ᠬᠦᠪᠡᠬᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ 2022 ᠤᠨ ᠤ ᠬᠠᠪᠤᠷ ᠤᠨ ᠤᠯᠠᠷᠢᠯ ᠤᠨ ᠡᠪᠡᠰᠤᠨ ᠤ ᠤᠷᠭᠤᠯᠳᠡ ᠶᠢᠨ ᠬᠤᠭᠤᠴᠠᠭᠠᠨ ᠳᠠᠬᠢ ᠪᠡᠯᠴᠢᠭᠡᠷ ᠰᠡᠷᠬᠦᠬᠡᠬᠦ ᠠᠵᠢᠯ ᠤᠨ ᠲᠤᠬᠠᠢ ᠠᠯᠪᠠᠨ ᠵᠠ᠊
ᠨᠡᠶᠢᠲᠡᠯᠡᠭᠰᠡᠨ ᠴᠠᠭ᠄
2022/3/11
ᠦᠷᠬᠡᠨ ᠤᠯᠠᠨ ᠮᠠᠯᠴᠢᠨ ᠲᠦᠮᠡᠨ ᠳᠤ᠄        ᠨᠤᠳᠤᠭ ᠪᠡᠯᠴᠢᠬᠡᠷ ᠤᠨ ᠠᠮᠢ ᠠᠬᠤᠢ ᠶᠢᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠠᠰᠢᠭᠯᠠᠬᠤ  ᠶᠢᠨ ᠲᠤᠯᠠᠳᠠ᠂ ᠪᠦᠬᠦ ᠠᠶᠢᠮᠠᠭ ᠤᠨ ᠨᠢᠬᠡᠳᠤᠯᠲᠠᠢ ᠪᠠᠶᠢᠷᠢᠯᠠᠭᠤᠯᠤᠯᠳᠡ ᠪᠠᠷ ᠮᠠᠨ ᠤ ᠬᠤᠰᠢᠭᠤ ᠨᠢ 2022 ᠤᠨ ᠤ ᠬᠠᠪᠤᠷ ᠤᠨ ᠤᠯᠠᠷᠢᠯ ᠤᠨ ᠡᠪᠡᠰᠤᠨ ᠤ ᠤᠷᠭᠤᠯᠳᠡ ᠶᠢᠨ ᠬᠤᠭᠤᠴᠠᠭᠠᠨ ᠳᠠᠬᠢ ᠮᠠᠯ ᠪᠡᠯᠴᠢᠬᠡᠷ ᠤᠨ ᠲᠡᠩᠴᠡᠬᠦᠷᠢ ᠶᠢ ᠪᠠᠳᠤᠯᠠᠬᠤ ᠤᠷᠤᠨ ᠳᠤ ᠪᠡᠯᠴᠢᠬᠡᠷ ᠰᠡᠷᠬᠦᠬᠡᠬᠦ ᠠᠵᠢᠯ ᠢ ᠦᠷᠨᠢᠬᠦᠯᠬᠦ ᠪᠠᠷ ᠲᠤᠭᠳᠠᠪᠠ᠃ ᠲᠤᠤᠷ᠎ᠠ ᠬᠠᠮᠢᠶ᠎ᠠ ᠪᠦᠬᠦᠢ ᠤᠴᠢᠷ ᠢ ᠵᠠᠷᠯᠠᠨ ᠮᠡᠳᠡᠭᠳᠡᠶ᠎ᠠ᠄        ᠨᠢᠬᠡ᠄ ᠪᠡᠯᠴᠢᠭᠡᠷ ᠰᠡᠷᠭᠦᠭᠡᠬᠦ ᠴᠠᠭ ᠬᠤᠭᠤᠴᠠᠭ᠎ᠠ        4 ᠰᠠᠷ᠎ᠠ ᠶᠢᠨ 10 ᠤ ᠡᠳᠤᠷ — 5 ᠰᠠᠷ᠎ᠠ ᠶᠢᠨ 24 ᠤ ᠡᠳᠤᠷ ᠬᠦᠷᠳᠡᠯ᠎ᠡ᠂ ᠨᠡᠶᠢᠲᠡ 45 ᠡᠳᠤᠷ᠃        ᠬᠤᠶᠠᠷ᠄ ᠪᠡᠯᠴᠢᠬᠡᠷ ᠰᠡᠷᠬᠦᠬᠡᠬᠦ ᠬᠦᠷᠢᠶ᠎ᠠ ᠬᠡᠪᠴᠢᠶ᠎ᠠ        ᠪᠠᠶᠠᠨᠳᠠᠯ᠎ᠠ ᠪᠠᠯᠭᠠᠰᠦ᠂ ᠤᠩᠭᠤᠨ ᠠᠭᠤᠯᠡ ᠰᠤᠮᠦ᠂ ᠪᠤᠭᠳᠠ ᠶᠢᠨ ᠭᠤᠤᠯ ᠰᠤᠮᠤᠨ ᠤ ᠮᠠᠯ ᠪᠡᠯᠴᠢᠬᠡᠷ ᠤᠨ ᠲᠡᠩᠴᠡᠬᠦᠷᠢ ᠶᠢ ᠪᠠᠳᠤᠯᠠᠬᠤ ᠤᠷᠤᠨ ᠳᠤ ᠬᠡᠷᠡᠭᠵᠢᠬᠦᠯᠤᠨ᠎ᠡ᠃ ᠪᠡᠯᠴᠢᠬᠡᠷ ᠰᠡᠷᠬᠦᠬᠡᠬᠦ ᠬᠤᠭᠤᠴᠠᠭᠠᠨ ᠳᠤ ᠦᠬᠡᠷ᠂ ᠬᠤᠨᠢ᠂ ᠢᠮᠠᠭ᠎ᠠ ᠶᠢ ᠪᠡᠯᠴᠢᠬᠡᠷᠯᠡᠬᠦᠯᠵᠦ ᠪᠤᠯᠬᠤ ᠦᠭᠡᠢ᠃ ︵ᠠᠳᠤᠭᠤ᠂ ᠲᠡᠮᠡᠭᠡ ᠶᠢ ᠪᠡᠯᠴᠢᠭᠡᠷᠯᠡᠬᠦᠯᠬᠦ ᠶᠢ ᠰᠡᠷᠭᠦᠭᠡᠬᠦ ᠲᠦᠷᠤᠯ ᠤᠨ ᠭᠡᠪᠴᠢᠶᠠᠨ ᠳᠤ ᠪᠠᠭᠳᠠᠭᠠᠬᠤ ᠦᠭᠡᠢ︶        ᠭᠤᠷᠪᠠ᠄ ᠪᠡᠯᠴᠢᠬᠡᠷ ᠰᠡᠷᠬᠦᠬᠡᠬᠦ ᠨᠦᠬᠦᠪᠤᠷᠢ ᠶᠢᠨ ᠪᠠᠷᠢᠮᠵᠢᠶ᠎ᠠ        ᠪᠡᠯᠴᠢᠭᠡᠷ ᠰᠡᠷᠬᠦᠬᠡᠬᠦ ᠬᠤᠭᠤᠴᠠᠭᠠᠨ ᠳᠤ ᠮᠦ ᠪᠦᠷᠢ ᠳᠤ 1.125 ᠲᠦᠬᠦᠷᠢᠭ ᠤᠨ ᠨᠦᠬᠦᠪᠤᠷᠢ ᠤᠯᠭᠤᠨ᠎ᠠ᠃ ᠡᠳ᠋ ᠤᠨ ᠵᠠᠰᠠᠭ ᠤᠨ ᠰᠠᠯᠠᠭ᠎ᠠ ᠮᠦᠴᠢᠷ ᠨᠢ ︽ᠪᠦᠷᠢᠨ ᠴᠢᠳᠠᠮᠵᠢᠲᠦ ᠺᠠᠷᠲ︾ ᠪᠠᠷ ᠪᠡᠯᠴᠢᠬᠡᠷ ᠰᠡᠷᠬᠦᠬᠡᠬᠦ ᠨᠦᠬᠦᠪᠤᠷᠢ ᠶᠢ ᠮᠠᠯᠴᠢᠳ ᠲᠤ ᠤᠯᠭᠤᠨ᠎ᠠ᠃        ᠲᠦᠷᠪᠡ᠄ ᠬᠠᠮᠢᠶ᠎ᠠ ᠪᠦᠬᠦᠢ ᠱᠠᠭᠠᠷᠳᠠᠯᠭ᠎ᠠ        ᠪᠡᠯᠴᠢᠬᠡᠷ ᠰᠡᠷᠬᠦᠬᠡᠬᠦ ᠬᠤᠭᠤᠴᠠᠭᠠᠨ ᠳᠤ ᠪᠡᠯᠴᠢᠬᠡᠷ ᠰᠡᠷᠬᠦᠬᠡᠬᠦ ᠤᠷᠤᠨ ᠲᠤᠭᠤᠷᠢᠭ ᠲᠤ ᠮᠠᠯ ᠪᠡᠯᠴᠢᠬᠡᠷᠯᠡᠬᠦᠯᠬᠦ ᠶᠢ ᠴᠢᠩᠭ᠎ᠠ ᠴᠠᠭᠠᠵᠠᠯᠠᠨ᠎ᠠ᠃ ᠮᠠᠯᠵᠢᠬᠤ ᠡᠷᠤᠬᠡ ᠨᠢ ᠡᠯ᠎ᠡ ᠲᠦᠷᠤᠯ ᠤᠨ ᠪᠡᠯᠡᠳᠬᠡᠯ ᠠᠵᠢᠯ ᠢᠶᠠᠨ ᠰᠠᠶᠢᠳᠤᠷ ᠬᠢᠵᠦ᠂ ᠮᠠᠯ ᠤᠰᠤᠯᠠᠬᠤ᠂ ᠮᠠᠯ ᠢᠶᠠᠨ ᠪᠤᠷᠳᠤᠬᠤ ᠵᠡᠷᠭᠡ ᠰᠢᠯᠳᠠᠭᠠᠨ ᠢᠶᠠᠷ ᠮᠠᠯ ᠢᠶᠠᠨ ᠪᠡᠯᠴᠢᠬᠡᠷᠯᠡᠬᠦᠯᠬᠦ ᠶᠢ ᠡᠷᠡᠰ ᠬᠤᠷᠢᠭᠯᠠᠨ᠎ᠠ᠃ ᠬᠠᠮᠢᠶ᠎ᠠ ᠪᠦᠬᠦᠢ ᠰᠠᠯᠠᠭ᠎ᠠ ᠮᠦᠴᠢᠷ ᠪᠠ ᠰᠤᠮᠦ ᠪᠠᠯᠭᠠᠰᠦ᠂ ᠭᠠᠴᠠᠭᠠᠨ ᠤ ᠬᠢᠨᠠᠯᠳᠠ ᠬᠠᠮᠢᠶᠠᠷᠤᠯᠳᠡ ᠶᠢ ᠢᠳᠡᠪᠬᠢᠲᠠᠢ ᠬᠦᠯᠢᠶᠠᠨ ᠠᠪᠬᠤ ᠬᠡᠷᠡᠭᠲᠠᠢ᠃ ᠡᠯ᠎ᠡ ᠰᠤᠮᠦ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠠ ᠭᠠᠴᠠᠭᠠᠨ ᠤ ︽ᠬᠤᠶᠠᠷ ᠵᠦᠪᠯᠡᠯ︾ ᠨᠢ ᠭᠤᠤᠯ ᠴᠤᠭᠴᠠ ᠶᠢᠨ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠵᠦ᠂ ᠮᠠᠯᠵᠢᠬᠤ ᠡᠷᠤᠬᠡ ᠶᠢᠨ ᠮᠠᠯ ᠢᠶᠠᠨ ᠬᠠᠰᠢᠶᠠᠯᠠᠨ ᠮᠠᠯᠵᠢᠬᠤ ᠶᠢ ᠴᠢᠩᠭ᠎ᠠ ᠱᠠᠭᠠᠷᠳᠠᠬᠤ ᠬᠡᠷᠡᠭᠲᠠᠢ᠃        ᠡᠯ᠎ᠡ ᠰᠤᠮᠦ ᠪᠠᠯᠭᠠᠰᠤᠨ ᠤ ᠬᠠᠤᠯᠢ ᠬᠡᠷᠡᠭᠵᠢᠬᠦᠯᠬᠦ ᠠᠩᠬᠢ ᠪᠠ ᠬᠤᠰᠢᠭᠤ ᠬᠠᠮᠢᠶ᠎ᠠ ᠪᠦᠬᠦᠢ ᠪᠠᠶᠢᠭᠤᠯᠭ᠎ᠠ ᠨᠢᠬᠡᠴᠡ ᠨᠢ ᠦᠪᠡᠷ ᠤᠨ ᠴᠢᠳᠠᠪᠬᠢ ᠤᠶᠢᠯᠡᠳᠤᠯ ᠢᠶᠠᠨ ᠬᠦᠢᠴᠡᠳ ᠪᠠᠳᠠᠷᠠᠭᠤᠯᠵᠦ᠂ ᠵᠢᠭᠠᠨ ᠵᠢᠯᠤᠭᠤᠳᠬᠤ ᠪᠠ ᠬᠢᠨᠡᠨ ᠬᠠᠮᠢᠶᠠᠷᠤᠯᠳᠡ ᠶᠢᠨ ᠠᠵᠢᠯ ᠢ ᠰᠠᠶᠢᠳᠤᠷ ᠬᠢᠵᠦ᠂ ᠲᠦᠷᠢᠮ ᠲᠤᠭᠳᠠᠭᠠᠯ ᠢ ᠵᠦᠷᠢᠴᠡᠨ ᠮᠠᠯ ᠢᠶᠠᠨ ᠪᠡᠯᠴᠢᠬᠡᠷᠯᠡᠬᠦᠯᠬᠦ ᠠᠵᠢᠯᠯᠠᠭ᠎ᠠ ᠶᠢ ᠬᠠᠤᠯᠢ ᠶᠤᠰᠤᠭᠠᠷ ᠪᠠᠶᠢᠴᠠᠭᠠᠨ ᠰᠢᠢᠳᠪᠤᠷᠢᠯᠡᠬᠦ ᠭᠡᠷᠡᠭᠲᠠᠢ᠃ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶᠠᠨ ᠤ ᠬᠠᠤᠯᠢ ᠭᠡᠷᠡᠭᠵᠢᠬᠦᠯᠬᠦ ᠠᠩᠬᠢ ᠨᠢ ᠬᠠᠤᠯᠢ ᠶᠢ ᠭᠡᠷᠡᠭᠵᠢᠬᠦᠯᠵᠦ ᠬᠢᠨᠡᠯᠳᠡ ᠲᠠᠯᠪᠢᠬᠤ ᠠᠵᠢᠯ ᠢ ᠬᠠᠷᠢᠭᠤᠴᠠᠵᠦ᠂ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ ᠨᠢ ᠬᠢᠨᠠᠯᠳᠠ ᠲᠠᠯᠪᠢᠬᠤ ᠵᠢᠴᠢ ᠡᠪᠡᠰᠤᠨ ᠤ ᠤᠷᠭᠤᠯᠳᠡ ᠶᠢᠨ ᠪᠠᠶᠢᠳᠠᠯ ᠢ ᠬᠢᠨᠠᠨ ᠬᠡᠮᠵᠢᠬᠦ ᠠᠵᠢᠯ ᠢ ᠬᠠᠷᠢᠭᠤᠴᠠᠵᠦ᠂ ᠬᠤᠰᠢᠭᠤ ᠮᠠᠯ ᠲᠠᠷᠢᠶᠠᠯᠠᠩ ᠰᠢᠨᠵᠢᠯᠡᠭᠡ ᠮᠡᠷᠬᠡᠵᠢᠯ ᠶᠢᠨ ᠰᠠᠯᠠᠭ᠎ᠠ ᠮᠦᠴᠢᠷ ᠨᠢ ᠮᠠᠯ ᠤᠨ ᠬᠢᠵᠢᠭ ᠬᠡᠮ ᠢ ᠰᠡᠷᠬᠡᠶᠢᠯᠡᠨ ᠵᠠᠰᠠᠬᠤ ᠪᠠ ᠬᠠᠰᠢᠶᠠᠯᠠᠨ ᠮᠠᠯᠵᠢᠬᠤ ᠮᠡᠷᠬᠡᠵᠢᠯ ᠤᠨ ᠵᠢᠯᠤᠭᠤᠳᠤᠯᠭ᠎ᠠ ᠶᠢᠨ ᠠᠵᠢᠯ ᠢ ᠬᠠᠷᠢᠭᠤᠴᠠᠵᠦ᠂ ᠤᠰᠤᠨ ᠠᠰᠢᠭᠯᠠᠯᠳᠠ ᠶᠢᠨ ᠰᠠᠯᠠᠭ᠎ᠠ ᠮᠦᠴᠢᠷ ᠨᠢ ᠮᠠᠯ ᠤᠨ ᠤᠰᠦ ᠤᠮᠳᠠ ᠶᠢ ᠪᠠᠳᠤᠯᠠᠬᠤ ᠠᠵᠢᠯ ᠢ ᠬᠠᠷᠢᠭᠤᠴᠠᠬᠤ ᠬᠡᠷᠡᠭᠲᠠᠢ᠃ ᠡᠯ᠎ᠡ ᠲᠠᠭᠠᠭᠠᠴᠢᠯᠠᠨ ᠲᠡᠳᠬᠦᠬᠦ ᠪᠠᠶᠢᠭᠤᠯᠭ᠎ᠠ ᠨᠢ ᠲᠤᠰᠬᠠᠢ ᠬᠦᠮᠤᠨ ᠲᠤᠮᠢᠯᠠᠨ ᠲᠠᠭᠠᠭᠠᠴᠢᠯᠠᠨ ᠲᠡᠳᠬᠦᠵᠦ ᠪᠠᠶᠢᠭ᠎ᠠ ᠭᠠᠴᠠᠭᠠᠨ ᠤ ᠪᠠᠨ ᠪᠡᠯᠴᠢᠬᠡᠷ ᠰᠡᠷᠬᠦᠬᠡᠬᠦ ᠠᠵᠢᠯ ᠲᠤ ᠬᠢᠨᠠᠯᠳᠠ ᠲᠠᠯᠪᠢᠨ ᠬᠠᠮᠢᠶᠠᠷᠬᠤ ᠭᠡᠷᠡᠭᠲᠠᠢ᠃        ᠪᠡᠯᠴᠢᠬᠡᠷ ᠰᠡᠷᠬᠦᠬᠡᠬᠦ ᠬᠤᠭᠤᠴᠠᠭᠠᠨ ᠳᠤ ᠡᠯ᠎ᠡ ᠰᠤᠮᠦ ᠪᠠᠯᠭᠠᠰᠦ ᠪᠡ ᠬᠤᠰᠢᠭᠤ ᠬᠠᠮᠢᠶ᠎ᠠ ᠪᠦᠬᠦᠢ ᠪᠠᠶᠢᠭᠤᠯᠭ᠎ᠠ ᠨᠢ ᠢᠯᠡᠴᠢᠯᠡᠨ ᠮᠡᠳᠡᠬᠦᠯᠬᠦ ᠲᠤᠰᠬᠠᠢ ᠤᠳᠠᠰᠦ ᠲᠤᠬᠢᠷᠠᠭᠤᠯᠪᠠ᠃ ᠪᠠᠶᠠᠨᠳᠠᠯ᠎ᠠ ᠪᠠᠯᠭᠠᠰᠤᠨ ᠤ ᠢᠯᠡᠴᠢᠯᠡᠨ ᠮᠡᠳᠡᠬᠦᠯᠬᠦ ᠤᠳᠠᠰᠦ᠄ 6709608᠂ ᠤᠩᠭᠤᠨ ᠠᠭᠤᠯᠡ ᠰᠤᠮᠤᠨ ᠤ ᠢᠯᠡᠴᠢᠯᠡᠨ ᠮᠡᠳᠡᠬᠦᠯᠬᠦ ᠤᠳᠠᠰᠦ᠄ 6225921᠂ ᠪᠤᠭᠳᠠ ᠶᠢᠨ ᠭᠤᠤᠯ ᠰᠤᠮᠤᠨ ᠤ ᠢᠯᠡᠴᠢᠯᠡᠨ ᠮᠡᠳᠡᠬᠦᠯᠬᠦ ᠤᠳᠠᠰᠦ᠄ 6720529᠂ ᠪᠠᠶᠢᠭᠠᠯᠢ  ᠶᠢᠨ ᠡᠬᠢ ᠪᠠᠶᠠᠯᠢᠭ ᠤᠨ ᠲᠤᠪᠴᠢᠶᠠᠨ ᠤ ᠬᠠᠤᠯᠢ ᠬᠡᠷᠡᠭᠵᠢᠬᠦᠯᠬᠦ ᠶᠡᠭᠡ ᠠᠩᠬᠢ ᠶᠢᠨ ᠬᠢᠨᠡᠨ ᠬᠠᠮᠢᠶᠠᠷᠴᠦ ᠢᠯᠡᠴᠢᠯᠡᠨ ᠮᠡᠳᠡᠬᠦᠯᠬᠦ ᠤᠳᠠᠰᠦ᠄ 6225500᠂ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶᠠᠨ ︵ᠪᠡᠯᠴᠢᠭᠡᠷ ᠰᠡᠷᠬᠦᠬᠡᠬᠦ ᠠᠵᠢᠯ ᠤᠨ ᠠᠯᠪᠠᠨ ᠭᠡᠷ︶ ᠤ ᠢᠯᠡᠴᠢᠯᠡᠨ ᠮᠡᠳᠡᠬᠦᠯᠬᠦ ᠤᠳᠠᠰᠦ᠄ 6220019᠃        ᠨᠡᠶᠢᠬᠡᠮ ᠤᠨ ᠡᠯ᠎ᠡ ᠡᠳᠡᠬᠡᠳ ᠤᠨ ᠬᠦᠮᠤᠰ ᠢᠳᠡᠪᠬᠢᠲᠠᠢ ᠪᠠᠷ ᠬᠢᠨᠡᠯᠳᠡ ᠲᠠᠯᠪᠢᠵᠦ᠂ ᠲᠦᠷᠢᠮ ᠲᠤᠭᠳᠠᠭᠠᠯ  ᠢ ᠵᠦᠷᠢᠴᠡᠨ ᠮᠠᠯ ᠢᠶᠠᠨ ᠪᠡᠯᠴᠢᠬᠡᠷᠯᠡᠬᠦᠯᠤᠭ᠍ᠰᠡᠨ ᠠᠵᠢᠯᠯᠠᠭ᠎ᠠ ᠶᠢ ᠢᠯᠡᠴᠢᠯᠡᠨ ᠮᠡᠳᠡᠬᠦᠯᠬᠦ ᠶᠢ ᠬᠦᠰᠡᠵᠦ ᠪᠠᠶᠢᠨ᠎ᠠ᠃            ᠤᠨᠴᠠᠭᠠᠶᠢᠯᠠᠨ ᠵᠠᠷᠯᠠᠪᠠ                           ᠬᠦᠪᠡᠬᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ                                2022 ᠤᠨ ᠤ 3 ᠰᠠᠷ᠎ᠠ ᠶᠢᠨ 10 ᠤ ᠡᠳᠤᠷ                                                                          
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号