ᠵᠡᠭᠦᠨ ᠬᠤᠶᠢᠲᠤ ᠣᠷᠣᠨ ᠤ ᠬᠠᠷ᠎ᠠ ᠬᠥᠷᠥᠰᠥᠲᠦ ᠭᠠᠵᠠᠷ ᠤᠨ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢᠨ | ᠠᠵᠢᠯᠯᠠᠭ᠎ᠠ ᠶᠢᠨ ᠲᠥᠯᠥᠪᠯᠡᠭᠡ ᠶᠢ ᠵᠢᠷᠤᠮᠵᠢᠭᠤᠨ ᠪᠥᠭᠡᠳ ᠥᠨᠳᠥᠷ ᠪᠦᠲᠦᠮᠵᠢᠲᠡᠶ ᠬᠡᠷᠡᠭᠵᠢᠭᠦᠯᠬᠦ ᠶᠢ ᠠᠬᠢᠭᠤᠯᠬᠤ ᠶᠢᠨ | ᠲᠤᠰᠠᠳᠠ᠂ 5 ᠳ᠋ᠤᠭᠠᠷ ᠰᠠᠷ᠎ᠠ ᠶᠢᠨ 25 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ | ᠠᠵᠤ ᠠᠬᠤᠢ ᠶᠢᠨ ᠲᠢᠩᠬᠢᠮ ᠡᠳ᠋ ᠤᠨ ᠵᠠᠰᠠᠭ ᠤᠨ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | 2022 ᠣᠨ ᠤ ᠬᠠᠷ᠎ᠠ ᠬᠥᠷᠥᠰᠥᠲᠦ ᠭᠠᠵᠠᠷ ᠤᠨ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢ ᠠᠬᠢᠭᠤᠯᠬᠤ | ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾ ︵ᠳᠣᠷᠣᠭᠰᠢ ︽ᠬᠡᠷᠡᠭᠵᠢᠭᠦᠯᠬᠦ ᠲᠥᠰᠥᠯ︾ ᠭᠡᠵᠦ ᠲᠣᠪᠴᠢᠯᠠᠨ᠎ᠠ︶ ᠢ | ᠳᠠᠷᠤᠮᠠᠯᠯᠠᠨ ᠲᠠᠷᠬᠠᠭᠠᠪᠠ᠃ ᠵᠡᠭᠦᠨ ᠬᠡᠰᠡᠭ ᠤᠨ ᠳᠥᠷᠪᠡᠨ ᠠᠶᠢᠮᠠᠭ ᠬᠤᠲᠠ᠂ ᠬᠡᠷᠡᠭᠵᠢᠭᠦᠯᠬᠦ ᠬᠤᠰᠢᠭᠤ ᠰᠢᠶᠠᠨ ᠤ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠭᠦᠨᠵᠡᠭᠡᠢ ᠣᠶᠢᠯᠠᠭᠠᠬᠤ ᠳᠤ ᠳᠥᠭᠦᠮ ᠦᠵᠡᠭᠦᠯᠵᠦ᠂ ᠬᠠᠷ᠎ᠠ ᠬᠥᠷᠥᠰᠥᠲᠦ | ᠭᠠᠵᠠᠷ ᠤᠨ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢ ᠡᠮᠬᠢ ᠵᠢᠷᠤᠮ ᠲᠠᠢ ᠥᠷᠨᠢᠭᠦᠯᠬᠦ ᠶᠢ ᠵᠢᠯᠤᠭᠤᠳᠬᠤ ᠶᠢᠨ ᠲᠤᠰᠠᠳᠠ᠂ | ᠡᠳᠦᠭᠡ ᠬᠠᠮᠢᠶ᠎ᠠ ᠪᠦᠬᠦᠢ ᠠᠭᠤᠯᠭ᠎ᠠ ᠶᠢ ᠳᠣᠣᠷᠠᠬᠢ ᠮᠡᠲᠦ ᠲᠠᠶᠢᠯᠪᠤᠷᠢᠯᠠᠪᠠ᠄ | ᠨᠢᠭᠡ᠂ ᠨᠣᠣᠷᠠᠭᠯᠠᠭᠰᠠᠨ ᠠᠬᠤᠢ ᠪᠠᠶᠢᠳᠠᠯ ︽ᠵᠡᠭᠦᠨ ᠬᠤᠶᠢᠲᠤ ᠶᠢᠨ ᠬᠠᠷ᠎ᠠ ᠬᠥᠷᠥᠰᠥᠲᠦ ᠭᠠᠵᠠᠷ ᠤᠨ | ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢᠨ ᠠᠵᠢᠯᠯᠠᠭ᠎ᠠ ᠶᠢᠨ ᠲᠥᠯᠥᠪᠯᠡᠭᠡ ︵2020 — 2025 ᠣᠨ︶︾ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠷ᠎ᠠ ᠬᠥᠷᠥᠰᠥᠲᠦ ᠭᠠᠵᠠᠷ ᠤᠨ ᠬᠠᠮᠠᠭᠠᠯᠠᠯᠲᠠ ᠶᠢᠨ ᠴᠢᠨᠠᠷᠲᠠᠢ | ᠲᠠᠷᠢᠶᠠᠯᠠᠭ᠎ᠠ ᠶᠢ ᠠᠬᠢᠭᠤᠯᠬᠤ ᠠᠵᠢᠯᠯᠠᠭ᠎ᠠ ᠶᠢᠨ ᠲᠥᠰᠥᠯ ︵2020 — 2025 ᠣᠨ︶︾ ︽ᠲᠠᠷᠢᠶᠠᠯᠠᠩ ᠬᠥᠳᠡᠭᠡ | ᠲᠣᠰᠬᠤᠨ ᠤ ᠶᠠᠮᠤᠨ ᠤ ᠲᠠᠷᠢᠶᠠᠯᠠᠩ ᠤᠨ ᠮᠠᠰᠢᠨᠴᠢᠯᠠᠯᠲᠠ ᠶᠢᠨ ᠬᠠᠮᠢᠶᠠᠷᠤᠯᠲᠠ ᠶᠢᠨ ᠵᠤᠷᠭᠠᠨ ᠲᠥᠯᠥᠪᠯᠡᠭᠡ ᠡᠳ᠋ ᠤᠨ | ᠶᠠᠪᠤᠳᠠᠯ ᠤᠨ ᠵᠤᠷᠭᠠᠨ ᠡᠳ᠋ ᠤᠨ ᠵᠠᠰᠠᠭ ᠤᠨ ᠶᠠᠮᠤᠨ ᠤ ᠲᠠᠷᠢᠶᠠᠯᠠᠩ ᠬᠥᠳᠡᠭᠡ ᠲᠣᠰᠬᠤᠨ ᠤ ᠵᠤᠷᠭᠠᠨ ᠤ 2022 ᠣᠨ ᠤ | ᠵᠡᠭᠦᠨ ᠬᠤᠶᠢᠲᠤ ᠶᠢᠨ ᠬᠠᠷ᠎ᠠ ᠬᠥᠷᠥᠰᠥᠲᠦ ᠭᠠᠵᠠᠷ ᠤᠨ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢᠨ ᠠᠵᠢᠯᠯᠠᠭ᠎ᠠ ᠶᠢᠨ | ᠲᠥᠯᠥᠪᠯᠡᠭᠡ ᠶᠢ ᠬᠡᠷᠡᠭᠵᠢᠭᠦᠯᠬᠦ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠬᠠᠮᠢᠶ᠎ᠠ ᠪᠦᠬᠦᠢ ᠨᠢᠭᠡᠴᠢ ᠪᠠ | ᠬᠠᠷ᠎ᠠ ᠬᠥᠷᠥᠰᠥᠲᠦ ᠭᠠᠵᠠᠷ ᠤᠨ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢᠨ ᠲᠤᠰᠬᠠᠢ ᠮᠡᠷᠭᠡᠵᠢᠯᠲᠡᠨ ᠤ ᠳᠤᠭᠤᠶᠢᠯᠠᠩ ᠢ | ᠵᠣᠬᠢᠶᠠᠨ ᠪᠠᠶᠢᠭᠤᠯᠤᠨ ︽ᠬᠡᠷᠡᠭᠵᠢᠭᠦᠯᠬᠦ ᠲᠥᠰᠥᠯ︾ ᠢ ᠲᠤᠭᠤᠷᠪᠢᠬᠤ ᠠᠵᠢᠯ ᠢ ᠥᠷᠨᠢᠭᠦᠯᠪᠡ᠃ ︽ᠬᠡᠷᠡᠭᠵᠢᠭᠦᠯᠬᠦ ᠲᠥᠰᠥᠯ︾ | ᠢ ᠣᠶᠢᠷ᠎ᠠ ᠶᠢᠨ ᠵᠢᠯ ᠤᠨ ᠲᠤᠷᠰᠢᠬᠢ ᠠᠵᠢᠯ ᠢᠶᠠᠨ ᠥᠷᠨᠢᠭᠦᠯᠦᠭᠰᠡᠨ ᠪᠣᠳᠠᠲᠠᠢ ᠲᠠᠢ ᠤᠶᠠᠯᠳᠤᠭᠤᠯᠤᠨ᠂ ᠰᠠᠨᠠᠯ ᠬᠤᠷᠢᠶᠠᠬᠤ᠂ | ᠲᠤᠰᠬᠠᠢ ᠮᠡᠷᠭᠡᠵᠢᠯᠲᠡᠨ ᠢᠶᠠᠷ ᠨᠤᠲᠠᠯᠠᠭᠤᠯᠬᠤ ᠪᠠᠷ ᠳᠡᠮᠵᠢᠨ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ | ᠲᠢᠩᠬᠢᠮ ᠲᠠᠢ ᠬᠤᠯᠪᠣᠭᠠᠯᠠᠨ ᠳᠠᠷᠤᠮᠠᠯᠯᠠᠨ ᠲᠠᠷᠬᠠᠭᠠᠵᠤ ᠬᠡᠷᠡᠭᠵᠢᠭᠦᠯᠦᠨ᠎ᠡ᠃ | ᠬᠤᠶᠠᠷ᠂ ᠭᠤᠣᠯ ᠪᠣᠯᠬᠤ ᠪᠤᠶᠤ ᠲᠥᠰᠥᠪ ︽ᠬᠡᠷᠡᠭᠵᠢᠭᠦᠯᠬᠦ ᠲᠥᠰᠥᠯ︾ ᠳᠤ ︽ᠬᠡᠪᠴᠢᠶ᠎ᠡ ᠶᠢ ᠲᠣᠭᠲᠠᠭᠤᠨ ᠢᠶᠠᠷ | ᠥᠷᠭᠡᠳᠬᠡᠵᠦ᠂ ᠶᠠᠰᠤ ᠴᠢᠨᠠᠷ ᠢ ᠲᠡᠷᠢᠭᠦᠨ ᠳᠤ ᠲᠠᠯᠪᠢᠬᠤ︾ ᠵᠠᠷᠴᠢᠮ ᠢ ᠪᠠᠷᠢᠮᠲᠠᠯᠠᠨ᠂ ᠬᠠᠮᠠᠭᠠᠯᠠᠯᠲᠠ ᠶᠢᠨ ᠴᠢᠨᠠᠷᠲᠠᠢ | ᠲᠠᠷᠢᠶᠠᠯᠠᠭ᠎ᠠ ᠶᠢ ︽ᠢᠯᠡᠭᠦᠦ ᠪᠦᠷᠬᠦᠭᠦᠯᠵᠦ᠂ ᠳᠤᠲᠠᠭᠤ ᠰᠢᠷᠣᠢ ᠬᠥᠳᠡᠯᠭᠡᠬᠦ︾ ᠭᠤᠣᠯᠯᠠᠬᠤ ᠮᠡᠷᠭᠡᠵᠢᠯ ᠤᠨ ᠱᠠᠭᠠᠷᠳᠠᠯᠭ᠎ᠠ ᠶᠢ | ᠪᠠᠲᠤ ᠡᠵᠡᠮᠳᠡᠵᠦ᠂ ︽ᠨᠢᠭᠡ ᠡᠭᠦᠷᠭᠡ ᠬᠠᠷᠠᠯᠲᠠ︾ ︽ᠭᠤᠷᠪᠠᠨ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ | ᠠᠭᠤᠯᠭ᠎ᠠ︾ ᠶᠢ ᠴᠢᠬᠤᠯᠠᠴᠢᠯᠠᠪᠠ᠃ ᠪᠣᠳᠠᠲᠠᠢ ᠪᠠᠷ ᠬᠡᠯᠡᠪᠡᠯ ᠶᠡᠷᠦᠩᠬᠡᠢ ᠱᠠᠭᠠᠷᠳᠠᠯᠭ᠎ᠠ᠂ ᠬᠠᠷᠠᠯᠲᠠ ᠡᠭᠦᠷᠭᠡ᠂ ᠮᠡᠷᠭᠡᠵᠢᠯ ᠤᠨ | ᠵᠠᠭᠪᠤᠷ ᠵᠢᠴᠢ ᠤᠷ᠎ᠠ ᠮᠡᠷᠭᠡᠰᠢᠯ ᠢ ᠰᠢᠢᠳᠪᠦᠷᠢᠯᠡᠬᠦ ᠱᠠᠭᠠᠷᠳᠠᠯᠭ᠎ᠠ᠂ ᠨᠥᠬᠦᠪᠦᠷᠢ ᠪᠡᠯᠡ ᠮᠥᠩᠭᠦ ᠶᠢᠨ ᠬᠡᠷᠡᠭᠴᠡᠭᠡ᠂ ᠨᠥᠬᠦᠪᠦᠷᠢ | ᠣᠯᠭᠤᠬᠤ ᠪᠠᠷᠢᠮᠵᠢᠶ᠎ᠠ ᠵᠢᠴᠢ ᠨᠥᠬᠦᠪᠦᠷᠢ ᠣᠯᠭᠤᠬᠤ ᠡᠲᠡᠭᠡᠳ᠂ ᠠᠵᠢᠯ ᠤᠨ ᠲᠠᠰ ᠳᠠᠷᠠᠭᠠᠯᠠᠯ᠂ ᠠᠬᠢᠴᠠ ᠶᠢᠨ ᠱᠠᠭᠠᠷᠳᠠᠯᠭ᠎ᠠ᠂ | ᠪᠠᠲᠤᠯᠠᠭ᠎ᠠ ᠶᠢᠨ ᠠᠷᠭ᠎ᠠ ᠬᠡᠮᠵᠢᠶ᠎ᠡ ᠵᠡᠷᠭᠡ 8 ᠠᠭᠤᠯᠭ᠎ᠠ ᠶᠢ ᠨᠠᠷᠢᠯᠢᠭᠵᠢᠭᠤᠯᠤᠨ ᠲᠣᠬᠢᠷᠠᠭᠤᠯᠪᠠ᠃ | ᠭᠤᠷᠪᠠ᠂ ᠭᠤᠣᠯᠳᠠᠯᠭ᠎ᠠ ᠲᠠᠢ ᠠᠭᠤᠯᠭ᠎ᠠ ᠶᠢᠨ ᠲᠠᠶᠢᠯᠤᠮᠵᠢ | ︵ᠨᠢᠭᠡ︶ ᠡᠭᠦᠷᠭᠡ ᠬᠠᠷᠠᠯᠲᠠ᠃ | 2022 ᠣᠨ ᠳᠤ ᠮᠠᠨ ᠤ ᠣᠷᠣᠨ ᠬᠥᠯᠥᠨ ᠪᠤᠶᠢᠷ ᠬᠤᠲᠠ᠂ ᠬᠢᠩᠭᠠᠨ ᠠᠶᠢᠮᠠᠭ᠂ ᠲᠦᠩᠯᠢᠶᠣᠣ ᠬᠤᠲᠠ᠂ | ᠤᠯᠠᠭᠠᠨᠬᠠᠳᠠ ᠬᠤᠲᠠ ᠳᠤ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢ 1350 ᠲᠦᠮᠡᠨ ᠮᠦ ᠬᠡᠷᠡᠭᠵᠢᠭᠦᠯᠵᠦ᠂ 9 | ᠰᠢᠶᠠᠨ ᠤ ᠪᠦᠲᠦᠭᠡᠨ ᠪᠠᠶᠢᠭᠤᠯᠤᠯᠲᠠ ᠶᠢ ᠪᠦᠬᠦᠯᠢ ᠴᠣᠭᠴᠠ ᠪᠠᠷ ᠠᠬᠢᠭᠤᠯᠵᠤ᠂ 31 ᠰᠢᠶᠠᠨ ᠤ ᠱᠠᠲᠤ᠂ 87 ᠰᠢᠶᠠᠩ ᠤᠨ | ᠱᠠᠲᠤ ᠪᠠ 18 ᠲᠣᠰᠬᠤᠨ ᠤ ᠱᠠᠲᠤ ᠶᠢᠨ ᠥᠨᠳᠥᠷ ᠪᠠᠷᠢᠮᠵᠢᠶᠠᠲᠤ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢᠨ | ᠬᠡᠷᠡᠭᠯᠡᠭᠡᠨ ᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠠᠮᠠᠭᠠᠯᠠᠯᠲᠠ ᠶᠢᠨ ᠴᠢᠨᠠᠷᠲᠠᠢ | ᠲᠠᠷᠢᠶᠠᠯᠠᠭ᠎ᠠ ᠶᠢ ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠬᠢᠨᠠᠨ ᠰᠢᠨᠵᠢᠯᠡᠬᠦ 20 ᠴᠡᠭ ᠢ ᠪᠠᠬᠢᠵᠢᠭᠦᠯᠦᠨ ᠳᠡᠭᠡᠭᠰᠢᠯᠡᠭᠦᠯᠦᠨ᠎ᠡ᠃ | | ︵ᠬᠤᠶᠠᠷ︶ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠠᠭᠤᠯᠭ᠎ᠠ᠃ | ᠨᠢᠭᠡ ᠳᠤ᠂ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢ ᠠᠬᠢᠭᠤᠯᠵᠤ ᠰᠢᠶᠠᠨ ᠤ ᠪᠦᠲᠦᠭᠡᠨ ᠪᠠᠶᠢᠭᠤᠯᠤᠯᠲᠠ ᠶᠢ | ᠪᠦᠬᠦᠯᠢ ᠴᠣᠭᠴᠠ ᠪᠠᠷ ᠠᠬᠢᠭᠤᠯᠵᠤ᠂ ᠭᠤᠷᠪᠠᠨ ᠵᠢᠯ ᠳᠠᠷᠠᠭᠠᠯᠠᠨ ᠬᠡᠷᠡᠭᠵᠢᠭᠦᠯᠬᠦ ᠪᠠᠷ ᠳᠠᠮᠵᠢᠨ᠂ ᠰᠢᠶᠠᠨ ᠤ ᠬᠠᠮᠠᠭᠠᠯᠠᠯᠲᠠ ᠶᠢᠨ | ᠴᠢᠨᠠᠷᠲᠠᠢ ᠲᠠᠷᠢᠶᠠᠯᠠᠭ᠎ᠠ ᠶᠢ ᠬᠡᠷᠡᠭᠵᠢᠭᠦᠯᠬᠦ ᠲᠠᠯᠠᠪᠠᠢ ᠶᠢ ᠪᠦᠬᠦᠯᠢ ᠴᠣᠭᠴᠠ ᠪᠠᠷ ᠠᠬᠢᠭᠤᠯᠬᠤ ᠳᠤ ᠵᠠᠷᠴᠢᠮ ᠳᠡᠭᠡᠷ᠎ᠡ ᠪᠠᠨ ᠲᠤᠰ | ᠰᠢᠶᠠᠨ ᠤ ᠲᠠᠷᠢᠶᠠᠯᠠᠬᠤ ᠳᠤ ᠲᠣᠬᠢᠷᠠᠮᠵᠢᠲᠠᠢ ᠲᠠᠯᠠᠪᠠᠢ ᠶᠢᠨ 50% ᠠᠴᠠ ᠳᠠᠪᠠᠭᠤᠯᠵᠤ᠂ ᠮᠡᠷᠭᠡᠵᠢᠯ ᠢ ᠪᠣᠳᠠᠲᠠᠶᠢᠵᠢᠭᠤᠯᠬᠤ᠂ | ᠠᠵᠢᠯᠯᠠᠭᠠᠨ ᠢ ᠦᠷᠭᠦᠯᠵᠢᠯᠡᠭᠦᠯᠬᠦ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠴᠢᠷᠮᠠᠶᠢᠨ ᠪᠤᠢ ᠪᠣᠯᠭᠠᠨ᠎ᠠ᠃ | ᠬᠤᠶᠠᠷ ᠲᠤ᠂ ᠥᠨᠳᠥᠷ ᠪᠠᠷᠢᠮᠵᠢᠶᠠᠲᠤ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢᠨ ᠬᠡᠷᠡᠭᠯᠡᠭᠡᠨ ᠤ ᠰᠠᠭᠤᠷᠢᠨ | ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠲᠥᠷᠥ ᠶᠢᠨ ᠪᠣᠳᠣᠯᠭ᠎ᠠ ᠶᠢᠨ ᠪᠡᠯᠡ ᠮᠥᠩᠭᠦ᠂ ᠮᠡᠷᠭᠡᠵᠢᠯ ᠤᠨ | ᠬᠦᠴᠦᠨ ᠢ ᠬᠥᠲᠥᠯᠥᠨ ᠵᠢᠯᠤᠭᠤᠳᠴᠤ ᠪᠠᠶᠢᠭᠠᠳ ᠥᠨᠳᠥᠷ ᠪᠠᠷᠢᠮᠵᠢᠶᠠᠲᠤ ᠬᠡᠷᠡᠭᠯᠡᠭᠡᠨ ᠤ ᠰᠠᠭᠤᠷᠢᠨ ᠭᠠᠵᠠᠷ ᠲᠡᠶᠢᠰᠢ | ᠬᠡᠯᠪᠠᠶᠢᠯᠭᠡᠵᠦ᠂ ᠮᠡᠷᠭᠡᠵᠢᠯ ᠤᠨ ᠬᠡᠷᠡᠭᠯᠡᠭᠡᠨ ᠤ ᠪᠠᠷᠢᠮᠵᠢᠶ᠎ᠠ ᠶᠢ ᠴᠢᠩᠳᠠᠯᠠᠵᠤ᠂ ᠭᠤᠣᠯᠳᠠᠯᠭ᠎ᠠ ᠲᠠᠢ ᠥᠨᠳᠥᠷ ᠪᠠᠷᠢᠮᠵᠢᠶᠠᠲᠤ | ᠰᠠᠭᠤᠷᠢᠨ ᠭᠠᠵᠠᠷ ᠢ ᠲᠠᠷᠢᠶᠠᠯᠠᠩ ᠤᠨ ᠮᠠᠰᠢᠨ ᠪᠠ ᠲᠠᠷᠢᠶᠠᠯᠠᠩ ᠤᠨ ᠤᠷ᠎ᠠ ᠮᠡᠷᠭᠡᠰᠢᠯ ᠢ ᠭᠦᠨᠵᠡᠭᠡᠢ ᠠᠭᠤᠰᠤᠯᠴᠠᠭᠤᠯᠤᠭᠰᠠᠨ᠂ | ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢᠨ ᠢᠵᠢ ᠪᠦᠷᠢᠳᠦᠭᠦᠯᠬᠦ ᠮᠡᠷᠭᠡᠵᠢᠯ ᠢ ᠪᠠᠷᠢᠮᠵᠢᠶᠠᠵᠢᠭᠤᠯᠤᠨ᠂ | ᠵᠢᠷᠤᠮᠵᠢᠭᠤᠯᠤᠭᠰᠠᠨ᠂ ᠣᠷᠣᠨ ᠪᠦᠰᠡ ᠶᠢᠨ ᠣᠨᠴᠠᠯᠢᠭ ᠢᠶᠠᠷ ᠢᠯᠡ ᠲᠣᠳᠣ᠂ ᠳᠠᠶᠢᠴᠢᠯᠠᠬᠤ ᠬᠦᠴᠦᠨ ᠢᠶᠠᠷ ᠴᠢᠩᠭ᠎ᠠ | ᠳᠠᠭᠤᠷᠢᠶᠠᠯ ᠪᠣᠯᠭᠠᠨ᠎ᠠ᠃ | ᠭᠤᠷᠪᠠ ᠳᠤ᠂ ᠬᠡᠷᠡᠭᠵᠢᠭᠦᠯᠦᠭᠰᠡᠨ ᠦᠷ᠎ᠡ ᠪᠦᠲᠦᠮᠵᠢ ᠶᠢᠨ ᠬᠢᠨᠠᠨ ᠰᠢᠨᠵᠢᠯᠡᠯᠲᠡ ᠶᠢ ᠥᠷᠨᠢᠭᠦᠯᠦᠨ᠎ᠡ᠃ ᠠᠳᠠᠯᠢ ᠪᠤᠰᠤ | ᠲᠠᠷᠢᠮᠠᠯ᠂ ᠠᠳᠠᠯᠢ ᠪᠤᠰᠤ ᠮᠡᠷᠭᠡᠵᠢᠯ ᠤᠨ ᠵᠠᠭᠪᠤᠷ ᠵᠢᠴᠢ ᠣᠷᠣᠨ ᠪᠦᠰᠡ ᠶᠢᠨ ᠣᠨᠴᠠᠯᠢᠭ ᠢ ᠦᠨᠳᠦᠰᠦᠯᠡᠨ᠂ 20 ᠣᠷᠳᠣ | ᠬᠤᠭᠤᠴᠠᠭᠠᠨ ᠤ ᠬᠢᠨᠠᠨ ᠰᠢᠨᠵᠢᠯᠡᠬᠦ ᠴᠡᠭ ᠲᠤ ᠲᠠᠷᠢᠶᠠᠨ ᠭᠠᠵᠠᠷ ᠤᠨ ᠬᠥᠷᠥᠰᠥ ᠰᠢᠷᠣᠢ ᠶᠢᠨ ᠹᠢᠽᠢᠺ ᠬᠢᠮᠢ ᠶᠢᠨ ᠣᠨᠴᠠᠯᠢᠭ᠂ | ᠠᠮᠢᠳᠤ ᠪᠣᠳᠠᠰ ᠤᠨ ᠰᠤᠳᠤᠯᠤᠯ ᠤᠨ ᠰᠢᠨᠵᠢ ᠪᠠᠶᠢᠳᠠᠯ᠂ ᠦᠢᠯᠡᠳᠪᠦᠷᠢᠯᠡᠯ ᠤᠨ ᠥᠪᠡᠷ ᠤᠨ ᠥᠷᠲᠡᠭ᠂ ᠲᠠᠷᠢᠮᠠᠯ ᠤᠨ | ᠤᠨᠠᠯᠲᠠ ᠶᠢᠨ ᠬᠤᠪᠢᠷᠠᠯᠲᠠ᠂ ᠡᠪᠡᠰᠦ ᠬᠤᠷᠣᠬᠠᠢ ᠶᠢᠨ ᠬᠥᠨᠥᠭᠡᠯ ᠤᠨ ᠬᠤᠪᠢᠷᠠᠯᠲᠠ ᠪᠠ ᠮᠠᠰᠢᠨ ᠪᠠᠭᠠᠵᠢ ᠲᠣᠨᠣᠭᠯᠠᠯ ᠤᠨ | ᠬᠡᠷᠡᠭᠯᠡᠭᠡᠨ ᠤ ᠴᠢᠨᠠᠷ ᠵᠡᠷᠭᠡ ᠪᠠᠶᠢᠳᠠᠯ ᠢ ᠬᠢᠨᠠᠨ ᠰᠢᠨᠵᠢᠯᠡᠬᠦ ᠶᠢ ᠭᠤᠣᠯᠳᠠᠯᠭ᠎ᠠ ᠲᠠᠢ ᠥᠷᠨᠢᠭᠦᠯᠦᠨ᠎ᠡ᠃ | ︵ᠭᠤᠷᠪᠠ︶ ᠭᠤᠣᠯᠴᠢᠯᠠᠨ ᠠᠬᠢᠭᠤᠯᠬᠤ ᠮᠡᠷᠭᠡᠵᠢᠯ ᠤᠨ ᠵᠠᠭᠪᠤᠷ᠃ | 2022 ᠣᠨ ᠳᠤ᠂ ᠡᠰᠢ ᠰᠦᠷᠡᠯ ᠤᠨ ᠭᠠᠵᠠᠷ ᠤᠨ ᠭᠠᠳᠠᠷᠭᠤ ᠶᠢ ᠪᠦᠷᠬᠦᠭᠰᠡᠨ ᠬᠡᠮᠵᠢᠶ᠎ᠡ ᠪᠠᠷ 3 ᠵᠦᠢᠯ ᠤᠨ | ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠬᠤ ᠮᠡᠷᠭᠡᠵᠢᠯ ᠤᠨ ᠵᠠᠭᠪᠤᠷ ᠢ ᠬᠡᠷᠡᠭᠵᠢᠭᠦᠯᠦᠨ᠎ᠡ᠃ ᠨᠢᠭᠡ ᠳᠤ᠂ ᠲᠠᠷᠢᠮᠠᠯ ᠢ | ᠬᠤᠷᠢᠶᠠᠭᠰᠠᠨ ᠤ ᠳᠠᠷᠠᠭ᠎ᠠ ᠡᠰᠢ ᠰᠦᠷᠡᠯ ᠢ ᠪᠦᠬᠦᠯᠢ ᠪᠠᠷ ᠨᠢ ᠪᠦᠷᠬᠦᠭᠦᠯᠵᠦ ᠡᠪᠦᠯᠵᠢᠭᠦᠯᠬᠦ + ᠬᠠᠪᠤᠷ ᠲᠤ ᠬᠠᠭᠠᠯᠪᠤᠷᠢᠯᠠᠬᠤ | ᠦᠭᠡᠢ ᠪᠤᠶᠤ ᠪᠠᠭ᠎ᠠ ᠬᠠᠭᠠᠯᠪᠤᠷᠢᠯᠠᠵᠤ ᠲᠠᠷᠢᠨ᠎ᠠ᠃ ᠬᠤᠶᠠᠷ ᠲᠤ᠂ ᠲᠠᠷᠢᠮᠠᠯ ᠢ ᠬᠤᠷᠢᠶᠠᠭᠰᠠᠨ ᠤ ᠳᠠᠷᠠᠭ᠎ᠠ ᠡᠰᠢ ᠰᠦᠷᠡᠯ ᠤᠨ | ᠨᠢᠭᠡ ᠬᠡᠰᠡᠭ ᠢᠶᠠᠷ ᠪᠦᠷᠬᠦᠭᠦᠯᠵᠦ ᠡᠪᠦᠯᠵᠢᠭᠦᠯᠬᠦ + ᠬᠠᠪᠤᠷ ᠲᠤ ᠬᠠᠭᠠᠯᠪᠤᠷᠢᠯᠠᠬᠤ ᠦᠭᠡᠢ ᠪᠤᠶᠤ ᠪᠠᠭ᠎ᠠ ᠬᠠᠭᠠᠯᠪᠤᠷᠢᠯᠠᠵᠤ | ᠲᠠᠷᠢᠨ᠎ᠠ᠃ ᠭᠤᠷᠪᠠ ᠳᠤ᠂ ᠲᠠᠷᠢᠮᠠᠯ ᠢ ᠬᠤᠷᠢᠶᠠᠭᠰᠠᠨ ᠤ ᠳᠠᠷᠠᠭ᠎ᠠ ᠡᠰᠢ ᠰᠦᠷᠡᠯ ᠢ ᠪᠠᠭ᠎ᠠ ᠬᠡᠮᠵᠢᠶ᠎ᠡ ᠪᠠᠷ ᠪᠦᠷᠬᠦᠭᠦᠯᠵᠦ | ᠡᠪᠦᠯᠵᠢᠭᠦᠯᠬᠦ + ᠬᠠᠪᠤᠷ ᠲᠤ ᠬᠠᠭᠠᠯᠪᠤᠷᠢᠯᠠᠬᠤ ᠦᠭᠡᠢ ᠪᠤᠶᠤ ᠪᠠᠭ᠎ᠠ ᠬᠠᠭᠠᠯᠪᠤᠷᠢᠯᠠᠵᠤ ᠲᠠᠷᠢᠨ᠎ᠠ᠃ | ︵ᠳᠥᠷᠪᠡ︶ ᠤᠷ᠎ᠠ ᠮᠡᠷᠭᠡᠰᠢᠯ ᠢ ᠰᠢᠢᠳᠪᠦᠷᠢᠯᠡᠬᠦ ᠱᠠᠭᠠᠷᠳᠠᠯᠭ᠎ᠠ᠃ | ᠡᠰᠢ ᠰᠦᠷᠡᠯ ᠢ ᠪᠦᠬᠦᠯᠢ ᠪᠠᠷ ᠨᠢ ᠪᠦᠷᠬᠦᠭᠦᠯᠵᠦ ᠬᠠᠭᠠᠯᠪᠤᠷᠢᠯᠠᠬᠤ ᠦᠭᠡᠢ ᠪᠤᠶᠤ ᠪᠠᠭ᠎ᠠ ᠬᠠᠭᠠᠯᠪᠤᠷᠢᠯᠠᠬᠤ | ᠵᠠᠭᠪᠤᠷ ᠲᠤ ᠡᠷᠳᠡᠨᠢ ᠰᠢᠰᠢ ᠶᠢ ᠨᠠᠮᠤᠷ ᠬᠤᠷᠢᠶᠠᠬᠤ ᠦᠶᠡᠰ ᠡᠰᠢ ᠰᠦᠷᠡᠯ ᠢ ᠪᠦᠬᠦᠯᠢ ᠪᠠᠷ ᠨᠢ ᠭᠠᠵᠠᠷ ᠤᠨ ᠭᠠᠳᠠᠷᠭᠤ ᠳᠤ | ᠦᠯᠡᠳᠡᠭᠡᠵᠦ ᠡᠪᠦᠯᠵᠢᠭᠦᠯᠬᠦ ᠪᠤᠶᠤ ᠬᠤᠷᠢᠶᠠᠬᠤ ᠳᠤ ᠪᠠᠨ ᠥᠨᠳᠥᠷ ᠭᠤᠤᠷᠰᠤ ᠦᠯᠡᠳᠡᠭᠡᠵᠦ᠂ ᠳᠡᠭᠡᠳᠦ ᠬᠡᠰᠡᠭ ᠤᠨ ᠡᠰᠢ | ᠰᠦᠷᠡᠯ ᠢ ᠬᠡᠷᠴᠢᠵᠦ ᠭᠠᠵᠠᠷ ᠤᠨ ᠭᠠᠳᠠᠷᠭᠤ ᠳᠤ ᠡᠪᠦᠯᠵᠢᠭᠦᠯᠵᠦ᠂ ᠳᠠᠷᠢᠬᠤ ᠠᠴᠠ ᠡᠮᠦᠨᠡᠬᠢ ᠡᠰᠢ ᠰᠦᠷᠡᠯ ᠤᠨ | ᠪᠦᠷᠬᠦᠴᠡ ᠶᠢᠨ ᠨᠣᠷᠮ᠎ᠠ ᠶᠢ 60% ᠠᠴᠠ ᠳᠡᠭᠡᠭᠰᠢ ᠪᠠᠶᠢᠯᠭᠠᠬᠤ ᠪᠠᠷ ᠱᠠᠭᠠᠷᠳᠠᠨ᠎ᠠ︔ ᠡᠰᠢ ᠰᠦᠷᠡᠯ ᠤᠨ ᠨᠢᠭᠡ ᠬᠡᠰᠡᠭ ᠢᠶᠠᠷ | ᠪᠦᠷᠬᠦᠭᠦᠯᠵᠦ ᠬᠠᠭᠠᠯᠪᠤᠷᠢᠯᠠᠬᠤ ᠦᠭᠡᠢ ᠪᠤᠶᠤ ᠪᠠᠭ᠎ᠠ ᠬᠠᠭᠠᠯᠪᠤᠷᠢᠯᠠᠬᠤ ᠵᠠᠭᠪᠤᠷ ᠲᠤ ᠵᠠᠷᠴᠢᠮ ᠳᠡᠭᠡᠷ᠎ᠡ ᠪᠠᠨ ᠨᠠᠮᠤᠷ ᠡᠷᠳᠡᠨᠢ | ᠰᠢᠰᠢ ᠬᠤᠷᠢᠶᠠᠬᠤ ᠦᠶ᠎ᠡ ᠳᠤ ᠪᠠᠨ 25cm ᠣᠷᠴᠢᠮ ᠥᠨᠳᠥᠷ ᠭᠤᠤᠷᠰᠤ ᠦᠯᠡᠳᠡᠭᠡᠬᠦ ᠶᠢᠨ ᠬᠠᠮᠲᠤ ᠬᠡᠰᠡᠭ ᠡᠰᠢ | ᠰᠦᠷᠡᠯ ᠢ ᠭᠠᠵᠠᠷ ᠤᠨ ᠭᠠᠳᠠᠷᠭᠤ ᠳᠤ ᠦᠯᠡᠳᠡᠭᠡᠨ ᠡᠪᠦᠯᠵᠢᠭᠦᠯᠵᠦ᠂ ᠳᠠᠷᠢᠬᠤ ᠠᠴᠠ ᠡᠮᠦᠨᠡᠬᠢ ᠡᠰᠢ ᠰᠦᠷᠡᠯ ᠤᠨ | ᠪᠦᠷᠬᠦᠴᠡ ᠶᠢᠨ ᠨᠣᠷᠮ᠎ᠠ ᠶᠢ 30% — 60% ᠳᠤ ᠬᠦᠷᠦᠭᠦᠯᠬᠦ ᠶᠢ ᠱᠠᠭᠠᠷᠳᠠᠨ᠎ᠠ︔ ᠡᠰᠢ ᠰᠦᠷᠡᠯ ᠢ ᠪᠠᠭ᠎ᠠ | ᠬᠡᠮᠵᠢᠶ᠎ᠡ ᠪᠠᠷ ᠪᠦᠷᠬᠦᠭᠦᠯᠵᠦ ᠬᠠᠭᠠᠯᠪᠤᠷᠢᠯᠠᠬᠤ ᠦᠭᠡᠢ ᠪᠤᠶᠤ ᠪᠠᠭ᠎ᠠ ᠬᠠᠭᠠᠯᠪᠤᠷᠢᠯᠠᠬᠤ ᠵᠠᠭᠪᠤᠷ ᠲᠤ ᠵᠠᠷᠴᠢᠮ ᠳᠡᠭᠡᠷ᠎ᠡ ᠪᠠᠨ | ᠨᠠᠮᠤᠷ ᠡᠷᠳᠡᠨᠢ ᠰᠢᠰᠢ ᠬᠤᠷᠢᠶᠠᠬᠤ ᠦᠶ᠎ᠡ ᠳᠤ ᠪᠠᠨ 10cm ᠠᠴᠠ ᠳᠡᠭᠡᠭᠰᠢ ᠭᠤᠤᠷᠰᠤ ᠦᠯᠡᠳᠡᠭᠡᠬᠦ ᠶᠢᠨ ᠬᠠᠮᠲᠤ ᠬᠡᠰᠡᠭ | ᠡᠰᠢ ᠰᠦᠷᠡᠯ ᠢ ᠭᠠᠵᠠᠷ ᠤᠨ ᠭᠠᠳᠠᠷᠭᠤ ᠳᠤ ᠦᠯᠡᠳᠡᠭᠡᠨ ᠡᠪᠦᠯᠵᠢᠭᠦᠯᠵᠦ᠂ ᠳᠠᠷᠢᠬᠤ ᠠᠴᠠ ᠡᠮᠦᠨᠡᠬᠢ ᠡᠰᠢ ᠰᠦᠷᠡᠯ ᠤᠨ | ᠪᠦᠷᠬᠦᠴᠡ ᠶᠢᠨ ᠨᠣᠷᠮ᠎ᠠ ᠶᠢ 15% — 30% ᠳᠤ ᠬᠦᠷᠦᠭᠦᠯᠬᠦ ᠶᠢ ᠱᠠᠭᠠᠷᠳᠠᠨ᠎ᠠ᠃ ᠪᠤᠰᠤᠳ ᠲᠠᠷᠢᠮᠠᠯ ᠤᠨ ᠡᠰᠢ | ᠰᠦᠷᠡᠯ ᠢ ᠵᠠᠷᠴᠢᠮ ᠳᠡᠭᠡᠷ᠎ᠡ ᠪᠠᠨ ᠴᠥᠮ ᠭᠠᠵᠠᠷ ᠤᠨ ᠭᠠᠳᠠᠷᠭᠤ ᠳᠤ ᠦᠯᠡᠳᠡᠭᠡᠨ᠎ᠡ᠃ | ︵ᠲᠠᠪᠤ︶ ᠨᠥᠬᠦᠪᠦᠷᠢ ᠣᠯᠭᠤᠬᠤ ᠡᠲᠡᠭᠡᠳ᠃ | ︽ᠬᠡᠨ ᠭᠠᠵᠠᠷ ᠰᠢᠷᠣᠢ ᠶᠢ ᠡᠵᠡᠩᠨᠡᠪᠡᠯ᠂ ᠲᠡᠷᠡ ᠨᠢ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢ ᠪᠣᠳᠠᠲᠠᠢ ᠪᠠᠷ | ᠬᠡᠷᠡᠭᠵᠢᠭᠦᠯᠵᠦ᠂ ᠲᠡᠷᠡ ᠨᠢ ᠨᠥᠬᠦᠪᠦᠷᠢ ᠬᠦᠷᠳᠡᠬᠦ︾ ᠵᠠᠷᠴᠢᠮ ᠢ ᠪᠠᠷᠢᠮᠲᠠᠯᠠᠵᠤ᠂ ᠬᠡᠷᠡᠭᠵᠢᠭᠦᠯᠬᠦ ᠣᠷᠣᠨ ᠪᠦᠰᠡ ᠶᠢᠨ ᠳᠣᠲᠣᠷ᠎ᠠ | ᠭᠠᠵᠠᠷ ᠰᠢᠷᠣᠢ ᠶᠢ ᠪᠣᠳᠠᠲᠠᠢ ᠪᠠᠷ ᠡᠵᠡᠩᠨᠡᠬᠦ ᠶᠢᠨ ᠬᠠᠮᠲᠤ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢ ᠰᠠᠶᠢᠨ | ᠳᠤᠷ᠎ᠠ ᠠᠴᠠ ᠪᠠᠨ ᠬᠡᠷᠡᠭᠵᠢᠭᠦᠯᠦᠭᠰᠡᠨ ᠬᠤᠪᠢ ᠬᠥᠮᠥᠨ ᠪᠠ ᠲᠠᠷᠢᠶᠠᠯᠠᠩ ᠤᠨ ᠦᠢᠯᠡᠳᠪᠦᠷᠢᠯᠡᠯ ᠡᠵᠡᠩᠨᠡᠯᠲᠡ ᠶᠢᠨ ᠵᠣᠬᠢᠶᠠᠨ | ᠪᠠᠶᠢᠭᠤᠯᠤᠯᠲᠠ ᠪᠠᠷ ᠨᠥᠬᠦᠪᠦᠷᠢ ᠣᠯᠭᠤᠬᠤ ᠡᠲᠡᠭᠡᠳ ᠪᠣᠯᠭᠠᠨ᠎ᠠ᠃ ᠤᠯᠤᠰ ᠪᠠ ᠣᠷᠣᠨ ᠨᠤᠲᠤᠭ ᠤᠨ ᠡᠯ᠎ᠡ ᠱᠠᠲᠤᠨ ᠤ | ᠵᠠᠰᠠᠭ ᠤᠨ ᠣᠷᠳᠣᠨ ᠤ ᠡᠳ᠋ ᠤᠨ ᠵᠠᠰᠠᠭ ᠠᠴᠠ ᠠᠰᠠᠷᠠᠨ ᠲᠡᠵᠢᠭᠡᠵᠦ ᠪᠠᠶᠢᠭ᠎ᠠ ᠠᠵᠢᠯᠲᠠᠨ᠂ ᠲᠤᠬᠠᠶᠢᠯᠠᠪᠠᠯ ᠤᠯᠤᠰ ᠤᠨ | ᠠᠯᠪᠠᠲᠠᠨ᠂ ᠠᠯᠪᠠᠲᠠᠨ ᠤ ᠬᠠᠤᠯᠢ ᠪᠠᠷ ᠯᠠᠪᠯᠠᠨ ᠬᠠᠮᠢᠶᠠᠷᠴᠤ ᠪᠠᠶᠢᠭ᠎ᠠ ᠠᠵᠢᠯ ᠦᠢᠯᠡᠰ ᠤᠨ ᠨᠢᠭᠡᠴᠢ ᠶᠢᠨ ᠠᠵᠢᠯᠲᠠᠨ | ᠠᠵᠢᠯᠴᠢᠨ᠂ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠠᠵᠢᠯᠴᠢᠨ ︵ᠤᠷᠢᠵᠤ ᠬᠡᠷᠡᠭᠯᠡᠬᠦ ᠳᠦᠷᠢᠮᠲᠦ ᠠᠵᠢᠯᠲᠠᠨ | ᠠᠵᠢᠯᠴᠢᠨ ᠪᠠᠭᠲᠠᠨ᠎ᠠ︶ ᠢ ᠨᠥᠬᠦᠪᠦᠷᠢ ᠣᠯᠭᠤᠬᠤ ᠡᠲᠡᠭᠡᠳ ᠤᠨ ᠬᠡᠪᠴᠢᠶᠡᠨ ᠳᠤ ᠣᠷᠣᠭᠤᠯᠬᠤ ᠦᠭᠡᠢ᠃ | ︵ᠵᠢᠷᠭᠤᠭ᠎ᠠ︶ ᠨᠥᠬᠦᠪᠦᠷᠢ ᠣᠯᠭᠤᠬᠤ ᠪᠠᠷᠢᠮᠵᠢᠶ᠎ᠠ᠃ ᠡᠷᠳᠡᠨᠢ ᠰᠢᠰᠢ ᠶᠢᠨ ᠡᠰᠢ ᠰᠦᠷᠡᠯ ᠢ ᠪᠦᠬᠦᠯᠢ ᠪᠠᠷ ᠨᠢ | ᠪᠦᠷᠬᠦᠭᠦᠯᠵᠦ ᠬᠠᠭᠠᠯᠪᠤᠷᠢᠯᠠᠬᠤ ᠦᠭᠡᠢ ᠪᠤᠶᠤ ᠪᠠᠭ᠎ᠠ ᠬᠠᠭᠠᠯᠪᠤᠷᠢᠯᠠᠬᠤ ᠵᠠᠭᠪᠤᠷ ᠤᠨ ᠨᠥᠬᠦᠪᠦᠷᠢ ᠶᠢᠨ ᠪᠠᠷᠢᠮᠵᠢᠶ᠎ᠠ ᠶᠢ ᠮᠦ | ᠪᠦᠷᠢ ᠳᠤ 65 ᠲᠥᠭᠦᠷᠢᠭ ᠠᠴᠠ ᠬᠡᠲᠦᠷᠡᠭᠦᠯᠬᠦ ᠦᠭᠡᠢ᠃ ᠡᠷᠳᠡᠨᠢ ᠰᠢᠰᠢ ᠶᠢᠨ ᠡᠰᠢ ᠰᠦᠷᠡᠯ ᠤᠨ ᠨᠢᠭᠡ ᠬᠡᠰᠡᠭ ᠢᠶᠠᠷ | ᠪᠦᠷᠬᠦᠭᠦᠯᠬᠦ ᠵᠢᠴᠢ ᠪᠤᠰᠤᠳ ᠲᠠᠷᠢᠮᠠᠯ ᠤᠨ ᠡᠰᠢ ᠰᠦᠷᠡᠯ ᠢ ᠪᠦᠬᠦᠯᠢ ᠪᠠᠷ ᠨᠢ ᠪᠦᠷᠬᠦᠭᠦᠯᠵᠦ ᠬᠠᠭᠠᠯᠪᠤᠷᠢᠯᠠᠬᠤ ᠦᠭᠡᠢ ᠪᠤᠶᠤ | ᠳᠤᠲᠠᠭᠤ ᠬᠠᠭᠠᠯᠪᠤᠷᠢᠯᠠᠬᠤ ᠵᠠᠭᠪᠤᠷ ᠤᠨ ᠨᠥᠬᠦᠪᠦᠷᠢ ᠶᠢᠨ ᠪᠠᠷᠢᠮᠵᠢᠶ᠎ᠠ ᠶᠢ ᠮᠦ ᠪᠦᠷᠢ ᠳᠤ 34 ᠲᠥᠭᠦᠷᠢᠭ ᠠᠴᠠ ᠬᠡᠲᠦᠷᠡᠭᠦᠯᠬᠦ | ᠦᠭᠡᠢ᠃ ᠡᠷᠳᠡᠨᠢ ᠰᠢᠰᠢ ᠶᠢᠨ ᠡᠰᠢ ᠰᠦᠷᠡᠯ ᠢ ᠪᠠᠭ᠎ᠠ ᠬᠡᠮᠵᠢᠶ᠎ᠡ ᠪᠠᠷ ᠪᠦᠷᠬᠦᠭᠦᠯᠵᠦ ᠬᠠᠭᠠᠯᠪᠤᠷᠢᠯᠠᠬᠤ ᠦᠭᠡᠢ ᠪᠤᠶᠤ ᠳᠤᠲᠠᠭᠤ | ᠬᠠᠭᠠᠯᠪᠤᠷᠢᠯᠠᠬᠤ ᠵᠠᠭᠪᠤᠷ ᠤᠨ ᠨᠥᠬᠦᠪᠦᠷᠢ ᠶᠢᠨ ᠪᠠᠷᠢᠮᠵᠢᠶ᠎ᠠ ᠶᠢ ᠮᠦ ᠪᠦᠷᠢ ᠳᠤ 19 ᠲᠥᠭᠦᠷᠢᠭ ᠠᠴᠠ ᠬᠡᠲᠦᠷᠡᠭᠦᠯᠬᠦ ᠦᠭᠡᠢ᠃ | |