ᠠᠵᠢᠯ ᠡᠷᠢᠬᠦ ᠮᠡᠬᠡᠯᠡᠯ ᠠᠴᠠ ᠰᠡᠷᠡᠮᠵᠢᠯᠡᠭᠡᠷᠡᠢ
ᠨᠡᠶᠢᠲᠡᠯᠡᠭᠰᠡᠨ ᠴᠠᠭ᠄
2022/12/2
     ᠡᠴᠢᠭᠡ ᠡᠬᠡ ᠬᠥᠮᠥᠨ ᠴᠥᠮ ᠦᠷ᠎ᠡ ᠬᠡᠦᠬᠡᠳ ᠤᠨ ᠢᠶᠠᠨ ᠰᠠᠨᠠᠭᠠᠨ ᠳᠤᠨᠢ ᠳᠠᠭᠠᠷᠠᠬᠰᠠᠨ ᠠᠵᠢᠯ ᠣᠯᠬᠤ  ᠶᠢ ᠬᠦᠰᠡᠳᠡᠭ᠂ ᠡᠭᠦᠨ  ᠤ ᠲᠥᠯᠥᠭᠡ᠂ ᠵᠠᠷᠢᠮ ᠭᠡᠷ ᠤᠨ ᠠᠬᠠᠮᠠᠳ ︽ᠤᠬᠠᠭᠠᠨ ᠬᠦᠴᠦ︾  ᠪᠠᠨ ᠰᠢᠪᠬᠠᠨ ᠠᠷᠭ᠎ᠠ ᠵᠠᠮ ᠡᠷᠢᠵᠦ᠂ ᠴᠢᠨᠠᠭᠰᠢᠯᠠᠪᠠᠯ ᠵᠣᠭᠤᠰ ᠭᠠᠷᠭᠠᠵᠤ ︽ᠠᠵᠢᠯ ᠤᠨ ᠪᠠᠶᠢᠷᠢ ᠬᠤᠳᠠᠯᠳᠤᠨ ᠠᠪᠬᠤ︾ ᠪᠠᠷ ᠴᠢᠷᠮᠠᠶᠢᠨ᠎ᠠ ᠁ ᠣᠶᠢᠷ᠎ᠠ ᠳᠤ᠂ ᠪᠤᠭᠤᠲᠤ ᠬᠤᠲᠠ ᠶᠢᠨ ᠨᠢᠭᠡᠨ ᠨᠠᠰᠤᠲᠠᠨ ᠬᠡᠦᠬᠡᠳ ᠢᠶᠠᠨ ᠬᠠᠪᠰᠤᠷᠤᠨ ︽ᠬᠠᠷᠢᠴᠠᠭ᠎ᠠ ᠡᠷᠢᠵᠦ︾ ᠠᠵᠢᠯ ᠡᠷᠢᠬᠦ ᠭᠡᠳ 60 ᠲᠦᠮᠡᠨ ᠲᠥᠭᠦᠷᠢᠭ ᠮᠡᠬᠡᠯᠡᠭᠳᠡᠪᠡ᠃     ᠡᠨᠡ ᠵᠢᠯ ᠤᠨ 6 ᠰᠠᠷ᠎ᠠ ᠶᠢᠨ ᠡᠬᠢ ᠪᠠᠷ᠂ ᠪᠤᠭᠤᠲᠤ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠢᠦᠶᠤᠸᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠱᠠ ᠾᠧ ᠲᠣᠮᠢᠯᠠᠭᠰᠠᠨ ᠰᠠᠯᠪᠤᠷᠢ ᠬᠠᠷᠢᠶ᠎ᠠ ᠣᠷᠣᠨ ᠤ ᠪᠠᠨ ᠪᠠᠶᠢᠳᠠᠯ  ᠢ ᠨᠠᠷᠢᠨ ᠨᠢᠮᠪᠠᠢ ᠪᠠᠶᠢᠴᠠᠭᠠᠬᠤ ᠦᠶ᠎ᠡ ᠳᠤ᠂ ᠨᠠᠰᠤᠵᠢᠯ ᠤᠨ ᠠᠰᠠᠷᠠᠮᠵᠢ ᠶᠢᠨ ᠮᠡᠬᠡᠯᠡᠯ  ᠤᠨ ᠶᠠᠯᠠᠲᠤ ᠠᠵᠢᠯᠯᠠᠭ᠎ᠠ ᠶᠢᠨ ᠰᠦᠪᠡᠭᠴᠢ ᠶᠢ ᠡᠮᠬᠢᠯᠡᠨ ᠭᠠᠷᠭᠠᠵᠤ᠂ ᠠᠷᠠᠳ ᠤᠨ ᠴᠠᠭᠳᠠᠭ᠎ᠠ ᠲᠡᠷᠡ ᠳᠠᠷᠤᠢ  ᠳᠤᠨᠢ ᠲᠠᠩᠨᠠᠨ ᠪᠠᠶᠢᠴᠠᠭᠠᠬᠤ ᠠᠵᠢᠯ ᠥᠷᠨᠢᠭᠦᠯᠪᠡ᠃ ᠪᠠᠶᠢᠴᠠᠭᠠᠯᠲᠠ ᠪᠠᠷ ᠳᠡᠮᠵᠢᠨ᠂ ᠡᠴᠦᠰ  ᠲᠡᠭᠡᠨ ᠶᠠᠯ᠎ᠠ ᠶᠢᠨ ᠰᠡᠵᠢᠭᠲᠡᠨ ᠨᠢᠶᠧ ᠣᠪᠣᠭᠲᠤ ᠶᠢᠨ ᠪᠡᠶ᠎ᠡ ᠭᠡᠮ ᠢ ᠨᠢ ᠲᠣᠳᠣᠯᠠᠵᠤ᠂ ᠠᠷᠠᠳ ᠤᠨ ᠴᠠᠭᠳᠠᠭ᠎ᠠ  ᠶᠢᠨ ᠤᠲᠠᠰᠤ ᠶᠢ ᠳᠤᠰᠤᠭᠰᠠᠨ ᠨᠢᠶᠧ ᠣᠪᠣᠭᠲᠤ ᠰᠠᠨᠠᠭᠠᠴᠢᠯᠠᠭ᠎ᠠ ᠠᠴᠠ ᠪᠠᠨ ᠬᠡᠷᠡᠭ ᠢᠶᠠᠨ ᠲᠤᠰᠢᠶᠠᠪᠠ᠃      ᠶᠠᠯ᠎ᠠ ᠶᠢᠨ ᠰᠡᠵᠢᠭᠲᠡᠨ ᠨᠢᠶᠧ ᠣᠪᠣᠭᠲᠤ 2005 ᠣᠨ ᠠᠴᠠ 2016 ᠣᠨ ᠤ ᠬᠤᠭᠤᠷᠣᠨᠳᠤ᠂ ᠸᠠᠩ ᠣᠪᠣᠭᠲᠤ ᠨᠠᠰᠤᠲᠠᠨ ᠤ ᠥᠬᠢᠨ ᠳᠤ ᠠᠵᠢᠯ ᠡᠷᠢᠵᠦ ᠥᠭᠭᠦ ᠪᠠᠷ ᠰᠢᠯᠲᠠᠭ ᠪᠤᠯᠭᠠᠵᠤ᠂ ᠤᠷᠢᠳ ᠬᠤᠵᠢᠳ 80 ᠭᠠᠷᠤᠢ ᠤᠳᠠᠭ᠎ᠠ ᠨᠠᠰᠤᠲᠠᠨ ᠠᠴᠠ 595000 ᠲᠥᠭᠦᠷᠢᠭ ᠮᠡᠬᠡᠯᠡᠨ ᠠᠪᠴᠤ᠂ ᠮᠡᠬᠡᠯᠡᠨ ᠣᠯᠣᠭᠰᠠᠨ ᠪᠦᠭᠦ ᠵᠣᠭᠤᠰ ᠢᠶᠠᠨ ᠳᠤᠷ᠎ᠠ ᠪᠠᠷ ᠢᠶᠠᠨ ᠵᠠᠷᠤᠵᠤ ᠪᠦᠷᠢᠯᠭᠡᠵᠡᠢ᠃ ᠨᠢᠶᠧ ᠣᠪᠣᠭᠲᠤ ᠪᠠᠷᠢᠪᠴᠢᠯᠠᠭᠳᠠᠭᠰᠠᠨ ᠤ ᠳᠠᠷᠠᠭ᠎ᠠ᠂ ᠸᠠᠩ ᠣᠪᠣᠭᠲᠤ ᠨᠠᠰᠤᠲᠠᠨ ᠢ ᠮᠡᠬᠡᠯᠡᠭᠰᠡᠨ ᠶᠠᠯ᠎ᠠ ᠪᠠᠨ ᠥᠴᠢᠭᠯᠡᠨ ᠮᠡᠳᠡᠷᠡᠵᠦ᠂ ᠣᠳᠣᠬᠠᠨ ᠳᠤ ᠶᠠᠯ᠎ᠠ ᠶᠢᠨ ᠰᠡᠵᠢᠭᠲᠡᠨ ᠨᠢᠶᠧ ᠣᠪᠣᠭᠲᠤ ᠨᠢᠭᠡᠨᠲᠡ ᠡᠷᠡᠭᠦᠦ ᠶᠢᠨ ᠬᠡᠷᠡᠭ ᠢᠶᠠᠷ ᠲᠦᠷ ᠬᠤᠷᠢᠬᠤ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠤᠭᠰᠠᠨ ᠪᠥᠭᠡᠳ ᠲᠤᠰ ᠬᠡᠷᠡᠭ ᠢ ᠴᠢᠨᠠᠭᠰᠢᠳᠠ ᠳᠡᠩᠨᠡᠨ ᠪᠠᠶᠢᠴᠠᠭᠠᠵᠤ ᠪᠤᠢ᠃     ᠴᠠᠭᠳᠠᠭᠠᠨ ᠤ ᠲᠠᠯ᠎ᠠ ᠶᠢᠨ ᠬᠢᠨ᠂ ᠵᠠᠷᠢᠮ ᠬᠠᠤᠯᠢ ᠪᠤᠰᠤ ᠡᠲᠡᠭᠡᠳ ᠨᠠᠰᠤᠲᠠᠶᠢᠴᠤᠳ ᠤᠨ ᠢᠯᠭᠠᠨ ᠲᠠᠨᠢᠬᠤ ᠴᠢᠳᠠᠪᠤᠷᠢ ᠳᠣᠣᠷ᠎ᠠ᠂ ᠨᠡᠶᠢᠭᠡᠮ ᠤᠨ ᠮᠡᠳᠡᠯᠭᠡ ᠬᠦᠷᠦᠯᠴᠡᠬᠦ ᠦᠭᠡᠢ᠂ ᠦᠷ᠎ᠡ ᠬᠡᠦᠬᠡᠳ  ᠲᠡᠭᠡᠨ ᠠᠵᠢᠯ ᠡᠷᠢᠵᠦ ᠥᠭᠭᠦ ᠪᠠᠴᠢᠮ ᠰᠡᠳᠬᠢᠯᠭᠡ ᠶᠢ ᠨᠢ ᠠᠰᠢᠭᠯᠠᠨ᠂ ᠨᠠᠰᠤᠲᠠᠶᠢᠴᠤᠳ  ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠮᠡᠬᠡᠯᠡᠨ ᠠᠪᠴᠤ᠂ ᠨᠠᠰᠤᠲᠠᠶᠢᠴᠤᠳ  ᠤᠨ ᠬᠠᠤᠯᠢ ᠶᠣᠰᠣᠨ  ᠤ ᠡᠷᠬᠡ ᠠᠰᠢᠭ ᠲᠤ ᠬᠠᠯᠳᠠᠵᠤ ᠪᠠᠶᠢᠨ᠎ᠠ᠃ ᠨᠡᠶᠢᠭᠡᠮ ᠨᠡᠶᠢᠳᠡ  ᠶᠢᠨ ᠬᠢᠨ ᠠᠵᠢᠯ ᠡᠷᠢᠬᠦ  ᠲᠡᠭᠡᠨ ᠡᠷᠬᠡᠪᠰᠢ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢ ᠪᠠᠲᠤ ᠪᠠᠬᠢ ᠪᠤᠢ ᠪᠤᠯᠭᠠᠬᠤ᠂ ᠥᠪᠡᠷ ᠢ ᠪᠠᠨ︽ᠲᠠᠨᠢᠬᠤ ᠬᠥᠮᠥᠨ ᠲᠠᠢ︾᠂ ︽ᠬᠠᠷᠢᠴᠠᠭ᠎ᠠ ᠬᠤᠯᠪᠤᠭ᠎ᠠ ᠲᠠᠢ︾ ᠭᠡᠵᠦ ᠪᠠᠶᠢᠬᠤ ᠬᠥᠮᠥᠰ ᠢ ᠠᠮᠠᠷᠬᠠᠨ ᠢᠲᠡᠭᠡᠵᠦ ᠪᠤᠯᠬᠤ ᠦᠭᠡᠢ᠃ ᠮᠠᠨ ᠤ ᠤᠯᠤᠰ ᠤᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠠᠵᠢᠯᠲᠠᠨ ᠠᠵᠢᠯᠴᠢᠨ ᠤᠷᠢᠨ ᠡᠯᠰᠡᠭᠦ ᠳᠡᠭᠡᠨ ᠴᠥᠮ ᠴᠢᠩᠭ᠎ᠠ ᠲᠣᠭᠲᠠᠭᠠᠯ ᠪᠠ ᠵᠢᠷᠤᠮᠵᠢᠬᠰᠠᠨ ᠡᠮᠬᠢ ᠳᠠᠷᠠᠭᠠᠯᠠᠯ ᠲᠠᠢ ᠪᠠᠶᠢᠵᠤ᠂ ᠠᠵᠢᠯ ᠡᠷᠢᠭᠰᠡᠳ ᠬᠠᠤᠯᠢ ᠶᠣᠰᠣᠨ ᠤ ᠠᠵᠢᠯᠲᠠᠨ ᠠᠵᠢᠯᠴᠢᠨ ᠤᠷᠢᠨ ᠡᠯᠰᠡᠭᠦ ᠠᠷᠭ᠎ᠠ ᠵᠠᠮ ᠢᠶᠠᠷ ᠠᠵᠢᠯ ᠡᠷᠢᠬᠦ ᠬᠡᠷᠡᠭᠲᠡᠢ ᠭᠡᠵᠦ ᠰᠠᠨᠠᠭᠤᠯᠤᠨ᠎ᠠ᠃ 
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号