ᠬᠦᠪᠡᠭᠡᠲᠦ ᠰᠢᠷ᠎ᠠ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠥᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠬᠡᠯᠲᠡᠰ ᠤᠨ ᠪᠦᠬᠦ ᠬᠤᠰᠢᠭᠤᠨ ᠤ 60 ᠨᠠᠰᠤᠨ ᠠᠴᠠ ᠲᠡᠭᠡᠭᠰᠢᠬᠢ ᠨᠠᠰᠤᠳᠠᠶᠢᠴᠤᠳ ᠲᠤ ᠰᠢᠨ᠎ᠡ ᠲᠢᠳᠢᠮᠯᠢᠭ ᠠᠭᠤᠰᠬᠢᠨ ᠥᠷᠪᠢᠰᠦᠯ ᠤᠨ ᠸᠠᠺᠼᠢᠨ ᠤ ᠲᠠᠷᠢᠯᠭ᠎ᠠ ᠬᠢᠬᠦ ᠲᠤᠬᠠᠢ ᠮᠡᠳᠡᠭᠳᠡᠬᠦ ᠪᠢᠴᠢᠭ
ᠨᠡᠶᠢᠲᠡᠯᠡᠭᠰᠡᠨ ᠴᠠᠭ᠄
2022/5/20
ᠦᠷᠭᠡᠨ ᠣᠯᠠᠨ ᠨᠠᠰᠤᠳᠠᠶᠢᠴᠤᠳ ᠲᠤ᠄       ᠤᠳᠤᠬᠠᠨ ᠳᠤ᠂ ᠪᠦᠬᠦ ᠤᠯᠤᠰ ᠤᠨ ᠲᠤᠬᠠᠢ ᠶᠢᠨ ᠭᠠᠵᠠᠷ ᠤᠨ ᠤᠨᠤᠰᠢᠯᠠᠭᠳᠠᠭᠰᠠᠨ ᠡᠪᠡᠳᠴᠢᠨ ᠤ ᠵᠢᠱᠢᠶ᠎ᠡ ᠪᠠ ᠢᠯᠡᠷᠡᠯ ᠦᠭᠡᠢ ᠬᠠᠯᠳᠠᠪᠦᠷᠢᠯᠠᠭᠰᠠᠳ ᠤᠨ ᠲᠤᠭ᠎ᠠ ᠦᠳᠳᠦᠷ ᠲᠦᠷᠭᠡᠨ ᠨᠡᠮᠡᠭᠳᠡᠵᠦ᠂ ᠬᠡᠰᠡᠭ ᠭᠠᠵᠠᠷ ᠣᠷᠤᠨ ᠳᠤ ᠨᠡᠶᠢᠭᠡᠮ ᠲᠣᠭᠤᠷᠢᠭ ᠤᠨ ᠬᠠᠯᠳᠠᠪᠦᠷᠢᠯᠠᠯ ᠨᠡᠯᠢᠶᠡᠳ ᠴᠢᠩᠭᠠᠷᠠᠨ᠂ ᠬᠢᠵᠢᠭ ᠤᠨ ᠪᠠᠶᠢᠳᠠᠯ ᠮᠦᠨ ᠯᠠ ᠬᠦᠨᠳᠦ ᠬᠡᠴᠡᠭᠦᠦ ᠪᠠᠶᠢᠳᠠᠯ ᠲᠠᠢ ᠪᠠᠶᠢᠨ᠎ᠠ᠃       ᠣᠷᠴᠢᠮ ᠤᠨ ᠤᠯᠤᠰ ᠤᠨ ᠳᠤᠳᠤᠭᠠᠳᠤ ᠶᠢᠨ ᠬᠢᠵᠢᠭ ᠡᠬᠦᠰᠦᠭᠰᠡᠨ ᠭᠠᠵᠠᠷ ᠣᠷᠤᠨ ᠤ ᠨᠡᠶᠢᠲᠡᠯᠡᠭᠰᠡᠨ ᠰᠢᠨ᠎ᠡ ᠲᠢᠳᠢᠮᠯᠢᠭ ᠠᠭᠤᠰᠬᠢᠨ ᠥᠷᠪᠢᠰᠦᠯ ᠤᠨ ᠡᠪᠡᠳᠴᠢᠨ ᠤ ᠵᠢᠱᠢᠶ᠎ᠡ ᠶᠢᠨ ᠨᠠᠰᠤ ᠨᠦᠭᠴᠢᠭᠰᠡᠨ ᠪᠠᠶᠢᠳᠠᠯ ᠵᠢᠴᠢ ᠡᠯ᠎ᠡ ᠬᠢᠵᠢᠭ ᠤᠨ ᠬᠢᠨᠠᠨ ᠬᠡᠮᠵᠢᠯᠲᠡ ᠶᠢᠨ ᠪᠠᠶᠢᠳᠠᠯ ᠢ ᠵᠠᠳᠠᠯᠪᠠᠯ᠂ 60 ᠨᠠᠰᠤᠨ ᠠᠴᠠ ᠲᠡᠭᠡᠭᠰᠢᠬᠢ ᠨᠠᠰᠤᠳᠠᠶᠢᠴᠤᠳ  ᠨᠢ ᠰᠢᠨ᠎ᠡ ᠲᠢᠳᠢᠮᠯᠢᠭ ᠠᠭᠤᠰᠬᠢᠨ ᠥᠷᠪᠢᠰᠦᠯ ᠤᠨ ᠸᠢᠷᠦ᠋ᠰ ᠬᠠᠯᠳᠠᠪᠦᠷᠢᠯᠠᠭᠰᠠᠨ ᠠᠴᠠ ᠪᠣᠯᠵᠤ ᠬᠦᠨᠳᠦ ᠡᠪᠡᠳᠴᠢᠨ  ᠳᠤ ᠨᠡᠷᠪᠡᠭᠳᠡᠬᠦ ᠪᠠ ᠡᠪᠡᠳᠴᠢᠨ ᠢᠶᠠᠷ ᠨᠠᠰᠤ ᠨᠦᠭᠴᠢᠵᠤ ᠪᠠᠶᠢᠭ᠎ᠠ ᠭᠤᠣᠯ ᠲᠦᠭᠰᠢᠬᠦᠷᠢᠲᠦ ᠡᠳᠡᠭᠡᠳ ᠪᠠᠶᠢᠵᠤ᠂ ᠨᠠᠰᠤᠳᠠᠶᠢᠴᠤᠳ ᠤᠨ ᠡᠪᠡᠳᠴᠢᠨ ᠢ ᠡᠰᠡᠷᠭᠦᠴᠡᠬᠦ ᠴᠢᠳᠠᠪᠦᠷᠢ ᠲᠤᠷᠤᠢ᠂ ᠠᠷᠬᠠᠭ ᠡᠪᠡᠳᠴᠢᠨ ᠣᠯᠠᠨ ᠠᠴᠠ ᠪᠣᠯᠵᠤ᠂ ᠸᠢᠷᠦ᠋ᠰ ᠬᠠᠯᠳᠠᠪᠦᠷᠢᠯᠠᠭᠰᠠᠨ ᠤ ᠲᠠᠷᠠᠭ᠎ᠠ ᠬᠦᠨᠳᠦ ᠡᠪᠡᠳᠴᠢᠯᠡᠬᠦ ᠨᠤᠷᠮ᠎ᠠ ᠪᠠ ᠨᠠᠰᠤ ᠨᠥᠭᠴᠢᠬᠦ ᠨᠤᠷᠮ᠎ᠠ ᠨᠢ ᠵᠠᠯᠠᠭᠤ ᠬᠦᠮᠦᠰ ᠠᠴᠠ ᠬᠤᠯᠠ ᠥᠨᠳᠦᠷ ᠪᠠᠶᠢᠳᠠᠭ᠂ ᠢᠯᠠᠩᠭᠤᠶ᠎ᠠ ᠴᠢᠰᠤᠨ ᠲᠠᠷᠤᠯᠲᠠ ᠥᠨᠳᠦᠷ᠂ ᠰᠢᠬᠢᠷ ᠰᠢᠵᠢᠩ ᠡᠪᠡᠳᠴᠢᠨ ᠵᠡᠷᠭᠡ ᠤᠳᠠᠭᠠᠨ ᠴᠢᠨᠠᠷᠲᠠᠢ ᠡᠪᠡᠳᠴᠢᠨ ᠲᠠᠢ ᠨᠠᠰᠤᠳᠠᠶᠢᠴᠤᠳ ᠤᠨ ᠬᠠᠯᠳᠠᠪᠦᠷᠢᠯᠠᠬᠤ ᠲᠦᠭᠰᠢᠬᠦᠷᠢ ᠬᠠᠷᠢᠴᠠᠩᠭᠤᠢ ᠶᠡᠭᠡ ᠪᠠᠶᠢᠨ᠎ᠠ᠃      ᠰᠢᠨ᠎ᠡ ᠲᠢᠳᠢᠮᠯᠢᠭ ᠠᠭᠤᠰᠬᠢᠨ ᠥᠷᠪᠢᠰᠦᠯ ᠤᠨ ᠸᠢᠷᠦ᠋ᠰ ᠤᠨ ᠸᠠᠺᠼᠢᠨ ᠤ ᠲᠠᠷᠢᠯᠭ᠎ᠠ ᠶᠢ ᠬᠢᠬᠦ ᠪᠤᠯ ᠰᠢᠨ᠎ᠡ ᠲᠢᠳᠢᠮᠯᠢᠭ ᠠᠭᠤᠰᠬᠢᠨ ᠥᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠤᠭ ᠤᠨ ᠪᠦᠳᠦᠮᠵᠢᠲᠡᠢ ᠪᠦᠭᠡᠳ ᠠᠮᠤᠷ ᠲᠥᠪᠰᠢᠨ ᠠᠷᠭ᠎ᠠ ᠬᠡᠮᠵᠢᠶ᠎ᠡ ᠪᠤᠯᠤᠨ᠎ᠠ᠃ ᠬᠡᠳᠦᠶᠢᠪᠡᠷ ᠨᠠᠰᠤᠳᠠᠶᠢᠴᠤᠳ ᠤᠨ ᠬᠦᠳᠡᠯᠭᠡᠭᠡᠨ ᠤ ᠣᠷᠤᠨ ᠵᠠᠢ ᠪᠠᠭ᠎ᠠ ᠪᠤᠯᠪᠠᠴᠤ᠂ ᠭᠡᠷ ᠤᠨ ᠬᠦᠮᠦᠰ ᠤᠨ ᠭᠠᠳᠠᠭᠠᠳᠤ ᠣᠷᠴᠢᠨ ᠲᠠᠢ ᠬᠦᠷᠦᠯᠴᠡᠬᠦ ᠪᠠᠷ ᠲᠠᠮᠵᠢᠨ᠂ ᠬᠡᠷ ᠪᠦᠯᠢ  ᠠᠴᠠ ᠬᠠᠯᠳᠠᠪᠦᠷᠢᠯᠠᠬᠤ ᠠᠶᠤᠯ ᠲᠦᠭᠰᠢᠬᠦᠷᠢ ᠤᠷᠤᠰᠢᠵᠤ ᠪᠠᠶᠢᠳᠠᠭ ᠤᠴᠢᠷ ᠠᠴᠠ ᠨᠠᠰᠤᠳᠠᠶᠢᠴᠤᠳ ᠨᠢ ᠸᠠᠺᠼᠢᠨ ᠤ ᠲᠠᠷᠢᠯᠭ᠎ᠠ ᠶᠢ ᠬᠢᠬᠦ ᠮᠠᠰᠢ ᠴᠢᠬᠤᠯᠠᠲᠠᠢ᠂ ᠢᠯᠠᠩᠭᠤᠶ᠎ᠠ 60 ᠨᠠᠰᠤᠨ ᠠᠴᠠ ᠲᠡᠭᠡᠭᠰᠢᠬᠢ ᠨᠠᠰᠤᠳᠠᠶᠢᠴᠤᠳ ᠤᠨ ᠠᠷᠬᠠᠭ ᠡᠪᠡᠳᠴᠢᠨ ᠣᠯᠠᠨ᠂ ᠸᠠᠺᠼᠢᠨ ᠤ ᠲᠠᠷᠢᠯᠭ᠎ᠠ ᠶᠢ ᠴᠠᠭ ᠲᠤᠬᠠᠢ ᠳᠤᠨᠢ ᠬᠢᠬᠦ ᠨᠢ ᠬᠢᠵᠢᠭ ᠬᠠᠯᠳᠠᠪᠦᠷᠢᠯᠠᠭᠰᠠᠨ ᠤ ᠲᠠᠷᠠᠭ᠎ᠠ ᠬᠦᠨᠳᠦ ᠡᠪᠡᠳᠴᠢᠨ ᠳᠤ ᠨᠡᠷᠪᠡᠭᠳᠡᠬᠦ ᠨᠤᠷᠮ᠎ᠠ ᠪᠠ ᠡᠪᠡᠳᠴᠢᠨ ᠢᠶᠠᠷ ᠨᠠᠰᠤ ᠨᠦᠭᠴᠢᠬᠦ ᠨᠤᠷᠮ᠎ᠠ ᠶᠢ ᠪᠦᠳᠦᠮᠵᠢᠳᠡᠢ ᠪᠠᠭᠠᠰᠬᠠᠨ᠂ ᠪᠡᠶ᠎ᠡ ᠶᠢᠨ ᠡᠷᠡᠬᠦᠯ ᠮᠡᠨᠳᠦ ᠪᠠ ᠠᠮᠢ ᠨᠠᠰᠤᠨ ᠤ ᠠᠮᠤᠷ ᠲᠥᠪᠰᠢᠨ ᠢ ᠦᠨᠡᠨᠬᠦ ᠪᠠᠲᠤᠯᠠᠵᠤ ᠲᠡᠶᠢᠯᠦᠨ᠎ᠡ᠃ᠮᠠᠨ ᠤ ᠤᠯᠤᠰ ᠤᠨ ᠤᠳᠤᠬᠠᠨ ᠤ ᠬᠡᠷᠡᠭᠯᠡᠵᠦ ᠪᠠᠶᠢᠭ᠎ᠠ ᠰᠢᠨ᠎ᠡ ᠲᠢᠳᠢᠮᠯᠢᠭ ᠠᠭᠤᠰᠬᠢᠨ ᠥᠷᠪᠢᠰᠦᠯ ᠤᠨ ᠸᠢᠷᠦ᠋ᠰ  ᠤᠨ ᠸᠠᠺᠼᠢᠨ ᠤ ᠲᠠᠷᠢᠯᠭ᠎ᠠ ᠨᠢ ᠬᠠᠮᠢᠶ᠎ᠠ ᠪᠦᠬᠦᠢ ᠬᠢᠨᠠᠨ ᠵᠥᠪᠰᠢᠶᠡᠷᠡᠯ ᠤᠨ ᠱᠠᠭᠠᠷᠳᠠᠯᠭ᠎ᠠ ᠶᠤᠰᠤᠭᠠᠷ᠂ ᠬᠡᠷᠡᠭᠯᠡᠬᠦ  ᠠᠴᠠ ᠡᠮᠦᠨ᠎ᠡ ᠨᠠᠰᠤᠳᠠᠶᠢᠴᠤᠳ ᠢ ᠪᠠᠭᠲᠠᠭᠠᠭᠰᠠᠨ ᠣᠯᠠᠨ ᠬᠦᠮᠦᠰ ᠲᠤ ᠲᠤᠷᠰᠢᠨ ᠬᠡᠷᠡᠭᠯᠡᠵᠦ᠂ ᠢᠯᠡᠷᠭᠡᠢ ᠦᠷ᠎ᠡ ᠪᠦᠳᠦᠮᠵᠢ ᠣᠯᠵᠤ᠂ ᠸᠠᠺᠼᠢᠨ ᠤ ᠲᠠᠷᠢᠯᠭ᠎ᠠ ᠶᠢᠨ ᠠᠮᠤᠷ ᠲᠥᠪᠰᠢᠨ ᠴᠢᠨᠠᠷ ᠢ ᠬᠦᠢᠴᠡᠳ ᠪᠠᠳᠤᠯᠠᠵᠤ ᠴᠢᠳᠠᠪᠠ᠃ ᠮᠠᠨ ᠤ ᠤᠯᠤᠰ ᠤᠨ ᠰᠢᠨ᠎ᠡ ᠲᠢᠳᠢᠮᠯᠢᠭ ᠠᠭᠤᠰᠬᠢᠨ ᠥᠷᠪᠢᠰᠦᠯ ᠤᠨ ᠸᠠᠺᠼᠢᠨ ᠤ ᠲᠠᠷᠢᠯᠭ᠎ᠠ ᠶᠢ ᠬᠢᠭᠰᠡᠨ ᠬᠦᠮᠦᠰ  ᠤᠨ ᠬᠠᠮᠤᠭ ᠤᠨ ᠦᠨᠳᠦᠷ ᠨᠢ 106 ᠨᠠᠰᠤᠳᠠᠢ ᠪᠠᠶᠢᠵᠤ᠂ ᠨᠠᠰᠤᠳᠠᠶᠢᠴᠤᠳ ᠲᠤ ᠸᠠᠺᠼᠢᠨ ᠤ ᠲᠠᠷᠢᠯᠭ᠎ᠠ ᠶᠢ ᠬᠢᠬᠦ ᠶᠠᠪᠤᠴᠠ ᠳᠤ ᠨᠡᠯᠢᠶᠡᠳ ᠰᠠᠶᠢᠨ ᠦᠷ᠎ᠡ ᠪᠦᠳᠦᠮᠵᠢ ᠶᠢ ᠣᠯᠵᠤ᠂ ᠨᠠᠰᠤᠳᠠᠶᠢᠴᠤᠳ ᠤᠨ ᠲᠠᠷᠢᠯᠭ᠎ᠠ ᠬᠢᠭᠰᠡᠨ ᠤ ᠲᠠᠷᠠᠭᠠᠬᠢ ᠬᠡᠪ ᠤᠨ ᠪᠤᠰᠤ ᠢᠯᠡᠷᠡᠯ ᠭᠠᠷᠬᠤ ᠪᠠᠶᠢᠳᠠᠯ ᠨᠢ ᠵᠠᠯᠠᠭᠤᠴᠤᠳ ᠠᠴᠠ ᠲᠤᠤᠷ᠎ᠠ ᠪᠠᠶᠢᠪᠠ᠃ ᠣᠷᠴᠢᠮ ᠤᠨ ᠡᠳᠦᠷ᠂ ᠮᠠᠨ ᠤ ᠬᠤᠰᠢᠭᠤᠨ ᠤ 60 ᠨᠠᠰᠤᠨ ᠠᠴᠠ ᠳᠡᠭᠡᠭᠰᠢᠬᠢ ᠨᠠᠰᠤᠳᠠᠶᠢᠴᠤᠳ ᠨᠢ ᠢᠳᠡᠪᠬᠢᠳᠡᠢ ᠪᠠᠷ ᠰᠢᠨ᠎ᠡ ᠲᠢᠳᠢᠮᠯᠢᠭ ᠠᠭᠤᠰᠬᠢᠨ ᠥᠷᠪᠢᠰᠦᠯ ᠤᠨ ᠸᠠᠺᠽᠢᠨ ᠤ ᠲᠠᠷᠢᠯᠭ᠎ᠠ ᠶᠢ ᠬᠢᠯᠭᠡᠵᠦ᠂ 80 ᠨᠠᠰᠤᠨ ᠠᠴᠠ ᠲᠡᠭᠡᠭᠰᠢᠬᠢ ᠨᠠᠰᠤᠳᠠᠶᠢᠴᠤᠳ ᠲᠠᠷᠢᠯᠭ᠎ᠠ ᠬᠢᠯᠭᠡᠭᠰᠡᠨ ᠤ ᠲᠠᠷᠠᠭ᠎ᠠ ᠴᠥᠮ ᠬᠡᠪ ᠤᠨ ᠪᠤᠰᠤ ᠢᠯᠡᠷᠡᠯ ᠭᠠᠷᠤᠭᠰᠠᠨ ᠦᠭᠡᠢ᠃        ᠦᠷᠭᠡᠨ ᠣᠯᠠᠨ ᠨᠠᠰᠤᠳᠠᠶᠢᠴᠤᠳ ᠡ᠂ ᠰᠢᠨ᠎ᠡ ᠲᠢᠳᠢᠮᠯᠢᠭ ᠠᠭᠤᠰᠬᠢᠨ ᠥᠷᠪᠢᠰᠦᠯ ᠤᠨ ᠸᠢᠷᠦ᠋ᠰ ᠤᠨ ᠸᠠᠺᠼᠢᠨ ᠤ ᠲᠠᠷᠢᠯᠭ᠎ᠠ ᠶᠢ ᠬᠢᠬᠦ ᠪᠣᠯ ᠠᠷᠠᠳ ᠢᠷᠭᠡᠳ ᠨᠢᠭᠡᠪᠦᠷᠢ ᠶᠢᠨ ᠦᠨᠳᠦᠰᠦᠨ ᠡᠷᠭᠡ ᠪᠦᠭᠡᠳ ᠡᠷᠬᠡᠪᠰᠢ ᠬᠦᠢᠴᠡᠳᠭᠡᠪᠡᠰᠦ ᠵᠤᠬᠢᠬᠤ ᠦᠨᠳᠦᠰᠦᠨ ᠡᠬᠦᠷᠭᠡ ᠪᠤᠯᠤᠨ᠎ᠠ᠃ ᠦᠷᠭᠡᠨ ᠣᠯᠠᠨ ᠨᠠᠰᠤᠳᠠᠶᠢᠴᠤᠳ ᠴᠠᠭ ᠲᠤᠬᠠᠢ ᠳᠤᠨᠢ ᠸᠠᠺᠽᠢᠨ ᠤ ᠲᠠᠷᠢᠯᠭ᠎ᠠ ᠬᠢᠬᠦ‍ ᠴᠢᠭ ᠲᠤ ᠬᠦᠷᠴᠦ᠂ ᠸᠠᠺᠽᠢᠨ ᠤ ᠲᠠᠷᠢᠯᠭ᠎ᠠ ᠪᠠᠨ ᠢᠳᠡᠪᠬᠢᠳᠡᠢ ᠬᠢᠯᠭᠡᠵᠦ ︵ᠬᠡᠷᠪᠡ ᠴᠢᠬᠤᠯᠠ ᠲᠠᠢ ᠪᠣᠯ ᠭᠡᠷ ᠲᠤᠨᠢ ᠬᠦᠷᠴᠦ ᠲᠠᠷᠢᠯᠭ᠎ᠠ ᠬᠢᠬᠦ ᠦᠢᠯᠡᠴᠢᠯᠡᠭᠡ ᠬᠠᠩᠭᠠᠨ᠎ᠠ︶᠂ ᠥᠪᠡᠷ ᠤᠨ ᠪᠡᠶ᠎ᠡ ᠪᠠ ᠭᠡᠷ  ᠤᠨ ᠬᠦᠮᠦᠰ ᠤᠨ ᠢᠶᠠᠨ ᠡᠷᠡᠬᠦᠯ ᠮᠡᠨᠳᠦ ᠳᠤ ᠨᠡᠩ ᠰᠠᠶᠢᠨ ᠪᠠᠲᠤᠯᠠᠭ᠎ᠠ ᠬᠠᠩᠭᠠᠬᠤ ᠶᠢ ᠤᠷᠢᠶᠠᠯᠠᠵᠤ ᠪᠠᠶᠢᠨ᠎ᠠ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号