ᠬᠦᠪᠡᠭᠡᠲᠦ ᠰᠢᠷ᠎ᠠ ᠬᠤᠰᠢᠭᠤᠨ ᠤ ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠦᠷᠢᠯᠠᠭᠰᠠᠨ ᠠᠭᠤᠰᠬᠢᠨ ᠤ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠬᠡᠯᠲᠡᠰ ᠤᠨ ᠰᠢᠨ᠎ᠡ ᠲᠢᠳᠢᠮᠯᠢᠭ ᠸᠢᠷᠦ᠋ᠰ ᠤᠨ ᠪᠦᠬᠦ ᠠᠷᠠᠳ ᠤᠨ ᠪᠦᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠰᠤᠷᠢᠯᠲᠠ ᠶᠠᠪᠤᠭᠳᠠᠭᠤᠯᠬᠤ ᠲᠤᠬᠠᠢ ᠪᠠᠴᠢᠮ ᠵᠠᠷᠯᠠᠯ
ᠨᠡᠶᠢᠲᠡᠯᠡᠭᠰᠡᠨ ᠴᠠᠭ᠄
2022/8/16
       ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠨᠠᠷᠢᠯᠢᠭ ᠤᠨᠤᠪᠴᠢᠲᠠᠢ ᠰᠠᠶᠢᠲᠤᠷ ᠬᠢᠵᠣ᠂ ᠪᠦᠬᠦ ᠬᠤᠰᠢᠭᠤᠨ ᠤ ᠦᠷᠭᠡᠨ ᠣᠯᠠᠨ ᠲᠥᠮᠡᠨ ᠤ ᠪᠡᠶ᠎ᠡ ᠮᠠᠬᠠᠪᠤᠳ ᠤᠨ ᠡᠷᠡᠬᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠦᠨᠡᠨᠬᠦ ᠪᠠᠳᠤᠯᠠᠬᠤ ᠶᠢᠨ ᠲᠤᠯᠠᠳᠠ᠂ ᠬᠤᠰᠢᠭᠤ ᠵᠢᠯᠤᠭᠤᠳᠬᠤ ᠬᠡᠯᠲᠡᠰ ᠤᠨ ᠨᠢᠭᠡᠳᠦᠯᠳᠡᠢ ᠪᠠᠶᠢᠷᠢᠯᠠᠭᠤᠯᠤᠯᠲᠠ ᠶᠢ ᠦᠨᠳᠦᠰᠦᠯᠡᠨ᠂ ᠪᠦᠬᠦ ᠬᠤᠰᠢᠭᠤᠨ ᠤ ᠰᠠᠭᠤᠭᠠᠯᠢ ᠠᠷᠠᠳ ᠲᠤ ᠦᠨ᠎ᠡ ᠲᠦᠯᠦᠪᠦᠷᠢ ᠦᠭᠡᠢ ᠪᠦᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠬᠦ ᠪᠠᠷ ᠲᠤᠭᠲᠠᠪᠠ᠃ ᠤᠳᠤ ᠬᠠᠮᠢᠶ᠎ᠠ ᠪᠦᠬᠦᠢ ᠵᠦᠢᠯᠡᠰ ᠢ ᠲᠤᠤᠷᠠᠬᠢ ᠮᠡᠳᠤ ᠪᠠᠴᠢᠮ ᠵᠠᠷᠯᠠᠶ᠎ᠠ᠄       ᠨᠢᠭᠡ᠂ ᠪᠦᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠬᠦ ᠴᠠᠭ        2022 ᠣᠨ ᠤ 8 ᠰᠠᠷ᠎ᠠ ᠶᠢᠨ 12 ᠤ ᠡᠳᠦᠷ ︵ᠭᠠᠷᠠᠭ ᠤᠨ ᠲᠠᠪᠤᠨ︶ ᠤᠨ ᠦᠳᠡ ᠶᠢᠨ ᠡᠮᠦᠨᠡᠬᠢ 5᠄ 00 ᠴᠠᠭ ᠠᠴᠠ ᠡᠬᠢᠯᠡᠨ᠎ᠡ᠃ ᠬᠤᠪᠢᠶᠠᠷᠢᠯᠠᠯᠲᠠ ᠶᠢᠨ ᠨᠠᠷᠢᠨ ᠪᠠᠶᠢᠳᠠᠯ ᠢ ᠡᠯ᠎ᠡ ᠰᠣᠮᠣ ᠪᠠᠯᠭᠠᠰᠤᠨ ᠤ ᠸᠢᠴᠠᠲ ᠲᠠᠪᠴᠠᠩ ᠤᠨ ᠵᠠᠷᠯᠠᠯ ᠪᠤᠶᠤ ᠭᠠᠴᠠᠭ᠎ᠠ ᠨᠡᠶᠢᠭᠡᠮ ᠲᠤᠭᠤᠷᠢᠭ ᠤᠨ ᠸᠢᠴᠠᠲ ᠬᠤᠯᠪᠤᠭᠠᠨ ᠤ ᠮᠡᠳᠡᠭᠳᠡᠯ ᠠᠴᠠ ᠠᠩᠬᠠᠷᠤᠭᠠᠷᠠᠢ᠃       ᠬᠤᠶᠠᠷ᠂ ᠪᠦᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠬᠦ ᠬᠦᠷᠢᠶ᠎ᠡ ᠬᠡᠪᠴᠢᠶ᠎ᠡ ᠪᠠ ᠤᠷᠤᠯᠴᠠᠬᠤ ᠬᠦᠮᠦᠰ        ᠬᠦᠪᠡᠭᠡᠲᠦ ᠰᠢᠷ᠎ᠠ ᠬᠤᠰᠢᠭᠤᠨ ᠤ ᠬᠡᠪᠴᠢᠶᠡᠨ ᠳᠤ ᠪᠦᠬᠦ ᠲᠠᠯ᠎ᠠ ᠶᠢᠨ ᠪᠢᠳᠡᠬᠦᠮᠵᠢᠯᠡᠭᠰᠡᠨ ᠬᠠᠮᠢᠶᠠᠷᠤᠯᠲᠠ ᠶᠢ ᠶᠠᠪᠤᠭᠳᠠᠭᠤᠯᠵᠤ᠂ ᠪᠦᠬᠦᠶᠢᠯᠡ ᠰᠠᠭᠤᠭᠠᠯᠢ ᠠᠷᠠᠳ ᠪᠦᠭᠡᠮ ᠬᠦᠴᠢᠯ ᠤᠨ ᠰᠢᠯᠭᠠᠨ ᠪᠠᠶᠢᠴᠠᠭᠠᠯᠲᠠ ᠳᠤ ᠣᠷᠤᠯᠴᠠᠨ᠎ᠠ ︵ᠪᠠᠶᠢᠩᠭᠤ ᠰᠠᠭᠤᠭ᠎ᠠ ᠬᠦᠮᠦᠨ ᠠᠮᠠ᠂ ᠲᠦᠷ ᠰᠠᠭᠤᠭ᠎ᠠ ᠶᠠᠪᠤᠭᠤᠯ ᠬᠦᠮᠦᠨ ᠠᠮᠠ ᠪᠠ ᠭᠠᠳᠠᠭᠠᠳᠤ ᠶᠢᠨ ᠬᠦᠮᠦᠰ ᠴᠦᠮ ᠪᠠᠭᠲᠠᠨ᠎ᠠ︶ .       ᠭᠤᠷᠪᠠ᠂ ᠠᠩᠬᠠᠷᠬᠤ ᠵᠤᠬᠢᠰᠲᠠᠢ ᠵᠦᠢᠯᠡᠰ        1᠂ ᠦᠷᠭᠡᠨ ᠣᠯᠠᠨ ᠰᠠᠭᠤᠭᠠᠯᠢ ᠠᠷᠠᠳ ᠨᠢ ᠶᠠᠪᠤᠵᠤ ᠰᠠᠭᠤᠬᠤ ᠲᠦᠯᠦᠪᠯᠡᠭᠡ ᠪᠠᠨ ᠰᠠᠶᠢᠲᠤᠷ ᠲᠤᠬᠢᠷᠠᠭᠤᠯᠵᠤ᠂ ᠬᠡᠷᠪᠡ ᠭᠠᠳᠠᠭᠰᠢ ᠭᠠᠷᠬᠤ ᠴᠢᠬᠤᠯᠠᠲᠠᠢ ᠪᠣᠯ ᠤᠷᠢᠳᠴᠢᠯᠡᠨ ᠨᠡᠶᠢᠭᠡᠮ ᠲᠤᠭᠤᠷᠢᠭ ᠲᠤ ᠬᠦᠷᠴᠦ ᠴᠢᠯᠦᠭᠡ ᠭᠤᠶᠤᠬᠤ ᠭᠠᠷ ᠬᠦᠢᠴᠡᠳᠭᠡᠯ ᠬᠢᠨ᠎ᠡ᠃ ᠦᠷᠭᠡᠨ ᠣᠯᠠᠨ ᠰᠠᠭᠤᠭᠠᠯᠢ ᠠᠷᠠᠳ ᠨᠢ ᠬᠤᠰᠢᠭᠤ ᠬᠢᠵᠢᠭ ᠢ ᠰᠡᠷᠭᠡᠶᠢᠯᠡᠨ ᠡᠵᠡᠮᠳᠡᠬᠦ ᠠᠵᠢᠯᠲᠠᠳ ᠤᠨ ᠵᠢᠯᠤᠭᠤᠳᠤᠯᠭ᠎ᠠ ᠳᠤᠤᠷ᠎ᠠ᠂ ᠪᠦᠭᠡᠮ ᠬᠦᠴᠢᠯ ᠤᠨ ᠶᠠᠩᠵᠤ ᠠᠪᠬᠤ ᠠᠵᠢᠯᠲᠠᠳ  ᠲᠠᠢ ᠰᠠᠶᠢᠲᠤᠷ ᠬᠠᠮᠵᠢᠯᠴᠠᠨ ᠶᠠᠩᠵᠤ ᠠᠪᠤᠭᠤᠯᠤᠨ᠎ᠠ᠃ ᠪᠦᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠬᠦ ᠶᠢ ᠲᠡᠪᠴᠢᠵᠤ᠂ ᠬᠠᠮᠢᠶ᠎ᠠ ᠪᠦᠬᠦᠢ ᠠᠵᠢᠯ ᠲᠠᠢ ᠬᠠᠮᠵᠢᠯᠴᠠᠬᠤ ᠦᠭᠡᠢ᠂ ᠡᠮᠬᠢ ᠲᠢᠭᠯᠢᠮ ᠢ ᠰᠠᠮᠠᠭᠤᠷᠠᠭᠤᠯᠬᠤ᠂ ᠨᠢᠭᠤᠨ ᠲᠠᠯᠳᠠᠯᠠᠬᠤ ᠬᠤᠳᠠᠯ ᠢᠶᠠᠷ ᠮᠡᠳᠡᠬᠦᠯᠬᠦ᠂ ᠰᠤᠷᠠᠭ ᠵᠠᠩᠬᠢ ᠪᠠᠨ ᠬᠤᠳᠠᠯ ᠬᠠᠭᠤᠷᠮᠠᠭ ᠵᠤᠬᠢᠶᠠᠭᠰᠠᠨ ᠬᠦᠮᠦᠰ ᠠᠴᠠ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠬᠠᠤᠯᠢ ᠴᠠᠭᠠᠵᠠ ᠶᠤᠰᠤᠭᠠᠷ ᠬᠠᠤᠯᠢ ᠶᠢᠨ ᠬᠠᠷᠢᠭᠤᠴᠠᠯᠭ᠎ᠠ ᠨᠡᠭᠡᠮᠵᠢᠯᠡᠨ᠎ᠡ᠃       2᠂ ᠪᠦᠭᠡᠮ ᠬᠦᠴᠢᠯ ᠤᠨ ᠰᠢᠯᠭᠠᠨ ᠪᠠᠶᠢᠴᠭᠠᠠᠯᠲᠠ ᠬᠢᠵᠤ ᠪᠠᠶᠢᠭ᠎ᠠ ᠬᠤᠭᠤᠴᠠᠭᠠᠨ ᠳᠤ᠂ ᠰᠠᠭᠤᠭᠠᠯᠢ ᠠᠷᠠᠳ ᠬᠤᠪᠢ ᠬᠦᠮᠦᠨ ᠤ ᠰᠡᠷᠭᠡᠶᠢᠯᠡᠨ ᠬᠠᠮᠠᠭᠠᠯᠠᠯᠲᠠ ᠶᠢ ᠰᠠᠶᠢᠲᠤᠷ ᠬᠢᠵᠤ᠂ ᠪᠦᠬᠦ ᠶᠠᠪᠤᠴᠠ ᠳᠤ ᠠᠮᠠᠪᠴᠢ ᠵᠡᠬᠦᠨ᠂ ᠰᠠᠨᠠᠭᠠᠴᠢᠯᠠᠭ᠎ᠠ ᠠᠴᠠ ᠪᠠᠨ ᠬᠠᠯᠠᠭᠤᠨ ᠢᠶᠠᠨ ᠬᠡᠮᠵᠢᠬᠦᠯᠵᠦ᠂ 1 ᠮᠧᠲᠷ ᠤᠨ ᠵᠠᠢ ᠶᠢ ᠪᠠᠳᠤᠯᠠᠨ᠂ ᠡᠷᠡᠬᠦᠯ ᠮᠡᠨᠳᠦ ᠶᠢᠨ ᠺᠤᠳ᠋ ᠪᠠ ᠪᠡᠶ᠎ᠡ ᠶᠢᠨ ᠦᠨᠡᠮᠯᠡᠯ ᠢᠶᠠᠨ ᠤᠬᠠᠮᠰᠠᠷ ᠠᠴᠠ ᠪᠠᠨ ᠭᠠᠷᠭᠠᠨ ᠦᠵᠡᠬᠦᠯᠵᠦ᠂ ᠤᠯᠠᠭᠤᠯᠠ ᠴᠤᠭᠯᠠᠷᠠᠨ ᠵᠤᠭᠤᠭᠳᠠᠵᠤ ᠪᠣᠯᠬᠤ ᠦᠭᠡᠢ᠃ ᠪᠦᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠬᠦ ᠠᠴᠠ 1 ᠴᠠᠭ ᠤᠨ ᠡᠮᠦᠨ᠎ᠡ ᠬᠤᠭᠤᠯᠠ ᠤᠮᠳᠠ ᠢᠳᠡᠬᠦ ᠦᠭᠡᠢ᠂ ᠠᠷᠢᠬᠢ ᠲᠡᠮᠡᠬᠢ ᠤᠤᠭᠤᠬᠤ ᠦᠭᠡᠢ ᠵᠠᠵᠢᠯᠠᠭᠤᠷ ᠰᠢᠬᠢᠷ ᠢᠳᠡᠬᠦ ᠦᠭᠡᠢ ᠪᠠᠶᠢᠵᠤ᠂ ᠰᠢᠯᠭᠠᠨ ᠪᠠᠶᠢᠴᠠᠭᠠᠯᠲᠠ ᠶᠢᠨ ᠦᠷ᠎ᠡ ᠳ᠋ᠦᠩ ᠢ ᠨᠦᠯᠦᠭᠡᠯᠡᠬᠦ ᠠᠴᠠ ᠵᠠᠶᠢᠯᠠᠬᠢᠨ᠎ᠠ᠃       3᠂ 8 ᠰᠠᠷ᠎ᠠ ᠶᠢᠨ 11 ᠤ ᠡᠳᠦᠷ ᠤᠨ 14᠄ 00 ᠴᠠᠭ ᠠᠴᠠ ᠨᠠᠰᠢ ᠰᠢᠨ᠎ᠡ ᠲᠢᠳᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠬᠢᠭᠰᠡᠨ ᠬᠦᠮᠦᠰ ᠬᠠᠷᠢᠶ᠎ᠠ ᠠᠵᠤ ᠠᠬᠤᠶᠢᠯᠠᠯ ᠪᠠ ᠨᠡᠶᠢᠭᠡᠮ ᠲᠤᠭᠤᠷᠢᠭ ᠲᠠᠭᠠᠨ ᠮᠡᠳᠡᠬᠦᠯᠦᠭᠰᠡᠨ ᠤ ᠲᠠᠷᠠᠭ᠎ᠠ᠂ ᠲᠤᠰ ᠤᠳᠠᠭᠠᠨ ᠤ ᠪᠦᠭᠡᠮ ᠬᠦᠴᠢᠯ ᠤᠨ ᠰᠢᠯᠭᠠᠨ ᠪᠠᠶᠢᠴᠠᠭᠠᠯᠲᠠ ᠳᠤ ᠤᠷᠤᠯᠴᠠᠬᠤ ᠦᠭᠡᠢ᠃ ᠭᠡᠷ ᠲᠡᠭᠡᠨ ᠠᠨᠠᠭᠠᠬᠤ ᠤᠬᠠᠭᠠᠨ ᠤ ᠠᠵᠢᠭᠯᠠᠯᠲᠠ ᠬᠢᠵᠤ ᠪᠠᠶᠢᠭ᠎ᠠ ᠬᠦᠮᠦᠰ ᠠᠵᠤ ᠠᠬᠤᠶᠢᠯᠠᠯ᠂ ᠨᠡᠶᠢᠭᠡᠮ ᠲᠤᠭᠤᠷᠢᠭ ᠤᠨ ᠬᠠᠮᠢᠶᠠᠷᠤᠯᠲᠠ ᠲᠠᠢ ᠰᠠᠶᠢᠲᠤᠷ ᠬᠠᠮᠵᠢᠯᠴᠠᠨ᠂ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠤᠰᠤᠭᠠᠷ ᠭᠡᠷ ᠲᠡᠭᠡᠨ ᠠᠨᠠᠭᠠᠬᠤ ᠤᠬᠠᠭᠠᠨ ᠤ ᠠᠵᠢᠭᠯᠠᠯᠲᠠ ᠶᠢ ᠰᠠᠶᠢᠲᠤᠷ ᠬᠢᠬᠦ ᠬᠡᠷᠡᠭᠳᠡᠢ᠃ ᠬᠠᠯᠠᠭᠤᠷᠬᠠᠤ᠂ ᠬᠠᠨᠢᠶᠠᠬᠤ ᠵᠡᠷᠭᠡ ᠢᠯᠡᠷᠡᠯ ᠲᠠᠢ ᠬᠦᠮᠦᠰ ᠬᠤᠪᠢ ᠬᠦᠮᠦᠨ ᠤ ᠰᠡᠷᠭᠡᠶᠢᠯᠡᠨ ᠬᠠᠮᠠᠭᠠᠯᠠᠯᠲᠠ ᠶᠢ ᠰᠠᠶᠢᠳᠤᠷ ᠬᠢᠭᠰᠡᠨ ᠤᠷᠢᠳᠠᠯ ᠳᠤᠤᠷ᠎ᠠ᠂ ᠲᠠᠷᠤᠶᠢᠬᠠᠨ ᠲᠤᠭᠲᠠᠭᠰᠠᠨ ᠡᠮᠨᠡᠯᠭᠡ ᠶᠢᠨ ᠬᠤᠷᠢᠶᠠᠨ ᠤ ᠬᠠᠯᠠᠭᠤᠷᠠᠭᠰᠠᠨ ᠡᠪᠡᠳᠴᠢᠲᠡᠨ ᠢ ᠡᠮᠴᠢᠯᠡᠬᠦ ᠡᠬᠦᠳᠡᠨ ᠡᠮᠨᠡᠯᠭᠡ ᠳᠤ ᠬᠦᠷᠴᠦ ᠡᠮᠴᠢᠯᠡᠬᠦᠯᠦᠨ᠂ ᠲᠤᠰ ᠤᠳᠠᠭᠠᠨ ᠤ ᠪᠦᠭᠡᠮ ᠬᠦᠴᠢᠯ ᠤᠨ ᠰᠢᠯᠭᠠᠨ ᠪᠠᠶᠢᠴᠠᠭᠠᠯᠲᠠ ᠳᠤ ᠤᠷᠤᠯᠴᠠᠵᠤ ᠪᠣᠯᠬᠤ ᠦᠭᠡᠢ᠃       4᠂ ᠪᠦᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠬᠦ ᠦᠶᠡᠰ᠂ ᠦᠷᠭᠡᠨ ᠣᠯᠠᠨ ᠰᠠᠭᠤᠭᠠᠯᠢ ᠠᠷᠠᠳ ᠤᠶᠤᠨᠯᠢᠭ ᠭᠠᠷ ᠤᠳᠠᠰᠤ ᠪᠠᠨ ᠠᠪᠴᠤ᠂ ᠴᠠᠭ ᠬᠤᠭᠤᠴᠠᠭ᠎ᠠ ᠬᠤᠪᠢᠶᠠᠨ ᠲᠤᠭᠲᠠᠭᠰᠠᠨ ᠪᠦᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠶᠠᠩᠵᠤ ᠠᠪᠬᠤ ᠴᠢᠭ ᠲᠤ ᠬᠦᠷᠴᠦ ᠶᠠᠩᠵᠤ ᠠᠪᠤᠭᠤᠯᠤᠭᠠᠷᠠᠢ᠃ ᠤᠶᠤᠨᠯᠢᠭ ᠭᠠᠷ ᠤᠳᠠᠰᠤ ᠦᠭᠡᠢ ᠪᠣᠯ ᠭᠡᠷ ᠤᠨ ᠬᠦᠮᠦᠰ ᠨᠢ ᠬᠠᠮᠵᠢᠨ ᠡᠷᠡᠬᠦᠯ ᠮᠡᠨᠳᠦ ᠶᠢᠨ ᠺᠤᠳ᠋ ᠢ ᠨᠢ ᠡᠷᠡᠮᠯᠡᠵᠢᠯᠡᠬᠦ ᠪᠤᠶᠤ ᠲᠠᠷᠤᠮᠯᠠᠵᠤ ᠪᠡᠶᠡᠨ ᠳᠡᠭᠡᠨ ᠠᠪᠴᠤ ᠶᠠᠪᠤᠨ᠎ᠠ᠃ ᠡᠷᠬᠡᠪᠰᠢ ᠲᠤᠭᠲᠠᠭᠰᠠᠨ ᠴᠠᠭ ᠲᠤ ᠤᠶᠢᠷᠠᠯᠴᠠᠭᠠᠬᠢ ᠪᠦᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠶᠠᠩᠵᠤ ᠠᠪᠬᠤ ᠴᠢᠭ ᠲᠤ ᠬᠦᠷᠴᠦ ᠶᠠᠩᠵᠤ ᠠᠪᠤᠭᠤᠯᠵᠤ᠂ ᠰᠢᠯᠭᠠᠨ ᠪᠠᠶᠢᠴᠠᠭᠠᠯᠲᠠ ᠬᠢᠬᠦ ᠵᠤᠬᠢᠰᠲᠠᠢ ᠬᠦᠮᠦᠨ ᠪᠦᠬᠦᠨ ᠰᠢᠯᠭᠠᠨ ᠪᠠᠶᠢᠴᠠᠭᠠᠯᠲᠠ ᠬᠢᠯᠬᠡᠬᠦ ᠶᠢ ᠪᠠᠳᠤᠯᠠᠬᠤ ᠬᠡᠷᠡᠭᠳᠡᠢ᠃       5᠂ ᠬᠤᠰᠢᠭᠤ ᠬᠠᠮ ᠵᠠᠭᠤᠴᠢᠯᠠᠭᠤᠷ ᠤᠨ ᠲᠥᠪ ᠠᠴᠠ ᠰᠤᠷᠢᠯᠲᠠ ᠶᠢᠨ ᠪᠦᠬᠦ ᠶᠠᠪᠤᠴᠠ ᠶᠢ ᠰᠡᠬᠦᠳᠡᠷᠯᠡᠨ ᠰᠢᠩᠭᠡᠭᠡᠬᠦ ᠶᠢ ᠬᠠᠷᠢᠭᠤᠴᠠᠵᠤ᠂ ᠪᠤᠰᠤᠳ ᠬᠦᠮᠦᠰ ᠤᠨ ᠰᠡᠬᠦᠳᠡᠷᠯᠡᠬᠦ᠂ ᠲᠦᠷᠰᠦ ᠰᠢᠩᠭᠡᠭᠡᠯᠲᠡ ᠬᠢᠬᠦ ᠶᠢ ᠡᠷᠡᠰ ᠬᠤᠷᠢᠭᠯᠠᠵᠤ᠂ ᠬᠠᠮᠢᠶ᠎ᠠ ᠪᠦᠬᠦᠢ ᠰᠤᠷᠠᠭ ᠵᠠᠩᠭᠢ᠂ ᠵᠢᠷᠤᠭ ᠰᠡᠬᠦᠳᠡᠷ᠂ ᠲᠦᠷᠰᠦ ᠰᠢᠩᠭᠡᠭᠡᠯᠲᠡ ᠵᠡᠷᠭᠡ ᠶᠢ ᠰᠦᠯᠵᠢᠶᠡᠨ  ᠳᠤ ᠳᠠᠮᠵᠢᠭᠤᠯᠵᠤ ᠪᠠᠴᠢᠮᠳᠠᠯ ᠬᠡᠯᠮᠡᠭᠳᠡᠯ ᠡᠬᠦᠰᠭᠡᠨ᠂ ᠪᠦᠬᠦ ᠬᠤᠰᠢᠭᠤᠨ ᠤ ᠦᠢᠯᠡᠳᠪᠦᠷᠢᠯᠡᠯ ᠠᠮᠢᠳᠤᠷᠠᠯ ᠤᠨ ᠬᠡᠪ ᠤᠨ ᠡᠮᠬᠢ ᠲᠢᠭᠯᠢᠮ ᠢ ᠰᠠᠮᠠᠭᠤᠷᠠᠭᠤᠯᠬᠤ ᠠᠴᠠ ᠵᠠᠶᠢᠯᠠᠰᠬᠢᠬᠦ ᠬᠡᠷᠡᠭᠳᠡᠢ᠃       6᠂ ᠬᠤᠰᠢᠭᠤ ᠪᠡᠶ᠎ᠡ ᠲᠠᠮᠢᠷ ᠤᠨ ᠣᠷᠳᠣᠨ᠂ ᠰᠢᠨᠠᠪᠤᠯᠠᠭ ᠪᠠᠯᠭᠠᠰᠤᠨ ᠤ ᠨᠡᠶᠢᠭᠡᠮ ᠤᠨ ᠪᠠᠳᠤᠯᠠᠭ᠎ᠠ ᠶᠢᠨ ᠰᠠᠭᠤᠭᠠᠯᠢ ᠲᠤᠭᠤᠷᠢᠭ ᠤᠨ ᠡᠬᠦᠳᠡᠨ ︵ᠤᠤᠯ ᠤᠨ ᠴᠡᠩᠭᠡᠯ ᠨᠡᠶᠢᠭᠡᠮ ᠲᠤᠭᠤᠷᠢᠭ ᠤᠨ ᠠᠯᠪᠠᠨ ᠭᠡᠷ︶ ᠳᠤ᠂ ᠤᠩᠭᠤᠨ ᠠᠭᠤᠯᠠ ᠰᠣᠮᠣᠨ ᠤ ᠡᠷᠡᠬᠦᠯ ᠬᠠᠮᠠᠭᠠᠯᠠᠯ ᠤᠨ ᠬᠤᠷᠢᠶ᠎ᠠ᠂ ᠪᠠᠶᠠᠨᠲᠠᠯ᠎ᠠ ᠪᠠᠯᠭᠠᠰᠤᠨ ᠤ ᠡᠷᠡᠬᠦᠯ ᠬᠠᠮᠠᠭᠠᠯᠠᠯ ᠤᠨ ᠬᠤᠷᠢᠶ᠎ᠠ ᠳᠤ ᠴᠦᠮ ᠰᠢᠨ᠎ᠡ ᠲᠢᠳᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠬᠢᠬᠦ‍ ᠴᠢᠭ ᠲᠤᠬᠢᠷᠠᠭᠤᠯᠪᠠ᠃ ᠦᠷᠭᠡᠨ ᠣᠯᠠᠨ 60 ᠨᠠᠰᠤᠨ ᠠᠴᠠ ᠲᠡᠭᠡᠭᠰᠢᠬᠢ ᠰᠢᠨ᠎ᠡ ᠲᠢᠳᠢᠮᠯᠢᠭ ᠸᠢᠷᠦ᠋ᠰ ᠤᠨ ᠸᠠᠺᠼᠢᠨ ᠤ ᠬᠤᠶᠠᠳᠤᠭᠠᠷ ᠲᠠᠷᠢᠯᠭ᠎ᠠ᠂ ᠴᠢᠩᠭᠠᠳᠬᠠᠬᠤ ᠲᠠᠷᠢᠯᠭ᠎ᠠ ᠪᠠᠨ ᠬᠢᠭᠡ ᠦᠭᠡᠢ ᠨᠠᠰᠤᠳᠠᠶᠢᠴᠤᠳ ᠨᠢ ᠣᠶᠢᠷᠠᠯᠴᠠᠭᠠᠬᠢ ᠲᠠᠷᠢᠯᠭ᠎ᠠ ᠶᠢᠨ ᠴᠢᠭ ᠲᠤ ᠬᠦᠷᠴᠦ ᠲᠠᠷᠢᠯᠭ᠎ᠠ ᠪᠠᠨ ᠬᠢᠯᠭᠡᠭᠡᠷᠡᠢ᠃       7᠂ ᠬᠤᠰᠢᠭᠤ ᠵᠢᠯᠤᠭᠤᠳᠬᠤ ᠬᠡᠯᠲᠡᠰ ᠠᠴᠠ ᠪᠦᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠯᠭᠡᠭᠰᠡᠨ ᠬᠦᠮᠦᠰ ᠲᠤ ᠨᠠᠭᠠᠯᠲᠠ ᠲᠠᠢ ᠬᠡᠷᠡᠴᠢ ᠬᠠᠩᠭᠠᠵᠤ᠂ ᠲᠤᠰ ᠬᠡᠷᠡᠴᠢ ᠦᠭᠡᠢ ᠪᠣᠯ ᠬᠤᠰᠢᠭᠤᠨ ᠲᠤᠳᠤᠷᠠᠬᠢ ᠡᠯ᠎ᠡ ᠵᠠᠮ ᠱᠣᠭᠤᠮ ᠢᠶᠠᠷ ᠥᠩᠭᠡᠷᠡᠬᠦ ᠶᠢ ᠬᠤᠷᠢᠭᠯᠠᠨ᠎ᠠ᠃                    ᠬᠦᠪᠡᠭᠡᠳᠦ ᠰᠢᠷ᠎ᠡ ᠬᠤᠰᠢᠭᠤᠨ ᠤ ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠦᠷᠢᠯᠠᠬᠰᠠᠨ      ᠠᠭᠤᠰᠬᠢᠨ ᠤ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠦᠭᠤᠳᠬᠤ ᠭᠡᠯᠳᠡᠰ                    2022 ᠤᠨ ᠤ 8 ᠰᠠᠷ᠎ᠠ ᠶᠢᠨ 11 ᠤ ᠡᠳᠦᠷ 
 
ᠢᠷᠡᠯᠲᠡ᠄ ᠬᠦᠪᠡᠭᠡᠲᠦ ᠰᠢᠷ᠎ᠠ ᠬᠣᠰᠢᠭᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号