ᠰᠢᠨ᠎ᠡ ᠲᠢᠳᠢᠮᠯᠢᠭ ᠠᠭᠤᠰᠬᠢᠨ ᠥᠷᠪᠢᠰᠦᠯ ᠢ ᠰᠡᠷᠭᠡᠶᠢᠯᠡᠬᠦ ᠸᠠᠺᠼᠢᠨ ᠤ ᠲᠠᠷᠢᠯᠭ᠎ᠠ ᠬᠢᠬᠦ ᠲᠤᠬᠠᠢ ᠮᠡᠳᠡᠭᠳᠡᠬᠦ ᠪᠢᠴᠢᠭ
ᠨᠡᠶᠢᠲᠡᠯᠡᠭᠰᠡᠨ ᠴᠠᠭ᠄
2022/6/7
ᠦᠷᠭᠡᠨ ᠣᠯᠠᠨ ᠰᠠᠭᠤᠭᠠᠯᠢ ᠠᠷᠠᠳ ᠲᠤ᠄        ᠤᠳᠤᠬᠠᠨ ᠳᠤ᠂ ᠤᠯᠤᠰ ᠤᠨ ᠲᠤᠳᠤᠭᠠᠳᠤ ᠭᠠᠳᠠᠭᠠᠳᠤ ᠶᠢᠨ ᠬᠢᠵᠢᠭ ᠤᠨ ᠪᠠᠶᠢᠳᠠᠯ ᠮᠦᠨ ᠯᠡ ᠬᠡᠴᠡᠬᠦᠦ ᠪᠤᠳᠤᠯᠢᠶᠠᠨᠲᠠᠢ ᠪᠠᠶᠢᠵᠤ᠂ ᠮᠠᠨ ᠤ ᠣᠷᠤᠨ ᠤ ᠬᠦᠬᠡᠬᠤᠲᠠ᠂ ᠡᠷᠢᠶᠡᠨ ᠬᠤᠲᠠ᠂ ᠣᠯᠠᠭᠠᠨᠴᠠᠪ ᠠᠶᠢᠮᠠᠭ ᠤᠨ ᠰᠢᠩ ᠡᠾᠧ ᠰᠢᠶᠠᠨ ᠳᠤ ᠵᠠᠯᠭᠠᠪᠡᠷ ᠤᠨᠤᠰᠢᠯᠠᠭᠳᠠᠭᠰᠠᠨ ᠡᠪᠡᠳᠴᠢᠨ ᠤ ᠵᠢᠱᠢᠶ᠎ᠡ ᠢᠯᠡᠷᠡᠪᠡ᠃ ᠰᠢᠨ᠎ᠡ ᠲᠢᠳᠢᠮᠯᠢᠭ ᠠᠭᠤᠰᠬᠢᠨ ᠥᠷᠪᠢᠰᠦᠯ ᠢ ᠰᠡᠷᠭᠡᠶᠢᠯᠡᠬᠦ ᠸᠠᠺᠼᠢᠨ ᠤ ᠲᠠᠷᠢᠯᠭ᠎ᠠ ᠨᠢ ᠰᠢᠨ᠎ᠡ ᠲᠢᠳᠢᠮᠯᠢᠭ ᠸᠢᠷᠦ᠋ᠰ ᠠᠴᠠ ᠰᠡᠷᠭᠡᠶᠢᠯᠡᠬᠦ ᠬᠠᠮᠤᠭ ᠤᠨ ᠪᠦᠳᠦᠮᠵᠢᠳᠡᠢ ᠠᠷᠭ᠎ᠠ ᠪᠤᠳᠣᠯᠭ᠎ᠠ ᠪᠠᠶᠢᠵᠤ᠂ ᠬᠢᠵᠢᠭ ᠠᠴᠠ ᠪᠤᠯᠵᠤ ᠬᠦᠨᠳᠦ ᠡᠪᠡᠳᠴᠢᠯᠡᠬᠦ ᠪᠠ ᠨᠠᠰᠤ ᠪᠠᠷᠠᠬᠤ ᠨᠤᠷᠮ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ ᠲᠡᠶᠢᠯᠦᠨ᠎ᠡ ᠭᠡᠳᠡᠭ ᠢ ᠲᠤᠷᠰᠢᠯᠠᠭ᠎ᠠ ᠬᠡᠷᠡᠴᠢᠯᠡᠪᠡ᠃        ᠨᠢᠭᠡ᠂ ᠣᠯᠠᠨ ᠢᠶᠠᠷ ᠢᠶᠠᠨ ᠬᠦᠳᠡᠯᠦᠯᠴᠡᠨ᠂ ᠸᠠᠺᠼᠢᠨ ᠤ ᠲᠠᠷᠢᠯᠭ᠎ᠠ ᠪᠠᠨ ᠢᠳᠡᠪᠬᠢᠳᠡᠢ ᠬᠢᠴᠢᠬᠡᠶ᠎ᠡ᠃ ᠰᠢᠨ᠎ᠡ ᠲᠢᠳᠢᠮᠯᠢᠭ ᠠᠭᠤᠰᠬᠢᠨ ᠥᠷᠪᠢᠰᠦᠯ ᠢ ᠰᠡᠷᠭᠡᠶᠢᠯᠡᠬᠦ ᠸᠠᠺᠼᠢᠨ ᠤ ᠲᠠᠷᠢᠯᠭ᠎ᠠ ᠨᠢ ᠬᠢᠵᠢᠭ ᠤᠨ ᠬᠠᠯᠳᠠᠪᠦᠷᠢᠯᠠᠯ ᠢ ᠪᠦᠳᠦᠮᠵᠢᠳᠡᠢ ᠬᠤᠷᠢᠭᠯᠠᠬᠤ ᠬᠠᠮᠤᠭ ᠤᠨ ᠰᠠᠠᠶᠢᠨ ᠠᠷᠭ᠎ᠠ ᠪᠤᠳᠣᠯᠭ᠎ᠠ ᠮᠦᠨ ᠪᠦᠭᠡᠳ ᠠᠷᠠᠳ ᠢᠷᠭᠡᠳ ᠨᠢᠭᠡᠪᠦᠷᠢ  ᠶᠢᠨ ᠬᠦᠢᠴᠡᠳᠭᠡᠪᠡᠰᠦ ᠵᠤᠬᠢᠬᠤ ᠡᠬᠦᠷᠭᠡ ᠬᠠᠷᠢᠭᠤᠴᠠᠯᠭ᠎ᠠ ᠪᠣᠯᠣᠨ᠎ᠠ᠃ ᠬᠡᠷᠪᠡ ᠲᠠ ᠸᠠᠺᠼᠢᠨ ᠤ ᠲᠠᠷᠢᠯᠭ᠎ᠠ ᠬᠢᠬᠦ  ᠠᠴᠠ ᠲᠠᠳᠠᠭᠠᠯᠵᠠᠬᠤ ᠣᠨᠴᠠᠭᠠᠢ ᠰᠢᠯᠲᠠᠭᠠᠨ ᠦᠭᠡᠢ ᠪᠣᠯ᠂ ᠥᠪᠡᠷ ᠤᠨ ᠪᠡᠶ᠎ᠡ᠂ ᠬᠡᠷ ᠤᠨ ᠬᠦᠮᠦᠰ ᠤᠨ ᠢᠶᠠᠨ ᠡᠷᠡᠬᠦᠯ ᠮᠡᠨᠳᠦ ᠶᠢᠨ ᠲᠦᠯᠦᠭᠡ᠂ ᠡᠮᠴᠢ ᠰᠤᠪᠢᠯᠠᠭᠴᠢ᠂ ᠨᠡᠶᠢᠭᠡᠮ ᠲᠣᠭᠤᠷᠢᠭ ᠤᠨ ᠠᠵᠢᠯᠲᠠᠨ ᠲᠠᠢ ᠢᠳᠡᠪᠬᠢᠳᠡᠢ ᠬᠠᠮᠵᠢᠯᠴᠠᠨ ᠂ ᠰᠠᠨᠠᠭᠠᠴᠢᠯᠭ᠎ᠠ ᠠᠴᠠ ᠪᠠᠨ ᠲᠠᠷᠤᠶᠢᠬᠠᠨ ᠸᠠᠺᠽᠢᠨ ᠤ ᠲᠠᠷᠢᠯᠭ᠎ᠠ ᠬᠢᠬᠦ‍ ᠴᠢᠭ ᠲᠤ ᠬᠦᠷᠴᠦ ᠰᠢᠨ᠎ᠡ ᠲᠢᠳᠢᠮᠯᠢᠭ ᠠᠭᠤᠰᠬᠢᠨ ᠥᠷᠪᠢᠰᠦᠯ ᠢ ᠰᠡᠷᠭᠡᠶᠢᠯᠡᠬᠦ ᠸᠠᠺᠼᠢᠨ ᠤ ᠲᠠᠷᠢᠯᠭ᠎ᠠ ᠪᠠᠨ ᠬᠢᠯᠭᠡᠭᠡᠷᠡᠢ᠃        ᠬᠤᠶᠠᠷ᠂ ᠢᠳᠡᠪᠬᠢᠳᠡᠢ ᠤᠬᠠᠭᠤᠯᠤᠨ ᠵᠢᠯᠤᠭᠤᠳᠴᠤ᠂ ᠠᠮᠢ ᠨᠠᠰᠤ ᠡᠷᠡᠬᠦᠯ ᠮᠡᠨᠳᠦ ᠪᠠᠨ ᠬᠠᠮᠠᠭᠠᠯᠠᠵᠠᠭᠠᠶ᠎ᠠ᠃ ᠪᠦᠬᠦ ᠬᠤᠰᠢᠭᠤᠨ ᠤ ᠡᠯ᠎ᠡ ᠱᠠᠳᠤᠨ ᠤ ᠨᠠᠮ ᠵᠠᠰᠠᠭ ᠤᠨ ᠠᠯᠪᠠᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ  ᠤᠨ ᠨᠢᠭᠡᠴᠡ ᠶᠢᠨ ᠺᠠᠳ᠋ᠷ ᠠᠵᠢᠯᠲᠠᠳ ᠪᠠ ᠦᠷᠭᠡᠨ ᠣᠯᠠᠨ ᠨᠠᠮ ᠤᠨ ᠬᠡᠰᠢᠬᠦᠳ ᠲᠠᠭᠠᠭᠤᠯᠤᠨ ᠵᠢᠱᠢᠶ᠎ᠡ ᠦᠵᠡᠬᠦᠯᠬᠦ ᠦᠢᠯᠡᠳᠦᠯ ᠢᠶᠠᠨ ᠬᠦᠢᠴᠡᠳ ᠪᠠᠳᠠᠷᠠᠭᠤᠯᠤᠨ᠂ ᠰᠢᠨ᠎ᠡ ᠲᠢᠳᠢᠮᠯᠢᠭ ᠠᠭᠤᠰᠬᠢᠨ ᠥᠷᠪᠢᠰᠦᠯ ᠢ ᠰᠡᠷᠭᠡᠶᠢᠯᠡᠬᠦ ᠸᠠᠺᠼᠢᠨ  ᠤ ᠲᠠᠷᠢᠯᠭ᠎ᠠ ᠶᠢ ᠲᠠᠭᠠᠭᠤᠯᠤᠨ ᠬᠢᠬᠦ ᠶᠢᠨ ᠬᠠᠮᠲᠤ ᠬᠡᠷ ᠤᠨ ᠬᠦᠮᠦᠰ᠂ ᠰᠠᠳᠤᠨ ᠲᠥᠷᠦᠯ ᠪᠠ ᠦᠷᠭᠡᠨ ᠣᠯᠠᠨ ᠰᠠᠭᠤᠭᠠᠯᠢ ᠠᠷᠠᠳ ᠤᠨ ᠡᠷᠳᠡᠭᠡᠨ ᠸᠠᠺᠼᠢᠨ ᠤ ᠲᠠᠷᠢᠯᠭ᠎ᠠ ᠪᠠᠨ ᠬᠢᠯᠭᠡᠬᠦ ᠶᠢ ᠰᠠᠶᠢᠲᠤᠷ ᠤᠬᠠᠭᠤᠯᠤᠨ ᠵᠢᠯᠤᠭᠤᠳᠴᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠸᠠᠺᠼᠢᠨ ᠤ ᠲᠠᠷᠢᠯᠭ᠎ᠠ ᠬᠢᠬᠦ ᠠᠵᠢᠯ ᠤᠨ ᠭᠠᠪᠰᠢᠭᠠᠢ ᠤᠬᠠᠭᠤᠯᠤᠭᠴᠢ ᠪᠤᠯᠤᠶ᠎ᠠ᠃        ᠭᠤᠷᠪᠠ᠂ ᠨᠠᠰᠤᠳᠠᠶᠢᠴᠤᠳ ᠸᠠᠺᠼᠢᠨ ᠤ ᠲᠠᠷᠢᠯᠭ᠎ᠠ ᠪᠠᠨ ᠢᠳᠡᠪᠬᠢᠳᠡᠢ ᠬᠢᠯᠭᠡᠨ᠂ ᠦᠳᠡᠯᠦᠭᠡ ᠨᠠᠰᠤᠨ ᠤ ᠬᠦᠴᠦᠨ ᠵᠢᠳᠬᠦᠯ ᠢᠶᠠᠨ ᠨᠡᠮᠡᠷᠢᠯᠡᠵᠡᠭᠡᠶ᠎ᠡ᠃ ᠦᠷᠭᠡᠨ ᠣᠯᠠᠨ ᠨᠠᠰᠤᠳᠠᠶᠢᠴᠤᠳ᠂ ᠠᠵᠢᠯ ᠠᠴᠠ ᠪᠠᠨ ᠠᠮᠠᠷᠠᠭᠰᠠᠨ ᠺᠠᠳ᠋ᠷ ᠠᠵᠢᠯᠲᠠᠳ ᠡ᠂ ᠤᠳᠤᠬᠠᠠᠨ ᠤ 60 ᠨᠠᠰᠤᠨ ᠠᠴᠠ ᠲᠡᠭᠡᠭᠰᠢᠬᠢ ᠨᠠᠰᠤᠳᠠᠶᠢᠴᠤᠳ ᠤᠨ ᠸᠠᠺᠽᠢᠨ ᠤ ᠲᠠᠷᠢᠯᠭ᠎ᠠ ᠬᠢᠭᠰᠡᠨ ᠨᠣᠷᠮ᠎ᠠ ᠨᠡᠯᠢᠶᠡᠳ ᠲᠤᠤᠷ᠎ᠠ ᠪᠠᠶᠢᠨ᠎ᠠ᠃ ᠬᠡᠷᠪᠡ ᠬᠢᠵᠢᠭ ᠤᠨ ᠬᠠᠯᠳᠠᠪᠦᠷᠢᠯᠠᠯ ᠢᠯᠡᠷᠡᠪᠡᠯ᠂ ᠨᠠᠰᠤᠳᠠᠶᠢᠴᠤᠳ  ᠤᠨ ᠬᠢᠵᠢᠭ ᠠᠴᠠ ᠪᠣᠯᠵᠤ ᠬᠦᠨᠳᠦ ᠡᠪᠡᠳᠴᠢᠯᠡᠬᠦ ᠪᠠ ᠨᠠᠰᠤ ᠪᠠᠷᠠᠬᠤ ᠨᠣᠷᠮ᠎ᠠ ᠨᠢ ᠵᠠᠯᠠᠭᠤ ᠬᠦᠮᠦᠰ ᠠᠴᠠ ᠬᠤᠯᠠ ᠥᠨᠳᠦᠷ ᠪᠠᠶᠢᠳᠠᠭ᠃ ᠸᠠᠺᠼᠢᠨ ᠤ ᠲᠠᠷᠢᠯᠭ᠎ᠠ ᠪᠠᠨ ᠢᠳᠡᠪᠬᠢᠳᠡᠢ ᠬᠢᠯᠭᠡᠨ᠂ ᠪᠦᠬᠦ ᠠᠷᠠᠳ ᠤᠨ ᠰᠡᠷᠭᠡᠶᠢᠯᠡᠯᠲᠡ ᠶᠢᠨ ᠬᠠᠯᠬᠠᠪᠴᠢ ᠶᠢ ᠬᠠᠮᠳᠤᠪᠡᠷ ᠴᠤᠭᠴᠠᠯᠠᠨ ᠪᠠᠶᠢᠭᠤᠯᠵᠤ᠂ ᠥᠪᠡᠷ ᠤᠨ ᠪᠡᠶ᠎ᠡ᠂ ᠬᠡᠷ ᠤᠨ ᠬᠦᠮᠦᠰ ᠪᠠ ᠣᠯᠠᠨ ᠨᠡᠶᠢᠲᠡ  ᠶᠢᠨ ᠡᠷᠡᠬᠦᠯ ᠮᠡᠨᠳᠦ ᠶᠢᠨ ᠲᠥᠯᠦᠭᠡ ᠢᠳᠡᠪᠬᠢᠳᠡᠢ ᠬᠦᠴᠦ ᠪᠠᠨ ᠨᠡᠮᠡᠷᠢᠯᠡᠶ᠎ᠡ᠃        ᠲᠦᠷᠪᠡ᠂ ᠤᠷᠢᠶᠠᠯᠭ᠎ᠠ ᠶᠢ ᠲᠠᠭᠠᠨ ᠴᠤᠤᠷᠢᠶᠠᠳᠤᠵᠤ᠂ ᠬᠠᠮᠳᠤᠪᠡᠷ ᠣᠶᠢᠯᠠᠭᠠᠯᠴᠠᠨ ᠳᠡᠮᠵᠢᠴᠡᠭᠡᠶ᠎ᠡ᠃ ᠨᠡᠶᠢᠭᠡᠮ ᠲᠣᠭᠤᠷᠢᠭ ᠤᠨ ᠠᠵᠢᠯᠲᠠᠨ᠂ ᠡᠮᠴᠢ ᠰᠤᠪᠢᠯᠠᠭᠴᠢ᠂ ᠺᠠᠳ᠋ᠷ ᠠᠵᠢᠯᠲᠠᠳ ᠨᠢ ᠦᠷᠭᠡᠨ ᠣᠯᠠᠨ ᠰᠠᠭᠤᠭᠠᠯᠢ ᠠᠷᠠᠳ ᠤᠨ ᠡᠷᠡᠬᠦᠯ ᠮᠡᠨᠳᠦ ᠶᠢᠨ ᠲᠦᠯᠦᠭᠡ ᠦᠷᠯᠦᠭᠡ ᠦᠳᠡᠰᠢ ᠶᠢ ᠤᠮᠠᠷᠳᠠᠨ᠂ ᠠᠮᠠᠷᠠᠯᠲᠠ ᠴᠢᠯᠦᠭᠡ ᠦᠭᠡᠢ ᠬᠢᠵᠢᠭ ᠢ ᠰᠡᠷᠭᠡᠶᠢᠯᠡᠨ ᠡᠵᠡᠮᠳᠡᠬᠦ ᠪᠠ ᠸᠠᠺᠼᠢᠨ ᠤ ᠲᠠᠷᠢᠯᠭ᠎ᠠ ᠶᠢ ᠤᠬᠠᠭᠤᠯᠤᠨ ᠰᠤᠷᠳᠠᠯᠴᠢᠯᠠᠬᠤ ᠠᠵᠢᠯ ᠳᠤ ᠭᠠᠪᠰᠢᠭᠠᠶᠢᠯᠠᠨ ᠲᠡᠮᠡᠴᠡᠭᠰᠡᠭᠡᠷ ᠪᠠᠶᠢᠨ᠎ᠠ᠃ ᠦᠷᠭᠡᠨ ᠣᠯᠠᠨ ᠰᠠᠭᠤᠭᠠᠯᠢ ᠠᠷᠠᠳ ᠤᠳᠤᠬᠠᠨ ᠤ ᠬᠢᠵᠢᠭ ᠤᠨ ᠬᠡᠴᠡᠬᠦᠦ ᠪᠠᠶᠢᠳᠠᠯ ᠢ ᠰᠠᠶᠢᠲᠤᠷ ᠲᠠᠨᠢᠨ᠂ ᠸᠠᠺᠽᠢᠨ ᠤ ᠲᠠᠷᠢᠯᠭ᠎ᠠ ᠪᠠᠨ  ᠲᠠᠷᠤᠶᠢᠬᠠᠨ ᠬᠢᠯᠭᠡᠵᠦ᠂ ᠦᠪᠡᠷ ᠤᠨ ᠪᠡᠶ᠎ᠡ ᠪᠠ ᠭᠡᠷ  ᠤᠨ ᠬᠦᠮᠦᠰ ᠤᠨ ᠢᠶᠠᠨ ᠡᠷᠡᠬᠦᠯ ᠮᠡᠨᠳᠦ ᠳᠤ ᠬᠠᠷᠢᠭᠤᠴᠠᠶ᠎ᠠ᠃        ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠦᠮᠦᠨ ᠪᠦᠬᠦᠨ ᠬᠠᠷᠢᠭᠤᠴᠠᠯᠭ᠎ᠠ ᠲᠠᠢ᠃ ᠣᠯᠠᠨ  ᠢᠶᠠᠷ ᠢᠶᠠᠨ ᠢᠳᠡᠪᠬᠢᠳᠡᠢ ᠬᠦᠳᠡᠯᠦᠯᠴᠡᠨ᠂ ᠰᠢᠨ᠎ᠡ ᠲᠢᠳᠢᠮᠯᠢᠭ ᠠᠭᠤᠰᠬᠢᠨ ᠥᠷᠪᠢᠰᠦᠯ ᠢ ᠰᠡᠷᠭᠡᠶᠢᠯᠡᠬᠦ ᠸᠠᠺᠼᠢᠨ ᠤ ᠲᠠᠷᠢᠯᠭ᠎ᠠ ᠶᠢ ᠲᠠᠷᠤᠶᠢᠬᠠᠨ ᠬᠢᠯᠭᠡᠵᠦ᠂ ᠪᠦᠬᠦ ᠠᠷᠠᠳ ᠤᠨ ᠰᠡᠷᠭᠡᠶᠢᠯᠡᠯᠲᠡ ᠶᠢᠨ ᠬᠠᠯᠬᠠᠪᠴᠢ ᠶᠢ ᠬᠠᠮᠳᠤᠪᠡᠷ ᠴᠤᠭᠴᠠᠯᠠᠨ ᠪᠠᠶᠢᠭᠤᠯᠤᠶ᠎ᠠ︕                         ᠬᠦᠪᠡᠭᠡᠲᠦ ᠰᠢᠷ᠎ᠠ ᠬᠤᠰᠢᠭᠤᠨ ᠤ ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠦᠷᠢᠯᠠᠭᠰᠠᠨ                    ᠠᠭᠤᠰᠬᠢᠨ ᠤ ᠥᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠬᠡᠯᠲᠡᠰ                                   2022 ᠣᠨ ᠤ 6 ᠰᠠᠷ᠎ᠠ ᠶᠢᠨ 6 ᠤ ᠡᠳᠦᠷ
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号