᠬᠤᠷᠢᠳᠤᠭᠠᠷ ᠶᠡᠭᠡ ᠬᠤᠷᠠᠯ ᠤᠨ ᠭᠤᠣᠯ ᠰᠡᠳᠦᠪ ᠤᠨ ᠲᠣᠭᠤᠷᠢᠨ ᠳᠤ ᠂ ᠭᠤᠷᠪᠠᠨ ᠡᠷᠬᠡᠪᠰᠢ ᠶᠢ ᠪᠠᠲᠤ ᠴᠡᠭᠡᠵᠢᠯᠡᠵᠦ᠂ ᠥᠩᠭᠡᠷᠡᠭᠰᠡᠨ 5 ᠵᠢᠯ ᠤᠨ ᠠᠵᠢᠯ ᠪᠣᠯᠤᠨ ᠰᠢᠨ᠎ᠡ ᠴᠠᠭ ᠦᠶ᠎ᠡ ᠶᠢᠨ 10 ᠵᠢᠯ ᠤᠨ ᠠᠭᠤᠤ ᠶᠡᠭᠡ ᠬᠤᠪᠢᠰᠤᠯᠲᠠ ᠶᠢ ᠭᠦᠨᠵᠡᠭᠡᠢ ᠣᠶᠢᠯᠠᠭᠠᠵᠤ᠂ ᠮᠠᠷᠺᠰ ᠤᠨ ᠦᠵᠡᠯ ᠤᠨ ᠳᠤᠮᠳᠠᠳᠤ ᠤᠯᠤᠰᠴᠢᠯᠠᠬᠰᠠᠨ ᠴᠠᠭ ᠦᠶᠡᠴᠢᠯᠡᠭᠰᠡᠨ ᠰᠢᠨ᠎ᠡ ᠠᠬᠤᠢ ᠪᠠᠶᠢᠳᠠᠯ ᠢ ᠭᠦᠨᠵᠡᠭᠡᠢ ᠣᠶᠢᠯᠠᠭᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠤᠬᠠᠢ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠲᠤᠬᠠᠢ ᠬᠠᠷᠠᠯᠲᠠ ᠡᠭᠦᠷᠭᠡ ᠶᠢ ᠭᠦᠨᠵᠡᠭᠡᠢ ᠣᠶᠢᠯᠠᠭᠠᠵᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ ᠪᠠ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠲᠤᠬᠠᠢ ᠭᠦᠨᠵᠡᠭᠡᠢ ᠤᠶᠢᠯᠭᠠᠬᠤ ᠵᠡᠷᠭᠡ ᠲᠤᠯᠤᠭᠠᠠ ᠲᠠᠯ᠎ᠠ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠭᠦᠨᠵᠡᠭᠡᠢ ᠤᠬᠠᠭᠤᠯᠤᠨ ᠲᠠᠶᠢᠯᠪᠤᠷᠢᠯᠠᠪᠠ᠃     ᠬᠤᠷᠠᠯ ᠠᠴᠠ᠂ ᠪᠦᠬᠦ ᠬᠤᠰᠢᠭᠤᠨ ᠤ ᠤᠬᠠᠭᠤᠯᠬᠤ ᠰᠢᠰᠲ᠋ᠧᠮ ᠤᠨ ᠨᠠᠮ ᠤᠨ ᠭᠡᠰᠢᠭᠦᠨ ᠺᠠᠳ᠋ᠷ ᠠᠵᠢᠯᠳᠠᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠬᠤ ᠶᠢ ᠦᠷᠭᠦᠯᠵᠢᠯᠡᠨ ᠤᠳᠤ ᠪᠠ ᠬᠤᠶᠢᠰᠢᠳᠠ ᠶᠢᠨ ᠨᠢᠭᠡ ᠬᠡᠰᠡᠭ ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠥᠷᠦ ᠶᠢᠨ ᠡᠭᠦᠷᠭᠡ ᠪᠣᠯᠭᠠᠵᠤ᠂ ᠬᠦᠴᠦᠨ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠠᠴᠠ ᠲᠣᠭᠲᠠᠭᠠᠭᠰᠠᠨ ᠡᠯ᠎ᠡ ᠵᠦᠢᠯ ᠤᠨ ᠡᠭᠦᠷᠭᠡ ᠳᠡᠭᠡᠷ᠎ᠡ ᠨᠢᠭᠲᠠᠷᠠᠭᠤᠯᠬᠤ ᠬᠡᠷᠡᠭᠲᠡᠢ᠃ ᠤᠬᠠᠭᠤᠯᠤᠨ ᠲᠠᠶᠢᠯᠪᠤᠷᠢᠯᠠᠬᠤ ᠠᠵᠢᠯ ᠢ ᠰᠠᠶᠢᠲᠤᠷ ᠬᠢᠵᠦ᠂ ᠤᠨᠤᠯ ᠤᠨ ᠤᠬᠠᠭᠤᠯᠭ᠎ᠠ᠂ ᠰᠣᠨᠢᠨ ᠮᠡᠳᠡᠭᠡᠨ ᠤ ᠤᠬᠠᠭᠤᠯᠭ᠎ᠠ᠂ ᠰᠦᠯᠵᠢᠶᠡᠨ ᠤ ᠤᠬᠠᠭᠤᠯᠭ᠎ᠠ᠂ ᠤᠳᠬ᠎ᠠ ᠤᠷᠠᠯᠢᠭ ᠤᠨ ᠤᠬᠠᠭᠤᠯᠭ᠎ᠠ᠂ ᠨᠡᠶᠢᠭᠡᠮ ᠤᠨ ᠤᠬᠠᠭᠤᠯᠭ᠎ᠠ ᠶᠢ ᠨᠢᠭᠡ ᠴᠤᠬᠴᠠᠵᠢᠭᠤᠯᠤᠨ ᠠᠬᠢᠭᠤᠯᠬᠤ ᠶᠢ ᠪᠠᠷᠢᠮᠲᠠᠯᠠᠵᠤ ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠦᠨᠳᠦᠰᠦᠨ ᠱᠠᠲᠤᠨ ᠳᠤ ᠨᠠᠶᠢᠳᠠᠪᠤᠷᠢᠵᠢᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠲᠠᠯ᠎ᠠ ᠪᠠᠷ ᠵᠢᠱᠢᠶ᠎ᠡ ᠳᠠᠭᠤᠷᠢᠶᠠᠯ ᠪᠣᠯᠬᠤ ᠬᠡᠷᠡᠭᠲᠡᠢ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠭᠤᠤᠯᠳᠠᠯᠭᠠᠲᠦ ᠴᠢᠭ ᠢ ᠣᠨᠣᠪᠴᠢᠲᠠᠢ ᠡᠷᠢᠵᠦ᠂ ᠠᠵᠢᠯ ᠤᠨ ᠠᠷᠭ᠎ᠠ ᠬᠡᠮᠵᠢᠶ᠎ᠡ ᠪᠠᠨ ᠰᠢᠨᠡᠴᠢᠯᠡᠵᠦ᠂ ᠪᠦᠬᠦ ᠬᠤᠰᠢᠭᠤᠠ ᠤ ᠰᠤᠷᠲᠠᠯ ᠤᠬᠠᠭᠤᠯᠭ᠎ᠠ ᠦᠵᠡᠯ ᠰᠠᠨᠠᠭᠠᠨ ᠤ ᠠᠵᠢᠯ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ ᠬᠡᠵᠤ ᠱᠠᠭᠠᠷᠳᠠᠪᠠ᠃      ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠬᠠᠮ ᠵᠠᠭᠤᠴᠢᠯᠠᠭᠤᠷ ᠤᠨ ᠲᠥᠪ ᠤᠨ ᠺᠠᠳ᠋ᠷ ᠠᠵᠢᠯᠲᠠᠨ ᠬᠤᠷᠠᠯ ᠳᠤ ᠤᠷᠤᠯᠴᠠᠪᠠ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号