ᠰᠣᠷᠭᠠᠨ ᠬᠦᠮᠣᠵᠢᠯ ᠤᠨ ᠦᠢᠯᠡᠰ ᠲᠠᠬᠢ ᠨᠢᠭᠡᠨ ᠪᠣᠳᠠ ᠰᠣᠷᠭᠤᠭ ᠴᠡᠴᠡᠭ
ᠨᠡᠶᠢᠲᠡᠯᠡᠭᠰᠡᠨ ᠴᠠᠭ᠄
2022/9/19
       ᠰᠣᠷᠭᠠᠨ ᠬᠦᠮᠣᠵᠢᠯ ᠪᠤᠯ ᠤᠯᠤᠰ ᠦᠨᠳᠤᠰᠤᠳᠡᠨ ᠤ ᠭᠦᠭᠵᠢᠯ ᠳᠠᠪᠰᠢᠯ ᠲᠠᠢ ᠬᠤᠯᠪᠤᠭᠳᠠᠬᠤ ᠬᠠᠮᠤᠭ ᠴᠢᠬᠤᠯᠠ ᠪᠤᠳᠤᠯᠭ᠎ᠠ᠂ ᠰᠢᠯᠢᠳᠡᠭ ᠪᠠᠭᠰᠢ ᠶᠢᠨ ᠡᠩᠨᠡᠭᠡ ᠪᠤᠯ ᠰᠤᠷᠭᠠᠨ ᠬᠦᠮᠦᠵᠢᠯ ᠤᠨ ᠬᠦᠭᠵᠢᠯ ᠳᠠᠪᠰᠢᠯ ᠤᠨ ᠬᠠᠮᠤᠭ ᠴᠢᠬᠤᠯᠠ ᠬᠦᠴᠦᠨ ᠪᠢᠯᠡ᠃ ᠲᠡᠶᠢᠮᠦ ᠠᠴᠠ ᠨᠢᠭᠡᠨ ᠨᠤᠳᠤᠭ ᠤᠷᠤᠨ ᠤ ᠰᠤᠷᠭᠠᠨ ᠬᠦᠮᠦᠵᠢᠯ ᠤᠨ ᠶᠠᠮᠠᠷᠬᠠᠨ ᠭᠡᠳᠡᠭ ᠨᠢ ᠲᠤᠰ ᠨᠤᠳᠤᠭ ᠤᠨ ᠰᠤᠷᠭᠠᠨ ᠬᠦᠮᠦᠵᠢᠯ ᠤᠨ ᠪᠠᠭᠰᠢ ᠶᠢᠨ ᠡᠩᠨᠡᠭᠡᠨ ᠤ ᠪᠦᠳᠦᠭᠡᠨ ᠪᠠᠶᠢᠭᠤᠯᠤᠯᠲᠠ ᠲᠠᠢ ᠰᠢᠭᠤᠳ ᠬᠠᠷᠢᠴᠠᠭ᠎ᠠ ᠎ ᠲᠠᠢ ᠪᠠᠶᠢᠳᠠᠭ᠃ ︽ᠳ᠋ᠣᠺᠲ᠋ᠣᠷ ᠤᠨ ᠦᠯᠦᠭᠡᠢ︾ ᠬᠡᠮᠡᠨ ᠰᠠᠶᠢᠬᠠᠨ ᠠᠯᠳᠠᠷ ᠢ ᠡᠷᠭᠦᠵᠦ ᠶᠠᠪᠤᠭ᠎ᠠ ᠬᠦᠪᠡᠭᠡᠲᠦ ᠰᠢᠷ᠎ᠠ ᠬᠤᠰᠢᠭᠤᠨ ᠤ ᠦᠶ᠎ᠡ ᠦᠶ᠎ᠡ ᠶᠢᠨ ᠨᠠᠮ ᠵᠠᠰᠠᠭ ᠤᠨ ᠤᠳᠤᠷᠢᠳᠤᠯᠭ᠎ᠠ ᠠᠴᠠ ᠦᠢ ᠤᠯᠠᠨ ᠤᠬᠠᠭᠠᠨᠲᠦ ᠲᠦᠮᠡᠨ ᠨᠢ ᠰᠤᠷᠭᠠᠨ ᠬᠦᠮᠦᠵᠢᠯ ᠢ ᠳᠡᠭᠡᠳᠦᠯᠡᠨ ᠴᠢᠬᠤᠯᠠᠴᠢᠯᠠᠳᠠᠭ ᠠᠴᠠ ᠡᠨᠡ ᠨᠤᠳᠤᠭ ᠤᠨ ᠲᠤᠷᠭᠠᠨ ᠬᠦᠷᠦᠰᠦᠨ ᠠᠴᠠ ᠡᠷᠳᠡᠮᠳᠡᠨ ᠮᠡᠷᠭᠡᠳ ᠴᠤᠯᠭᠤᠷᠠᠨ ᠭᠠᠷᠤᠭᠰᠠᠨ ᠨᠢ ᠪᠠᠭᠰᠢ ᠶᠢᠨ ᠡᠩᠨᠡᠭᠡᠨ ᠤ ᠪᠦᠳᠦᠭᠡᠨ ᠪᠠᠶᠢᠭᠤᠯᠤᠯᠲᠠ ᠶᠢᠨ ᠴᠢᠨᠠᠷ ᠴᠢᠨᠰᠠᠭ᠎ᠠ ᠬᠢᠷᠢ ᠵᠡᠷᠭᠡ ᠭᠡᠰᠡᠨ ᠢ ᠢᠯᠡᠷᠬᠡᠢ ᠬᠠᠷᠠᠭᠤᠯᠤᠨ᠎ᠠ᠃ ᠡᠷᠳᠡᠮᠳᠡᠨ ᠮᠡᠷᠭᠡᠳ ᠢ ᠡᠩ ᠲᠡᠯᠡᠭᠡᠢ ᠶᠢᠨ ᠦᠨᠴᠦᠭ ᠪᠤᠯᠤᠩ᠂ ᠡᠭᠡ ᠤᠯᠤᠰ ᠤᠨ ᠡᠯ᠎ᠡ ᠭᠠᠵᠠᠷ ᠢᠶᠠᠷ ᠬᠦᠮᠦᠵᠢᠭᠦᠯᠵᠦ᠂ ᠦᠪᠡᠷ ᠢ ᠪᠠᠨ ᠦᠷᠡᠭᠳᠡᠭᠦᠯᠵᠦ ᠦᠷᠦᠭᠡᠯ ᠢ ᠰᠤᠷᠭᠠᠳᠠᠭ ᠰᠢᠯᠢᠳᠡᠭ ᠰᠠᠶᠢᠨ ᠪᠠᠭᠰᠢ ᠡᠨᠡ ᠨᠤᠳᠤᠭ ᠠᠴᠠ ᠲᠤᠭ᠎ᠠ ᠦᠭᠡᠢ ᠣᠯᠠᠨ ᠴᠣᠯᠭᠤᠷᠠᠬᠰᠠᠨ ᠪᠢᠯᠡ᠃ ᠰᠣᠷᠭᠠᠨ ᠬᠦᠮᠣᠵᠢᠯ ᠤᠨ ᠦᠢᠯᠡᠰ ᠲᠤ ᠣᠷᠢ ᠵᠠᠯᠠᠭᠤ ᠨᠠᠰᠣ ᠪᠠᠨ ᠵᠣᠷᠢᠭᠤᠯᠣᠨ᠂ ᠣᠯᠣᠰ ᠣᠷᠣᠨ ᠤ ᠪᠠᠨ ᠪᠦᠳᠣᠬᠡᠨ ᠪᠠᠶᠢᠭᠤᠯᠣᠯᠳᠠ ᠳᠤ ᠦᠯᠡᠮᠵᠢ ᠴᠢᠳᠠᠪᠣᠷᠢᠳᠠᠨ ᠢ ᠬᠦᠮᠣᠵᠢᠬᠦᠯᠵᠣ ᠶᠠᠪᠣᠭ᠎ᠠ ᠡᠳᠡᠭᠡᠷ ᠤᠯᠠᠨ ᠠᠷᠠᠳ ᠤᠨ ᠪᠠᠭᠰᠢ ᠶᠢᠨ ᠨᠢᠭᠡ ᠪᠣᠯ ᠬᠥᠪᠡᠭᠡᠲᠦ ᠰᠢᠷ᠎ᠠ ᠬᠤᠰᠢᠭᠤᠨ ᠤ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠬᠢᠮᠢ ᠶᠢᠨ ᠬᠢᠴᠢᠶᠡᠯᠯᠡᠭᠴᠢ ᠪᠠᠭᠰᠢ ᠪᠦᠷᠢᠨᠴᠠᠴᠡᠭ ᠪᠣᠯᠣᠨ᠎ᠠ᠃        ᠪᠦᠷᠢᠨᠴᠡᠴᠡᠭ 2007 ᠣᠨ ᠳᠤ ᠦᠪᠦᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠢᠮᠢ ᠪᠠ ᠣᠷᠴᠢᠨ ᠠᠬᠤᠢ ᠶᠢᠨ ᠰᠢᠨᠵᠢᠯᠡᠬᠦ ᠤᠬᠠᠭᠠᠨ ᠤ ᠳᠡᠭᠡᠳᠦ ᠰᠤᠷᠭᠠᠭᠤᠯᠢ ᠶᠢᠨ ᠬᠢᠮᠢ ᠶᠢᠨ ᠰᠠᠯᠪᠦᠷᠢ ᠠᠴᠠ ᠲᠡᠭᠦᠰᠴᠦ ᠦᠯᠣᠬᠡᠢ ᠨᠣᠳᠤᠭ ᠬᠦᠪᠡᠬᠡᠳᠣ ᠰᠢᠷ᠎ᠡ ᠬᠤᠰᠢᠭᠤᠨ ᠳᠠᠭᠠᠨ ᠢᠷᠡᠵᠣ᠂ 2009 ᠣᠨ ᠠᠴᠠ ᠠᠷᠠᠳ ᠤᠨ ᠪᠠᠭᠰᠢ ᠶᠢᠨ ᠭᠠᠷᠤᠭ᠎ᠠ ᠠᠪᠣᠬᠰᠠᠨ ᠎ ᠠᠴᠠ ᠡᠳᠣᠬᠡ ᠪᠣᠯᠳᠠᠯ᠎ᠠ ᠭᠦᠪᠡᠭᠡᠳᠦ ᠰᠢᠷ᠎ᠠ ᠬᠤᠰᠢᠭᠤᠨ ᠤ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠬᠢᠮᠢ ᠶᠢᠨ ᠬᠢᠴᠢᠶᠡᠯᠯᠡᠭᠴᠢ ᠪᠠᠭᠰᠢ᠂ 2015 ᠣᠨ ᠠᠴᠠ ᠡᠳᠣᠬᠡ ᠪᠣᠯᠳᠠᠯ᠎ᠠ ᠰᠤᠷᠭᠠᠭᠤᠯᠢ ᠶᠢᠨ ᠢᠶᠠᠨ ᠪᠠᠶᠢᠭᠠᠯᠢ ᠶᠢᠨ ᠰᠢᠨᠵᠢᠯᠡᠭᠡᠨ ᠤ ᠳᠤᠭᠤᠶᠢᠯᠠᠩ ᠤᠨ ᠳᠠᠷᠤᠭ᠎ᠠ ᠶᠢᠨ ᠠᠵᠢᠯ ᠢ ᠡᠬᠦᠷᠬᠡᠯᠡᠵᠣ ᠪᠣᠢ᠃        ᠪᠠᠭᠰᠢ ᠪᠣᠯ ᠬᠠᠮᠤᠭ ᠤᠨ ᠡᠷᠬᠢᠮ ᠲᠡᠬᠡᠳᠣ ᠠᠵᠢᠯ ᠦᠢᠯᠡᠰᠴᠢᠨ ᠮᠦᠨ ᠬᠡᠳᠡᠭ ᠢᠶᠠᠷ ᠲᠡᠬᠦᠨ ᠤ ᠵᠢᠭᠠᠵᠣ ᠪᠠᠶᠢᠭ᠎ᠠ ᠬᠢᠮᠢ ᠶᠢᠨ ᠭᠢᠴᠢᠶᠠᠯ ᠪᠣᠯ ᠪᠣᠳᠠᠰ ᠢ ᠰᠤᠳᠤᠯᠳᠠᠭ ᠪᠠᠶᠢᠭᠠᠯᠢ ᠶᠢᠨ ᠰᠢᠨᠵᠢᠯᠡᠬᠦ ᠤᠬᠠᠭᠠᠨ ᠤᠴᠢᠷ ᠠᠴᠠ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠪᠠᠶᠢᠳᠠᠭ᠃ ᠪᠦᠷᠢᠨᠴᠡᠴᠡᠭ ᠪᠠᠭᠰᠢ ᠡᠩ ᠤᠨ ᠴᠠᠭ ᠤᠨ ᠵᠢᠭᠠᠨ ᠰᠤᠷᠭᠠᠯᠲᠠ ᠶᠢᠨ ᠶᠠᠪᠤᠴᠠ ᠳᠤ ᠎ ᠪᠠᠨ ᠪᠤᠳᠠᠲᠤ ᠠᠮᠢᠳᠤᠷᠠᠯ ᠲᠠᠢ ᠬᠤᠯᠪᠣᠬᠳᠠᠭᠤᠯᠵᠣ᠂ ᠰᠢᠨ᠎ᠠ ᠶᠢ ᠡᠬᠦᠳᠴᠣ᠂ ᠠᠮᠢᠳᠣᠯᠢᠭ ᠵᠢᠭᠠᠬᠤ ᠶᠢ ᠡᠷᠬᠢᠮᠯᠠᠳᠡᠭ ᠨᠢ ᠲᠡᠬᠦᠨ ᠤ ᠦᠪᠡᠷ ᠤᠨ ᠬᠡᠰᠡᠨ ᠦᠪᠡᠷᠮᠢᠴᠡ ᠣᠨᠴᠠᠯᠢᠭ ᠲᠠᠢ ᠵᠢᠭᠠᠨ ᠰᠣᠷᠭᠠᠬᠤ ᠠᠷᠭ᠎ᠠ ᠪᠢᠯᠠ᠃ ᠲᠠᠶᠢᠮᠣ ᠠᠴᠠ ᠲᠡᠷᠡ ᠬᠢᠴᠢᠶᠠᠯᠯᠡᠭᠡ ᠶᠢᠨ ᠶᠠᠪᠣᠴᠠ ᠳᠠᠭᠠᠨ ᠠᠮᠢᠳᠣᠷᠠᠯ ᠲᠣᠮᠳᠠᠬᠢ ᠵᠢᠵᠢᠭ ᠰᠠᠵᠢᠭ ᠣᠴᠢᠷ ᠶᠠᠪᠣᠳᠠᠯ ᠢᠶᠠᠷ ᠦᠯᠢᠬᠡᠷ ᠵᠢᠱᠢᠶ᠎ᠠ ᠪᠣᠯᠭᠠᠨ ᠬᠢᠴᠢᠶᠠᠯᠯᠡᠭᠡ ᠪᠠᠨ ᠶᠠᠪᠣᠬᠳᠠᠭᠤᠯᠳᠠᠭ ᠠᠴᠠ ᠰᠣᠷᠣᠬᠴᠢᠳ ᠤᠨ ᠣᠷᠮ᠎ᠠ ᠪᠠᠬ᠎ᠠ ᠶᠢ ᠶᠡᠬᠡᠬᠡᠨ ᠲᠠᠳᠠᠵᠣ ᠴᠢᠳᠠᠳᠠᠭ᠃ ᠵᠢᠱᠢᠶᠡᠯᠡᠬᠦ ᠳᠤ᠂ ᠵᠦᠪᠬᠡᠨ ᠨᠢᠬᠡ ᠲᠤᠷᠰᠢᠯᠲᠠ ᠶᠢᠨ ᠪᠠᠭᠠᠵᠢ ᠬᠡᠷᠡᠭᠰᠡᠯ ᠢ ᠤᠬᠢᠶᠠᠬᠤ ᠠᠷᠭ᠎ᠠ ᠮᠠᠶ᠋ᠢᠭ᠂ ᠠᠯᠬᠤᠮ ᠲᠠᠷᠠᠭ᠎ᠠ ᠶᠢ ᠵᠢᠭᠠᠬᠤ ᠳᠤ ᠪᠠᠨ ᠴᠦ ᠠᠶᠠᠭ᠎ᠠ ᠰᠠᠪᠬ᠎ᠠ᠂ ᠰᠢᠯ ᠴᠤᠮᠤ ᠶᠢ ᠬᠡᠷᠬᠢᠨ  ᠤᠭᠢᠶᠠᠬᠤ ᠲᠠᠢ ᠬᠤᠯᠪᠤᠭᠳᠠᠭᠤᠯᠬᠤ᠂ ᠠᠭᠠᠷ ᠤᠨ ᠪᠦᠷᠢᠯᠳᠦᠭᠦᠨ ᠪᠣᠯᠬᠤ ᠠᠽᠤᠲ ᠬᠡᠢ ᠶᠢᠨ ᠬᠡᠷᠡᠭᠴᠡᠭᠡ ᠶᠢ ᠲᠠᠨᠢᠯᠴᠠᠭᠤᠯᠬᠤ ᠦᠶᠡᠰ ᠰᠢᠩᠭᠡᠨ ᠠᠽᠤᠲ ᠤᠨ ᠬᠥᠯᠳᠡᠭᠡᠨ ᠮᠢᠨᠴᠦᠭᠦᠷᠡᠭᠦᠯᠬᠦ ᠴᠢᠨᠠᠷ ᠢ ᠠᠰᠢᠭᠯᠠᠨ ᠢᠴᠡᠭᠡᠯ ᠦᠷ᠎ᠡ ᠪᠠᠷ ᠦᠨᠢᠶᠡᠨ ᠳᠤ ᠬᠡᠭᠡᠯᠲᠦᠭᠦᠯᠭᠡ ᠬᠢᠬᠦ᠂ ᠮᠦᠨ ᠴᠦ ᠰᠢᠩᠭᠡᠨ ᠠᠽᠤᠲ ᠢᠶᠠᠷ ᠠᠳᠤᠭᠤ ᠲᠠᠮᠠᠭᠠᠯᠠᠵᠤ ᠪᠣᠯᠬᠤ ᠵᠡᠷᠭᠡ ᠠᠮᠢᠳᠤᠷᠠᠯ ᠲᠠᠢ ᠬᠤᠯᠪᠤᠭᠳᠠᠭᠰᠠᠨ ᠲᠠᠯ᠎ᠠ ᠠᠴᠠ ᠢᠯᠡᠭᠦᠦ ᠵᠢᠱᠢᠶᠡᠯᠡᠵᠦ ᠶᠠᠷᠢᠳᠠᠭ ᠨᠢ ᠰᠤᠷᠤᠭᠴᠢᠳ ᠤᠨ ᠰᠤᠷᠤᠯᠴᠠᠬᠤ ᠤᠷᠮ᠎ᠠ ᠪᠠᠬ᠎ᠠ ᠶᠢ ᠭᠦᠭᠵᠢᠭᠡᠵᠦ ᠴᠢᠳᠠᠬᠤ ᠮᠥᠷᠳᠡᠭᠡᠨ ᠬᠢᠮᠢ ᠪᠠ ᠠᠮᠢᠳᠤᠷᠠᠯ ᠪᠣᠯ ᠨᠢᠭᠲᠠ ᠬᠠᠷᠢᠴᠠᠭ᠎ᠠ ᠲᠠᠢ ᠭᠡᠰᠡᠨ ᠢ ᠣᠶᠢᠯᠠᠭᠠᠭᠤᠯᠵᠣ᠂ ᠬᠢᠮᠢ ᠨᠢ ᠰᠤᠷᠤᠯᠴᠠᠬᠤ ᠳᠤ ᠲᠡᠶᠢᠮᠦ ᠬᠦᠴᠢᠷ ᠬᠢᠴᠢᠶᠡᠯ ᠪᠢᠰᠢ ᠭᠡᠰᠡᠨ ᠲᠠᠨᠢᠯᠲᠠ ᠶᠢ ᠡᠩ ᠲᠡᠷᠢᠬᠦᠨ ᠳᠤ ᠪᠣᠢ ᠪᠣᠯᠭᠠᠳᠠᠭ ᠠᠴᠠ ᠲᠡᠬᠦᠨ ᠤ ᠵᠢᠭᠠᠬᠰᠠᠨ ᠬᠢᠮᠢ ᠶᠢᠨ ᠬᠢᠴᠢᠶᠠᠯ ᠨᠢ ᠵᠢᠯ ᠲᠠᠷᠠᠭᠠᠯᠠᠨ ᠰᠢᠯᠢᠳᠡᠭ ᠬᠢᠷᠢ ᠪᠦᠳᠣᠮᠵᠢ ᠣᠯᠳᠠᠭ ᠤᠨ ᠬᠢᠨᠢ ᠣᠨᠢᠰᠣ ᠪᠠᠶᠢᠵᠠᠢ᠃       ᠨᠢᠬᠡᠨ ᠠᠩᠬᠢ ᠶᠢᠨ ᠡᠷᠬᠢᠯᠡᠭᠴᠢ ᠪᠣᠯᠣᠬᠰᠠᠨ ᠤ ᠬᠤᠪᠢ ᠳᠤ ᠪᠦᠷᠢᠨᠴᠡᠴᠡᠭ᠂ ᠰᠤᠷᠤᠭᠴᠢᠳ ᠤᠨ ᠪᠡᠶ᠎ᠡ ᠰᠡᠳᠬᠢᠴᠡ ᠶᠢᠨ ᠪᠠᠶᠢᠳᠠᠯ ᠢ ᠠᠵᠢᠭᠯᠠᠵᠤ ᠠᠳᠠᠯᠢ ᠪᠤᠰᠤ ᠰᠤᠷᠤᠭᠴᠢᠳ ᠢ ᠠᠳᠠᠯᠢ ᠪᠤᠰᠤ ᠠᠷᠭ᠎ᠠ ᠪᠠᠷ ᠬᠦᠮᠦᠵᠢᠭᠦᠯᠬᠦ ᠪᠠᠷ ᠰᠦᠪᠡᠭᠴᠢᠯᠡᠵᠣ᠂ ᠶᠤᠰᠤ ᠮᠤᠷᠠᠯ ᠲᠠᠢ᠂ ᠪᠠᠭᠰᠢ ᠠᠬᠠᠮᠠᠳ ᠢᠶᠠᠨ ᠬᠦᠨᠳᠦᠯᠡᠳᠡᠭ᠂ ᠬᠠᠷᠢᠯᠴᠠᠨ ᠪᠦᠯᠬᠦᠮᠳᠡᠯ ᠲᠠᠢ᠂ ᠬᠠᠮᠲᠤ ᠨᠡᠶᠢᠲᠡᠴᠢ ᠦᠵᠡᠯ ᠲᠠᠢ ᠪᠣᠯᠭᠠᠨ ᠬᠦᠮᠦᠵᠢᠭᠦᠯᠬᠦ ᠶᠢ ᠵᠣᠷᠢᠵᠣ᠂ ᠦᠪᠡᠷ ᠢ ᠪᠠᠨ ᠦᠷᠡᠭᠳᠡᠬᠦᠯᠬᠦ ᠵᠣᠷᠢᠭ ᠰᠠᠨᠠᠭ᠎ᠠ ᠪᠠᠷ ᠠᠵᠢᠯ ᠦᠢᠯᠡᠰ ᠲᠤ ᠪᠠᠨ ᠭᠤᠶᠠᠴᠢ ᠦᠬᠡᠢ ᠵᠢᠳᠬᠦᠭᠰᠡᠬᠡᠷ ᠢᠷᠡᠭᠰᠠᠨ ᠢᠶᠠᠷ 2016 ᠣᠨ ᠳᠤ ᠲᠡᠬᠦᠨ ᠤ ᠡᠷᠬᠢᠯᠡᠵᠦ ᠪᠠᠶᠢᠭᠰᠠᠨ 169 ᠠᠩᠭᠢ ᠨᠢ ᠠᠶᠢᠮᠠᠭ ᠤᠨ ᠲᠡᠰ ᠤᠨ ᠲᠡᠷᠢᠭᠦᠨ ᠤ ᠠᠩᠭᠢ ᠨᠢᠭᠡᠴᠢ ᠪᠠᠷ ᠦᠨᠡᠯᠡᠭᠳᠡᠵᠣ᠂ 2018 ᠣᠨ ᠠᠴᠠ 2019 ᠣᠨ ᠤ ᠬᠤᠭᠤᠷᠤᠨᠳᠤ ᠪᠦᠬᠦ ᠠᠶᠢᠮᠠᠭ ᠤᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠠᠮᠲᠤ ᠶᠢᠨ ᠴᠣᠭᠴᠠ ᠶᠢᠨ ᠬᠥᠳᠡᠯᠭᠡᠭᠡᠨ ᠤ ᠳᠠᠭᠠᠭᠤᠯᠤᠭᠴᠢ ᠪᠠᠭᠰᠢ ᠶᠢᠨ ᠡᠭᠦᠷᠭᠡ ᠶᠢ ᠡᠭᠦᠷᠭᠡᠯᠡᠵᠦ᠂ ᠮᠦᠨ ᠴᠦ ᠣᠷᠢᠳ ᠬᠤᠵᠢᠳ ᠪᠦᠬᠦ ᠤᠷᠤᠨ ᠤ ᠠᠩᠬ᠎ᠠ ᠳᠤᠮᠳᠠᠳᠤ ᠶᠢᠨ ᠪᠠᠶᠢᠭᠠᠯᠢ ᠶᠢᠨ ᠰᠢᠨᠵᠢᠯᠡᠭᠡᠨ ᠤ ᠦᠨᠳᠦᠰᠦᠨ ᠴᠢᠳᠠᠪᠦᠷᠢ ᠶᠢᠨ ᠳᠡᠯᠭᠡᠨ ᠦᠵᠡᠭᠦᠯᠦᠯᠭᠡ ᠳᠤ ᠨᠢᠭᠡᠳᠦᠭᠡᠷ ᠲᠡᠰ᠂ ᠪᠥᠬᠦ ᠣᠷᠤᠨ ᠤ ᠮᠣᠩᠭᠤᠯ ᠢᠶᠠᠷ ᠬᠢᠴᠢᠶᠡᠯᠯᠡᠬᠦ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠢᠮᠢ ᠶᠢᠨ ᠪᠠᠭᠰᠢ ᠶᠢᠨ ᠦᠨᠳᠦᠰᠦᠨ ᠴᠢᠳᠠᠪᠦᠷᠢ ᠶᠢᠨ ᠰᠢᠯᠭᠠᠷᠠᠭᠤᠯᠤᠯᠲᠠ ᠶᠢᠨ ᠨᠢᠭᠡᠳᠦᠭᠡᠷ ᠲᠡᠰ᠂ ᠪᠦᠬᠦ ᠠᠶᠢᠮᠠᠭ ᠤᠨ ᠵᠠᠯᠠᠭᠤ ᠪᠠᠭᠰᠢ ᠨᠠᠷ ᠤᠨ ᠵᠢᠭᠠᠨ ᠰᠤᠷᠭᠠᠯᠲᠠ ᠶᠢᠨ ᠦᠨᠳᠦᠰᠦᠨ ᠴᠢᠳᠠᠪᠦᠷᠢ ᠶᠢᠨ ᠣᠷᠤᠯᠳᠤᠭᠠᠨ ᠳᠤ ᠨᠢᠭᠡᠳᠦᠭᠡᠷ ᠲᠡᠰ᠂ ᠬᠤᠰᠢᠭᠤ ᠱᠠᠲᠤᠨ ᠤ ᠳᠤᠮᠳᠠᠳᠤ ᠰᠤᠷᠭᠠᠭᠤᠯᠢ ᠶᠢᠨ ᠬᠢᠮᠢ ᠶᠢᠨ ᠬᠢᠴᠢᠶᠡᠯ ᠲᠦᠷᠦᠯ ᠤᠨ ᠳᠠᠭᠠᠭᠤᠯᠤᠭᠴᠢ ᠵᠡᠷᠬᠡ ᠦᠢ ᠣᠯᠠᠨ ᠢᠷᠠᠭᠤ ᠠᠯᠳᠡᠷ ᠢᠶᠠᠷ ᠡᠩᠬᠡᠷ ᠢᠶᠠᠨ ᠮᠢᠯᠢᠶᠠᠯᠭᠠᠵᠣ᠂ ᠵᠢᠯ ᠳᠠᠷᠠᠭᠠᠯᠠᠨ ᠲᠡᠭᠦᠰᠭᠡᠭᠰᠡᠨ ᠰᠤᠷᠤᠭᠴᠢᠳ ᠤᠨ ᠭᠢᠨᠢ ᠳᠤᠮᠳᠠᠳᠤ ᠰᠢᠯᠭᠠᠯᠲᠠ ᠶᠢᠨ ᠬᠢᠮᠢ ᠶᠢᠨ ᠬᠢᠷᠢ ᠪᠦᠲᠦᠮᠵᠢ ᠨᠢ ᠠᠶᠢᠮᠠᠭ ᠲᠤ ᠣᠷᠣᠶᠢᠯᠠᠵᠣ᠂ ᠨᠡᠩ ᠢᠯᠠᠩᠭᠤᠶ᠎ᠠ 2022 ᠣᠨ ᠳᠤ ᠲᠡᠬᠦᠨ ᠎ ᠤ ᠲᠡᠭᠦᠰᠭᠡᠭᠰᠡᠨ 198 ᠠᠩᠭᠢ ᠶᠢᠨ ᠰᠣᠷᠣᠬᠴᠢ ᠴᠢᠮᠡᠭᠵᠦ᠋ᠢ ᠳᠤᠮᠳᠠᠳᠤ ᠰᠢᠯᠭᠠᠯᠲᠠ ᠳᠤ ᠬᠢᠮᠢ ᠳᠤ ᠪᠠᠨ ᠪᠦᠷᠢᠨ ᠬᠤᠪᠢ ᠣᠯᠵᠣ᠂  ᠰᠣᠷᠣᠬᠴᠢ ᠶᠢᠨ ᠢᠶᠠᠨ ᠭᠢᠯᠠᠯᠵᠠᠮ᠎ᠠ ᠠᠮᠵᠢᠯᠳᠠ ᠠᠴᠠ ᠪᠠᠭᠰᠢ ᠪᠣᠯᠣᠬᠰᠠᠨ ᠤ ᠪᠠᠨ ᠬᠠᠪᠤ ᠴᠡᠩᠭᠡᠯ ᠢ ᠡᠳ᠋ᠯᠡᠵᠦ  ᠶᠠᠪᠣᠨ᠎ᠠ᠃       ᠲᠡᠷᠡ ᠪᠠᠰᠠ ᠠᠵᠢᠯ ᠤᠨ ᠴᠢᠯᠦᠭᠡ ᠵᠠᠪ ᠢᠶᠠᠷ ᠢᠶᠠᠨ ᠵᠢᠭᠠᠨ ᠰᠤᠷᠭᠠᠯᠲᠠ ᠶᠢᠨ ᠬᠠᠮᠢᠶ᠎ᠠ ᠲᠠᠢ ᠨᠣᠮ ᠪᠢᠴᠢᠭ ᠦᠵᠡᠬᠦ ᠶᠢᠨ ᠬᠠᠮᠲᠤ ᠡᠳᠦᠢ ᠲᠡᠳᠦᠢ ᠦᠭᠦᠯᠡᠯ ᠪᠢᠴᠢᠵᠦ ᠰᠤᠷᠭᠠᠭᠤᠯᠢ ᠶᠢᠨ ︽ᠦᠭᠦᠯᠡᠯ ᠤᠨ ᠲᠡᠭᠦᠪᠦᠷᠢ︾ ᠪᠠ ︽ᠦᠪᠦᠷ ᠮᠣᠩᠭᠤᠯ ᠤᠨ ᠰᠤᠷᠭᠠᠨ ᠬᠦᠮᠦᠵᠢᠯ ᠰᠡᠳᠭᠦᠯ︾᠎ ᠳᠤ ᠨᠡᠶᠢᠲᠡᠯᠡᠭᠦᠯᠦᠭᠰᠡᠭᠡᠷ ᠢᠷᠡᠭᠰᠠᠨ ᠪᠦᠬᠡᠳ ᠵᠢᠭᠠᠨ ᠰᠣᠷᠭᠠᠯᠳᠠ ᠶᠢᠨ ᠦᠢᠯᠡᠰ ᠲᠤ ᠰᠢᠨ᠎ᠠ ᠠᠮᠵᠢᠯᠳᠠ ᠭᠠᠷᠭᠠᠵᠣ ᠨᠡᠩ ᠠᠷᠪᠢᠨ ᠰᠢᠯᠢᠳᠡᠭ ᠰᠣᠷᠣᠬᠴᠢ ᠬᠦᠮᠣᠵᠢᠬᠦᠯᠬᠦ ᠪᠠᠷ ᠬᠠᠶᠢᠷ᠎ᠡ ᠪᠡ ᠵᠢᠳᠬᠦᠯ ᠎ ᠢᠶᠠᠨ ᠦᠵᠡᠭᠦᠯᠵᠦ ᠪᠣᠢ᠃
 
ᠢᠷᠡᠯᠲᠡ᠄ ᠬᠦᠪᠡᠭᠡᠲᠦ ᠰᠢᠷ᠎ᠠ ᠬᠣᠰᠢᠭᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号