ᠭᠡᠷ ᠲᠡᠭᠡᠨ ᠦᠷᠭᠦᠯᠵᠢ ᠰᠠᠯᠬᠢ ᠨᠡᠪᠲᠡᠷᠡᠭᠦᠯᠬᠦ ᠨᠢ ᠶᠠᠮᠠᠷ ᠰᠠᠶᠢᠨ ᠲᠠᠢ ᠪᠤᠢ︖
ᠨᠡᠶᠢᠲᠡᠯᠡᠭᠰᠡᠨ ᠴᠠᠭ᠄
2022/12/9
     ᠴᠣᠩᠬᠤ  ᠪᠠᠨ ᠨᠡᠭᠡᠭᠡᠵᠦ ᠰᠠᠯᠬᠢ ᠨᠡᠪᠲᠡᠷᠡᠭᠦᠯᠦᠨ ᠠᠭᠠᠷ ᠰᠣᠯᠢᠪᠠᠯ᠂ ᠭᠡᠷ ᠳᠣᠲᠣᠷᠠᠬᠢ ᠠᠭᠠᠷ ᠲᠠᠬᠢ ᠬᠤᠣᠷᠲᠠᠢ ᠬᠡᠢ ᠪᠡᠶᠡᠲᠦ ᠶᠢ ᠪᠦᠲᠦᠮᠵᠢᠲᠡᠶ ᠠᠷᠢᠯᠭᠠᠵᠤ᠂ ᠭᠡᠷ ᠳᠣᠲᠣᠷᠠᠬᠢ ᠠᠭᠠᠷ  ᠢ ᠴᠡᠪᠡᠷᠰᠢᠭᠦᠯᠵᠦ ᠴᠢᠳᠠᠨ᠎ᠠ᠃ ᠭᠡᠷ ᠳᠣᠲᠣᠷᠠᠬᠢ ᠠᠭᠠᠷ ᠲᠠᠬᠢ  ᠡᠪᠡᠳᠴᠢᠨ ᠤ ᠪᠠᠺᠲ᠋ᠧᠷᠢ  ᠶᠢᠨ ᠠᠭᠤᠯᠤᠭᠳᠠᠴᠠ  ᠶᠢ ᠶᠡᠭᠡ  ᠪᠠᠷ ᠪᠠᠭᠠᠰᠬᠠᠵᠤ ᠴᠢᠳᠠᠨ᠎ᠠ᠃ ᠴᠣᠩᠬᠤ ᠪᠠᠨ ᠨᠡᠭᠡᠭᠡᠵᠦ ᠰᠠᠯᠬᠢ ᠨᠡᠪᠲᠡᠷᠡᠭᠦᠯᠦᠭᠰᠡᠨ ᠤ ᠲᠡᠷᠠᠭ᠎ᠠ᠂ ᠨᠡᠩ ᠤᠯᠡᠠ ᠨᠡᠷᠡᠨ ᠤ ᠭᠡᠷᠡᠯ ᠭᠡᠷ ᠳᠣᠲᠣᠷ᠎ᠠ ᠲᠤᠰᠴᠦ᠂ ᠰᠢᠯ ᠳᠤ ᠬᠠᠰᠢᠭᠳᠠᠭᠰᠠᠨ ᠬᠦᠷᠢᠨ ᠤ ᠭᠠᠳᠠᠨᠠᠬᠢ ᠲᠤᠶᠠᠭ᠎ᠠ ᠭᠡᠷ ᠳᠣᠲᠣᠷ᠎ᠠ ᠰᠢᠭᠤᠳ ᠣᠷᠣᠵᠤ᠂ ᠠᠷᠢᠭᠤᠳᠬᠠᠬᠤ ᠪᠠ ᠪᠠᠺᠲ᠋ᠧᠷᠢ ᠠᠯᠠᠬᠤ ᠦᠢᠯᠡᠳᠦᠯ ᠦᠵᠡᠭᠦᠯᠦᠨ᠎ᠡ᠃ ᠬᠦᠴᠢᠯᠲᠥ᠋ᠷᠥᠭᠴᠢ ᠶᠢᠨ ᠠᠭᠤᠯᠤᠭᠳᠠᠴᠠ ᠶᠢ ᠨᠡᠮᠡᠭᠳᠡᠭᠦᠯᠵᠦ᠂ ᠲᠠᠷᠢᠬᠢ ᠲᠣᠯᠣᠭᠠᠢ ᠰᠡᠷᠭᠦᠵᠦ᠂ ᠰᠡᠳᠬᠢᠯ ᠰᠠᠨᠠᠭ᠎ᠠ ᠲᠠᠭᠠᠯᠠᠮᠵᠢᠲᠠᠢ ᠪᠣᠯᠵᠤ᠂ ᠡᠷᠡᠭᠦᠯ ᠮᠡᠨᠳᠦ ᠳᠤ ᠠᠰᠢᠭᠲᠠᠢ ᠪᠠᠶᠢᠳᠠᠭ᠃     ᠭᠡᠷ ᠲᠤ ᠰᠠᠯᠬᠢ ᠨᠡᠪᠲᠡᠷᠡᠭᠦᠯᠬᠦ ᠬᠠᠮᠤᠭ  ᠤᠨ ᠰᠠᠶᠢᠨ ᠴᠠᠭ ᠪᠣᠯ ᠥᠷᠯᠥᠭᠡ ᠪᠣᠰᠣᠭᠰᠠᠨ  ᠤ ᠳᠠᠷᠠᠭᠠᠬᠢ ᠬᠤᠭᠤᠴᠠᠭ᠎ᠠ ᠪᠣᠯᠣᠨ᠎ᠠ᠂ ᠤᠴᠢᠷ ᠨᠢ ᠡᠨᠡ ᠦᠶᠡᠰ ᠣᠷᠣ ᠳᠡᠪᠢᠰᠬᠡᠷ ᠳᠡᠭᠡᠷᠡᠬᠢ ᠲᠣᠭᠤᠰᠣ ᠲᠣᠷᠳᠤᠭ ᠠᠭᠠᠷ ᠲᠤ ᠬᠥᠪᠥᠭᠡᠳ ᠴᠣᠩᠬᠤ ᠪᠠᠨ ᠨᠡᠭᠡᠭᠡᠵᠦ ᠰᠠᠯᠬᠢ ᠨᠡᠪᠲᠡᠷᠡᠭᠦᠯᠬᠦ ᠴᠢᠬᠤᠯᠠ ᠲᠠᠢ᠃ ᠡᠭᠦᠨ ᠠᠴᠠ ᠭᠠᠳᠠᠨ᠎ᠠ᠂ ᠬᠤᠭᠤᠯᠠ ᠬᠢᠬᠦ ᠦᠶᠡᠰ ᠲᠣᠭᠤᠭᠠᠨ ᠭᠡᠷ ᠲᠤ ᠶᠡᠭᠡ ᠬᠡᠮᠵᠢᠶᠡᠨ ᠤ ᠲᠣᠰᠣᠨ ᠤᠲᠤᠭ᠎ᠠ ᠭᠠᠷᠴᠤ᠂ ᠬᠦᠨᠳᠦ ᠨᠣᠴᠢᠲᠠᠢ ᠬᠤᠣᠷᠲᠤ ᠪᠣᠳᠠᠰ ᠬᠤᠯᠢᠯᠳᠤᠨ᠎ᠠ᠂ ᠡᠶᠢᠮᠦ ᠠᠴᠠ ᠬᠤᠭᠤᠯᠠ ᠬᠢᠬᠦ ᠦᠶᠡᠰ ᠤᠲᠤᠭ᠎ᠠ ᠰᠣᠷᠣᠬᠤ ᠮᠠᠰᠢᠨ ᠢᠶᠠᠨ ᠨᠡᠭᠡᠭᠡᠬᠦ ᠪᠠᠷ ᠪᠠᠷᠠᠬᠤ ᠦᠭᠡᠢ ᠪᠠᠰᠠ ᠴᠣᠩᠬᠤ ᠪᠠᠨ ᠨᠡᠭᠡᠭᠡᠵᠦ ᠰᠠᠯᠬᠢ ᠨᠡᠪᠲᠡᠷᠡᠭᠦᠯᠪᠡᠯ᠂ ᠬᠤᠣᠷᠲᠤ ᠬᠡᠢ ᠪᠡᠶᠡᠲᠦ ᠶᠢ ᠬᠤᠷᠳᠤᠨ ᠰᠠᠷᠨᠢᠭᠤᠯᠳᠠᠭ᠃ 
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号