ᠨᠠᠮ ᠤᠨ ᠭᠡᠰᠢᠭᠦᠨ ᠪᠦᠭᠡᠴᠢᠯᠠᠭᠤ ᠬᠦᠴᠢᠷᠳᠡᠯᠲᠡᠢ ᠮᠠᠯᠴᠢᠠ ᠡᠷᠥᠭᠡ ᠶᠢ ᠳᠤᠰᠠᠯᠠᠪᠠ
ᠨᠡᠶᠢᠲᠡᠯᠡᠭᠰᠡᠨ ᠴᠠᠭ᠄
2022/3/25
      ᠬᠠᠪᠤᠷ ᠴᠠᠭ ᠮᠠᠯᠴᠢᠤᠠ ᠲᠦᠯ ᠮᠡᠯ ᠲᠡᠵᠢᠭᠡᠭᠦ ᠡᠪᠡᠰᠥ ᠪᠤᠷᠳᠤᠭ᠎ᠠ ᠶᠢ ᠶᠡᠭᠡᠪᠡᠷ ᠵᠠᠷᠤᠴᠠᠭᠤᠯᠳᠠᠭ᠃ ᠬᠥᠪᠡᠭᠡᠲᠦ ᠰᠢᠷ᠎ᠠ ᠬᠤᠰᠢᠭᠤᠨ ᠤ ᠪᠠᠶᠠᠨᠲᠠᠯ᠎ᠠ ᠪᠠᠯᠭᠠᠰᠤᠨ ᠤ ᠤᠯᠠᠭᠠᠨᠲᠤᠭ ᠭᠠᠴᠠᠭᠠᠨ ᠤ ᠨᠠᠮ ᠤᠨ ᠭᠡᠰᠢᠭᠦᠨ ᠭᠤᠤᠯᠳᠠᠯᠭᠠᠲᠤ ᠡᠷᠦᠬᠡ ᠪᠤᠯᠬᠤ ᠪᠦᠬᠡᠴᠢᠯᠠᠭᠤ ᠨᠢ ᠭᠠᠴᠠᠭᠠᠨ ᠤ ᠪᠠᠨ 6 ᠬᠦᠴᠢᠷᠳᠡᠯᠲᠡᠶ ᠡᠷᠦᠬᠡ ᠳᠤ 4200 ᠲᠥᠭᠦᠷᠢᠭ ᠤᠨ ᠥᠷᠲᠡᠭ ᠪᠥᠬᠦᠶ ᠪᠤᠭᠤᠯᠳᠠ ᠲᠠᠢ ᠡᠪᠡᠰᠦ ᠶᠢ ᠦᠨ᠎ᠡ ᠲᠥᠯᠥᠪᠦᠷᠢ ᠥᠬᠡᠶ ᠪᠠᠷ ᠬᠦᠷᠭᠡᠨ ᠥᠭᠴᠦ᠂ ᠲᠡᠳᠡᠨ ᠳᠤ ᠲᠤᠰᠠ ᠲᠡᠮᠵᠢᠯᠭᠡ ᠦᠵᠡᠬᠦᠯᠦᠭᠰᠡᠨ ᠬᠠᠯᠠᠭᠤᠨ ᠴᠢᠮᠡᠭᠡ ᠠᠮᠠ ᠳᠠᠮᠵᠢᠨ ᠶᠠᠷᠢᠭᠳᠠᠵᠤ ᠰᠤᠨᠤᠰᠤᠭᠰᠠᠨ ᠪᠦᠬᠦᠨ ᠳᠤ ᠰᠠᠶᠢᠰᠢᠶᠠᠭᠳᠠᠵᠤ ᠪᠠᠶᠢᠯ᠎ᠠ᠃ ︽ᠲᠠᠭᠠᠷᠬᠠᠰᠠᠠ ᠭᠦᠮᠥᠡ ᠳᠤ ᠳᠠᠬᠤ︾ ᠭᠡᠳᠡᠭᠴᠢᠯᠠᠠ ᠬᠠᠪᠤᠷ ᠤᠨ ᠭᠠᠴᠢᠭ ᠴᠠᠭ ᠲᠤ ᠡᠪᠡᠰᠥ ᠭᠦᠷᠭᠡᠵᠥ ᠢᠷᠡᠭᠰᠡᠡ ᠪᠥᠬᠡᠴᠢᠯᠠᠭᠤ ᠶᠢ ᠢᠥᠡᠰᠢᠡᠨᠥᠷᠪᠦ ᠨᠠᠰᠤᠲᠠᠨ ᠰᠠᠶᠢᠨ ᠵᠠᠯᠠᠭᠤ᠂ ᠲᠠᠭᠠᠨ ᠰᠤᠷᠤᠯᠴᠠᠭᠤᠰᠢᠲᠠᠶ ᠰᠠᠶᠢᠨ ᠨᠠᠮ ᠤᠨ ᠭᠡᠰᠢᠭᠦᠨ ᠭᠡᠵᠦ ᠠᠮᠠ ᠬᠠᠮᠬᠢᠯ ᠦᠬᠡᠢ ᠮᠠᠭᠲᠠᠵᠤ ᠪᠠᠶᠢᠯ᠎ᠠ᠃       ︽ᠪᠦᠬᠡᠴᠢᠯᠠᠭᠤ ᠳᠤ ᠪᠠᠨ ᠪᠠᠶᠠᠷᠯᠠᠯ᠎ᠠ︔ ᠬᠠᠪᠤᠷ ᠤᠨ ᠭᠠᠴᠢᠭ ᠴᠠᠭ ᠲᠤ ᠬᠦᠴᠢᠷᠳᠡᠯᠲᠡᠶ ᠬᠦᠮᠦᠰ ᠲᠤ ᠡᠪᠡᠰᠥ ᠪᠤᠷᠳᠤᠭ᠎ᠠ ᠬᠦᠷᠭᠡᠵᠤ ᠳᠤᠰᠠᠯᠠᠭᠰᠠᠨ ᠳᠤ ᠮᠠᠰᠢ ᠶᠡᠭᠡ  ᠪᠠᠶᠠᠷᠯᠠᠵᠤ ᠪᠠᠶᠢᠨ᠎ᠠ︾ ᠭᠡᠵᠤ ᠮᠠᠯᠴᠢᠨ ᠰᠦᠬᠡᠪᠠᠭᠠᠲᠤᠷ ᠪᠤᠭᠤᠯᠲᠠ  ᠲᠠᠢ ᠡᠪᠡᠰᠦ ᠪᠠᠨ ᠭᠠᠷᠳᠠᠨ ᠠᠪᠤᠭᠠᠳ ᠪᠠᠶᠠᠷᠯᠠᠨ ᠶᠠᠷᠢᠵᠤ ᠪᠠᠶᠢᠯ᠎ᠠ᠃︽ᠬᠠᠪᠤᠷ ᠤᠨ ᠤᠯᠠᠷᠢᠯ ᠤᠨ ᠬᠠᠰᠢᠶᠠᠯᠠᠭ᠎ᠠ ᠶᠢᠨ ᠴᠠᠭ ᠤᠶᠢᠷᠠᠳᠴᠤ ᠪᠠᠶᠢᠭ᠎ᠠ ᠲᠠᠰᠢᠷᠠᠮ ᠢᠶᠠᠷ ᠭᠠᠴᠠᠭᠠᠨ ᠤ ᠪᠠᠨ ᠶᠠᠳᠠᠭᠤ ᠬᠦᠴᠢᠷᠳᠡᠯᠲᠡᠶ 6 ᠮᠠᠯᠴᠢᠨ ᠡᠷᠦᠬᠡ ᠳᠤ ᠡᠷᠤᠭᠡ ᠪᠦᠷᠢ 20 ᠪᠤᠭᠤᠯᠳᠠ ᠡᠪᠡᠰᠦ ᠭᠦᠷᠭᠡᠡ ᠪᠤᠯᠭᠤᠭᠠᠯ᠎ᠡ᠃ ᠬᠤᠶᠢᠰᠢᠳᠠ ᠪᠢ ᠮᠠᠯᠴᠢᠳ ᠢᠶᠠᠨ ᠬᠠᠪᠰᠤᠷᠤᠨ ᠲᠡᠳᠬᠦᠬᠦ ᠠᠵᠢᠯ ᠢ ᠦᠷᠭᠦᠯᠵᠢᠯᠡᠡ ᠰᠠᠶᠢᠠ ᠬᠢᠵᠦ᠂ ᠨᠠᠮ ᠤᠨ ᠭᠡᠰᠢᠭᠦᠨ ᠤ ᠡᠭᠦᠷᠭᠡ ᠬᠠᠷᠢᠭᠤᠴᠠᠯᠭ᠎ᠠ ᠪᠠᠨ ᠬᠦᠢᠴᠡᠳᠬᠡᠨ᠎ᠡ︾ ᠭᠡᠵᠤ ᠨᠠᠮ ᠤᠨ ᠭᠡᠰᠢᠭᠦᠨ ᠪᠦᠬᠡᠴᠢᠯᠠᠭᠤ ᠶᠠᠷᠢᠯ᠎ᠠ᠃        ᠣᠶᠢᠯᠠᠭᠠᠭᠰᠠᠨ ᠢᠶᠠᠷ᠂ 2015 ᠣᠨ ᠳᠤ ᠪᠥᠬᠡᠴᠢᠯᠠᠭᠤ ᠪᠤᠰᠤᠳ ᠲᠠᠢ ᠪᠠᠯᠠ ᠨᠡᠶᠢᠯᠡᠭᠦᠯᠦᠨ ︽ᠱᠤ᠋ ᠭᠤᠸᠠᠩ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢᠨ ᠬᠢᠵᠠᠭᠠᠷᠲᠤ ᠺᠣᠮᠫᠠᠨᠢ︾ ᠶᠢ ᠪᠠᠶᠢᠭᠤᠯᠵᠤ᠂ ᠬᠡᠷ ᠪᠠᠶᠢᠰᠢᠩ ᠰᠡᠯᠪᠢᠨ ᠵᠠᠰᠠᠬᠤ᠂ ᠴᠠᠬᠢᠯᠭᠠᠨ ᠭᠠᠩᠨᠠᠯᠲᠠ᠂ ᠤᠰᠤ ᠴᠠᠬᠢᠯᠭᠠᠨ ᠳᠤᠯᠠᠭᠠᠯᠠᠭ᠎ᠠ ᠤᠭᠰᠠᠷᠠᠬᠤ ᠵᠡᠷᠭᠡ ᠠᠵᠢᠯ ᠢ ᠬᠢᠵᠥ᠂ 2021 ᠣᠨ ᠳᠤ᠂ ᠭᠠᠴᠠᠭᠠᠨ ᠤ ᠮᠠᠯᠴᠢᠳ ᠢᠶᠠᠨ ᠳᠠᠭᠠᠭᠤᠯᠤᠨ ︽ᠬᠥᠪᠡᠭᠡᠲᠦ ᠰᠢᠷ᠎ᠠ ᠬᠤᠰᠢᠭᠤᠨ ᠤ ᠠᠯᠲᠠᠨ ᠤᠨᠠᠭ᠎ᠠ ᠲᠡᠵᠢᠭᠡᠨ ᠦᠷᠡᠵᠢᠭᠦᠯᠬᠦ ᠲᠤᠰᠬᠠᠶ ᠬᠤᠷᠰᠢᠶᠠᠵᠢᠯ︾ ᠢ ᠪᠠᠶᠢᠭᠤᠯᠤᠭᠰᠠᠨ ᠶᠤᠮ᠃ ᠪᠥᠬᠡᠴᠢᠯᠠᠭᠤ ᠪᠠᠶᠠᠵᠢᠠ ᠴᠢᠨᠡᠭᠡᠯᠢᠭᠵᠢᠭᠰᠡᠨ ᠴᠦ ᠨᠡᠶᠢᠭᠡᠮ ᠨᠠᠶᠢᠳᠡ ᠳᠤ ᠠᠴᠢ ᠲᠤᠰᠠ ᠬᠠᠷᠢᠭᠤᠯᠬᠤ ᠪᠠᠨ ᠦᠯᠦ ᠮᠠᠷᠳᠠᠠ᠂ ᠬᠤᠰᠢᠭᠤᠨ ᠲᠥᠪ ᠲᠠᠬᠢ ᠬᠡᠲᠦ ᠳᠡᠯᠭᠡᠭᠦᠷ ᠪᠠ ᠴᠠᠭᠠᠨ ᠢᠳᠡᠭᠡᠨ ᠤ ᠳᠡᠯᠭᠡᠭᠦᠷ ᠲᠤ ᠪᠠᠨ ᠵᠡᠮᠳᠡᠭ ᠭᠦᠮᠥᠰ ᠲᠤ ᠠᠵᠢᠯ ᠤᠨ ᠪᠠᠶᠢᠷᠢ ᠬᠠᠩᠭᠠᠵᠤ᠂ ᠵᠡᠮᠳᠡᠭᠴᠦᠳ᠂ ᠬᠦᠴᠢᠷᠳᠡᠯᠲᠡᠢ ᠬᠥᠮᠦᠰ ᠢ ᠬᠠᠪᠰᠤᠷᠴᠤ᠂ ᠪᠣᠳᠠᠲᠤ ᠠᠵᠢᠯᠯᠠᠭ᠎ᠠ ᠪᠠᠷ ᠢᠶᠠᠨ ᠡᠪ ᠬᠠᠮᠲᠤ ᠨᠠᠮ ᠤᠨ ᠭᠡᠰᠢᠭᠦᠨ ᠤ ᠰᠠᠶᠢᠠ ᠰᠠᠶᠢᠬᠠᠠ ᠭᠡᠪ ᠰᠤᠷᠳᠠᠯ ᠢ ᠪᠠᠳᠠᠷᠠᠭᠤᠯᠵᠤ ᠶᠠᠪᠤᠨ᠎ᠠ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号