︽ᠶᠡᠭᠡ ᠰᠠᠶᠢᠨ︾ ᠮᠠᠯ ᠤᠨ ᠡᠮ ᠤᠨ ᠲᠡᠯᠬᠡᠬᠦᠷ ᠮᠠᠯᠴᠢᠳ ᠲᠤ ᠰᠠᠶᠢᠳᠤᠷ ᠦᠢᠯᠡᠴᠢᠯᠡᠵᠤ ᠪᠠᠶᠢᠨ᠎ᠠ
ᠨᠡᠶᠢᠲᠡᠯᠡᠭᠰᠡᠨ ᠴᠠᠭ᠄
2022/8/17
      ᠬᠦᠪᠡᠬᠡᠳᠣ ᠰᠢᠷ᠎ᠡ ᠬᠤᠰᠢᠭᠤᠨ ᠤ ᠶᠡᠭᠡ ᠰᠠᠶᠢᠨ ᠮᠠᠯ ᠤᠨ ᠡᠮ ᠤᠨ ᠲᠡᠯᠬᠡᠬᠦᠷ 2014 ᠣᠨ ᠳᠤ ᠪᠠᠶᠢᠭᠤᠯᠣᠬᠳᠠᠬᠰᠠᠨ ᠠᠴᠠ ᠣᠳᠣ ᠪᠣᠯᠳᠠᠯ᠎ᠠ ᠦᠨᠡᠨᠴᠢ ᠢᠲᠡᠭᠡᠮᠵᠢᠲᠡᠢ ᠡᠵᠡᠩᠨᠡᠯᠲᠡ ᠪᠠ ᠬᠠᠯᠠᠭᠤᠨ ᠦᠢᠯᠡᠴᠢᠯᠡᠭᠡ ᠪᠠᠷ ᠢᠶᠠᠨ ᠥᠷᠭᠡᠨ ᠤᠯᠠᠨ ᠮᠠᠯᠴᠢᠨ ᠲᠦᠮᠡᠨ ᠤ ᠪᠠᠨ ᠢᠲᠡᠭᠡᠯ ᠢ ᠣᠯᠣᠬᠰᠠᠭᠠᠷ ᠢᠷᠡᠵᠠᠢ᠃      ᠬᠦᠪᠡᠬᠡᠳᠣ ᠰᠢᠷ᠎ᠡ ᠬᠤᠰᠢᠭᠤᠨ ᠤ ᠪᠣᠬᠳᠠ ᠶᠢᠨ ᠭᠤᠣᠯ ᠰᠣᠮᠣᠨ ᠤ ᠪᠣᠯᠳᠣ ᠭᠠᠴᠠᠭᠠᠨ ᠤ 84 ᠨᠠᠰᠣᠳᠠᠢ ᠨᠠᠩᠰᠠᠯᠮ᠎ᠠ ᠨᠠᠰᠣᠳᠠᠨ ᠤ ᠬᠢᠨ ᠬᠦᠳᠡᠯᠮᠣᠷᠢ ᠬᠦᠴᠣ ᠳᠤᠲᠠᠭᠳᠠᠵᠤ ᠪᠠᠶᠢᠭ᠎ᠠ ᠪᠠᠶᠢᠳᠠᠯ ᠢ ᠮᠡᠳᠡᠭᠰᠡᠨ ᠤ ᠳᠠᠷᠠᠭ᠎ᠠ ᠶᠡᠭᠡ ᠰᠠᠶᠢᠨ ᠮᠠᠯ ᠤᠨ ᠡᠮ ᠤᠨ ᠲᠡᠯᠬᠡᠬᠦᠷ ᠤᠨ ᠠᠵᠢᠯᠳᠠᠳ ᠨᠢ ᠨᠠᠰᠤᠲᠠᠨ ᠤ ᠳᠤ ᠬᠦᠷᠴᠦ ᠬᠤᠷᠢᠭᠠᠳ ᠦᠬᠡᠷ ᠲᠤ ᠨᠢ ᠬᠤᠷᠣᠬᠠᠢ ᠲᠠᠭᠤᠵᠤ ᠦᠭᠭᠦᠭᠰᠡᠨ ᠪᠠᠶᠢᠨ᠎ᠠ᠃      ᠵᠣᠨ ᠤ ᠤᠯᠠᠷᠢᠯ ᠪᠣᠯ ᠮᠠᠯ ᠤᠨ ᠲᠠᠷᠭᠤ ᠬᠦᠴᠦ ᠠᠪᠬᠤ ᠴᠢᠬᠤᠯᠠ ᠴᠠᠭ ᠬᠤᠭᠤᠴᠠᠭ᠎ᠠ ᠪᠠᠶᠢᠵᠤ᠂ ᠦᠬᠡᠷ ᠬᠤᠨᠢᠨ ᠤ ᠬᠤᠷᠣᠬᠠᠶ ᠬᠥᠭᠡᠭᠡᠬᠦ ᠪᠠ ᠠᠷᠠᠰᠤᠨ ᠤ ᠡᠪᠡᠳᠴᠢᠨ ᠢ ᠰᠡᠷᠭᠡᠶᠢᠯᠡᠬᠦ ᠠᠵᠢᠯ ᠭᠤᠤᠯᠳᠠᠭᠤ ᠵᠣᠨ ᠤ ᠤᠯᠠᠷᠢᠯ ᠳᠤ ᠶᠠᠪᠤᠭᠳᠠᠳᠠᠭ᠃ ᠥᠷᠭᠡᠨ ᠣᠯᠠᠨ ᠮᠠᠯᠴᠢᠨ ᠲᠦᠮᠡᠨ ᠳᠤ ᠰᠢᠯᠢᠳᠡᠭ ᠦᠢᠯᠡᠴᠢᠯᠡᠭᠡ ᠬᠠᠩᠭᠠᠬᠤ ᠶᠢᠨ ᠲᠥᠯᠥᠭᠡ᠂ ᠶᠡᠭᠡ ᠰᠠᠶᠢᠨ ᠮᠠᠯ ᠤᠨ ᠡᠮ ᠤᠨ ᠳᠡᠯᠭᠡᠭᠦᠷ ᠤᠨ ᠠᠵᠢᠯᠲᠠᠨ ᠨᠢ ᠮᠠᠯᠵᠢᠬᠤ ᠣᠷᠣᠨ ᠢᠶᠠᠷ ᠭᠦᠨᠵᠡᠭᠡᠶᠢᠷᠡᠭᠦ᠂ ᠭᠠᠷ ᠤᠲᠠᠰᠤ᠂ ᠸᠢᠴᠠᠲ ᠵᠡᠷᠭᠡ ᠣᠯᠠᠨ ᠠᠷᠭ᠎ᠠ ᠭᠡᠯᠪᠡᠷᠢ ᠪᠠᠷ ᠮᠠᠯᠴᠢᠳ ᠲᠤ ᠮᠠᠯ ᠤᠨ ᠠᠷᠠᠴᠢᠯᠠᠭ᠎ᠠ ᠲᠡᠵᠢᠭᠡᠯᠭᠡ ᠶᠢᠨ ᠵᠢᠯᠣᠭᠤᠳᠣᠯᠭ᠎ᠠ ᠬᠢᠵᠤ᠂ ᠵᠦᠶ ᠵᠣᠬᠢᠰᠲᠠᠶ ᠡᠮ ᠬᠡᠷᠡᠭᠯᠡᠬᠦ ᠵᠡᠷᠭᠡ ᠮᠡᠳᠡᠯᠭᠡ ᠮᠡᠷᠭᠡᠵᠢᠯ ᠢ ᠦᠨ᠎ᠡ ᠲᠥᠯᠥᠪᠦᠷᠢ ᠥᠬᠡᠶ ᠤᠯᠠᠮᠵᠢᠯᠠᠨ ᠬᠠᠩᠭᠠᠵᠤ᠂ ᠮᠠᠯᠴᠢᠨ ᠲᠦᠮᠡᠨ ᠤ ᠮᠠᠯᠵᠢᠬᠤ ᠦᠢᠯᠡᠳᠪᠦᠷᠢᠯᠡᠯ ᠤᠨ ᠥᠪᠡᠷ ᠤᠨ ᠥᠷᠲᠡᠭ ᠢ ᠪᠠᠭᠠᠰᠬᠠᠬᠤ ᠶᠢᠨ ᠬᠠᠮᠲᠤ ᠵᠠᠷᠢᠮ ᠤᠷᠤᠰᠢᠵᠤ ᠪᠠᠶᠢᠭ᠎ᠠ ᠠᠰᠠᠭᠤᠳᠠᠯ ᠢ ᠨᠢ ᠰᠢᠢᠳᠪᠦᠷᠢᠯᠡᠵᠦ ᠦᠭᠭᠦᠭᠰᠡᠨ ᠪᠠᠶᠢᠨ᠎ᠠ᠃      ︽ᠦᠨᠣᠳᠣᠷ ᠮᠠᠨ ᠤ ᠬᠤᠰᠢᠭᠤᠨ ᠤ ᠶᠡᠭᠡ ᠰᠠᠶᠢᠨ ᠮᠠᠯ ᠤᠨ ᠡᠮ ᠤᠨ ᠲᠡᠯᠬᠡᠬᠦᠷ ᠤᠨ ᠠᠵᠢᠯᠳᠠᠳ ᠢᠷᠡᠵᠣ ᠦᠬᠡᠷ  ᠲᠤ ᠬᠤᠷᠣᠬᠠᠢ ᠬᠦᠬᠡᠬᠡᠬᠦ᠂ ᠵᠣᠨ ᠴᠠᠭ ᠤᠨ ᠬᠠᠯᠠᠭᠤᠨ ᠲᠠᠭᠤᠬᠤ ᠡᠮ ᠢ ᠬᠠᠮᠵᠢᠯᠴᠠᠵᠣ ᠴᠢᠳᠬᠤᠵᠣ ᠦᠭᠬᠦᠯ᠎ᠡ︔ ᠶᠡᠭᠡ ᠰᠠᠶᠢᠨ ᠮᠠᠯ ᠤᠨ ᠡᠮ ᠤᠨ ᠲᠡᠯᠬᠡᠬᠦᠷ ᠤᠨ ᠵᠠᠯᠠᠭᠤᠴᠣᠳ ᠬᠦᠳᠡᠭᠡ ᠪᠠᠭᠤᠵᠣ ᠮᠠᠯᠴᠢᠳ ᠲᠠᠢ ᠬᠠᠮᠵᠢᠯᠴᠠᠭᠠᠳ ᠶᠡᠭᠡ ᠰᠠᠶᠢᠨ ᠦᠢᠯᠡᠴᠢᠯᠡᠭᠡ ᠬᠠᠩᠭᠠᠵᠣ ᠦᠭᠴᠣ ᠪᠠᠶᠢᠬᠤ ᠪᠠᠷ ᠪᠠᠷᠠᠬᠤ ᠦᠬᠡᠢ ᠪᠠᠰᠠ ᠬᠠᠪᠣᠷ ᠴᠠᠭ ᠤᠨ ᠮᠠᠯ ᠤᠨ ᠬᠢᠵᠢᠭ ᠬᠡᠮ ᠢ ᠴᠠᠭ ᠲᠣᠬᠠᠢ ᠳᠤᠨᠢ ᠣᠳᠠᠰᠣ  ᠸᠢᠴᠡᠲ ᠢᠶᠠᠷ ᠠᠰᠠᠭᠤᠬᠤ ᠳᠤ ᠴᠠᠭ ᠢᠮᠬᠠᠳᠠ ᠪᠢᠳᠠᠨ ᠲᠠᠢ ᠬᠠᠷᠢᠴᠠᠵᠣ ᠵᠦᠪᠯᠡᠯᠬᠡ ᠦᠭᠳᠡᠭ︔ ᠡᠨᠡ ᠨᠢ ᠮᠠᠯᠴᠢᠳ ᠲᠤ ᠶᠡᠭᠡ ᠲᠣᠰᠠ ᠪᠣᠯᠳᠠᠭ︾ ᠭᠡᠵᠤ ᠮᠠᠯᠴᠢᠨ ᠡᠷᠳᠡᠨᠢᠪᠢᠯᠢᠭ ᠶᠠᠷᠢᠯ᠎ᠠ᠃      ᠬᠦᠪᠡᠬᠡᠳᠣ ᠰᠢᠷ᠎ᠡ ᠬᠤᠰᠢᠭᠤᠨ ᠤ ᠶᠡᠭᠡ ᠰᠠᠶᠢᠨ ᠮᠠᠯ ᠤᠨ ᠡᠮ ᠤᠨ ᠲᠡᠯᠬᠡᠬᠦᠷ ᠤᠨ ᠵᠠᠬᠢᠷᠣᠯ ᠣᠷᠭᠤᠭ᠎ᠠ ︽ᠮᠠᠨ ᠤ ᠶᠡᠭᠡ ᠰᠠᠶᠢᠨ ᠮᠠᠯ ᠤᠨ ᠡᠮ ᠤᠨ ᠳᠡᠯᠭᠡᠭᠦᠷ ᠨᠢ ᠶᠢᠰᠦᠨ ᠠᠵᠢᠯᠳᠠᠨ ᠢᠶᠠᠷ ᠪᠦᠷᠢᠯᠳᠦᠭᠰᠡᠨ ᠲᠤᠰᠬᠠᠶ ᠮᠡᠷᠭᠡᠵᠢᠯ ᠤᠨ ᠦᠶᠯᠡᠴᠢᠯᠡᠭᠡᠨ ᠤ ᠪᠦᠯᠬᠦᠮ ᠲᠠᠢ ᠪᠠᠶᠢᠵᠣ᠂ ᠳᠡᠯᠭᠡᠭᠦᠷ ᠪᠠᠶᠢᠭᠤᠯᠤᠭᠰᠠᠨ ᠠᠴᠠ ᠣᠲᠣ ᠪᠣᠯᠲᠠᠯ᠎ᠠ᠂ ᠮᠠᠯᠴᠢᠨ ᠲᠦᠮᠡᠨ ᠳᠤ ᠦᠨᠡᠨ ᠪᠣᠳᠠᠲᠠᠶ ᠦᠶᠯᠡᠴᠢᠯᠡᠭᠡ ᠬᠠᠩᠭᠠᠵᠠᠢ︔  ᠬᠤᠵᠢᠮ ᠬᠤᠶᠢᠰᠢᠳᠠ ᠪᠢᠳᠡ ᠤᠳᠤᠬᠢᠴᠢᠯᠠᠭᠰᠠᠨ ᠮᠠᠯ ᠠᠵᠤ ᠠᠬᠤᠢ ᠶᠢᠨ ᠦᠢᠯᠡᠰ ᠲᠤ ᠦᠪᠡᠷ ᠤᠨ ᠬᠦᠴᠣ ᠪᠠᠨ ᠵᠣᠷᠢᠭᠤᠯᠵᠣ᠂ ᠮᠠᠯᠵᠢᠬᠤ ᠦᠢᠯᠡᠰ ᠤᠨ ᠰᠢᠨ᠎ᠠ ᠮᠡᠳᠡᠯᠭᠡ ᠮᠡᠷᠭᠡᠵᠢᠯ ᠢ ᠨᠡᠩ ᠦᠷᠬᠡᠨ ᠲᠡᠬᠦᠯᠳᠡᠷ ᠢᠶᠠᠷ ᠮᠠᠯᠴᠢᠨ ᠲᠦᠮᠡᠨ ᠳᠤ ᠪᠠᠨ ᠤᠯᠠᠮᠵᠢᠯᠠᠬᠤ ᠪᠠᠷ ᠴᠢᠷᠮᠠᠶᠢᠨ᠎ᠠ︾ ᠭᠡᠵᠤ ᠶᠠᠷᠢᠯ᠎ᠠ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号