ᠲᠥᠷᠥ ᠶᠢᠨ ᠶᠠᠪᠤᠳᠠᠯ ᠤᠨ ᠬᠤᠷᠢᠶᠠᠨ ᠤ ︽ᠨᠡᠶᠢᠭᠡᠮ ᠤᠨ ᠠᠪᠤᠷᠠᠨ ᠲᠤᠰᠠᠯᠠᠬᠤ ᠲᠦᠷ ᠬᠡᠷᠡᠭᠵᠢᠭᠦᠯᠬᠦ ᠠᠷᠭ᠎ᠠ︾ ᠶᠢ | ᠪᠦᠬᠦ ᠲᠠᠯ᠎ᠠ ᠪᠠᠷ ᠲᠤᠭᠤᠰᠢᠯᠠᠭᠤᠯᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠦᠪᠰᠢᠨ ᠢ ᠲᠣᠭᠲᠠᠭᠤᠨ ᠢᠶᠠᠷ | ᠳᠡᠭᠡᠭᠰᠢᠯᠡᠭᠦᠯᠬᠦ ᠲᠤᠬᠠᠶ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ | ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠠᠷᠠᠳ ᠤᠨ | ᠠᠮᠢᠳᠤᠷᠠᠯ ᠢ ᠪᠠᠲᠤᠯᠠᠬᠤ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠬᠦ ᠱᠠᠭᠠᠷᠳᠠᠯᠭ᠎ᠠ ᠪᠠᠷ᠂ ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠣᠷᠳᠣᠨ ᠣᠶᠢᠷ᠎ᠠ ᠳᠤ ︽2022 ᠣᠨ ᠤ ᠪᠥᠬᠦ ᠣᠷᠣᠨ ᠤ ᠨᠡᠶᠢᠭᠡᠮ ᠤᠨ ᠠᠪᠤᠷᠠᠨ ᠲᠤᠰᠠᠯᠠᠬᠤ | ᠪᠠᠷᠢᠮᠵᠢᠶ᠎ᠠ ᠶᠢᠨ ᠬᠤᠯᠪᠣᠭᠳᠠᠯ ᠪᠥᠬᠦᠶ ᠵᠦᠢᠯᠡᠰ ᠤᠨ ᠲᠤᠬᠠᠶ ᠮᠡᠳᠡᠭᠳᠡᠯ︾ ︵ᠥᠪᠥᠷ ᠵᠠᠰᠠᠭ ᠥᠰᠥᠭ ﹇2022﹈ 40 | ᠳ᠋ᠦ᠋ᠭᠡᠷ ᠲᠣᠭᠠᠲᠤ︶ ︵ᠳᠣᠷᠣᠭᠰᠢ ︽ᠠᠪᠤᠷᠠᠨ ᠲᠤᠰᠠᠯᠠᠬᠤ ᠪᠠᠷᠢᠮᠵᠢᠶ᠎ᠠ︾ ᠭᠡᠵᠦ ᠲᠣᠪᠴᠢᠯᠠᠨ᠎ᠠ︶ ᠢ ᠳᠠᠷᠤᠮᠠᠯᠯᠠᠨ | ᠲᠠᠷᠬᠠᠭᠠᠳ᠂ ᠪᠥᠬᠦ ᠣᠷᠣᠨ ᠤ ᠨᠡᠶᠢᠭᠡᠮ ᠤᠨ ᠠᠪᠤᠷᠠᠨ ᠲᠤᠰᠠᠯᠠᠬᠤ ᠪᠠᠷᠢᠮᠵᠢᠶ᠎ᠠ ᠳᠤ ᠲᠣᠬᠢᠷᠠᠭᠤᠯᠤᠯᠲᠠ ᠬᠢᠵᠦ᠂ ᠡᠯ᠎ᠡ ᠭᠠᠵᠠᠷ | ᠣᠷᠣᠨ 6 ᠳ᠋ᠤᠭᠠᠷ ᠰᠠᠷ᠎ᠠ ᠶᠢᠨ 10 ᠤ ᠡᠳᠦᠷ ᠠᠴᠠ ᠡᠮᠦᠨ᠎ᠡ ᠰᠢᠨ᠎ᠡ ᠪᠠᠷᠢᠮᠵᠢᠶ᠎ᠠ ᠶᠣᠰᠣᠭᠠᠷ ᠳᠡᠭᠡᠷ᠎ᠡ ᠬᠠᠭᠠᠰ ᠵᠢᠯ ᠤᠨ ᠪᠠᠯᠠ | ᠮᠥᠩᠭᠦ ᠶᠢ ᠨᠥᠬᠦᠪᠥᠷᠢᠯᠡᠵᠦ ᠳᠠᠭᠤᠰᠬᠠᠬᠤ ᠶᠢ ᠦᠨᠡᠨ ᠬᠦ ᠪᠠᠲᠤᠯᠠᠬᠤ ᠶᠢᠨ ᠬᠠᠮᠲᠤ ᠬᠤᠲᠠ ᠬᠥᠳᠡᠭᠡ ᠶᠢᠨ ᠨᠠᠭᠠᠳᠤ | ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠣᠨᠴᠠ ᠬᠦᠴᠢᠷᠳᠡᠯ ᠲᠠᠢ ᠬᠥᠮᠦᠰ ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ | ᠮᠥᠩᠭᠦ ᠶᠢ ᠰᠠᠷ᠎ᠠ ᠰᠠᠷ᠎ᠠ ᠪᠠᠷ ᠲᠠᠷᠬᠠᠭᠠᠬᠤ ᠬᠡᠷᠡᠭᠲᠡᠶ ᠭᠡᠵᠦ ᠱᠠᠭᠠᠷᠳᠠᠪᠠ᠃ ︽ᠠᠪᠤᠷᠠᠨ ᠲᠤᠰᠠᠯᠠᠬᠤ ᠪᠠᠷᠢᠮᠵᠢᠶ᠎ᠠ︾ ᠶᠢᠨ | ᠬᠠᠮᠢᠶ᠎ᠠ ᠪᠥᠬᠦᠶ ᠠᠭᠤᠯᠭ᠎ᠠ ᠶᠢ ᠨᠡᠶᠢᠭᠡᠮ ᠨᠡᠶᠢᠲᠡ ᠳᠤ ᠥᠷᠭᠡᠨ ᠢᠶᠠᠷ ᠵᠥᠪ ᠣᠶᠢᠯᠠᠭᠠᠭᠤᠯᠬᠤ ᠶᠢᠨ ᠲᠤᠯᠠᠳᠠ ᠡᠳᠦᠭᠡ | ᠳᠠᠷᠠᠭᠠᠬᠢ ᠮᠡᠲᠦ ᠲᠠᠶᠢᠯᠤᠮᠵᠢ ᠬᠢᠪᠡ᠃ | ᠨᠢᠭᠡ᠂ ︽ᠠᠪᠤᠷᠠᠨ ᠲᠤᠰᠠᠯᠠᠬᠤ ᠪᠠᠷᠢᠮᠵᠢᠶ᠎ᠠ︾ ᠶᠢ ᠲᠣᠭᠲᠠᠭᠠᠬᠤ ᠨᠢ ᠬᠦᠴᠢᠷᠳᠡᠯ ᠲᠠᠢ ᠣᠯᠠᠨ ᠲᠦᠮᠡᠨ ᠤ | ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠳᠡᠭᠡᠭᠰᠢᠯᠡᠭᠦᠯᠬᠦ ᠳᠤ | ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ ᠲᠥᠷᠥ ᠶᠢᠨ ᠶᠠᠪᠤᠳᠠᠯ ᠤᠨ ᠬᠤᠷᠢᠶᠠᠨ ᠤ ︽ᠨᠡᠶᠢᠭᠡᠮ ᠤᠨ ᠠᠪᠤᠷᠠᠨ | ᠲᠤᠰᠠᠯᠠᠯᠲᠠ ᠶᠢᠨ ᠲᠦᠷ ᠬᠡᠷᠡᠭᠵᠢᠭᠦᠯᠬᠦ ᠠᠷᠭ᠎ᠠ︾ ᠶᠢᠨ ᠠᠷᠪᠠᠳᠤᠭᠠᠷ ᠵᠦᠢᠯ ᠢ ᠦᠨᠳᠦᠰᠦᠯᠡᠪᠡᠯ᠄ ︽ᠮᠤᠵᠢ᠂ ᠥᠪᠡᠷᠲᠡᠭᠡᠨ | ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠪᠤᠶᠤ ᠲᠣᠭᠤᠷᠢᠭ ᠪᠥᠬᠦᠶ ᠬᠤᠲᠠ ᠶᠢᠨ ᠱᠠᠲᠤᠨ ᠤ ᠠᠷᠠᠳ ᠤᠨ ᠵᠠᠰᠠᠭ ᠤᠨ | ᠣᠷᠳᠣᠨ ᠲᠤᠬᠠᠶ ᠶᠢᠨ ᠭᠠᠵᠠᠷ ᠤᠨ ᠪᠠᠨ ᠰᠠᠭᠤᠭᠠᠯᠢ ᠠᠷᠠᠳ ᠤᠨ ᠠᠮᠢᠳᠤᠷᠠᠯ ᠤᠨ ᠴᠢᠬᠤᠯᠠ ᠪᠥᠬᠦᠶ ᠵᠠᠷᠤᠳᠠᠯ ᠤᠳ ᠢ | ᠦᠨᠳᠦᠰᠦᠯᠡᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠲᠣᠭᠲᠠᠭᠠᠵᠤ ᠨᠡᠶᠢᠲᠡᠯᠡᠬᠦ︾ ᠪᠠ | ᠠᠷᠪᠠᠨ ᠲᠠᠪᠤᠳᠤᠭᠠᠷ ᠵᠦᠢᠯ ᠳᠤ᠄ ︽ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠪᠤᠶᠤ | ᠲᠣᠭᠤᠷᠢᠭ ᠪᠥᠬᠦᠶ ᠬᠤᠲᠠ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠣᠨᠴᠠ ᠬᠦᠴᠢᠷᠳᠡᠯ ᠲᠠᠢ ᠬᠥᠮᠦᠰ ᠢ | ᠠᠰᠠᠷᠠᠨ ᠲᠡᠵᠢᠭᠡᠬᠦ ᠪᠠᠷᠢᠮᠵᠢᠶ᠎ᠠ ᠶᠢ ᠲᠣᠭᠲᠠᠭᠠᠵᠤ ᠨᠡᠶᠢᠲᠡᠯᠡᠨ᠎ᠡ︾ ᠭᠡᠵᠦ ᠲᠣᠭᠲᠠᠭᠠᠵᠠᠶ᠃ ᠡᠭᠦᠨ ᠤ ᠬᠠᠮᠲᠤ᠂ ︽ | ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠠᠪᠤᠷᠠᠨ ᠲᠤᠰᠠᠯᠠᠬᠤ ᠠᠷᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ | ᠥᠪᠥᠷ ᠵᠠᠰᠠᠭ ᠠᠯᠪᠠᠨ ᠲᠠᠷᠬᠠᠭᠠᠭᠰᠠᠨ ﹇2015﹈ 94 ᠳ᠋ᠦ᠋ᠭᠡᠷ ᠲᠣᠭᠠᠲᠤ︶ ᠤᠨ ᠠᠷᠪᠠᠳᠤᠭᠠᠷ ᠵᠦᠢᠯ ᠢ ᠦᠨᠳᠦᠰᠦᠯᠡᠪᠡᠯ | ᠄ ︽ᠡᠯ᠎ᠡ ᠭᠠᠵᠠᠷ ᠣᠷᠣᠨ ᠨᠤᠭᠤᠳ ᠲᠤᠬᠠᠶ ᠶᠢᠨ ᠭᠠᠵᠠᠷ ᠤᠨ ᠪᠠᠨ ᠰᠠᠭᠤᠭᠠᠯᠢ ᠠᠷᠠᠳ ᠤᠨ ᠠᠮᠢᠳᠤᠷᠠᠯ ᠤᠨ ᠴᠢᠬᠤᠯᠠ | ᠪᠥᠬᠦᠶ ᠵᠠᠷᠤᠳᠠᠯ ᠢ ᠦᠨᠳᠦᠰᠦᠯᠡᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠲᠣᠭᠲᠠᠭᠠᠭᠰᠠᠨ ᠤ | ᠳᠠᠷᠠᠭ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠬᠢᠨᠠᠨ ᠬᠠᠷᠭᠤᠭᠤᠯᠤᠭᠤᠯᠤᠨ | ᠨᠡᠶᠢᠲᠡᠯᠡᠭᠦᠯᠬᠦ ᠶᠢᠨ ᠬᠠᠮᠲᠤ ᠴᠠᠭ ᠲᠤᠬᠠᠢ ᠳᠤ ᠨᠢ ᠳᠣᠬᠢᠷᠠᠭᠤᠯᠬᠤ︾ ᠪᠠ ᠠᠷᠪᠠᠨ ᠨᠠᠢᠮᠠᠳᠤᠭᠠᠷ ᠵᠦᠢᠯ ᠳᠤ᠄ ︽ᠡᠯ᠎ᠡ ᠭᠠᠵᠠᠷ | ᠣᠷᠣᠨ ᠨᠤᠭᠤᠳ ᠲᠤᠬᠠᠶ ᠶᠢᠨ ᠭᠠᠵᠠᠷ ᠤᠨ ᠪᠠᠨ ᠰᠠᠭᠤᠭᠠᠯᠢ ᠠᠷᠠᠳ ᠤᠨ ᠬᠥᠮᠦᠨ ᠪᠦᠷᠢ ᠶᠢᠨ ᠳᠤᠮᠳᠠᠴᠢ ᠬᠡᠷᠡᠭᠯᠡᠭᠡᠨ ᠤ | ᠬᠢᠷᠢ ᠲᠥᠪᠰᠢᠨ ᠬᠢᠭᠡᠳ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠪᠠᠷ ᠯᠠᠪᠯᠠᠯᠲᠠ ᠪᠣᠯᠭᠠᠨ ᠣᠨᠴᠠ | ᠬᠦᠴᠢᠷᠳᠡᠯ ᠲᠠᠢ ᠬᠥᠮᠦᠰ ᠢ ᠠᠰᠠᠷᠠᠨ ᠲᠡᠵᠢᠭᠡᠬᠦ ᠪᠠᠷᠢᠮᠵᠢᠶ᠎ᠠ ᠶᠢ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠬᠢᠨᠠᠨ ᠬᠠᠷᠭᠤᠭᠤᠯᠵᠤ ᠨᠡᠶᠢᠲᠡᠯᠡᠬᠦ ᠶᠢᠨ ᠬᠠᠮᠲᠤ ᠴᠠᠭ ᠲᠣᠬᠠᠢ ᠳᠤ ᠨᠢ ᠲᠤᠬᠢᠷᠠᠭᠤᠯᠤᠯᠳᠠ | ᠬᠢᠬᠦ ᠬᠡᠷᠡᠭᠲᠡᠢ︾ ᠭᠡᠵᠦ ᠲᠣᠭᠲᠠᠭᠠᠵᠠᠶ᠃ ᠨᠡᠶᠢᠭᠡᠮ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢ ᠲᠣᠭᠲᠠᠭᠠᠭᠰᠠᠨ ᠨᠢ ᠨᠠᠮ ᠤᠨ | ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠶᠡᠭᠡ ᠬᠤᠷᠠᠯ ᠤᠨ ᠤᠳᠠᠭ᠎ᠠ ᠪᠦᠷᠢ ᠶᠢᠨ ᠪᠦᠬᠦᠳᠠ ᠬᠤᠷᠠᠯ ᠤᠨ | ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠣᠷᠣᠨ ᠤ ᠬᠦᠴᠢᠷᠳᠡᠯᠲᠡᠢ ᠤᠯᠠᠨ | ᠲᠦᠮᠡᠨ ᠤ ᠦᠨᠳᠦᠰᠦᠨ ᠠᠮᠢᠳᠤᠷᠠᠯ ᠤᠨ ᠠᠪᠤᠷᠠᠨ ᠲᠤᠰᠠᠯᠠᠬᠤ ᠠᠵᠢᠯ ᠢ ᠦᠨᠡᠨ ᠬᠦ ᠰᠠᠶᠢᠲᠤᠷ ᠬᠢᠵᠦ᠂ ᠬᠦᠴᠢᠷᠳᠡᠯᠲᠡᠢ | ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ | ᠳᠡᠭᠡᠭᠰᠢᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ | ᠬᠤᠶᠠᠷ᠂ ︽ᠠᠪᠤᠷᠠᠨ ᠲᠤᠰᠠᠯᠠᠬᠤ ᠪᠠᠷᠢᠮᠵᠢᠶ᠎ᠠ︾ ᠶᠢ ᠲᠣᠭᠲᠠᠭᠠᠬᠤ ᠪᠣᠯ ᠲᠥᠪ ᠤᠨ ᠠᠵᠤ ᠠᠬᠤᠶ ᠶᠢᠨ ᠠᠵᠢᠯ ᠤᠨ | ᠬᠤᠷᠠᠯ ᠪᠠ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠪᠣᠳᠠᠲᠠᠶ | ᠠᠷᠭ᠎ᠠ ᠬᠡᠮᠵᠢᠶ᠎ᠡ ᠮᠥᠨ 2021 ᠣᠨ ᠤ 12 ᠳ᠋ᠤᠭᠠᠷ ᠰᠠᠷ᠎ᠠ ᠳᠤ ᠬᠤᠷᠠᠯᠳᠤᠭᠤᠯᠤᠭᠰᠠᠨ ᠲᠥᠪ ᠤᠨ ᠠᠵᠤ ᠠᠬᠤᠶ ᠶᠢᠨ | ᠠᠵᠢᠯ ᠤᠨ ᠬᠤᠷᠠᠯ ᠳᠤ ︽ᠵᠠᠩᠭᠢᠯᠠᠭ᠎ᠠ ᠶᠢᠨ ᠴᠠᠭ᠂ ᠬᠦᠴᠢᠷᠳᠡᠯ ᠲᠠᠢ ᠬᠥᠮᠦᠰ ᠤᠨ ᠦᠨᠳᠦᠰᠦᠨ ᠠᠮᠢᠳᠤᠷᠠᠯ ᠤᠨ | ᠪᠠᠲᠤᠯᠠᠭ᠎ᠠ ᠶᠢ ᠰᠠᠶᠢᠲᠤᠷ ᠬᠢᠬᠦ ᠬᠡᠷᠡᠭᠲᠡᠶ︾ ︽ᠠᠷᠠᠳ ᠤᠨ ᠠᠮᠢᠳᠤᠷᠠᠯ ᠢᠯᠠᠩᠭᠤᠶ᠎ᠠ ᠬᠦᠴᠢᠷᠳᠡᠯ ᠲᠠᠢ ᠣᠯᠠᠨ ᠲᠦᠮᠡᠨ ᠤ | ᠦᠨᠳᠦᠰᠦᠨ ᠠᠮᠢᠳᠤᠷᠠᠯ ᠢ ᠪᠦᠲᠦᠮᠵᠢᠲᠡᠶ ᠪᠠᠲᠤᠯᠠᠨ ᠰᠠᠶᠢᠵᠢᠷᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ︾ ᠭᠡᠵᠦ | ᠲᠣᠳᠣᠷᠬᠠᠶ ᠲᠣᠭᠲᠠᠭᠠᠵᠠᠶ᠃ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ 2022 ᠣᠨ ᠤ 1 ᠳ᠋ᠦ᠋ᠭᠡᠷ | ᠰᠠᠷ᠎ᠠ ᠶᠢᠨ 21 ᠤ ᠡᠳᠦᠷ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠵᠢᠷᠭᠤᠳᠤᠭᠠᠷ | ᠤᠳᠠᠭ᠎ᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠡᠭᠡᠷ᠎ᠡ ᠬᠢᠭᠰᠡᠨ ᠵᠠᠰᠠᠭ ᠤᠨ ᠣᠷᠳᠣᠨ ᠤ ᠠᠵᠢᠯ ᠤᠨ | ᠢᠯᠡᠳᠬᠡᠯ ᠳᠡᠭᠡᠨ ︽ᠨᠡᠶᠢᠭᠡᠮ ᠤᠨ ᠠᠪᠤᠷᠠᠨ ᠲᠤᠰᠠᠯᠠᠬᠤ ᠲᠣᠭᠲᠠᠯᠴᠠᠭ᠎ᠠ ᠶᠢ ᠪᠦᠷᠢᠨᠰᠢᠭᠦᠯᠵᠦ᠂ ᠨᠠᠭᠠᠳᠤ ᠵᠠᠬ᠎ᠠ ᠶᠢᠨ | ᠠᠮᠢᠳᠤᠷᠠᠯ ᠤᠨ ᠪᠠᠲᠤᠯᠠᠭ᠎ᠠ᠂ ᠣᠨᠴᠠ ᠬᠦᠴᠢᠷᠳᠡᠯ ᠲᠠᠢ ᠬᠥᠮᠦᠰ ᠢ ᠠᠪᠤᠷᠠᠨ ᠲᠤᠰᠠᠯᠠᠬᠤ ᠪᠠᠲᠤᠯᠠᠭ᠎ᠠ ᠶᠢᠨ ᠠᠵᠢᠯ ᠢ | ᠰᠠᠶᠢᠲᠤᠷ ᠬᠢᠬᠦ ᠬᠡᠷᠡᠭᠲᠡᠶ︾ ᠭᠡᠵᠦ ᠲᠣᠳᠣᠷᠬᠠᠶ ᠳᠤᠷᠠᠳᠤᠨ ᠭᠠᠷᠭᠠᠪᠠ᠃ ᠪᠥᠬᠦ ᠣᠷᠣᠨ ᠤ ᠨᠡᠶᠢᠭᠡᠮ ᠤᠨ ᠠᠪᠤᠷᠠᠨ | ᠲᠤᠰᠠᠯᠠᠬᠤ ᠪᠠᠷᠢᠮᠵᠢᠶ᠎ᠠ ᠶᠢ ᠵᠢᠷᠤᠮᠵᠢᠭᠤᠯᠤᠨ ᠳᠣᠭᠢᠷᠠᠭᠤᠯᠵᠤ᠂ ᠪᠥᠬᠦ ᠣᠷᠣᠨ ᠤ ᠬᠦᠴᠢᠷᠳᠡᠯ ᠲᠠᠢ ᠣᠯᠠᠨ ᠲᠦᠮᠡᠨ ᠤ | ᠦᠨᠳᠦᠰᠦᠨ ᠠᠮᠢᠳᠤᠷᠠᠯ ᠤᠨ ᠠᠪᠤᠷᠠᠨ ᠲᠤᠰᠠᠯᠠᠬᠤ ᠠᠵᠢᠯ ᠢ ᠦᠨᠡᠨ ᠬᠦ ᠰᠠᠶᠢᠲᠤᠷ ᠬᠢᠬᠦ ᠪᠣᠯ ᠥᠪᠡᠷᠲᠡᠭᠡᠨ ᠵᠠᠰᠠᠬᠤ | ᠣᠷᠣᠨ ᠤ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠪᠠ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠦᠴᠢᠷᠳᠡᠯ ᠲᠠᠢ ᠣᠯᠠᠨ ᠲᠦᠮᠡᠨ ᠳᠤ ᠥᠭᠡᠷᠡᠴᠢᠯᠡᠯᠲᠡ ᠬᠥᠭᠵᠢᠯᠲᠡ ᠶᠢᠨ | ᠦᠷ᠎ᠡ ᠪᠦᠲᠦᠭᠡᠯ ᠢ ᠴᠠᠭ ᠲᠤᠬᠠᠶ ᠳᠤ ᠨᠢ ᠭᠦᠢᠴᠡᠳ ᠡᠳ᠋ᠯᠡᠭᠦᠯᠬᠦ ᠪᠣᠳᠠᠲᠠᠶ ᠠᠷᠭ᠎ᠠ ᠬᠡᠮᠵᠢᠶ᠎ᠡ ᠮᠥᠨ᠃ | ᠭᠤᠷᠪᠠ᠂ ︽ᠠᠪᠤᠷᠠᠨ ᠲᠤᠰᠠᠯᠠᠬᠤ ᠪᠠᠷᠢᠮᠵᠢᠶ᠎ᠠ︾ ᠶᠢ ᠲᠣᠭᠲᠠᠭᠠᠬᠤ ᠨᠢ ᠥᠪᠡᠷᠲᠡᠭᠡᠨ ᠵᠠᠰᠠᠬᠤ ᠣᠷᠣᠨ ᠤ | ᠨᠡᠶᠢᠭᠡᠮ ᠤᠨ ᠠᠪᠤᠷᠠᠨ ᠲᠤᠰᠠᠯᠠᠬᠤ ᠠᠵᠢᠯ ᠤᠨ ᠪᠣᠳᠠᠲᠤ ᠪᠠᠶᠢᠳᠠᠯ ᠲᠠᠢ ᠨᠡᠶᠢᠴᠡᠵᠦ ᠪᠤᠢ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠶᠢᠨ ᠪᠠᠷᠢᠮᠵᠢᠶ᠎ᠠ ᠶᠢ ᠬᠢᠨᠠᠨ ᠲᠣᠭᠲᠠᠭᠠᠭᠰᠠᠨ ᠪᠠᠶᠢᠳᠠᠯ ᠠᠴᠠ ᠦᠵᠡᠪᠡᠯ᠂ ᠡᠯ᠎ᠡ ᠠᠶᠢᠮᠠᠭ ᠬᠤᠲᠠ ᠶᠢᠨ ᠳᠡᠭᠡᠷ᠎ᠡ | ᠱᠠᠲᠤᠨ ᠳᠤ ᠮᠡᠳᠡᠭᠦᠯᠦᠭᠰᠡᠨ ᠪᠠᠷᠢᠮᠵᠢᠶ᠎ᠠ ᠪᠠᠷ ᠲᠥᠰᠦᠭᠡᠯᠡᠨ ᠪᠤᠳᠤᠪᠠᠯ᠂ 2022 ᠣᠨ ᠳᠤ ᠪᠥᠬᠦ ᠣᠷᠣᠨ ᠤ ᠬᠤᠲᠠ ᠶᠢᠨ | ᠠᠷᠠᠳ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠳᠤᠮᠳᠠᠴᠢ ᠪᠠᠷᠢᠮᠵᠢᠶ᠎ᠠ ᠰᠠᠷ᠎ᠠ ᠳᠤ 813 ᠲᠥᠭᠦᠷᠢᠭ ᠲᠤ | ᠬᠦᠷᠴᠦ᠂ ᠨᠢᠳᠤᠨᠤᠨ ᠵᠢᠯ ᠤᠨ ᠬᠢ ᠠᠴᠠ 41 ᠲᠥᠭᠦᠷᠢᠭ ᠨᠡᠮᠡᠭᠳᠡᠵᠦ᠂ ᠨᠡᠮᠡᠭᠳᠡᠯ ᠤᠨ ᠬᠡᠮᠵᠢᠶ᠎ᠡ ᠨᠢ 5.3% ᠪᠣᠯᠣᠨ᠎ᠠ︔ | ᠮᠠᠯᠵᠢᠬᠤ ᠲᠠᠷᠢᠶᠠᠯᠠᠬᠤ ᠣᠷᠣᠨ ᠤ ᠠᠷᠠᠳ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠳᠤᠮᠳᠠᠴᠢ | ᠪᠠᠷᠢᠮᠵᠢᠶ᠎ᠠ ᠨᠢ ᠵᠢᠯ ᠳᠤ 7320 ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ 589 ᠲᠥᠭᠦᠷᠢᠭ ᠨᠡᠮᠡᠭᠳᠡᠵᠦ᠂ | ᠨᠡᠮᠡᠭᠳᠡᠯ ᠤᠨ ᠬᠡᠮᠵᠢᠶ᠎ᠡ ᠨᠢ 8.8% ᠪᠣᠯᠤᠨ᠎ᠠ᠃ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠶᠢᠨ ᠪᠠᠷᠢᠮᠵᠢᠶ᠎ᠠ ᠶᠢᠨ ᠵᠥᠷᠢᠶ᠎ᠡ ᠤᠯᠠᠮ ᠨᠢᠭᠡ ᠠᠯᠬᠤᠮ ᠪᠠᠭᠠᠰᠴᠤ ᠮᠠᠨ ᠤ ᠣᠷᠣᠨ ᠤ ᠪᠣᠳᠠᠲᠤ ᠪᠠᠶᠢᠳᠠᠯ ᠲᠠᠢ | ᠨᠡᠶᠢᠴᠡᠨ᠎ᠡ᠃ ᠣᠨᠴᠠ ᠬᠦᠴᠢᠷᠳᠡᠯ ᠲᠠᠢ ᠬᠥᠮᠦᠰ ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ ᠪᠠᠷᠢᠮᠵᠢᠶ᠎ᠠ ᠶᠢ ᠬᠢᠨᠠᠨ | ᠲᠣᠭᠲᠠᠭᠠᠭᠰᠠᠨ ᠪᠠᠶᠢᠳᠠᠯ ᠠᠴᠠ ᠦᠵᠡᠪᠡᠯ᠂ ︽ᠠᠮᠢᠳᠤᠷᠠᠯ ᠢᠶᠠᠨ ᠠᠷᠭᠠᠴᠠᠭᠠᠬᠤ ᠴᠢᠳᠠᠪᠤᠷᠢ ᠪᠠᠨ ᠬᠡᠰᠡᠭ ᠲᠠᠯ᠎ᠠ ᠪᠠᠷ | ᠠᠯᠳᠠᠭᠰᠠᠨ ᠪᠠ ᠠᠮᠢᠳᠤᠷᠠᠯ ᠢᠶᠠᠨ ᠠᠷᠭᠠᠴᠠᠭᠠᠬᠤ ᠴᠢᠳᠠᠪᠤᠷᠢ ᠪᠠᠨ ᠪᠦᠷᠢᠮᠦᠰᠦᠨ ᠠᠯᠳᠠᠭᠰᠠᠨ ᠣᠨᠴᠠ ᠬᠦᠴᠢᠷᠳᠡᠯ ᠲᠠᠢ | ᠬᠥᠮᠦᠰ ᠢ ᠬᠠᠷᠠᠭᠠᠯᠵᠠᠨ ᠰᠤᠪᠢᠯᠠᠬᠤ ᠪᠠᠷᠢᠮᠵᠢᠶ᠎ᠠ ᠶᠢ ᠵᠠᠷᠴᠢᠮ ᠳᠡᠭᠡᠷ᠎ᠡ ᠪᠠᠨ ᠨᠢᠳᠤᠨᠤᠨ ᠵᠢᠯ ᠤᠨ ᠪᠥᠬᠦ ᠣᠷᠣᠨ ᠤ ᠳᠤᠮᠳᠠᠴᠢ | ᠨᠠᠭᠠᠳᠤ ᠵᠠᠬ᠎ᠠ ᠶᠢᠨ ᠴᠠᠯᠢᠩ ᠤᠨ ᠪᠠᠷᠢᠮᠵᠢᠶ᠎ᠠ ᠶᠢᠨ 25%᠂ 65% ᠠᠴᠠ ᠳᠣᠤᠷ᠎ᠠ ᠪᠠᠶᠢᠯᠭᠠᠬᠤ ᠥᠬᠡᠶ ᠪᠠᠶᠢᠬᠤ | ᠱᠠᠭᠠᠷᠳᠠᠯᠭ᠎ᠠ︾ ᠶᠢ ᠨᠠᠶᠢᠳᠠᠪᠤᠷᠢᠵᠢᠭᠤᠯᠬᠤ ᠶᠢᠨ ᠲᠤᠰᠠᠳᠠ᠂ 2022 ᠣᠨ ᠳᠤ ᠪᠥᠬᠦ ᠣᠷᠣᠨ ᠤ ᠬᠤᠲᠠ ᠶᠢᠨ ᠣᠨᠴᠠ | ᠬᠦᠴᠢᠷᠳᠡᠯ ᠲᠠᠢ ᠬᠥᠮᠦᠰ ᠤᠨ ᠦᠨᠳᠦᠰᠦᠨ ᠠᠮᠢᠳᠤᠷᠠᠯ ᠤᠨ ᠠᠰᠠᠷᠠᠨ ᠲᠡᠵᠢᠭᠡᠬᠦ ᠳᠤᠮᠳᠠᠴᠢ ᠪᠠᠷᠢᠮᠵᠢᠶ᠎ᠠ ᠶᠢ ᠰᠠᠷ᠎ᠠ ᠳᠤ | 1358 ᠲᠥᠭᠦᠷᠢᠭ ᠲᠤ ᠬᠦᠷᠦᠭᠦᠯᠵᠦ᠂ ᠨᠢᠳᠤᠨᠤᠨ ᠵᠢᠯ ᠤᠨ ᠬᠢ ᠠᠴᠠ 50 ᠲᠥᠭᠦᠷᠢᠭ ᠨᠡᠮᠡᠭᠳᠡᠭᠦᠯᠵᠦ᠂ ᠨᠡᠮᠡᠭᠳᠡᠯ ᠤᠨ | ᠬᠡᠮᠵᠢᠶ᠎ᠡ ᠶᠢ 3.8% ᠪᠣᠯᠭᠠᠪᠠ︔ ᠪᠥᠬᠦ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠣᠨᠴᠠ ᠬᠦᠴᠢᠷᠳᠡᠯ ᠲᠠᠢ | ᠬᠥᠮᠦᠰ ᠤᠨ ᠦᠨᠳᠦᠰᠦᠨ ᠠᠮᠢᠳᠤᠷᠠᠯ ᠤᠨ ᠠᠰᠠᠷᠠᠨ ᠲᠡᠵᠢᠭᠡᠬᠦ ᠳᠤᠮᠳᠠᠴᠢ ᠪᠠᠷᠢᠮᠵᠢᠶ᠎ᠠ ᠶᠢ ᠵᠢᠯ ᠳᠤ 11259 | ᠲᠥᠭᠦᠷᠢᠭ ᠲᠤ ᠬᠦᠷᠦᠭᠦᠯᠵᠦ᠂ ᠨᠢᠳᠤᠨᠤᠨ ᠵᠢᠯ ᠤᠨ ᠬᠢ ᠠᠴᠠ 726 ᠲᠥᠭᠦᠷᠢᠭ ᠨᠡᠮᠡᠭᠳᠡᠭᠦᠯᠵᠦ᠂ ᠨᠡᠮᠡᠭᠳᠡᠯ ᠤᠨ | ᠬᠡᠮᠵᠢᠶ᠎ᠡ ᠶᠢ 6. 9% ᠪᠣᠯᠭᠠᠪᠠ︔ ᠪᠥᠬᠦ ᠣᠷᠣᠨ ᠤ ᠣᠨᠴᠠ ᠬᠦᠴᠢᠷᠳᠡᠯ ᠲᠠᠢ ᠬᠥᠮᠦᠰ ᠤᠨ ᠠᠮᠢᠳᠤᠷᠠᠯ ᠢᠶᠠᠨ | ᠠᠷᠭᠠᠴᠠᠭᠠᠬᠤ ᠴᠢᠳᠠᠪᠤᠷᠢ ᠪᠠᠨ ᠬᠡᠰᠡᠭ ᠲᠠᠯ᠎ᠠ ᠪᠠᠷ ᠠᠯᠳᠠᠭᠰᠠᠳ ᠢ ᠠᠰᠠᠷᠠᠨ ᠰᠤᠪᠢᠯᠠᠬᠤ ᠳᠤᠮᠳᠠᠴᠢ ᠪᠠᠷᠢᠮᠵᠢᠶ᠎ᠠ ᠶᠢ ᠰᠠᠷ᠎ᠠ ᠳᠤ | 494 ᠲᠥᠭᠦᠷᠢᠭ ᠲᠤ ᠬᠦᠷᠦᠭᠦᠯᠵᠦ᠂ ᠨᠢᠳᠤᠨᠤᠨ ᠵᠢᠯ ᠤᠨ ᠬᠢ ᠠᠴᠠ 63 ᠲᠥᠭᠦᠷᠢᠭ ᠨᠡᠮᠡᠭᠳᠡᠭᠦᠯᠵᠦ᠂ ᠨᠡᠮᠡᠭᠳᠡᠯ ᠤᠨ | ᠬᠡᠮᠵᠢᠶ᠎ᠡ ᠶᠢ 14.6% ᠪᠣᠯᠭᠠᠪᠠ︔ ᠪᠥᠬᠦ ᠣᠷᠣᠨ ᠤ ᠣᠨᠴᠠ ᠬᠦᠴᠢᠷᠳᠡᠯ ᠲᠠᠢ ᠬᠥᠮᠦᠰ ᠤᠨ ᠠᠮᠢᠳᠤᠷᠠᠯ ᠢᠶᠠᠨ | ᠠᠷᠭᠠᠴᠠᠭᠠᠬᠤ ᠴᠢᠳᠠᠪᠤᠷᠢ ᠪᠠᠨ ᠪᠦᠷᠢᠮᠦᠰᠦᠨ ᠠᠯᠳᠠᠭᠰᠠᠳ ᠢ ᠠᠰᠠᠷᠠᠨ ᠰᠤᠪᠢᠯᠠᠬᠤ ᠳᠤᠮᠳᠠᠴᠢ ᠪᠠᠷᠢᠮᠵᠢᠶ᠎ᠠ ᠶᠢ ᠰᠠᠷ᠎ᠠ ᠳᠤ | 1265 ᠲᠥᠭᠦᠷᠢᠭ ᠲᠤ ᠬᠦᠷᠦᠭᠦᠯᠵᠦ᠂ ᠨᠢᠳᠤᠨᠤᠨ ᠵᠢᠯ ᠤᠨ ᠬᠢ ᠠᠴᠠ 178 ᠲᠥᠭᠦᠷᠢᠭ ᠨᠡᠮᠡᠭᠳᠡᠭᠦᠯᠵᠦ᠂ 16. | 4% ᠪᠠᠷ ᠨᠡᠮᠡᠭᠳᠡᠭᠦᠯᠵᠡᠢ᠃ |