ᠠᠴᠢᠯᠠᠯ ᠤᠨ ᠰᠡᠳᠬᠢᠯ ᠳᠤ ᠬᠤᠷᠸ᠎ᠠ ᠪᠠᠶᠠᠰᠤᠨ᠎ᠠ
ᠨᠡᠶᠢᠲᠡᠯᠡᠭᠰᠡᠨ ᠴᠠᠭ᠄
2022/4/12
                         — ᠦᠪᠦᠷ ᠮᠣᠡᠭᠡᠭᠤᠯ ᠤᠨ ᠦᠪᠡᠷᠳᠡᠭᠡᠨ ᠵᠠᠰᠠᠬᠤ ᠤᠷᠤᠨ ᠤ                          ᠶᠤᠰᠤ ᠰᠤᠷᠳᠠᠬᠤᠨ ᠤ ᠵᠢᠱᠢᠶᠡᠴᠢ ᠡᠷᠳᠡᠨᠢᠮᠥ᠋ᠩᠬᠡ ᠶᠢ ᠲᠡᠮᠳᠡᠭᠯᠡᠪᠡ            ᠡᠷᠳᠡᠨᠢᠮᠥ᠋ᠩᠬᠡ ᠪᠤᠯ ᠬᠥᠪᠡᠭᠡᠲᠦ ᠰᠢᠷ᠎ᠠ ᠬᠤᠰᠢᠭᠤᠨ ᠤ ᠪᠣᠭᠳᠠ ᠶᠢᠨ ᠭᠤᠤᠯ ᠰᠤᠮᠤᠨ ᠤ ᠬᠤᠨᠢᠴᠢᠨ ᠬᠠᠰᠢᠶᠠᠲᠤ ᠭᠠᠴᠠᠭᠠᠨ ᠤ ᠮᠠᠯᠴᠢᠨ ᠪᠤᠯᠤᠨ᠎ᠠ᠃ ᠲᠡᠷᠡᠪᠡᠷ ᠬᠠᠷᠠᠬᠠᠨ ᠪᠠᠭ᠎ᠠ ᠠᠴᠠ ᠪᠠᠨ ᠬᠤᠯᠠ ᠣᠶᠢᠷ᠎ᠠ ᠳᠤ ᠠᠯᠳᠠᠷᠰᠢᠭᠰᠠᠨ ᠠᠴᠢᠯᠠᠯᠲᠤ ᠬᠦᠦ ᠪᠠᠶᠢᠵᠦ᠂ ᠰᠤᠷᠭᠠᠭᠤᠯᠢ ᠳᠤ ᠪᠠᠶᠢᠬᠤ ᠳᠠᠭᠠᠨ ᠠᠮᠠᠷᠠᠯᠲᠠ ᠶᠢᠨ ᠬᠤᠭᠤᠴᠠᠭ᠎ᠠ ᠪᠣᠯᠤᠨ ᠭᠠᠷᠠᠭ ᠤᠨ ᠡᠳᠦᠷ ᠢ ᠠᠰᠢᠭᠯᠠᠨ ᠡᠴᠢᠭᠡ ᠡᠬᠡ ᠪᠠᠨ ᠬᠠᠪᠰᠤᠷᠤᠨ ᠠᠵᠢᠯᠯᠠᠳᠠᠭ ᠪᠠᠶᠢᠵᠠᠶ᠃ ᠡᠷᠳᠡᠨᠢᠮᠥ᠋ᠩᠬᠡ ᠤᠯᠠᠨ ᠵᠢᠯ ᠤᠨ ᠲᠤᠷᠰᠢ᠂ ᠬᠠᠳᠠᠮ ᠡᠵᠢ᠂ ᠡᠵᠢ᠂ ᠨᠠᠭᠠᠴᠤ ᠡᠮᠡᠭᠡ ᠪᠠᠨ ᠠᠴᠢᠯᠠᠵᠦ᠂ ᠡᠬᠡᠨᠡᠷ ᠪᠣᠯᠤᠨ ᠦᠷ᠎ᠡ ᠬᠡᠦᠬᠡᠳ᠂ ᠬᠦᠷᠢ ᠥᠬᠢᠨ ᠳᠡᠭᠦᠦ ᠪᠠᠨ ᠠᠰᠠᠷᠠᠨ ᠬᠠᠷᠠᠭᠠᠯᠵᠠᠵᠦ ᠂ ᠲᠤᠮᠳᠠᠳᠦ ᠶᠢᠨ ᠦᠨᠳᠦᠰᠦᠳᠡᠨ ᠤ ᠨᠠᠰᠤᠲᠠᠨ ᠢᠶᠠᠨ ᠠᠴᠢᠯᠠᠵᠤ ᠲᠦᠷᠦᠯ ᠰᠠᠳᠤᠨ᠂ ᠨᠢᠯᠬᠠᠰ ᠢᠶᠠᠨ ᠬᠠᠶᠢᠷᠠᠯᠠᠬᠤ ᠤᠯᠠᠮᠵᠢᠯᠠᠯᠲᠤ ᠰᠠᠶᠢᠬᠠᠨ ᠰᠤᠷᠲᠠᠯ ᠢ ᠢᠯᠡᠷᠡᠬᠦᠯᠵᠦ᠂ ᠬᠤᠶᠢᠴᠢ ᠦᠶ᠎ᠡ ᠳᠡᠭᠡᠨ ᠲᠠᠭᠤᠷᠢᠶᠠᠯ ᠦᠵᠡᠬᠦᠯᠵᠦ ᠶᠠᠪᠤᠨ᠎ᠠ᠃      1993 ᠣᠨ ᠳᠤ ᠡᠷᠳᠡᠨᠢᠮᠥ᠋ᠩᠬᠡ ᠶᠢᠨ ᠡᠴᠢᠭᠡ ᠨᠢ ᠭᠡᠨᠡᠳᠲᠡ ᠬᠦᠨᠳᠦ ᠡᠪᠡᠳᠴᠢᠯᠡᠭᠰᠡᠨ ᠠᠴᠠ ᠠᠷᠭ᠎ᠠ ᠪᠤᠰᠤ ᠰᠤᠷᠤᠯᠭ᠎ᠠ ᠪᠠᠨ ᠳᠣᠷᠭᠤᠨ ᠵᠣᠭᠰᠣᠵᠤ ᠬᠡᠷ ᠲᠡᠭᠡᠨ ᠬᠠᠷᠢᠵᠤ ᠡᠵᠢ ᠪᠠᠨ ᠬᠠᠪᠰᠤᠷᠤᠨ ᠮᠠᠯ ᠮᠠᠯᠵᠢᠵᠤ᠂ ᠪᠥᠬᠦ ᠬᠡᠷ ᠤᠨ ᠬᠦᠨᠳᠦ ᠡᠭᠦᠷᠭᠡ ᠶᠢ ᠡᠭᠦᠷᠭᠡᠯᠡᠭᠰᠡᠨ ᠪᠠᠶᠢᠯ᠎ᠠ᠃ 2001 ᠣᠨ ᠳᠤ ᠡᠷᠳᠡᠨᠢᠮᠥ᠋ᠩᠬᠡ ᠡᠬᠡᠨᠡᠷ ᠢᠩᠲᠣᠣᠷ ᠲᠠᠢ ᠪᠠᠨ ᠬᠤᠷᠢᠮᠯᠠᠵᠦ᠂ ᠡᠬᠡᠨᠡᠷ᠂ ᠬᠠᠳᠠᠮ ᠡᠵᠢ᠂ ᠪᠠᠭ᠎ᠠ ᠰᠤᠷᠭᠠᠭᠤᠯᠢ ᠳᠤ ᠰᠤᠷᠤᠯᠴᠠᠵᠤ ᠪᠠᠶᠢᠭᠰᠠᠨ ᠠᠷᠪᠠᠨ ᠬᠤᠶᠠᠷ ᠭᠤᠷᠪᠠᠭ᠋ᠠᠨ ᠨᠠᠰᠤᠲᠠᠢ ᠬᠦᠷᠢ ᠥᠬᠢᠨ ᠳᠡᠭᠦᠦ ᠲᠠᠢ ᠪᠠᠨ ᠴᠤᠭ ᠠᠮᠢᠳᠤᠷᠠᠯ ᠤᠨ ᠠᠶᠠᠨ ᠵᠠᠮ ᠢ ᠡᠯᠬᠦᠵᠠᠢ᠃      ᠲᠤᠬᠠᠢ ᠶᠢᠨ ᠦᠶ᠎ᠡ ᠳᠤ᠂ ᠬᠠᠳᠠᠮ ᠡᠵᠢ ᠨᠢ ᠬᠦᠨᠳᠦ ᠨᠣᠴᠢᠲᠠᠶ ᠮᠡᠳᠡᠷᠡᠯ ᠤᠨ ᠡᠪᠡᠳᠴᠢᠨ ᠲᠠᠢ ᠪᠠᠶᠢᠵᠦ᠂ ᠵᠢᠯ ᠪᠦᠷᠢ ᠶᠢᠨ ᠡᠮᠨᠡᠯᠭᠡ ᠶᠢᠨ ᠵᠠᠷᠤᠳᠠᠯ ᠨᠢ ᠭᠡᠷ ᠤᠨ ᠣᠷᠣᠯᠭ᠎ᠠ ᠶᠢᠨ ᠶᠡᠬᠡᠩᠬᠢ ᠶᠢ ᠡᠵᠡᠯᠡᠵᠦ᠂ ᠴᠠᠭ ᠢᠮᠠᠭᠲᠠ ᠬᠠᠷᠠᠭᠠᠯᠵᠠᠬᠤ ᠬᠥᠮᠦᠨ ᠭᠡᠷᠡᠭᠰᠡᠬᠦ ᠪᠠᠶᠢᠳᠠᠯ ᠲᠤᠤᠷ᠎ᠠ ᠡᠷᠳᠡᠨᠢᠮᠦ᠋ᠩᠬᠡ ᠡᠬᠡᠨᠡᠷ ᠢᠶᠠᠨ ᠲᠠᠶᠢᠳᠬᠤᠷᠠᠭᠤᠯᠵᠦ᠂ ︽ᠪᠢ ᠬᠡᠵᠢᠶᠡᠳᠡ ᠴᠢᠮ᠎ᠠ ᠳᠤ ᠬᠠᠨᠢ ᠪᠣᠯᠵᠤ ᠡᠵᠢ ᠶᠢ ᠬᠠᠷᠠᠭᠠᠯᠵᠠᠨ᠎ᠠ︾ ᠭᠡᠵᠦ ᠨᠠᠰᠤᠲᠠᠨ ᠢᠶᠠᠨ ᠠᠰᠠᠷᠠᠬᠤ ᠬᠦᠨᠳᠦ ᠡᠭᠦᠷᠭᠡ ᠶᠢ ᠡᠭᠦᠷᠭᠡᠯᠡᠵᠦ᠂ ᠲᠦᠷᠦᠭᠰᠡᠨ ᠬᠦᠦ ᠨᠢ ᠰᠢᠭ ᠬᠠᠳᠠᠮ ᠡᠵᠢ ᠪᠠᠨ ᠠᠰᠠᠷᠠᠨ᠂ ᠢᠳᠡᠵᠦ ᠤᠤᠭᠤᠬᠤ ᠤᠨᠲᠠᠵᠤ ᠬᠡᠪᠲᠡᠬᠦ ᠶᠢ ᠨᠢ ᠬᠦᠷᠳᠡᠯ᠎ᠡ ᠲᠤᠬᠢᠷᠠᠭᠤᠯᠳᠠᠭ ᠪᠠᠶᠢᠯ᠎ᠠ᠃       ︽ᠮᠠᠨ ᠤ ᠬᠤᠶᠠᠷ ᠬᠤᠷᠢᠮ ᠬᠢᠭᠡᠳ ᠬᠤᠷᠢᠨ ᠭᠡᠳᠦᠨ ᠵᠢᠯ ᠪᠤᠯᠴᠢᠬᠠᠯ᠎ᠠ︔ ᠮᠠᠨ ᠤ ᠡᠮᠧ ᠡᠪᠡᠳᠴᠢᠯᠡᠭᠡᠳ ᠲᠦᠴᠢᠨ ᠭᠡᠳᠦᠨ ᠵᠢᠯ ᠪᠤᠯᠵᠦ ᠪᠤᠢ︔ ᠡᠪᠡᠳᠴᠢᠨ ᠨᠢ ᠲᠤᠤᠷᠠᠬᠠᠨ ᠢᠶᠠᠨ ᠳᠠᠬᠢᠴᠢᠬᠠᠳᠠᠭ ᠠᠴᠠ ᠮᠠᠨ ᠤ ᠬᠤᠶᠠᠭᠤᠯᠠ ᠦᠷᠬᠦᠯᠵᠢ ᠠᠰᠠᠷᠠᠨ᠎ᠠ︔ ᠤᠨᠴᠠᠭᠠᠶᠢᠯᠠᠨ ᠬᠠᠨᠢ ᠳᠠᠭᠠᠨ ᠶᠡᠭᠡ ᠪᠠᠶᠠᠷᠯᠠᠳᠠᠭ︔ ᠮᠢᠨᠤ ᠲᠡᠭᠦᠦ ᠴᠦ ᠲᠤᠬᠠᠢ ᠶᠢᠨ ᠦᠶ᠎ᠡ ᠳᠤ ᠪᠠᠭ᠎ᠠ ᠪᠠᠶᠢᠭᠰᠠᠨ︾ ᠭᠡᠵᠤ ᠢᠩᠲᠣᠣᠷ ᠶᠠᠷᠢᠯ᠎ᠠ᠃       ᠡᠷᠳᠡᠨᠢᠮᠥ᠋ᠩᠬᠡ ᠶᠢᠨ ᠬᠦᠷᠢ ᠥᠬᠢᠨ ᠳᠡᠭᠦᠦ ᠽᠠᠨᠳᠠᠠᠭᠠᠷᠪᠤ ᠨᠢ ᠪᠠᠭ᠎ᠠ ᠰᠤᠷᠭᠠᠭᠤᠯᠢ ᠳᠤ ᠤᠷᠤᠭᠰᠠᠨ ᠠᠴᠠ ᠠᠪᠤᠭᠠᠳ ᠡᠭᠡᠴᠢ᠂ ᠬᠦᠷᠭᠡᠨ ᠠᠬ᠎ᠠ ᠶᠢᠨ ᠢᠶᠠᠨ ᠭᠠᠷ ᠲᠡᠭᠡᠷ᠎ᠡ ᠦᠰᠴᠦ᠂ ᠤᠳᠤ ᠰᠤᠷᠭᠠᠭᠤᠯᠢ ᠲᠡᠬᠦᠰᠴᠦ ᠠᠵᠢᠯ ᠤᠨ ᠪᠠᠶᠢᠷᠢ ᠳᠤ ᠭᠠᠷᠤᠭᠰᠠᠨ ᠪᠠᠶᠢᠯ᠎ᠠ᠃ ᠡᠷᠳᠡᠨᠢᠮᠥ᠋ᠩᠬᠡ ᠬᠦᠷᠢ ᠦᠬᠢᠨ ᠲᠡᠭᠦᠦ ᠪᠠᠨ ᠠᠰᠠᠷᠠᠨ ᠬᠠᠷᠠᠭᠠᠯᠵᠠᠵᠦ ᠥᠰᠬᠡᠨ ᠬᠥᠮᠦᠵᠢᠭᠦᠯᠵᠦ ᠬᠦᠮᠦᠨ ᠤ ᠵᠡᠷᠭᠡ ᠳᠤ ᠬᠦᠷᠭᠡᠭᠰᠡᠨ ᠶᠤᠮ᠃       ︽ᠮᠠᠨ ᠤ ᠡᠮᠧ ᠤᠤᠯ ᠠᠴᠠ ᠪᠠᠨ ᠪᠡᠶ᠎ᠡ ᠮᠠᠭᠤᠳᠠᠢ᠂ ᠬᠥᠯ ᠮᠠᠭᠤᠳᠠᠢ︔ ᠪᠢ ᠪᠠᠭ᠎ᠠ ᠰᠤᠷᠭᠠᠭᠤᠯᠢ ᠳᠤ ᠤᠷᠤᠭᠰᠠᠨ ᠎ ᠠᠴᠠ ᠠᠪᠤᠭᠠᠳ ᠡᠭᠡᠴᠢ᠂ ᠬᠦᠷᠭᠡᠨ ᠠᠬ᠎ᠠ ᠶᠢᠨ ᠢᠶᠠᠨ ᠭᠠᠷ ᠲᠡᠭᠡᠷ᠎ᠡ ᠦᠰᠦᠭᠰᠡᠨ︔ ᠲᠡᠷᠡ ᠬᠤᠶᠠᠭᠤᠯᠠ ᠮᠠᠨᠢ ᠨᠠᠮ᠎ᠠ ᠶᠢ ᠰᠤᠷᠭᠠᠭᠤᠯᠢ ᠰᠤᠶᠤᠯ ᠤᠨ ᠮᠦᠷ ᠬᠦᠭᠡᠭᠡᠯᠭᠡᠵᠤ ᠶᠡᠭᠡ ᠰᠤᠷᠭᠠᠭᠤᠯᠢ ᠲᠡᠭᠦᠰᠳᠡᠯ᠎ᠡ ᠰᠠᠶᠢᠬᠠᠨ ᠠᠪᠴᠦ ᠶᠠᠪᠤᠭᠰᠠᠨ︔ ᠬᠦᠷᠭᠡᠨ ᠠᠬ᠎ᠠ ᠮᠠᠨᠢ ᠤᠯᠠᠨ ᠵᠢᠯ ᠪᠡᠶ᠎ᠡ ᠮᠠᠭᠤᠳᠠᠢ ᠡᠵᠢ ᠶᠢ ᠮᠢᠨᠢ ᠭᠠᠳᠠᠭᠰᠢ ᠪᠠᠨ ᠦᠵᠡᠬᠦᠯᠬᠦ ᠪᠠᠷ ᠶᠠᠪᠤᠳᠠᠭ᠂ ᠮᠦᠨ ᠴᠤ ᠨᠠᠮ᠎ᠠ ᠶᠢ ᠶᠡᠭᠡ ᠰᠤᠷᠭᠠᠭᠤᠯᠢ ᠬᠦᠷᠳᠡᠯ᠎ᠡ ᠰᠠᠶᠢᠬᠠᠨ ᠲᠤᠳᠤᠮᠳᠠᠵᠦ ᠶᠠᠪᠤᠭᠰᠠᠨ ᠳᠤᠨᠢ ᠪᠢ ᠮᠠᠰᠢ ᠪᠠᠶᠠᠷᠯᠠᠵᠦ ᠲᠠᠯᠠᠷᠬᠠᠵᠤ ᠶᠠᠪᠤᠳᠠᠭ︾ ᠭᠡᠵᠤ ᠽᠠᠨᠳᠠᠠᠭᠠᠷᠪᠤ ᠶᠠᠷᠢᠯ᠎ᠠ᠃        ᠡᠷᠳᠡᠨᠢᠮᠦ᠋ᠩᠬᠡ ᠬᠠᠳᠠᠮ ᠡᠵᠢ ᠪᠠᠨ ᠬᠠᠷᠠᠭᠠᠯᠵᠠᠬᠤ ᠶᠢᠨ ᠬᠠᠮᠲᠤ ᠠᠷᠪᠠᠨ ᠭᠠᠵᠠᠷ ᠤᠨ ᠵᠠᠶᠢᠳᠠᠢ ᠪᠠᠶᠢᠭ᠎ᠠ ᠡᠵᠢ ᠪᠠ ᠶᠡᠷᠡᠨ ᠲᠠᠪᠤᠨ ᠨᠠᠰᠦ ᠶᠢ ᠵᠤᠭᠤᠭᠯᠠᠭᠰᠠᠨ ᠨᠠᠭᠠᠴᠤ ᠡᠮᠡᠭᠡ ᠪᠠᠨ ᠦᠷᠭᠦᠯᠵᠢ ᠤᠴᠢᠵᠦ ᠬᠠᠷᠠᠭᠠᠯᠵᠠᠳᠠᠭ᠃ ᠤᠶᠢᠷ᠎ᠠ ᠬᠠᠪᠢ ᠶᠢᠨ ᠮᠠᠯᠴᠢᠳ ᠡᠷᠳᠡᠨᠢᠮᠥ᠋ᠩᠬᠡ ᠎ ᠶᠢ ︽ᠪᠡᠶ᠎ᠡ ᠪᠠᠨ ᠰᠠᠯᠭᠠᠬᠤ ᠤᠪᠠᠳᠢᠰ ᠲᠠᠢ ᠠᠴᠢᠯᠠᠯᠲᠤ ᠬᠦᠦ︾ ᠭᠡᠵᠦ ᠶᠠᠷᠢᠵᠠᠭᠠᠳᠠᠭ᠃        ᠡᠷᠳᠡᠨᠢᠮᠥ᠋ᠩᠬᠡ ᠠᠵᠢᠯᠴᠢ ᠬᠥᠳᠡᠯᠮᠦᠷᠢᠴᠢ᠂ ᠴᠠᠶᠢᠯᠭᠠᠨ ᠴᠠᠭᠠᠪᠤᠷ᠂ ᠡᠷᠬᠢᠮ ᠨᠠᠨᠳᠢᠨ ᠬᠠᠶᠢᠷ᠎ᠠ ᠪᠠᠷ ᠢᠶᠠᠨ ᠡᠨᠡᠬᠦ ᠬᠡᠷ ᠪᠦᠯᠢ ᠶᠢ ᠠᠪᠴᠦ ᠶᠠᠪᠤᠨ᠎ᠠ᠃ ᠵᠡᠷᠭᠡᠯᠡᠳᠡᠭᠡ ᠠᠶᠢᠯ ᠤᠨ ᠬᠢᠨ ᠳᠤ ᠲᠡᠷᠡ ᠪᠣᠯ ᠨᠢᠭᠡᠨ ᠡᠶᠡᠯᠳᠡᠭ ᠳᠣᠲᠣᠨᠣ ᠰᠠᠶᠢᠨ ᠬᠥᠷᠰᠢ᠂ ᠨᠠᠰᠤᠲᠠᠨ ᠤ ᠰᠡᠳᠬᠢᠯ ᠳᠤ ᠲᠡᠷᠡ ᠪᠣᠯ ᠨᠢᠭᠡᠨ ᠠᠴᠢᠯᠠᠯ ᠲᠠᠢ ᠰᠠᠶᠢᠨ ᠬᠦᠦ᠂ ᠡᠬᠡᠨᠡᠷ ᠤᠨ ᠢᠶᠠᠨ ᠰᠡᠳᠬᠢᠯ ᠳᠤ ᠲᠡᠷᠡ ᠪᠣᠯ ᠨᠢᠭᠡᠨ ᠳᠣᠲᠣᠨᠣ ᠰᠠᠶᠢᠨ ᠬᠠᠨᠢ᠂ ᠬᠤᠶᠠᠷ ᠬᠡᠦᠬᠡᠳ ᠲᠤ ᠪᠠᠨ ᠲᠡᠷᠡ ᠪᠣᠯ ᠨᠢᠭᠡᠨ ᠡᠨᠡᠷᠢᠩᠭᠦᠶ ᠰᠠᠶᠢᠨ ᠠᠪᠤ ᠬᠦᠮᠦᠨ᠃ ᠲᠡᠷᠡᠪᠡᠷ ᠨᠠᠰᠤᠲᠠᠨ ᠢᠶᠠᠨ ᠠᠰᠠᠷᠠᠨ ᠨᠢᠯᠬᠠᠰ ᠢᠶᠠᠨ ᠬᠠᠶᠢᠷᠠᠯᠠᠬᠤ ᠶᠢ ᠡᠭᠦᠷᠭᠡ ᠬᠠᠷᠢᠭᠤᠴᠠᠯᠭ᠎ᠠ ᠪᠤᠯᠭᠠᠨ᠂ ᠥᠪᠡᠷ ᠎ ᠤᠨ ᠪᠣᠳᠠᠲᠤ ᠠᠵᠢᠯᠯᠠᠭ᠎ᠠ ᠪᠠᠷ ᠢᠶᠠᠨ᠂ ᠦᠨᠡᠨ ᠬᠠᠶᠢᠷ᠎ᠠ ᠪᠠᠷ ᠢᠶᠠᠨ ᠬᠠᠯᠠᠭᠤᠨ ᠳᠤᠯᠠᠭᠠᠨ ᠡᠶ᠎ᠡ ᠵᠣᠬᠢᠴᠠᠩᠭᠤᠢ ᠭᠡᠷ ᠪᠦᠯᠢ ᠶᠢ ᠪᠠᠶᠢᠭᠤᠯᠵᠦ᠂ ᠠᠴᠢᠯᠠᠯ ᠬᠠᠶᠢᠷ᠎ᠠ ᠶᠢᠨ ᠦᠯᠢᠭᠡᠷ ᠨᠢ ᠠᠮᠠ ᠳᠠᠮᠵᠢᠨ ᠶᠠᠷᠢᠭᠳᠠᠨ᠎ᠠ᠃ ᠡᠷᠳᠡᠨᠢᠮᠥ᠋ᠩᠬᠡ 2019 ᠤᠨ ᠳᠤ᠂ ᠲᠠᠪᠤᠳᠤᠭᠠᠷ ᠬᠤᠭᠤᠴᠠᠭᠠᠨ ᠤ ᠪᠦᠬᠦ ᠠᠶᠢᠮᠠᠭ ᠤᠨ ᠶᠤᠰᠤ ᠰᠤᠷᠳᠠᠬᠤᠨ ᠤ ᠵᠢᠱᠢᠶᠡᠴᠢ ᠪᠠᠷ ᠦᠨᠡᠯᠡᠭᠳᠡᠵᠦ᠂ 2020 ᠤᠨ ᠳᠤ᠂ ᠦᠪᠦᠷ ᠮᠣᠡᠭᠡᠭᠤᠯ ᠤᠨ ᠦᠪᠡᠷᠳᠡᠭᠡᠨ ᠵᠠᠰᠠᠬᠤ ᠤᠷᠤᠨ ᠤ ᠶᠤᠰᠤ ᠰᠤᠷᠳᠠᠬᠤᠨ ᠤ ᠵᠢᠱᠢᠶᠡᠴᠢ ᠶᠢᠨ ᠢᠷᠠᠭᠤ ᠠᠯᠳᠠᠷ ᠢᠶᠠᠷ ᠡᠩᠭᠡᠷ ᠢᠶᠠᠨ ᠮᠢᠯᠢᠶᠠᠯᠭᠠᠯᠠᠭᠰᠠᠨ ᠶᠤᠮ᠃       ︽ᠤᠷᠤᠨ ᠤ ᠶᠤᠰᠤ ᠰᠤᠷᠳᠠᠬᠤᠨ ᠤ ᠵᠢᠱᠢᠶᠡᠴᠢ ᠪᠠᠷ ᠰᠤᠩᠭᠤᠭᠳᠠᠭᠰᠠᠨ ᠳᠠᠭᠠᠨ ᠪᠠᠶᠠᠷᠯᠠᠵᠦ ᠶᠠᠪᠤᠳᠠᠭ︔ ᠨᠠᠰᠤᠳᠠᠨ ᠢᠶᠠᠨ ᠬᠦᠨᠳᠦᠯᠡᠵᠦ ᠨᠢᠯᠬᠠᠰ ᠢᠶᠠᠨ ᠬᠠᠶᠢᠷᠠᠯᠠᠬᠤ ᠪᠤᠯ ᠲᠤᠮᠳᠠᠳᠦ ᠶᠢᠨ ᠦᠨᠳᠦᠰᠦᠳᠡᠨ ᠤ ᠤᠯᠠᠮᠵᠢᠯᠠᠯᠳᠦ ᠰᠠᠶᠢᠬᠠᠨ ᠰᠤᠷᠳᠠᠯ᠂ ᠪᠢ ᠡᠨᠡᠬᠦ ᠵᠠᠩ ᠰᠤᠷᠳᠠᠯ ᠢᠶᠠᠨ ᠦᠷᠬᠦᠯᠵᠢᠯᠡᠨ ᠪᠠᠳᠠᠷᠠᠭᠤᠯᠵᠦ ᠨᠡᠩ ᠤᠯᠠᠨ ᠵᠠᠯᠠᠭᠤ ᠲᠡᠭᠦᠦᠨᠡᠷ ᠲᠡᠭᠡᠨ ᠵᠢᠱᠢᠶᠡᠴᠢ ᠲᠠᠭᠤᠷᠢᠶᠠᠯ ᠪᠤᠯᠵᠦ ᠶᠠᠪᠤᠨ᠎ᠠ︾ ᠭᠡᠵᠤ  ᠡᠷᠳᠡᠨᠢᠮᠥ᠋ᠩᠬᠡ ᠶᠠᠷᠢᠯ᠎ᠠ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号