ᠬᠦᠪᠡᠭᠡᠲᠦ ᠰᠢᠷ᠎ᠠ ᠬᠤᠰᠢᠭᠤᠨ ᠤ ᠪᠠᠶᠠᠨᠲᠠᠯ᠎ᠠ ᠪᠠᠯᠭᠠᠰᠤ ᠪᠠᠷ ᠨᠤᠲᠤᠭᠲᠠᠢ ᠮᠤᠩᠭᠤᠯᠲᠠᠢ ᠪᠤᠯ ᠬᠦᠰᠡᠯ ᠮᠦᠷᠦᠭᠡᠳᠦᠯ | ᠤᠨ ᠢᠶᠠᠨ ᠲᠦᠯᠦᠭᠡ ᠮᠡᠷᠡᠶᠢᠵᠤ ᠶᠠᠪᠤᠭ᠎ᠠ ᠦᠷᠭᠡᠨ ᠤᠯᠠᠨ ᠵᠠᠯᠠᠭᠤ ᠦᠢᠯᠡᠰ ᠪᠤᠰᠬᠠᠭᠴᠢ ᠶᠢᠨ ᠨᠢᠭᠡ ᠨᠢ ᠪᠤᠯᠤᠨ᠎ᠠ᠃ | ᠮᠤᠩᠭᠤᠯᠲᠠᠢ ︽ᠦᠪᠦᠷ ᠮᠤᠩᠭᠤᠯ ᠤᠨ ᠴᠠᠭᠳᠠᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ︾ ᠪᠠᠨ | ᠲᠠᠩᠨᠠᠨ ᠮᠦᠷᠳᠡᠬᠦ ᠲᠤᠰᠬᠠᠢ ᠮᠡᠷᠭᠡᠵᠢᠯ ᠢᠶᠠᠷ ᠲᠡᠭᠦᠰᠦᠭᠰᠡᠨ ᠴᠤ ᠬᠠᠷᠠᠬᠠᠨ ᠪᠠᠭ᠎ᠠ ᠠᠴᠠ ᠪᠠᠨ ᠵᠢᠷᠤᠭ ᠵᠢᠷᠤᠬᠤ᠂ | ᠲᠦᠰᠦᠪᠯᠡᠬᠦ᠂ ᠭᠠᠷ ᠰᠡᠶᠢᠯᠦᠮᠡᠯ ᠵᠠᠷᠭᠡ ᠠᠵᠢᠯ ᠳᠤ ᠳᠤᠷ᠎ᠠ ᠪᠠᠬ᠎ᠠ ᠲᠠᠢ ᠪᠠᠶᠢᠳᠠᠭ ᠰᠤᠨᠢᠷᠬᠠᠯ ᠳᠤ ᠪᠠᠨ ᠬᠦᠲᠦᠯᠦᠭᠳᠡᠨ᠂ | ᠡᠷᠢᠶᠡᠨ ᠬᠤᠲᠠ ᠶᠢᠨ ᠵᠠᠷ ᠮᠡᠳᠡᠭᠡᠨ ᠤ ᠺᠤᠮᠫᠠᠨᠢ᠂ ᠮᠤᠳᠤᠨ ᠰᠡᠶᠢᠯᠦᠮᠡᠯ ᠤᠨ ᠺᠤᠮᠫᠠᠨᠢ ᠳᠤ ᠵᠢᠷᠤᠭ ᠳᠦᠰᠦᠪᠯᠡᠭᠡᠨ ᠤ ᠠᠵᠢᠯ | ᠬᠢᠵᠦ ᠨᠡᠯᠢᠶᠡᠳ ᠬᠡᠮᠵᠢᠶᠡᠨ ᠤ ᠲᠤᠷᠰᠢᠯᠭ᠎ᠠ ᠬᠤᠷᠠᠮᠳᠤᠭᠤᠯᠤᠭᠰᠠᠨ ᠤ ᠰᠠᠭᠤᠷᠢᠨ ᠳᠡᠭᠡᠷ᠎ᠡ᠂ ᠦᠪᠡᠷ ᠤᠨ ᠭᠡᠰᠡᠨ ᠠᠵᠢᠯ | ᠦᠢᠯᠡᠰ ᠢᠶᠠᠨ ᠴᠤᠭᠴᠠᠯᠠᠬᠤ ᠪᠠᠷ ᠨᠤᠲᠤᠭ ᠲᠠᠭᠠᠨ ᠢᠷᠡᠵᠦ ︽ᠴᠠᠬᠢᠮ ᠭᠠᠷ ᠤᠷᠠᠯᠠᠯ ᠤᠨ ᠳᠡᠯᠭᠡᠭᠦᠷ︾ ᠢᠶᠠᠨ ᠨᠡᠭᠡᠭᠡᠭᠰᠡᠨ | ᠪᠠᠶᠢᠨ᠎ᠠ᠃ | ᠴᠡᠩᠭᠡᠯ ᠲᠤᠭᠤᠷᠢᠭ ᠤᠨ ︽ᠦᠨᠳᠦᠰᠦᠲᠡᠨ ᠤ ᠤᠨᠴᠠᠯᠢᠭᠲᠤ ᠰᠤᠶᠤᠯ ᠤᠨ ᠵᠡᠭᠡᠯᠢ︾ ᠶᠢᠨ ︽ᠴᠠᠬᠢᠮ ᠭᠠᠷ | ᠤᠷᠠᠯᠠᠯ ᠤᠨ ᠳᠡᠯᠭᠡᠭᠦᠷ︾ ᠪᠤᠯ ᠳᠠᠷᠤᠢ ᠮᠤᠩᠭᠤᠯᠲᠠᠢ ᠪᠠ ᠲᠡᠭᠦᠨ ᠤ ᠬᠠᠮᠲᠤᠷᠠᠨ ᠠᠵᠢᠯᠯᠠᠭᠴᠢ ᠳᠠᠪᠰᠢᠯᠲᠤ᠂ ᠦᠯᠵᠡᠢ᠂ | ᠮᠡᠩᠬᠡᠲᠠᠢ ᠵᠡᠷᠭᠡ ᠭᠠᠷ ᠤᠷᠠᠯᠠᠯ ᠤᠨ ᠦᠢᠯᠡᠰ ᠲᠤ ᠪᠠᠭ᠋ᠠᠲᠠᠢ ᠨᠢᠭᠡ ᠪᠦᠯᠦᠭ ᠵᠠᠯᠠᠭᠤᠴᠤᠳ ᠤᠨ ᠬᠠᠮᠳᠤᠷᠠᠨ ᠡᠷᠬᠢᠯᠡᠭᠰᠡᠨ | ᠮᠤᠳᠤᠨ ᠰᠡᠶᠢᠯᠦᠮᠡᠯ ᠤᠨ ᠳᠡᠯᠭᠡᠭᠦᠷ ᠪᠤᠯᠤᠨ᠎ᠠ᠃ ︽ᠴᠠᠬᠢᠮ ᠭᠠᠷ ᠤᠷᠠᠯᠠᠯ ᠤᠨ ᠳᠡᠯᠭᠡᠭᠦᠷ︾ ᠨᠢ 2018 ᠤᠨ ᠳᠤ | ᠡᠭᠦᠳᠡ ᠪᠠᠨ ᠨᠡᠭᠡᠭᠡᠵᠦ᠂ ᠴᠢᠯᠠᠭᠤᠨ ᠰᠡᠶᠢᠯᠦᠮᠡᠯ᠂ ᠭᠤᠮ ᠰᠡᠶᠢᠯᠦᠮᠡᠯ᠂ ᠮᠤᠳᠤᠨ ᠰᠡᠶᠢᠯᠦᠮᠡᠯ ᠵᠡᠷᠭᠡ ᠶᠢ ᠤᠷᠠᠯᠠᠬᠤ ᠪᠠᠷ | ᠭᠤᠤᠯᠳᠠᠵᠤ᠂ ᠡᠮᠡᠭᠡᠯ ᠤᠨ ᠲᠠᠯᠪᠢᠭᠤᠷ᠂ ᠨᠤᠮᠤ ᠰᠤᠮᠤ ᠶᠢᠨ ᠲᠠᠯᠪᠢᠭᠤᠷ᠂ ᠬᠦᠩᠭᠠᠷᠸ᠎ᠠ᠂ ᠲᠤᠯᠭ᠎ᠠ ᠵᠡᠷᠭᠡ ᠦᠨᠳᠦᠰᠦᠲᠡᠨ ᠤ | ᠤᠨᠴᠠᠯᠢᠭᠲᠤ ᠭᠠᠷ ᠤᠷᠠᠯᠠᠯ ᠤᠨ ᠵᠦᠢᠯᠡᠰ ᠢ ᠬᠢᠬᠦ ᠶᠢᠨ ᠳᠠᠭᠠᠤ ᠬᠤᠭᠤᠯᠠᠨ ᠰᠢᠷᠡᠭᠡ᠂ ᠰᠠᠨᠳᠠᠯᠢ᠂ ᠡᠯᠭᠦᠮᠡᠯ ᠵᠢᠷᠤᠭ ᠮᠡᠲᠦ | ᠶᠢᠨ ᠤᠯᠠᠨ ᠵᠦᠢᠯ ᠤᠨ ᠭᠡᠷ ᠤᠨ ᠡᠳ᠋ᠯᠡᠯ ᠢ ᠤᠷᠠᠯᠠᠨ ᠦᠢᠯᠡᠳᠴᠦ᠂ ᠭᠡᠷ ᠵᠠᠰᠠᠵᠤ ᠴᠢᠮᠡᠬᠦ᠂ ᠬᠠᠭᠤᠴᠢᠨ ᠤᠯᠠᠮᠵᠢᠯᠠᠯᠲᠤ | ᠪᠠᠷᠠᠭ᠎ᠠ ᠡᠳ᠋ᠯᠡᠯ᠂ ᠮᠤᠳᠤᠨ ᠡᠳ᠋ᠯᠡᠯ ᠤᠳ ᠢ ᠰᠡᠷᠭᠦᠭᠡᠨ ᠵᠠᠰᠠᠬᠤ ᠵᠡᠷᠭᠡ ᠠᠵᠢᠯ ᠢ ᠬᠢᠳᠡᠭ ᠪᠠᠶᠢᠨ᠎ᠠ᠃ | ᠴᠢᠷᠮᠠᠶᠢᠯᠭ᠎ᠠ ᠬᠦᠮᠦᠨ ᠢ ᠭᠤᠮᠤᠳᠠᠭᠠᠬᠤ ᠦᠭᠡᠢ ᠭᠡᠳᠡᠭᠴᠢᠯᠡᠨ ᠦᠷᠯᠦᠭᠡ ᠤᠷᠤᠢ ᠦᠭᠡᠢ ᠴᠠᠭ ᠢ ᠵᠠᠪᠳᠤᠨ | ᠠᠵᠢᠯᠯᠠᠵᠤ᠂ ᠬᠡᠷᠡᠭᠯᠡᠭᠴᠢᠳ ᠤᠨ ᠢᠶᠠᠨ ᠱᠠᠭᠠᠷᠳᠠᠯᠭ᠎ᠠ ᠶᠢ ᠦᠨᠳᠦᠰᠦᠯᠡᠨ᠂ ᠦᠪᠡᠷ ᠦᠪᠡᠷ ᠤᠨ ᠳᠠᠪᠠᠭᠤᠯᠢᠭ ᠲᠠᠯ᠎ᠠ ᠪᠠᠨ | ᠠᠰᠢᠭᠯᠠᠵᠤ᠂ ᠵᠢᠷᠤᠵᠤ ᠳᠦᠰᠦᠪᠯᠡᠬᠦ᠂ ᠰᠡᠶᠢᠯᠬᠦ᠂ ᠪᠤᠷᠤᠯᠠᠭᠤᠯᠬᠤ ᠵᠡᠷᠭᠡ ᠠᠵᠢᠯ ᠢᠶᠠᠨ ᠬᠤᠪᠢᠶᠠᠷᠢᠯᠠᠨ ᠵᠤᠬᠢᠴᠠᠭᠤᠯᠵᠤ᠂ | ᠤᠯᠠᠨ ᠲᠠᠯ᠎ᠠ ᠶᠢ ᠵᠤᠬᠢᠮᠵᠢᠲᠠᠢ ᠬᠠᠮᠲᠤᠷᠠᠨ ᠪᠡᠶᠡᠯᠡᠭᠦᠯᠵᠦ᠂ ᠵᠠᠬᠢᠶᠠᠯᠠᠭ᠎ᠠ ᠪᠠᠨ ᠬᠠᠮᠲᠦ ᠪᠠᠷ ᠢᠶᠠᠨ ᠶᠠᠷᠢᠯᠴᠠᠭᠰᠠᠨ ᠴᠤ ᠦᠪᠡᠷ | ᠦᠪᠡᠷ ᠤᠨ ᠤᠨᠴᠠᠯᠢᠭ ᠢᠶᠠᠨ ᠬᠠᠳᠠᠭᠠᠯᠠᠭᠰᠠᠨ ᠶᠠᠩᠵᠤ ᠪᠠᠷ ᠲᠦᠰᠦᠪᠯᠡᠨ ᠭᠠᠷᠭᠠᠵᠤ᠂ ᠬᠢᠴᠡ ᠪᠠᠶᠢᠳᠠᠯ᠂ ᠶᠠᠩᠵᠤ ᠲᠦᠯᠦᠪ᠂ | ᠪᠤᠳᠤᠭ ᠰᠢᠷᠳᠡᠯᠲᠡ ᠨᠢ ᠨᠠᠷᠢᠯᠢᠭ ᠮᠦᠷᠲᠡᠭᠡᠨ ᠭᠤᠶᠤᠮᠰᠤᠭ ᠢᠶᠠᠷ ᠢᠶᠠᠨ ᠬᠡᠷᠡᠭᠯᠡᠭᠴᠢᠳ ᠤᠨ ᠬᠠᠯᠠᠭᠤᠨ ᠬᠦᠷᠢᠶᠡᠯᠡᠯ ᠢ ᠤᠯᠵᠤ | ᠂ ᠪᠦᠲᠦᠭᠡᠭᠳᠡᠭᠦᠨ ᠨᠢ ᠡᠷᠢᠶᠡᠨ ᠬᠤᠲᠠ᠂ ᠬᠦᠬᠡᠬᠤᠲᠠ᠂ ᠤᠶᠢᠷ᠎ᠠ ᠵᠡᠷᠭᠡᠯᠡᠳᠡᠭᠡ ᠬᠤᠰᠢᠭᠤ ᠰᠢᠶᠠᠨ ᠢᠶᠠᠷ | ᠪᠤᠷᠤᠯᠠᠭᠤᠯᠤᠭᠳᠠᠵᠤ ᠪᠠᠶᠢᠨ᠎ᠠ᠃ | ︽ᠦᠪᠡᠷ ᠤᠨ ᠪᠠᠬ᠎ᠠ ᠲᠠᠢ ᠠᠵᠢᠯ ᠢᠶᠠᠨ ᠬᠢᠬᠦ ᠶᠢᠨ ᠳᠠᠭᠠᠤ ᠦᠷᠦᠭᠡᠯ ᠤᠨ ᠬᠡᠷᠡᠭᠰᠡᠬᠦ ᠵᠦᠢᠯ ᠢ ᠰᠠᠨᠠᠭᠠᠨ ᠳᠤ ᠨᠢ ᠬᠦᠷᠲᠡᠯ᠎ᠡ | ᠰᠠᠶᠢᠬᠠᠨ ᠬᠢᠵᠦ ᠦᠭᠭᠦᠨ᠎ᠡ ᠭᠡᠳᠡᠭ ᠪᠤᠯ ᠮᠠᠰᠢ ᠰᠠᠶᠢᠬᠠᠨ ᠤᠴᠢᠷ᠂ ᠭᠡᠬᠦ ᠳᠤ ᠪᠠᠨ ᠠᠩᠬ᠎ᠠ ᠡᠬᠢᠯᠡᠵᠦ ᠬᠢᠬᠦ ᠦᠶ᠎ᠡ ᠳᠤ | ᠲᠤᠨᠤᠭ ᠲᠦᠬᠦᠭᠡᠷᠦᠮᠵᠢ ᠬᠦᠷᠦᠯᠴᠡᠬᠦ ᠦᠭᠡᠢ᠂ ᠴᠠᠭ ᠲᠤ ᠬᠠᠯᠠ ᠲᠠᠢ᠂ ᠪᠦᠲᠦᠭᠡᠭᠳᠡᠭᠦᠨ ᠢᠶᠠᠨ ᠪᠤᠷᠤᠯᠠᠭᠤᠯᠤᠭᠠᠳ | ᠤᠯᠤᠭᠰᠠᠨ ᠬᠡᠳᠦᠨ ᠮᠦᠩᠭᠦ ᠪᠠᠷ ᠢᠶᠠᠨ ᠲᠤᠨᠤᠭ ᠲᠦᠬᠦᠭᠡᠷᠦᠮᠵᠢ ᠤᠷᠤᠭᠤᠯᠤᠭᠠᠳ ᠲᠠᠭᠠᠷᠠᠴᠢᠬᠠᠳᠠᠭ︔ ᠤᠳᠤ ᠪᠤᠯᠠᠬᠤ ᠳᠤ | ᠲᠦᠬᠦᠭᠡᠷᠦᠮᠵᠢ ᠪᠦᠷᠢᠨ ᠮᠦᠷᠲᠡᠭᠡᠨ ᠲᠤᠷᠰᠢᠯᠭ᠎ᠠ ᠴᠦ ᠨᠡᠯᠢᠶᠡᠳ ᠬᠤᠷᠠᠮᠳᠤᠭᠤᠯᠴᠢᠬᠠᠯᠠ︔ ᠬᠤᠶᠢᠰᠢᠳᠠ ᠪᠢ ᠡᠨᠡᠬᠦ ᠭᠠᠷ | ᠤᠷᠠᠯᠠᠯ ᠤᠨ ᠠᠵᠢᠯ ᠢᠶᠠᠨ ᠨᠡᠩ ᠰᠠᠶᠢᠨ ᠬᠢᠵᠦ᠂ ᠳᠡᠯᠭᠡᠭᠦᠷ ᠢᠶᠠᠨ ᠤᠯᠠᠮ ᠴᠢᠨᠠᠭᠰᠢᠳᠠ ᠦᠷᠭᠡᠳᠬᠡᠬᠦ ᠶᠢᠨ ᠳᠠᠭᠠᠤ ᠭᠠᠷ | ᠤᠷᠠᠯᠠᠯ ᠤᠨ ᠮᠡᠷᠭᠡᠵᠢᠯ ᠢᠶᠠᠨ ᠨᠡᠩ ᠤᠯᠠᠨ ᠵᠠᠯᠠᠭᠤ ᠳᠡᠭᠦᠦᠨᠠᠷ ᠲᠡᠭᠡᠨ ᠤᠯᠠᠮᠵᠢᠯᠠᠵᠤ ᠦᠭᠬᠦ ᠰᠠᠨᠠᠭ᠎ᠠ ᠲᠠᠢ ᠪᠠᠶᠢᠨ᠎ᠠ︾ ᠭᠡᠵᠦ | ᠮᠤᠩᠭᠤᠯᠲᠠᠢ ᠢᠲᠡᠭᠡᠯᠲᠠᠶᠢᠬᠡᠨ ᠶᠠᠷᠢᠵᠤ ᠪᠠᠶᠢᠯ᠎ᠠ᠃ | ᠮᠤᠩᠭᠤᠯᠲᠠᠢ᠂ ᠴᠠᠭ ᠦᠶ᠎ᠡ ᠶᠢᠨ ᠱᠠᠭᠠᠷᠳᠠᠯᠭ᠎ᠠ ᠪᠠ ᠬᠡᠷᠡᠭᠯᠡᠭᠴᠢᠳ ᠤᠨ ᠱᠠᠭᠠᠷᠳᠠᠯᠭ᠎ᠠ ᠲᠠᠢ ᠵᠤᠬᠢᠴᠠᠭᠤᠯᠤᠨ | ᠪᠦᠲᠦᠭᠡᠭᠳᠡᠭᠦᠨ ᠢᠶᠠᠨ ᠲᠠᠰᠤᠷᠠᠯᠲᠠ ᠦᠭᠡᠢ ᠰᠢᠨᠡᠴᠢᠯᠡᠨ ᠴᠢᠨᠠᠷᠵᠢᠭᠤᠯᠵᠤ᠂ ᠮᠡᠷᠭᠡᠵᠢᠯ ᠢᠶᠠᠨ ᠤᠯᠠᠮ ᠳᠡᠭᠡᠭᠰᠢᠯᠡᠭᠦᠯᠵᠦ᠂ | ᠤᠯᠠᠮᠵᠢᠯᠠᠯᠲᠤ ᠰᠤᠶᠤᠯ ᠢᠶᠠᠨ ᠤᠯᠠᠮ ᠴᠢᠨᠠᠭᠰᠢᠳᠠ ᠦᠪᠯᠡᠨ ᠤᠯᠠᠮᠵᠢᠯᠠᠬᠤ ᠶᠢᠨ ᠬᠠᠮᠲᠤ ᠰᠢᠨ᠎ᠡ ᠴᠠᠭ ᠦᠶ᠎ᠡ ᠶᠢᠨ ᠠᠯᠬᠤᠭ᠎ᠠ | ᠶᠢ ᠳᠠᠭᠠᠵᠤ᠂ ᠨᠡᠩ ᠤᠯᠠᠨ ᠰᠢᠯᠢᠳᠡᠭ ᠪᠦᠲᠦᠭᠡᠯ ᠤᠳ ᠢ ᠤᠷᠠᠯᠠᠨ ᠭᠠᠷᠭᠠᠵᠤ᠂ ᠦᠨᠳᠦᠰᠦᠲᠡᠨ ᠤ ᠤᠨᠴᠠᠯᠢᠭ ᠲᠠᠢ ᠭᠠᠷ | ᠤᠷᠠᠯᠠᠯ ᠢᠶᠠᠷ ᠢᠶᠠᠨ ᠵᠠᠬ᠎ᠠ ᠳᠡᠯᠭᠡᠬᠦᠷ ᠲᠤ ᠤᠷᠤᠨ ᠵᠠᠢ ᠡᠵᠡᠯᠡᠵᠤ ᠶᠠᠪᠤᠨ᠎ᠠ᠃ |