ᠭᠦᠪᠡᠭᠡᠲᠦ ᠰᠢᠷ᠎ᠠ ᠬᠤᠰᠢᠭᠤᠨ ᠤ ᠰᠢᠨ᠎ᠡ ᠭᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠤ ᠦᠷᠪᠢᠰᠦᠯ ᠢ ᠰᠠᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠡᠯᠲᠡᠰ ‍ᠤᠨ‌ᠨᠢᠭᠡᠳᠦᠭᠡᠷ ᠲᠤᠭᠠᠳᠤ ᠪᠠᠴᠢᠮ ᠵᠠᠷᠯᠠᠯ
ᠨᠡᠶᠢᠲᠡᠯᠡᠭᠰᠡᠨ ᠴᠠᠭ᠄
2022/2/17
                            ᠪᠠᠴᠢᠮ ᠵᠠᠷᠯᠠᠯ                          ︵ᠨᠢᠭᠡᠳᠦᠭᠡᠷ ᠲᠤᠭᠠᠳᠤ︶      2022 ᠣᠨ ᠤ 2 ᠰᠠᠷ᠎ᠠ ᠶᠢᠨ 15 ᠤ ᠡᠳᠦᠷ᠂ ᠬᠦᠬᠡᠬᠤᠲᠠ ᠳᠤ ᠰᠢᠨ᠎ᠡ ᠲᠢᠳᠢᠮᠯᠢᠭ ᠠᠭᠤᠰᠬᠢᠨ ᠥᠷᠪᠢᠰᠦᠯ ᠤᠨ ᠪᠦᠭᠡᠮ ᠬᠦᠴᠢᠯ ᠤᠨ ᠪᠠᠶᠢᠴᠠᠭᠠᠯᠲᠠ ᠳᠤ 3 ᠠᠷᠭ᠎ᠠ ᠴᠢᠨᠠᠷ ᠲᠠᠢ ᠡᠪᠡᠳᠴᠢᠲᠡᠨ ᠢᠯᠡᠷᠡᠵᠦ᠂ ᠬᠦᠬᠡᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠬᠡᠯᠲᠡᠰ ᠠᠴᠠ ᠬᠤᠲᠠ ᠶᠢᠨ ᠠᠷᠠᠳ ᠢ ᠴᠢᠬᠤᠯᠠ ᠤᠴᠢᠷ ᠰᠢᠯᠲᠠᠭᠠᠨ ᠦᠭᠡᠢ ᠪᠣᠯ ᠬᠦᠬᠡᠬᠤᠲᠠ ᠠᠴᠠ ᠰᠠᠯᠵᠤ ᠶᠠᠪᠤᠬᠤ ᠦᠭᠡᠢ ᠪᠠᠶᠢᠬᠤ ᠶᠢ ᠱᠠᠭᠠᠷᠳᠠᠨ᠂ ᠬᠤᠯᠪᠤᠭᠳᠠᠯ ᠪᠦᠬᠦᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠵᠠᠷᠯᠠᠨ ᠨᠡᠶᠢᠲᠡᠯᠡᠪᠡ᠃ ᠬᠢᠵᠢᠭ ᠤᠨ ︽ᠭᠠᠳᠠᠨ᠎ᠠ ᠠᠴᠠ ᠬᠠᠯᠳᠠᠪᠦᠷᠢᠯᠠᠨ ᠣᠷᠤᠬᠤ ᠶᠢ ᠰᠡᠷᠭᠡᠶᠢᠯᠡᠬᠦ︾ ᠠᠵᠢᠯ ᠢ ᠰᠠᠶᠢᠳᠤᠷ ᠬᠢᠵᠤ᠂ ᠬᠢᠵᠢᠭ ᠤᠨ ᠬᠠᠯᠳᠠᠪᠦᠷᠢᠯᠠᠯ ᠢ ᠪᠦᠳᠦᠮᠵᠢᠳᠡᠢ ᠬᠤᠷᠢᠭᠯᠠᠨ᠂ ᠠᠷᠠᠳ ᠣᠯᠠᠨ ᠤ ᠠᠮᠢ ᠨᠠᠰᠤᠨ ᠤ ᠠᠮᠤᠷ ᠲᠥᠪᠰᠢᠨ᠂ ᠪᠡᠶ᠎ᠡ ᠮᠠᠬᠠᠪᠤᠳ ᠤᠨ ᠡᠷᠡᠬᠦᠯ ᠮᠡᠨᠳᠦ ᠶᠢ ᠦᠨᠡᠨᠬᠦ ᠪᠠᠲᠤᠯᠠᠬᠤ ᠶᠢᠨ ᠲᠤᠯᠠᠲᠠ᠂ ᠲᠤᠤᠷᠠᠬᠢ ᠪᠠᠴᠢᠮ ᠵᠠᠷᠯᠠᠯ ᠢ ᠨᠡᠶᠢᠲᠡᠯᠡᠪᠡ᠄      ᠨᠢᠭᠡ᠂ 1 ᠰᠠᠷ᠎ᠠ ᠶᠢᠨ 30 ᠤ ᠡᠳᠦᠷ ᠠᠴᠠ ᠨᠠᠭᠠᠰᠢ᠂ ᠬᠦᠬᠡᠬᠤᠲᠠ ᠪᠤᠶᠤ ᠪᠤᠰᠤᠳ ᠬᠢᠵᠢᠭ ᠤᠨ ᠲᠤᠮᠳᠠ ᠦᠨᠳᠦᠷ ᠲᠡᠰ ᠤᠨ ᠲᠦᠭᠰᠢᠬᠦᠷᠢᠲᠦ ᠭᠠᠵᠠᠷ ᠣᠷᠤᠨ ᠳᠤ ᠠᠶᠠᠯᠠᠵᠤ ᠰᠠᠭᠤᠷᠢᠰᠢᠭᠰᠠᠨ ᠥᠩᠭᠡᠷᠡᠯᠲᠡ ᠲᠠᠢ ᠬᠦᠮᠦᠰ ᠡᠷᠬᠡᠪᠰᠢ ᠲᠠᠷᠤᠶᠢᠬᠠᠨ ᠬᠠᠷᠢᠶ᠎ᠠ ᠭᠠᠴᠠᠭ᠎ᠠ ᠨᠡᠶᠢᠭᠡᠮ ᠲᠣᠭᠤᠷᠢᠭ᠂ ᠪᠠᠶᠢᠭᠤᠯᠭ᠎ᠠ ᠨᠢᠭᠡᠴᠡ᠂ ᠠᠵᠤ ᠠᠬᠤᠶᠢᠯᠠᠯ ᠤᠨ ᠭᠤᠣᠯ ᠬᠠᠮᠢᠶᠠᠷᠤᠯᠲᠠ ᠶᠢᠨ ᠰᠠᠯᠠᠭ᠎ᠠ ᠮᠦᠴᠢᠷ ᠪᠤᠶᠤ ᠬᠤᠰᠢᠭᠤ ᠵᠢᠯᠤᠭᠤᠳᠬᠤ ᠬᠡᠯᠲᠡᠰ ᠤᠨ ᠬᠠᠮᠢᠶ᠎ᠠ ᠪᠦᠬᠦᠢ ᠲᠤᠰᠬᠠᠢ ᠠᠵᠢᠯ ᠤᠨ ᠲᠤᠭᠤᠶᠢᠯᠠᠩ ︵ᠬᠤᠰᠢᠭᠤ ᠵᠢᠯᠤᠭᠤᠳᠬᠤ ᠬᠡᠯᠲᠡᠰ ᠤᠨ ᠨᠡᠶᠢᠭᠡᠮ ᠤᠨ ᠬᠠᠮᠢᠶᠠᠷᠤᠨ ᠡᠵᠡᠮᠳᠡᠬᠦ ᠲᠣᠭᠤᠶᠢᠯᠠᠩ᠄ 110᠂ 6224814︔ ᠡᠮᠴᠢᠯᠡᠭᠡᠨ ᠤ ᠰᠡᠷᠭᠡᠶᠢᠯᠡᠨ ᠡᠵᠡᠮᠳᠡᠬᠦ ᠲᠣᠭᠤᠶᠢᠯᠠᠩ᠄ 6222994᠂ 13884790901︔ ᠬᠤᠰᠢᠭᠤ ᠡᠪᠡᠳᠴᠢᠨ ᠡᠮᠬᠡᠭ ᠢ ᠰᠡᠷᠭᠡᠶᠢᠯᠡᠨ ᠬᠤᠷᠢᠭᠯᠠᠬᠤ ᠲᠥᠪ᠄ 6222615᠂ 18647916553︔ ᠰᠢᠨᠡᠪᠤᠯᠠᠭ ᠪᠠᠯᠭᠠᠰᠤᠨ ᠤ ᠲᠤᠮᠢᠯᠠᠭᠰᠠᠨ ᠰᠠᠯᠪᠦᠷᠢ᠄ 6222221︔ ᠪᠠᠶᠠᠨᠲᠠᠯ᠎ᠠ ᠪᠠᠯᠭᠠᠰᠤᠨ ᠤ ᠲᠤᠮᠢᠯᠠᠭᠰᠠᠨ ᠰᠠᠯᠪᠦᠷᠢ᠄ 13947910948︔ ᠤᠩᠭᠤᠨ ᠠᠭᠤᠯᠠ ᠰᠣᠮᠣᠨ ᠤ ᠲᠤᠮᠢᠯᠠᠭᠰᠠᠨ ᠰᠠᠯᠪᠦᠷᠢ᠄ 13947950284︔ ᠪᠤᠭᠲᠠ ᠶᠢᠨ ᠭᠤᠣᠯ ᠰᠣᠮᠣᠨ ᠤ ᠲᠤᠮᠢᠯᠠᠭᠰᠠᠨ ᠰᠠᠯᠪᠦᠷᠢ᠄ 13947925042︔ ᠮᠠᠨᠳᠤᠯ᠎ᠠ ᠨᠡᠶᠢᠭᠡᠮ ᠲᠣᠭᠤᠷᠢᠭ᠄ 13947998086︔ ᠡᠷᠳᠡᠨᠢ ᠨᠡᠶᠢᠭᠡᠮ ᠲᠤᠭᠤᠷᠢᠭ᠄ 15148679866︔ ᠶᠢᠷᠭᠠᠢ ᠨᠡᠶᠢᠭᠡᠮ ᠲᠣᠭᠤᠷᠢᠭ᠄ 17604790106︔ ᠪᠤᠯᠠᠭ ᠨᠡᠶᠢᠭᠡᠮ ᠲᠣᠭᠤᠷᠢᠭ᠄ 15847966858︔ ᠴᠡᠩᠭᠡᠯ ᠨᠡᠶᠢᠭᠡᠮ ᠲᠤᠭᠤᠷᠢᠭ᠄ 13848593646︔ ᠬᠠᠰᠢᠶᠠᠲᠤ ᠨᠡᠶᠢᠭᠡᠮ ᠲᠤᠭᠤᠷᠢᠭ᠄ 13664793205︶ ᠪᠤᠶᠤ ᠰᠠᠭᠤᠭᠰᠠᠨ ᠪᠠᠭᠤᠳᠠᠯ ᠳᠠᠭᠠᠨ ᠪᠤᠳᠠᠳᠠᠢ ᠪᠠᠶᠢᠳᠠᠯ ᠢᠶᠠᠨ ᠮᠡᠳᠡᠬᠦᠯᠬᠦ ᠶᠢᠨ ᠬᠠᠮᠲᠤ᠂ ᠬᠤᠰᠢᠭᠤ ᠵᠢᠯᠤᠭᠤᠳᠬᠤ ᠬᠡᠯᠲᠡᠰ ᠤᠨ ᠬᠠᠮᠢᠶ᠎ᠠ ᠪᠦᠬᠦᠢ ᠲᠤᠰᠬᠠᠢ ᠠᠵᠢᠯ ᠤᠨ ᠲᠤᠭᠤᠶᠢᠯᠠᠩ ᠲᠠᠢ ᠬᠠᠮᠵᠢᠯᠴᠠᠨ᠂ ᠬᠠᠮᠢᠶ᠎ᠠ ᠪᠦᠬᠦᠢ ᠠᠷᠭ᠎ᠠ ᠬᠡᠮᠵᠢᠶ᠎ᠡ ᠶᠢ  ᠰᠠᠶᠢᠲᠤᠷ ᠨᠠᠶᠢᠳᠠᠪᠦᠷᠢᠵᠢᠭᠤᠯᠬᠤ ᠬᠡᠷᠡᠭᠳᠡᠢ᠃       ᠬᠤᠶᠠᠷ᠂ 1 ᠰᠠᠷ᠎ᠠ ᠶᠢᠨ 30 ᠤ ᠡᠳᠦᠷ ᠠᠴᠠ ᠨᠠᠭᠠᠰᠢ᠂ ᠬᠦᠬᠡᠬᠤᠲᠠ ᠳᠤ ᠠᠶᠠᠯᠠᠵᠤ ᠰᠠᠭᠤᠷᠢᠰᠢᠭᠰᠠᠨ ᠥᠩᠭᠡᠷᠡᠯᠲᠡ ᠲᠠᠢ ᠬᠦᠮᠦᠰ ᠨᠢ  ᠡᠷᠬᠡᠪᠰᠢ 24 ᠴᠠᠭ ᠤᠨ ᠳᠤᠳᠤᠷ᠎ᠠ ᠥᠪᠡᠷᠲᠡᠭᠡᠨ ᠬᠤᠰᠢᠭᠤ ᠡᠪᠡᠳᠴᠢᠨ ᠡᠮᠬᠡᠭ ᠢ ᠰᠡᠷᠭᠡᠶᠢᠯᠡᠨ ᠬᠤᠷᠢᠭᠯᠠᠬᠤ ᠲᠥᠪ ᠲᠤ ᠬᠦᠷᠴᠦ ᠪᠦᠭᠡᠮ ᠬᠦᠴᠢᠯ ᠤᠨ ᠪᠠᠶᠢᠴᠠᠭᠠᠯᠲᠠ ︵ᠦᠨ᠎ᠡ ᠲᠦᠯᠦᠪᠦᠷᠢ ᠦᠭᠡᠢ︶ ᠬᠢᠯᠭᠡᠵᠦ᠂ ᠪᠠᠶᠢᠴᠠᠭᠠᠯᠲᠠ ᠬᠢᠯᠭᠡᠭᠰᠡᠨ ᠤ ᠲᠠᠷᠤᠶᠢᠬᠠᠨ ᠭᠡᠷ ᠲᠡᠭᠡᠨ ᠪᠤᠴᠠᠵᠤ᠂ ᠪᠠᠶᠢᠴᠠᠭᠠᠯᠲᠠ ᠶᠢᠨ ᠳ᠋ᠦᠩ ᠭᠠᠷᠴᠤ ᠢᠷᠡᠬᠦ ᠠᠴᠠ ᠡᠮᠦᠨ᠎ᠡ ᠭᠡᠷ ᠠᠴᠠ ᠭᠠᠷᠴᠤ ᠪᠣᠯᠬᠤ ᠦᠭᠡᠢ᠂ ᠪᠠᠶᠢᠴᠠᠭᠠᠯᠲᠠ ᠶᠢᠨ ᠳ᠋ᠦᠩ ᠭᠠᠷᠴᠤ ᠢᠷᠡᠭᠰᠡᠨ ᠤ ᠲᠠᠷᠠᠭ᠎ᠠ ᠲᠠᠷᠣᠶᠢᠬᠠᠨ ᠬᠠᠷᠢᠶ᠎ᠠ ᠭᠠᠴᠠᠭ᠎ᠠ ᠨᠡᠶᠢᠭᠡᠮ ᠲᠤᠭᠤᠷᠢᠭ ︵ᠪᠠᠶᠢᠭᠤᠯᠭ᠎ᠠ ᠨᠢᠭᠡᠴᠡ ᠳᠤ ᠠᠵᠢᠯᠯᠠᠵᠤ ᠪᠠᠶᠢᠪᠠᠯ ᠪᠠᠶᠢᠭᠤᠯᠭ᠎ᠠ ᠨᠢᠭᠡᠴᠡ ᠳᠡᠭᠡᠨ ᠮᠡᠳᠡᠬᠦᠯᠦᠨ᠎ᠡ︶ ᠲᠡᠭᠡᠨ ᠮᠡᠳᠡᠬᠦᠯᠦᠨ᠎ᠡ᠃ 1 ᠰᠠᠷ᠎ᠠ ᠶᠢᠨ 30 ᠤ ᠡᠳᠦᠷ ᠠᠴᠠ ᠨᠠᠭᠠᠰᠢ ᠂ ᠬᠦᠬᠡᠬᠤᠲᠠ ᠳᠤ ᠠᠶᠠᠯᠠᠵᠤ ᠰᠠᠭᠤᠷᠢᠰᠢᠭᠰᠠᠨ ᠥᠩᠭᠡᠷᠡᠯᠲᠡ ᠲᠠᠢ ᠬᠠᠷᠢᠵᠤ ᠢᠷᠡᠬᠦ ᠲᠥᠯᠦᠪᠯᠡᠭᠡ ᠲᠠᠢ ᠬᠦᠮᠦᠰ ᠨᠢ ᠬᠤᠰᠢᠭᠤᠨ ᠳᠤ ᠬᠠᠷᠢᠵᠤ ᠢᠷᠡᠮᠡᠭᠴᠡ ᠪᠦᠭᠡᠮ ᠬᠦᠴᠢᠯ ᠤᠨ ᠪᠠᠶᠢᠴᠠᠭᠠᠯᠲᠠ ᠬᠢᠯᠭᠡᠵᠦ᠂ ᠪᠠᠶᠢᠴᠠᠭᠠᠯᠲᠠ ᠬᠢᠯᠭᠡᠭᠰᠡᠨ ᠤ ᠲᠠᠷᠤᠶᠢᠬᠠᠨ ᠭᠡᠷ ᠲᠡᠭᠡᠨ ᠪᠤᠴᠠᠵᠤ᠂ ᠪᠠᠶᠢᠴᠠᠭᠠᠯᠲᠠ ᠶᠢᠨ ᠳ᠋ᠦᠩ ᠭᠠᠷᠴᠤ ᠢᠷᠡᠬᠦ ᠠᠴᠠ ᠡᠮᠦᠨ᠎ᠡ ᠭᠡᠷ ᠠᠴᠠ ᠭᠠᠷᠴᠤ ᠪᠣᠯᠬᠤ ᠦᠭᠡᠢ᠂ ᠪᠠᠶᠢᠴᠠᠭᠠᠯᠲᠠ ᠶᠢᠨ ᠳ᠋ᠦᠩ ᠭᠠᠷᠴᠤ ᠢᠷᠡᠭᠰᠡᠨ ᠤ ᠲᠠᠷᠠᠭ᠎ᠠ ᠲᠠᠷᠤᠶᠢᠬᠠᠨ ᠬᠠᠷᠢᠶ᠎ᠠ ᠭᠠᠴᠠᠭ᠎ᠠ ᠨᠡᠶᠢᠭᠡᠮ ᠲᠤᠭᠤᠷᠢᠭ ︵ᠪᠠᠶᠢᠭᠤᠯᠭ᠎ᠠ ᠨᠢᠭᠡᠴᠡ ᠳᠤ ᠠᠵᠢᠯᠯᠠᠵᠤ ᠪᠠᠶᠢᠪᠠᠯ ᠪᠠᠶᠢᠭᠤᠯᠭ᠎ᠠ ᠨᠢᠭᠡᠴᠡ ᠳᠡᠭᠡᠨ ᠮᠡᠳᠡᠬᠦᠯᠦᠨ᠎ᠡ︶ ᠲᠡᠭᠡᠨ ᠮᠡᠳᠡᠬᠦᠯᠦᠨ᠎ᠡ᠃ ᠬᠤᠰᠢᠭᠤ ᠡᠪᠡᠳᠴᠢᠨ ᠡᠮᠬᠡᠭ ᠢ ᠰᠡᠷᠭᠡᠶᠢᠯᠡᠨ ᠬᠤᠷᠢᠭᠯᠠᠬᠤ ᠲᠥᠪ᠂ ᠠᠷᠠᠳ ᠤᠨ ᠡᠮᠨᠡᠯᠭᠡ ᠶᠢᠨ ᠬᠤᠷᠢᠶᠠᠨ ᠤ ᠪᠦᠭᠡᠮ ᠬᠦᠴᠢᠯ ᠤᠨ ᠪᠠᠶᠢᠴᠠᠭᠠᠯᠲᠠ ᠬᠢᠬᠦ‍ ᠴᠢᠭ ᠨᠢ ᠲᠤᠬᠠᠢ ᠶᠢᠨ ᠲᠠᠯᠠᠪᠤᠷ ᠤᠨ ᠬᠠᠮᠢᠶᠠᠷᠤᠯᠲᠠ ᠶᠢ ᠴᠢᠩᠭᠠᠳᠬᠠᠵᠤ᠂ ᠬᠦᠮᠦᠨ ᠣᠯᠠᠨ ᠴᠤᠭᠯᠠᠷᠠᠬᠤ ᠠᠴᠠ ᠵᠠᠶᠢᠯᠠᠰᠬᠢᠨ᠎ᠡ᠃       ᠭᠤᠷᠪᠠ᠂ 14 ᠡᠳᠦᠷ ᠤᠨ ᠳᠤᠳᠤᠷ᠎ᠠ ᠬᠦᠬᠡᠬᠤᠲᠠ ᠳᠤ ᠠᠶᠠᠯᠠᠵᠤ ᠰᠠᠭᠤᠷᠢᠰᠢᠭᠰᠠᠨ ᠥᠩᠭᠡᠷᠡᠯᠲᠡ ᠲᠠᠢ᠂ ᠪᠦᠭᠡᠮ ᠬᠦᠴᠢᠯ ᠤᠨ ᠪᠠᠶᠢᠴᠠᠭᠠᠯᠲᠠ ᠶᠢᠨ ᠳ᠋ᠦᠩ ᠨᠢ ᠪᠢᠯᠢᠭ ᠴᠢᠨᠠᠷ ᠲᠠᠢ ᠬᠦᠮᠦᠰ ᠨᠢ ᠥᠪᠡᠷᠲᠡᠭᠡᠨ 14 ᠡᠳᠦᠷ ᠡᠷᠡᠬᠦᠯ ᠮᠡᠨᠳᠦ ᠶᠢᠨ ᠬᠢᠨᠠᠨ ᠬᠡᠮᠵᠢᠯᠲᠡ ︵ᠬᠦᠬᠡᠬᠤᠲᠠ ᠠᠴᠠ ᠰᠠᠯᠵᠤ ᠶᠠᠪᠤᠭᠰᠠᠨ ᠴᠠᠭ ᠬᠤᠭᠤᠴᠠᠭ᠎ᠠ ᠠᠴᠠ ᠡᠬᠢᠯᠡᠨ ᠪᠤᠳᠤᠨ᠎ᠠ︶ ᠬᠢᠵᠤ᠂ ᠠᠯᠢ ᠴᠢᠳᠠᠬᠤ ᠪᠠᠷ ᠭᠠᠳᠠᠭᠰᠢ ᠭᠠᠷᠬᠤ ᠦᠭᠡᠢ ᠪᠠᠶᠢᠵᠤ᠂ ᠣᠯᠠᠨ ᠨᠡᠶᠢᠲᠡ ᠶᠢᠨ ᠴᠤᠭᠯᠠᠷᠠᠯ ᠤᠨ ᠴᠢᠨᠠᠷᠲᠠᠢ ᠬᠦᠳᠡᠯᠭᠡᠭᠡᠨ ᠳᠤ ᠣᠷᠤᠯᠴᠠᠵᠤ ᠪᠤᠯᠬᠤ ᠦᠭᠡᠢ᠃ ᠬᠡᠷᠪᠡ ᠬᠠᠯᠠᠭᠤᠷᠠᠬᠤ᠂ ᠬᠠᠨᠢᠶᠠᠬᠤ᠂ ᠲᠠᠮᠢᠷᠲᠠᠬᠤ᠂ ᠨᠢᠰᠤ ᠭᠤᠭᠤᠵᠢᠬᠤ᠂ ᠬᠤᠭᠤᠯᠠᠢ ᠡᠪᠡᠳᠬᠦ᠂ ᠦᠨᠦᠷᠯᠡᠬᠦ ︵ᠠᠮᠲᠠᠯᠠᠬᠤ︶ ᠰᠡᠷᠡᠯ ᠮᠠᠭᠤᠳᠠᠬᠤ᠂ ᠪᠣᠯᠴᠢᠩ ᠰᠢᠷᠪᠦᠰᠦ ᠡᠪᠡᠳᠬᠦ᠂ ᠰᠠᠭᠤᠯᠭᠠᠬᠤ ᠵᠡᠷᠭᠡ ᠢᠯᠡᠷᠡᠯ ᠭᠠᠷᠪᠠᠯ᠂ ᠳᠠᠷᠤᠶᠢᠬᠠᠨ ᠬᠤᠰᠢᠭᠤ ᠠᠷᠠᠳ ᠤᠨ ᠡᠮᠨᠡᠯᠭᠡ ᠶᠢᠨ ᠬᠤᠷᠢᠶᠠᠨ ᠤ ᠬᠠᠯᠠᠭᠤᠷᠠᠭᠰᠠᠨ ᠡᠪᠡᠳᠴᠢᠲᠡᠨ ᠢ ᠡᠮᠴᠢᠯᠡᠬᠦ ᠡᠬᠦᠳᠡᠨ ᠡᠮᠨᠡᠯᠭᠡ ︵ᠬᠠᠶ᠋ᠢᠭ᠄ ᠰᠢᠨᠡᠪᠤᠯᠠᠭ ᠪᠠᠯᠭᠠᠰᠤᠨ ᠤ ᠬᠤᠩᠭᠤᠷ ᠵᠡᠭᠡᠯᠢ ᠶᠢᠨ ᠪᠠᠷᠠᠭᠤᠨ ᠵᠠᠬ᠎ᠠ ᠳᠤ︶ ᠳᠤ ᠬᠦᠷᠴᠦ ᠪᠠᠶᠢᠴᠠᠭᠠᠨ ᠡᠮᠴᠢᠯᠡᠬᠦᠯᠬᠦ ᠶᠢᠨ ᠬᠠᠮᠲᠤ ᠡᠮᠴᠢ ᠳᠤ ᠦᠪᠡᠷ ᠤᠨ ᠠᠶᠠᠯᠠᠵᠤ ᠰᠠᠭᠤᠷᠢᠰᠢᠭᠰᠠᠨ ᠪᠠᠶᠢᠳᠠᠯ᠂ ᠠᠵᠢᠯᠠᠭᠠᠨ ᠤ ᠵᠠᠮ ᠮᠦᠷ ᠢᠶᠠᠨ ᠦᠨᠡᠨ ᠪᠤᠳᠠᠳᠠᠢ ᠪᠠᠷ ᠮᠡᠳᠡᠬᠦᠯᠬᠦ ᠬᠡᠷᠡᠭᠳᠡᠢ᠃ ᠡᠮᠴᠢᠯᠡᠬᠦᠯᠬᠦ ᠶᠠᠪᠤᠴᠠ ᠳᠤ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠶᠢ ᠬᠡᠷᠡᠭᠯᠡᠬᠦ ᠠᠴᠠ ᠵᠠᠶᠢᠯᠠᠰᠬᠢᠵᠤ᠂ ᠬᠤᠪᠢ ᠬᠦᠮᠦᠨ ᠤ ᠰᠡᠷᠭᠡᠶᠢᠯᠡᠨ ᠬᠠᠮᠠᠭᠠᠯᠠᠯᠲᠠ ᠶᠢ ᠰᠠᠶᠢᠳᠤᠷ ᠬᠢᠬᠦ ᠬᠡᠷᠡᠭᠳᠡᠢ᠃        ᠲᠥᠷᠪᠡ᠂ ᠡᠯ᠎ᠡ ᠵᠠᠮ ᠬᠠᠷᠢᠯᠴᠠᠭᠠᠨ ᠤ ᠪᠠᠶᠢᠴᠠᠭᠠᠬᠤ ᠴᠢᠭ᠂ ᠲᠡᠷᠭᠡᠨ ᠦᠷᠲᠡᠭᠡ᠂ ᠨᠢᠰᠭᠡᠯ ᠤᠨ ᠪᠠᠭᠤᠳᠠᠯ  ᠨᠢ ᠬᠦᠬᠡᠬᠤᠲᠠ ᠠᠴᠠ ᠬᠠᠷᠢᠵᠤ  ᠢᠷᠡᠭᠰᠡᠳ ᠤᠨ 48 ᠴᠠᠭ ᠤᠨ ᠳᠤᠳᠤᠷᠠᠬᠢ ᠪᠦᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠲᠠᠢ ᠭᠡᠷᠡᠴᠢ ᠪᠤᠶᠤ ᠡᠷᠡᠬᠦᠯ ᠮᠡᠨᠳᠦ ᠶᠢᠨ  ᠺᠤᠳ᠋ ᠢ ᠰᠢᠯᠭᠠᠨ ᠪᠠᠶᠢᠴᠠᠭᠠᠬᠤ ᠠᠵᠢᠯ ᠢ ᠰᠠᠶᠢᠲᠤᠷ ᠬᠢᠬᠦ ᠶᠢᠨ ᠬᠠᠮᠲᠤ ᠬᠠᠮᠢᠶ᠎ᠠ ᠪᠦᠬᠦᠢ ᠬᠦᠮᠦᠰ ᠤᠨ ᠥᠪᠡᠷᠲᠡᠭᠡᠨ ᠡᠷᠡᠬᠦᠯ ᠮᠡᠨᠳᠦ ᠶᠢᠨ ᠬᠢᠨᠡᠨ ᠬᠡᠮᠵᠢᠯᠲᠡ ᠬᠢᠬᠦ᠂ ᠣᠴᠢᠬᠤ ᠭᠡᠵᠦ ᠪᠠᠶᠢᠭ᠎ᠠ ᠭᠠᠵᠠᠷ ᠲᠠᠭᠠᠨ ᠮᠡᠳᠡᠬᠦᠯᠬᠦ ᠵᠡᠷᠭᠡ ᠶᠢ ᠴᠢᠩᠭᠠᠳᠬᠠᠨ ᠰᠠᠨᠠᠭᠤᠯᠬᠤ ᠠᠵᠢᠯ ᠢ ᠰᠠᠶᠢᠲᠤᠷ ᠬᠢᠬᠦ ᠬᠡᠷᠡᠭᠳᠡᠢ᠃ ᠪᠦᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠲᠠᠢ ᠭᠡᠷᠡᠴᠢ ᠶᠢ ᠬᠠᠩᠭᠠᠵᠤ ᠲᠡᠶᠢᠯᠬᠦ ᠦᠭᠡᠢ ᠬᠦᠮᠦᠰ ᠢ ᠲᠠᠷᠤᠶᠢᠬᠠᠨ ᠬᠤᠰᠢᠭᠤ ᠡᠪᠡᠳᠴᠢᠨ ᠡᠮᠬᠡᠭ ᠢ ᠰᠡᠷᠭᠡᠶᠢᠯᠡᠨ ᠬᠤᠷᠢᠭᠯᠠᠬᠤ ᠲᠥᠪ ᠲᠤ ᠬᠦᠷᠴᠦ ᠪᠦᠭᠡᠮ ᠬᠦᠴᠢᠯ ᠤᠨ ᠪᠠᠶᠢᠴᠠᠭᠠᠯᠲᠠ ᠬᠢᠯᠬᠡᠬᠦ ᠶᠢ ᠱᠠᠭᠠᠷᠳᠠᠬᠤ ᠶᠢᠨ ᠬᠠᠮᠲᠤ ᠲᠤᠰ ᠬᠦᠮᠦᠨ ᠤ ᠰᠤᠷᠠᠭ ᠵᠠᠩᠬᠢ ᠶᠢ ᠣᠴᠢᠬᠤ ᠭᠡᠵᠦ ᠪᠠᠶᠢᠭ᠎ᠠ ᠭᠠᠵᠠᠷ ᠤᠨ ᠵᠢᠯᠦᠭᠤᠳᠬᠤ ᠬᠡᠯᠲᠡᠰ ᠲᠤ ᠮᠡᠳᠡᠬᠦᠯᠦᠨ ᠬᠦᠷᠭᠡᠨ᠎ᠡ᠃       ᠲᠠᠪᠤ᠂ ᠬᠤᠰᠢᠭᠤ ᠵᠢᠯᠤᠭᠤᠳᠬᠤ ᠬᠡᠯᠲᠡᠰ ᠠᠴᠠ ᠦᠷᠭᠡᠨ ᠣᠯᠠᠨ ᠲᠥᠮᠡᠨ ᠳᠤ ᠰᠠᠨᠠᠭᠤᠯᠬᠤ ᠨᠢ᠂ ᠰᠤᠨᠤᠷ ᠰᠡᠷᠡᠮᠵᠢ ᠪᠠᠨ ᠲᠡᠭᠡᠭᠰᠢᠯᠡᠬᠦᠯᠦᠨ᠂ ᠴᠤᠤᠷᠬᠠᠯ ᠢ ᠢᠳᠡᠭᠡᠬᠦ ᠦᠭᠡᠢ᠂ ᠴᠣᠣᠷᠬᠠᠯ ᠢ ᠲᠠᠷᠬᠠᠭᠠᠬᠤ ᠦᠭᠡᠢ ᠪᠠᠶᠢᠵᠤ᠂ ᠤᠬᠠᠮᠰᠠᠷ ᠠᠴᠠ ᠪᠠᠨ ᠲᠡᠭᠡᠭᠰᠢ ᠮᠡᠳᠡᠬᠦᠯᠬᠦ ᠪᠠ ᠬᠢᠨᠠᠨ ᠬᠡᠮᠵᠢᠬᠦ ᠤᠬᠠᠮᠰᠠᠷ ᠢᠶᠠᠨ ᠴᠢᠩᠭᠠᠳᠬᠠᠵᠤ᠂ ᠬᠤᠰᠢᠭᠤ ᠵᠢᠯᠤᠭᠤᠳᠬᠤ ᠬᠡᠯᠲᠡᠰ ᠤᠨ ᠬᠠᠮᠢᠶ᠎ᠠ ᠪᠦᠬᠦᠢ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠦᠷᠢᠵᠢᠭᠤᠯᠬᠤ ᠶᠢᠨ ᠬᠠᠮᠲᠤ ᠬᠤᠪᠢ ᠬᠦᠮᠦᠨ ᠤ ᠰᠡᠷᠭᠡᠶᠢᠯᠡᠨ ᠬᠠᠮᠠᠭᠠᠯᠠᠯᠲᠠ ᠶᠢ ᠦᠷᠬᠦᠯᠵᠢᠯᠡᠨ ᠰᠠᠶᠢᠲᠤᠷ ᠬᠢᠵᠤ᠂ ᠠᠮᠠᠪᠴᠢ ᠵᠡᠬᠦᠵᠦ᠂ ᠭᠠᠷ ᠢᠶᠠᠨ ᠰᠠᠶᠢᠲᠤᠷ ᠤᠬᠢᠶᠠᠨ᠂ ᠠᠭᠠᠷ ᠰᠠᠯᠬᠢ ᠨᠡᠪᠳᠡᠷᠡᠬᠦᠯᠵᠦ᠂ ᠨᠢᠭᠡ ᠮᠧᠲᠷ ᠠᠴᠠ ᠲᠡᠭᠡᠭᠰᠢᠬᠢ ᠠᠮᠤᠷ ᠲᠥᠪᠰᠢᠨ ᠨᠡᠶᠢᠭᠡᠮ  ᠤᠨ ᠬᠠᠷᠢᠯᠴᠠᠭᠠᠨ ᠤ ᠵᠠᠢ ᠶᠢ ᠪᠠᠳᠤᠯᠠᠵᠤ᠂ ᠴᠢᠬᠤᠯᠠ ᠤᠴᠢᠷ ᠰᠢᠯᠲᠠᠭᠠᠨ ᠦᠭᠡᠢ ᠪᠣᠯ ᠬᠢᠵᠢᠭ ᠤᠨ ᠲᠤᠮᠳᠠ ᠦᠨᠳᠦᠷ ᠲᠡᠰ ᠤᠨ ᠲᠦᠭᠰᠢᠬᠦᠷᠢᠲᠦ ᠭᠠᠵᠠᠷ ᠣᠷᠤᠨ ᠪᠤᠶᠤ ᠲᠤᠬᠠᠢ ᠶᠢᠨ ᠭᠠᠵᠠᠷ ᠤᠨ ᠬᠢᠵᠢᠭ ᠤᠨ ᠪᠠᠶᠢᠳᠠᠯ ᠲᠠᠢ ᠣᠷᠤᠨ ᠳᠤ ᠤᠴᠢᠬᠤ ᠦᠭᠡᠢ ᠪᠠᠶᠢᠬᠤ ᠬᠡᠷᠡᠭᠳᠡᠢ᠃       ᠵᠢᠷᠭᠤᠭ᠎ᠠ᠂ ᠣᠳᠣᠬᠠᠨ ᠳᠤ᠂ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠬᠢᠬᠦ ᠨᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠠᠯᠳᠠᠪᠦᠷᠢᠯᠠᠯ ᠢ ᠰᠡᠷᠭᠡᠶᠢᠯᠡᠨ ᠬᠤᠷᠢᠭᠯᠠᠬᠤ ᠬᠠᠮᠤᠭ ᠤᠨ ᠪᠦᠲᠦᠮᠵᠢᠲᠡᠶ ᠠᠷᠭ᠎ᠠ ᠬᠡᠮᠵᠢᠶ᠎ᠡ ᠪᠣᠯᠤᠨ᠎ᠠ᠃ ᠦᠷᠭᠡᠨ ᠣᠯᠠᠨ ᠲᠥᠮᠡᠨ ᠬᠤᠰᠢᠭᠤ ᠪᠡᠶ᠎ᠡ ᠶᠢᠨ ᠲᠠᠮᠢᠷ ᠤᠨ ᠣᠷᠳᠤᠨ ᠤ ᠸᠠᠺᠼᠢᠨ ᠲᠠᠷᠢᠬᠤ ᠴᠢᠭ ᠲᠤ ᠬᠦᠷᠴᠦ ᠲᠠᠷᠢᠯᠭ᠎ᠠ ᠪᠠᠨ ᠢᠳᠡᠪᠬᠢᠳᠡᠢ ᠲᠠᠷᠢᠭᠤᠯᠵᠤ᠂ ᠬᠢᠵᠢᠭ ᠤᠨ ᠬᠠᠯᠳᠠᠪᠦᠷᠢᠯᠠᠯ ᠢ ᠪᠠᠭᠠᠰᠬᠠᠵᠤ ᠂ ᠰᠡᠷᠭᠡᠶᠢᠯᠡᠯᠲᠡ ᠶᠢᠨ ᠬᠠᠯᠬᠠᠪᠴᠢ ᠶᠢ ᠬᠠᠮᠳᠤᠪᠡᠷ ᠪᠠᠶᠢᠭᠤᠯᠤᠶ᠎ᠠ᠃ ᠸᠠᠺᠼᠢᠨ ᠲᠠᠷᠢᠬᠤ ᠴᠢᠭ ᠨᠢ ᠸᠠᠺᠼᠢᠨ ᠲᠠᠷᠢᠬᠤ ᠬᠦᠮᠦᠰ ᠤᠨ ᠬᠠᠮᠢᠶᠠᠷᠤᠯᠲᠠ ᠶᠢ ᠴᠢᠩᠭᠠᠳᠬᠠᠵᠤ᠂ ᠬᠦᠮᠦᠨ ᠣᠯᠠᠨ ᠴᠤᠭᠯᠠᠷᠠᠬᠤ ᠠᠴᠠ ᠵᠠᠶᠢᠯᠠᠰᠬᠢᠬᠦ ᠬᠡᠷᠡᠭᠳᠡᠢ᠃      ᠲᠤᠯᠤᠭ᠎ᠠ᠂ ᠬᠦᠬᠡᠬᠤᠲᠠ ᠶᠢᠨ ᠬᠢᠵᠢᠭ ᠤᠨ ᠪᠠᠶᠢᠳᠠᠯ ᠢ ᠦᠨᠳᠦᠰᠦᠯᠡᠨ᠂ ᠰᠡᠷᠭᠡᠶᠢᠯᠡᠨ ᠡᠵᠡᠮᠳᠡᠬᠦ ᠠᠷᠭ᠎ᠠ ᠪᠣᠳᠣᠯᠭ᠎ᠠ ᠶᠢ ᠲᠣᠬᠢᠷᠠᠭᠤᠯᠤᠨ᠎ᠠ᠃          ᠬᠦᠪᠡᠭᠡᠳᠦ ᠰᠢᠷ᠎ᠡ ᠬᠤᠰᠢᠭᠤᠨ ᠤ ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠦᠷᠢᠯᠠᠬᠰᠠᠨ               ᠠᠭᠤᠰᠬᠢᠨ ᠤ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠦᠭᠤᠳᠬᠤ ᠭᠡᠯᠳᠡᠰ                          2022 ᠤᠨ ᠤ 2 ᠰᠠᠷ᠎ᠠ ᠶᠢᠨ 16 ᠤ ᠡᠳᠦᠷ
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号