ᠴᠡᠷᠢᠭ ᠬᠦᠮᠦᠨ ᠤ ᠬᠠᠳᠠᠨ ᠵᠤᠷᠢᠭ ᠢᠶᠠᠷ ᠴᠢᠨᠳᠠᠮᠤᠨᠢ ᠮᠡᠲᠦ ᠠᠮᠢᠳᠤᠷᠠᠯ ᠢᠶᠠᠨ ᠴᠤᠭᠴᠠᠯᠠᠨ᠎ᠠ
ᠨᠡᠶᠢᠲᠡᠯᠡᠭᠰᠡᠨ ᠴᠠᠭ᠄
2022/8/17
      ᠴᠡᠷᠢᠭ ᠪᠤᠯᠵᠤ ᠡᠬᠡ ᠤᠯᠤᠰ ᠢᠶᠠᠨ ᠬᠠᠮᠠᠭᠠᠯᠠᠬᠤ ᠳᠠᠷᠬᠠᠨ ᠡᠬᠦᠷᠭᠡ ᠶᠢ ᠡᠬᠦᠷᠭᠡᠯᠡᠨ᠂ ᠰᠦᠷ ᠵᠢᠪᠬᠤᠯᠠᠩᠲᠦ ᠴᠡᠷᠢᠭ  ᠤᠨ ᠵᠢᠭᠰᠠᠭᠠᠯ ᠳᠤ ᠤᠮᠤᠭ ᠲᠡᠬᠦᠯᠳᠡᠷ ᠠᠯᠬᠤᠬᠤ ᠮᠦᠷᠦᠭᠡᠳᠦᠯ ᠬᠦᠰᠡᠯᠡᠩ ᠢ ᠬᠦᠮᠦᠨ ᠪᠤᠯᠭᠠᠨ ᠮᠠᠨᠠᠵᠤ ᠪᠠᠶᠢᠭᠰᠠᠨ ᠪᠠᠶᠢᠬᠤ᠃ ᠮᠠᠨ ᠤ ᠬᠤᠰᠢᠭᠤᠨ ᠤ ︽ᠪᠠᠳᠠᠷᠠᠬᠤ︾ ᠭᠡᠷ ᠵᠠᠰᠠᠵᠤ ᠴᠢᠮᠡᠭᠯᠡᠬᠦ ᠺᠤᠮᠫᠠᠨᠢ ᠶᠢᠨ ᠤᠶᠠᠬᠠᠨ ᠪᠤᠯ ᠴᠡᠷᠢᠭ ᠪᠤᠯᠬᠤ ᠰᠠᠶᠢᠬᠠᠨ ᠬᠦᠰᠡᠯ ᠮᠦᠷᠦᠭᠡᠳᠦᠯ ᠢᠶᠠᠨ ᠪᠡᠶᠡᠯᠡᠬᠦᠯᠵᠤ᠂ ᠭᠠᠯ ᠵᠠᠯᠠᠭᠤ ᠨᠠᠰᠤ ᠪᠠᠨ ᠤᠳᠬ᠎ᠠ ᠠᠭᠤᠯᠭ᠎ᠠ ᠲᠠᠢ᠂ ᠳᠤᠷᠠᠰᠤᠮᠵᠢ ᠳᠦᠬᠦᠷᠡᠩ ᠦᠩᠭᠡᠷᠡᠬᠦᠯᠦᠭᠰᠡᠨ ᠦᠢ ᠤᠯᠠᠨ ᠬᠠᠯᠠᠭᠳᠠᠭᠰᠠᠨ ᠴᠡᠷᠢᠭ ᠤᠨ ᠨᠢᠭᠡᠨ ᠪᠤᠯᠬᠤ ᠶᠤᠮ᠃      ᠨᠠᠢᠮᠠᠨ ᠰᠠᠷ᠎ᠠ ᠶᠢᠨ ᠨᠢᠭᠡᠨ ᠤ ᠴᠡᠷᠢᠭ ᠪᠠᠶᠢᠭᠤᠯᠤᠭᠳᠠᠭᠰᠠᠨ ᠪᠠᠶᠠᠷ ᠤᠨ ᠡᠳᠦᠷ ᠪᠤᠯᠵᠤ ᠪᠠᠶᠢᠭ᠎ᠠ ᠲᠠᠰᠢᠷᠠᠮ ᠢᠶᠠᠷ ᠬᠠᠯᠠᠭᠳᠠᠭᠰᠠᠨ ᠴᠡᠷᠢᠭ ᠤᠶᠠᠬᠠᠨ ᠪᠠ ᠲᠡᠭᠦᠨ ᠤ ᠨᠦᠬᠦᠷ ᠴᠡᠯᠡᠭᠡᠷ ᠤᠨ ᠪᠠᠶᠢᠭᠤᠯᠤᠭᠰᠠᠨ ︽ᠪᠠᠳᠠᠷᠠᠬᠤ︾ ᠭᠡᠷ ᠵᠠᠰᠠᠵᠤ ᠴᠢᠮᠡᠭᠯᠡᠬᠦ ᠺᠤᠮᠫᠠᠨᠢ ᠳᠤ ᠬᠦᠷᠬᠦ ᠳᠤ ᠤᠶᠠᠬᠠᠨ ᠴᠡᠯᠡᠭᠡᠷ ᠬᠤᠶᠠᠷ ᠮᠠᠨᠢ ᠠᠦ᠋ᠲᠴᠢᠯᠠᠭᠰᠠᠨ ᠮᠠᠰᠢᠨ ᠲᠤᠨᠤᠭ ᠢᠶᠠᠷ ᠠᠪᠳᠠᠷ᠎ᠠ ᠬᠤᠷᠭᠤ ᠬᠢᠬᠦ ᠮᠠᠲ᠋ᠧᠷᠢᠶᠠᠯ ᠡᠰᠬᠡᠵᠤ ᠶᠠᠭᠠᠷᠠᠯᠲᠠᠶᠢᠬᠠᠨ ᠠᠵᠢᠯᠯᠠᠵᠤ ᠪᠠᠶᠢᠬᠤ ᠲᠠᠢ ᠲᠠᠭᠠᠷᠠᠯᠳᠤᠯ᠎ᠠ᠃ᠤᠶᠠᠬᠠᠨ 2012 ᠤᠨ ᠳᠤ ᠳ᠋ᠠᠯᠢᠶᠠᠨ ᠤ ᠳᠠᠯᠠᠢ ᠶᠢᠨ ᠴᠡᠷᠢᠭ ᠲᠤ ᠡᠯᠰᠡᠭᠳᠡᠨ᠂ ᠲᠠᠯ᠎ᠠ ᠨᠤᠲᠤᠭ ᠤᠨ ᠦᠬᠢᠨ ᠳᠠᠯᠠᠢ ᠲᠠᠩᠬᠢᠰ ᠲᠤ ᠳᠠᠪᠳᠠᠨ ᠪᠤᠯᠪᠠᠰᠤᠷᠠᠵᠤ᠂ ᠦᠷᠭᠡᠨ ᠠᠭᠤᠳᠠᠮ ᠲᠢᠪ ᠳᠡᠯᠡᠬᠡᠢ ᠪᠠᠷ ᠠᠶᠠᠯᠠᠨ᠂ ᠦᠢ ᠤᠯᠠᠨ ᠤᠳᠠᠭ᠎ᠠ ᠡᠬᠦᠷᠭᠡ ᠳᠤᠰᠢᠶᠠᠯ ᠬᠦᠢᠴᠡᠳᠬᠡᠨ᠂ ᠭᠠᠪᠢᠶ᠎ᠠ ᠵᠢᠳᠬᠦᠯ ᠪᠠᠶᠢᠭᠤᠯᠵᠤ᠂ ᠱᠠᠩᠨᠠᠯ ᠬᠦᠬᠢᠬᠦᠯᠦᠯ ᠭᠠᠷᠳᠠᠨ᠂ ᠤᠳᠬ᠎ᠠ ᠠᠭᠤᠯᠭ᠎ᠠ ᠲᠠᠢ ᠮᠦᠷᠲᠡᠭᠡᠨ ᠦᠩᠭᠡ ᠬᠡᠷᠡᠯ ᠲᠠᠢ ᠲᠠᠪᠤᠨ ᠵᠢᠯ ᠤᠨ ᠴᠡᠷᠢᠭ ᠤᠨ ᠠᠮᠢᠳᠤᠷᠠᠯ ᠢ ᠦᠩᠭᠡᠷᠡᠬᠦᠯᠦᠨ᠂ 2017 ᠣᠨ ᠳᠤ ᠴᠡᠷᠢᠭ ᠠᠴᠠ ᠪᠠᠨ ᠬᠠᠯᠠᠭᠳᠠᠵᠠᠢ᠃     ︽ᠬᠠᠮᠤᠭ ᠠᠩᠬ᠎ᠠ ᠳᠠᠯᠠᠢ ᠶᠢᠨ ᠴᠡᠷᠢᠭ ᠲᠤ ᠤᠷᠣᠭᠠᠳ ᠤᠩᠭᠤᠴᠠᠨ ᠳᠡᠭᠡᠷ᠎ᠡ ᠭᠠᠷᠬᠤ ᠳᠤ  ᠤᠩᠭᠤᠴᠠᠨ ᠳᠡᠭᠡᠷᠡᠬᠢ ᠠᠮᠢᠳᠤᠷᠠᠯ ᠳᠤ ᠳᠠᠳᠬᠤ ᠦᠭᠡᠢ ᠭᠤᠷᠪᠠᠨ ᠬᠤᠨᠤᠭ ᠬᠤᠭᠤᠯᠠ ᠢᠳᠡᠵᠥ ᠤᠷᠣᠬᠤ ᠦᠭᠡᠢ᠂ ᠤᠰᠤ ᠤᠤᠭᠤᠭᠰᠠᠨ ᠴᠤ ᠪᠦᠭᠡᠯᠵᠢᠵᠥ ᠤᠷᠤᠨ ᠳᠡᠭᠡᠷ᠎ᠡ ᠪᠠᠨ ᠭᠡᠪᠲᠡᠵᠥ ᠪᠠᠶᠢᠭᠰᠠᠨ᠂ ᠰᠡᠭᠦᠯᠡᠷ ᠨᠢ ᠠᠭᠠᠵᠢᠮ ᠢᠶᠠᠷ ᠴᠡᠷᠢᠭ ᠤᠨ ᠠᠮᠢᠳᠤᠷᠠᠯ ᠳᠤ ᠪᠠᠨ ᠳᠠᠳᠴᠤ᠂ ᠴᠡᠷᠢᠭ ᠤᠨ ᠠᠮᠢᠳᠤᠷᠠᠯ ᠤᠯᠠᠮ ᠠᠴᠠ ᠤᠯᠠᠮ ᠭᠤᠶᠤ ᠰᠠᠶᠢᠬᠠᠨ ᠰᠠᠨᠠᠭᠳᠠᠬᠤ ᠪᠤᠯᠣᠭᠰᠠᠨ᠂ ᠴᠡᠷᠢᠭ ᠠᠴᠠ ᠪᠠᠨ ᠬᠠᠯᠠᠭᠳᠠᠭᠠᠳ ᠪᠤᠴᠠᠵᠤ ᠢᠷᠡᠭᠰᠡᠨ ᠤ ᠳᠠᠷᠠᠭ᠎ᠠ ᠴᠤ ᠭᠤᠶᠤ ᠰᠠᠶᠢᠬᠠᠨ ᠴᠡᠷᠢᠭ ᠤᠨ ᠠᠮᠢᠳᠤᠷᠠᠯ ᠢᠶᠠᠨ ᠳᠤᠷᠠᠰᠤᠨ ᠰᠠᠨᠠᠭᠠᠯᠵᠠᠳᠠᠭ︾  ᠭᠡᠵᠥ ᠬᠠᠯᠠᠭᠳᠠᠭᠰᠠᠨ ᠴᠡᠷᠢᠭ ᠤᠶᠠᠬᠠᠨ ᠶᠠᠷᠢᠯ᠎ᠠ᠃      ᠨᠤᠲᠤᠭ ᠲᠤ ᠪᠠᠨ ᠪᠤᠴᠠᠭᠰᠠᠨ ᠤ ᠳᠠᠷᠠᠭ᠎ᠠ ᠤᠶᠠᠬᠠᠨ ᠨᠦᠬᠦᠷ ᠴᠡᠯᠡᠭᠡᠷ ᠲᠠᠢ ᠪᠠᠨ ᠲᠠᠨᠢᠯᠴᠠᠵᠤ ᠠᠶᠢᠯ ᠡᠷᠦᠬᠡ ᠪᠤᠰᠬᠠᠨ᠂ ᠦᠷ᠎ᠡ ᠶᠢᠨ ᠵᠤᠯᠠᠢ ᠦᠨᠦᠷᠯᠡᠭᠰᠡᠨ ᠪᠦᠭᠡᠳ ᠬᠠᠮᠲᠦ ᠪᠠᠷ ︽ᠪᠠᠳᠠᠷᠠᠬᠤ︾ ᠭᠡᠷ ᠵᠠᠰᠠᠵᠤ ᠴᠢᠮᠡᠭᠯᠡᠬᠦ ᠺᠤᠮᠫᠠᠨᠢ ᠪᠠᠨ ᠡᠷᠬᠢᠯᠡᠵᠥ᠂ ᠣᠳᠤ ᠪᠤᠯᠬᠤ ᠳᠤ ᠳᠦᠷᠪᠡᠨ ᠠᠵᠢᠯᠲᠠᠨ ᠲᠠᠢ ᠪᠣᠯᠵᠤ᠂ ᠨᠤᠲᠤᠭ ᠤᠨ ᠢᠶᠠᠨ ᠠᠪᠢᠶᠠᠰᠤᠯᠢᠭ ᠵᠠᠯᠠᠭᠤᠰ ᠲᠤ ᠠᠵᠢᠯ ᠣᠯᠭᠤᠬᠤ ᠳᠠᠪᠴᠠᠩ ᠬᠠᠩᠭᠠᠭᠰᠠᠨ ᠢᠶᠠᠷ ᠪᠠᠷᠠᠬᠤ ᠦᠭᠡᠢ ᠦᠨᠳᠦᠰᠦᠲᠡᠨ ᠤ ᠤᠨᠴᠠᠯᠢᠭ ᠲᠠᠢ ᠭᠤᠴᠤ ᠰᠠᠶᠢᠬᠠᠨ ᠴᠢᠮᠡᠭᠯᠡᠯ  ᠢᠶᠠᠷ ᠢᠶᠠᠨ ᠬᠡᠷᠡᠭᠯᠡᠭᠴᠢᠳ ᠤᠨ ᠮᠠᠭᠳᠠᠭᠠᠯ ᠰᠠᠶᠢᠰᠢᠶᠠᠯ ᠢ ᠤᠯᠵᠤ᠂ ᠠᠵᠤ ᠠᠮᠢᠳᠤᠷᠠᠯ ᠢᠶᠠᠨ ᠦᠭᠡᠳᠡᠯᠡᠬᠦᠯᠦᠭᠰᠡᠭᠡᠷ ᠢᠷᠡᠵᠡᠢ᠃      ᠤᠶᠠᠬᠠᠨ ᠴᠡᠯᠡᠭᠡᠷ ᠬᠤᠶᠠᠷ ᠤᠨ ︽ᠪᠠᠳᠠᠷᠠᠬᠤ︾ ᠭᠡᠷ ᠵᠠᠰᠠᠵᠤ ᠴᠢᠮᠡᠭᠯᠡᠬᠦ ᠺᠤᠮᠫᠠᠨᠢ ᠨᠢ ᠺᠤᠮᠫᠢᠦ᠋ᠲ᠋ᠧᠷ ᠢᠶᠠᠷ ᠵᠢᠷᠤᠵᠤ ᠳᠦᠰᠥᠪᠯᠡᠵᠥ᠂ ᠡᠰᠬᠡᠵᠥ ᠵᠦᠰᠦᠬᠦ ᠰᠢᠨ᠎ᠡ ᠮᠡᠷᠭᠡᠵᠢᠯ ᠢ ᠬᠡᠷᠡᠭᠯᠡᠵᠥ᠂ ᠦᠷ᠎ᠡ ᠠᠰᠢᠭ ᠦᠨᠳᠦᠷ ᠮᠦᠷᠲᠡᠭᠡᠨ ᠬᠢᠴᠡ ᠪᠠᠷ ᠨᠠᠷᠢᠯᠢᠭ ᠲᠤᠯᠠ ᠬᠡᠷᠡᠭᠡᠯᠡᠭᠴᠢᠳ ᠲᠤ ᠲᠠᠭᠠᠰᠢᠶᠠᠭᠳᠠᠵᠤ᠂ ᠮᠠᠨ ᠤ ᠬᠤᠰᠢᠭᠤᠨ ᠤ ᠬᠡᠪᠴᠢᠶᠠᠨ ᠳᠤ ᠤᠯᠠᠨ ᠠᠶᠢᠯ ᠡᠷᠦᠬᠡ ᠭᠡᠷ ᠢᠶᠠᠨ ᠵᠠᠰᠠᠵᠤ ᠴᠢᠮᠡᠭᠯᠡᠭᠦᠯᠥᠭᠰᠡᠨ ᠢᠶᠠᠷ ᠦᠷᠭᠡᠨ ᠳᠡᠯᠭᠡᠷ ᠵᠠᠬ᠎ᠠ ᠳᠡᠯᠭᠡᠭᠦᠷ ᠤᠨ ᠤᠷᠤᠨ ᠵᠠᠢ ᠲᠠᠢ ᠪᠤᠯᠤᠭᠰᠠᠨ ᠪᠠᠶᠢᠨ᠎ᠠ᠃      ᠤᠶᠢᠯᠠᠭᠠᠭᠰᠠᠨ ᠢᠶᠠᠷ᠂ ᠮᠠᠨ ᠤ ᠬᠤᠰᠢᠭᠤᠨ ᠳᠤ ᠴᠡᠷᠢᠭ ᠠᠴᠠ ᠬᠠᠯᠠᠭᠳᠠᠭᠰᠠᠨ ᠤ ᠳᠠᠷᠠᠭ᠎ᠠ ᠦᠪᠡᠷᠳᠡᠭᠡᠨ ᠠᠵᠢᠯ ᠦᠢᠯᠡᠰ ᠡᠷᠬᠢᠯᠡᠵᠥ ᠪᠠᠶᠢᠭ᠎ᠠ ᠬᠦᠮᠦᠰ ᠭᠤᠴᠢᠭᠠᠳ ᠪᠠᠶᠢᠵᠤ᠂ ᠴᠡᠷᠢᠭ ᠤᠨ ᠬᠤᠸᠠᠷᠠᠨ ᠳᠤ ᠳᠠᠪᠳᠠᠭᠰᠠᠨ ᠪᠤᠯᠪᠠᠰᠤᠷᠠᠭᠰᠠᠨ ᠬᠠᠳᠠᠨ ᠵᠤᠷᠢᠭ ᠢᠶᠠᠷ ᠢᠶᠠᠨ ᠴᠢᠨᠳᠠᠮᠤᠨᠢ ᠮᠡᠲᠦ ᠠᠮᠢᠳᠤᠷᠠᠯ ᠢᠶᠠᠨ ᠴᠤᠭᠴᠠᠯᠠᠵᠤ ᠪᠠᠶᠢᠨ᠎ᠠ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号