ᠬᠤᠩᠭᠤᠷ ᠠᠭᠤᠯᠠ ᠶᠢᠨ ᠵᠡᠷᠯᠢᠭ ᠠᠷᠴᠠ ᠠᠷᠪᠠᠨ ᠵᠢᠯ ᠤᠨ ᠬᠠᠮᠠᠭᠠᠯᠠᠯᠳᠠ ᠶᠢ ᠤᠴᠢᠷᠯᠠᠨ᠎ᠠ
ᠨᠡᠶᠢᠲᠡᠯᠡᠭᠰᠡᠨ ᠴᠠᠭ᠄
2022/9/19
       ᠬᠥᠪᠡᠭᠡᠲᠦ ᠰᠢᠷ᠎ᠠ ᠬᠤᠰᠢᠭᠤᠨ ᠤ ᠪᠠᠶᠠᠨᠲᠠᠯ᠎ᠠ ᠪᠠᠯᠭᠠᠰᠦᠨ ᠤ ᠬᠠᠷᠢᠶᠠᠨ ᠳᠤ ᠪᠠᠶᠢᠭ᠎ᠠ ᠬᠤᠩᠭᠤᠷ ᠠᠭᠤᠯᠠ ᠪᠠᠶᠢᠭᠠᠯᠢ ᠎ ᠶᠢᠨ ᠬᠠᠮᠠᠭᠠᠯᠠᠯᠲᠠ ᠶᠢᠨ ᠣᠷᠣᠨ ᠨᠢ ᠣᠶᠢᠷ᠎ᠠ ᠶᠢᠨ ᠠᠷᠪᠠᠨ ᠵᠢᠯ ᠤᠨ ᠬᠠᠮᠠᠭᠠᠯᠠᠯᠲᠠ ᠪᠠᠷ ᠳᠡᠮᠵᠢᠨ ᠬᠠᠮᠠᠭᠠᠯᠠᠯᠲᠠ ᠶᠢᠨ ᠣᠷᠣᠨ ᠤ ᠤᠷᠭᠤᠮᠠᠯ ᠤᠨ ᠬᠤᠴᠢᠯᠭ᠎ᠠ ᠪᠠ ᠮᠣᠳᠣᠨ ᠤ ᠲᠥᠷᠥᠯ ᠵᠦᠢᠯ ᠢᠯᠡᠳᠲᠡ ᠨᠡᠮᠡᠭᠳᠡᠵᠦ᠂ ᠠᠮᠢ ᠠᠬᠤᠶ ᠶᠢᠨ ᠣᠷᠴᠢᠨ ᠲᠣᠭᠤᠷᠢᠨ ᠮᠡᠳᠡᠭᠳᠡᠬᠦᠶᠢᠴᠡ  ᠰᠠᠶᠢᠵᠢᠷᠠᠵᠦ᠂ ᠬᠥᠪᠡᠭᠡᠲᠦ ᠰᠢᠷ᠎ᠠ ᠬᠤᠰᠢᠭᠤᠨ ᠤ ᠠᠮᠢ ᠠᠬᠤᠢ ᠶᠢᠨ ᠤᠷᠴᠢᠨ ᠲᠤᠭᠤᠷᠢᠨ ᠤ ᠭᠤᠤᠯᠳᠠᠯᠭ᠎ᠠ ᠲᠠᠢ ᠬᠠᠮᠠᠭᠠᠯᠠᠯᠳᠠ ᠶᠢᠨ ᠤᠷᠤᠨ ᠪᠤᠯᠤᠨ ᠭᠤᠤᠯᠳᠠᠯᠭᠠᠳᠦ ᠵᠢᠭᠤᠯᠴᠢᠯᠠᠯ ᠤᠨ ᠤᠷᠤᠨ ᠪᠤᠯᠤᠭᠰᠠᠨ ᠪᠠᠶᠢᠨ᠎ᠠ᠃        ᠨᠠᠮᠤᠷ ᠤᠨ ᠪᠣᠷᠣᠭᠠᠨ ᠤ ᠳᠠᠷᠠᠭᠠᠬᠢ ᠬᠤᠩᠭᠤᠷ ᠠᠭᠤᠯᠠ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠨᠠᠮ ᠵᠢᠮ᠂ ᠰᠦᠷᠯᠢᠭ ᠰᠠᠢᠬᠠᠨ᠃ ᠬᠠᠮᠠᠭᠠᠯᠠᠯᠲᠠ ᠶᠢᠨ ᠣᠷᠣᠨ ᠤ ᠵᠡᠷᠯᠢᠭ ᠠᠷᠴᠠ ᠠᠳᠡᠬᠢ ᠶᠢᠨ ᠡᠵᠡᠨ ᠨᠢ ᠶᠤᠮ ᠰᠢᠭ᠋ ᠰᠡᠬᠦᠶᠢᠨ ᠰᠦᠨᠳᠡᠷᠯᠡᠨ᠎ᠡ᠃  ᠤᠶᠢᠯᠠᠭᠠᠭᠰᠠᠨ ᠢᠶᠠᠷ᠂  ᠵᠡᠷᠯᠢᠭ ᠠᠷᠴᠠ ᠮᠠᠨ ᠤ ᠤᠯᠤᠰ ᠤᠨ ᠬᠠᠷᠠᠮᠥ᠋ᠷᠡᠨ᠂ ᠭᠢᠷᠢᠨ᠂ ᠯᠢᠶᠣᠤᠨᠢᠩ᠂ ᠥᠪᠥᠷ ᠮᠣᠩᠭᠤᠯ᠂ ᠾᠧᠪᠸᠢ ᠶᠢᠨ ᠬᠤᠶᠢᠲᠤ ᠬᠡᠰᠡᠭ᠂ ᠱᠠᠨ ᠰᠢ᠂ ᠱᠠᠨᠰᠢ᠂ ᠭᠠᠨᠰᠦ ᠵᠢᠴᠢ ᠨᠢᠩᠰᠢᠶᠠ ᠵᠡᠷᠭᠡ ᠮᠤᠵᠢ ᠣᠷᠣᠨ ᠤ ᠠᠭᠤᠯᠠᠷᠬᠠᠭ ᠭᠠᠵᠠᠷ ᠢᠶᠠᠷ ᠲᠠᠷᠬᠠᠵᠤ᠂  ᠰᠣᠯᠣᠩᠭᠤᠰ᠂ ᠶᠠᠫᠣᠨ ᠳᠤ ᠪᠠᠰᠠ ᠲᠠᠷᠬᠠᠯᠲᠠ ᠲᠠᠢ᠃ ᠬᠥᠪᠡᠭᠡᠲᠦ ᠰᠢᠷ᠎ᠠ ᠬᠤᠰᠢᠭᠤᠨ ᠤ ᠬᠤᠩᠭᠤᠷ ᠠᠭᠤᠯᠠᠨ ᠳᠤ ᠤᠷᠭᠤᠳᠠᠭ ᠵᠡᠷᠯᠢᠭ  ᠠᠷᠴᠠ ᠪᠣᠯ ᠣᠳᠣᠬᠠᠨ ᠳᠤ ᠮᠠᠨ ᠤ ᠤᠯᠤᠰ ᠤᠨ 42º 17´᠎ ᠶᠢᠨ ᠥᠷᠭᠡᠷᠢᠭ ᠳᠡᠭᠡᠷ᠎ᠡ ᠣᠨᠴᠠ ᠪᠠᠶᠢᠳᠠᠭ ᠵᠡᠷᠯᠢᠭ ᠠᠷᠴᠠ ᠪᠣᠯᠤᠨ᠎ᠠ᠃ᠬᠦᠪᠡᠭᠡᠳᠦ ᠰᠢᠷ᠎ᠠ ᠬᠤᠰᠢᠭᠤᠨ ᠤ ᠤᠢ ᠰᠢᠭᠤᠢ ᠨᠤᠳᠤᠭ ᠪᠡᠯᠴᠢᠭᠡᠷ ᠤᠨ ᠦᠢᠯᠡᠰ ᠤᠨ ᠭᠦᠭᠵᠢᠬᠦᠯᠦᠯᠳᠡ ᠶᠢᠨ ᠲᠦᠪ ᠤᠨ ᠡᠷᠬᠢᠯᠡᠭᠴᠢ ᠬᠠᠰᠴᠡᠴᠡᠭ᠄ ︽ᠵᠡᠷᠯᠢᠭ ᠠᠷᠴᠠ ᠪᠤᠯ ᠮᠠᠨ ᠤ ᠬᠤᠰᠢᠭᠤᠨ ᠤ ᠬᠤᠩᠭᠤᠷ ᠠᠭᠤᠯᠠ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠭᠤᠤᠯᠳᠠᠯᠭᠠᠳᠦ ᠬᠠᠮᠠᠭᠠᠯᠠᠯᠳᠠ ᠶᠢᠨ ᠲᠤᠷᠤᠭ ᠮᠤᠳᠤ ᠪᠤᠯᠤᠨ᠎ᠠ︔ ᠮᠠᠨ ᠤ ᠬᠤᠰᠢᠭᠤ ᠨᠢ ᠤᠶᠢᠷ᠎ᠠ ᠶᠢᠨ ᠠᠷᠪᠠᠨ ᠵᠢᠯ ᠳᠤ ᠶᠡᠭᠡ ᠬᠡᠮᠵᠢᠶᠡᠨ ᠤ ᠬᠦᠮᠦᠨ ᠤ ᠬᠦᠴᠦ᠂ ᠪᠤᠳᠠᠰ ᠤᠨ ᠬᠦᠴᠦ ᠶᠢ ᠲᠦᠪᠯᠡᠷᠡᠬᠦᠯᠦᠭᠡᠳ ᠬᠠᠮᠠᠭᠠᠯᠠᠯᠳᠠ ᠶᠢᠨ ᠤᠷᠤᠨ ᠢ ᠬᠠᠮᠠᠭᠠᠯᠠᠬᠤ ᠠᠵᠢᠯ ᠢ ᠬᠢᠭᠰᠡᠭᠡᠷ ᠢᠷᠡᠭᠰᠡᠨ︔ ᠡᠬᠦᠨ ᠤ ᠲᠠᠭᠠᠤ ᠮᠠᠨ ᠤ ᠲᠤᠪᠴᠢᠶ᠎ᠠ ᠨᠢ 2019 ᠤᠨ ᠠᠴᠠ ᠨᠠᠭᠠᠰᠢ ᠬᠤᠪᠢ ᠶᠢᠨ ᠨᠢᠯᠬ᠎ᠠ ᠮᠤᠳᠤᠨ ᠤ ᠬᠦᠷᠢᠶᠡᠡᠯᠡᠭ ᠲᠠᠢ ᠬᠠᠮᠵᠢᠯᠴᠠᠨ 30 ᠺᠢᠯᠤᠭ᠍ᠷᠠᠮ ᠦᠷ᠎ᠡ᠂ ᠲᠦᠮᠡᠨ ᠰᠠᠭᠤᠷᠢ ᠮᠦᠴᠢᠷ ᠢ ᠪᠤᠶᠢᠵᠢᠭᠤᠯᠬᠤ ᠶᠢᠨ ᠲᠠᠭᠠᠤ ᠲᠦᠮᠡ ᠢᠯᠡᠬᠦᠦ ᠰᠠᠭᠤᠷᠢ ᠠᠷᠴᠠ ᠶᠢ ᠬᠠᠮᠠᠭᠠᠯᠠᠯᠳᠠ ᠶᠢᠨ ᠤᠷᠤᠨ ᠳᠤ ᠬᠦᠮᠦᠨ ᠤ ᠬᠦᠴᠦ ᠪᠠᠷ ᠲᠠᠷᠢᠨ ᠪᠤᠶᠢᠵᠢᠭᠤᠯᠤᠭᠰᠠᠨ ᠪᠠᠶᠢᠨ᠎ᠠ︔ ᠨᠢᠭᠡᠳᠤᠭᠡᠷ ᠤᠳᠠᠭᠠᠨ ᠤ ᠬᠦᠮᠦᠨ ᠤ ᠬᠦᠴᠦ ᠎ ᠪᠠᠷ ᠪᠤᠶᠢᠵᠢᠭᠤᠯᠤᠭᠰᠠᠨ ᠵᠡᠷᠯᠢᠭ ᠠᠷᠴᠠ 2021ᠤᠨ ᠳᠤ ᠨᠢᠭᠡᠨᠳᠡ ᠪᠤᠶᠢᠵᠢᠨ ᠭᠠᠷᠴᠤ ᠂ ᠬᠤᠶᠠᠳᠤᠭᠠᠷ ᠤᠳᠠᠭ᠎ᠠ 2021ᠤᠨ ᠤ ᠨᠠᠮᠤᠷ ᠪᠤᠶᠢᠵᠢᠭᠤᠯᠬᠤ ᠠᠵᠢᠯ ᠢᠶᠠᠨ ᠡᠬᠢᠯᠡᠬᠦᠯᠵᠦ 2024 ᠤᠨ ᠳᠤ ᠠᠰᠢᠭᠯᠠᠯᠳᠠ ᠳᠤ ᠤᠷᠤᠨ᠎ᠠ ᠭᠡᠵᠦ ᠲᠦᠯᠦᠪᠯᠡᠵᠦ ᠪᠤᠢ︔ ᠬᠤᠶᠠᠷ ᠤᠳᠠᠭᠠᠨ ᠤ ᠪᠤᠶᠢᠵᠢᠭᠤᠯᠤᠯᠳᠠ ᠬᠢᠭᠰᠡᠨ ᠡᠳᠡᠭᠡᠷ ᠵᠡᠷᠯᠢᠭ ᠠᠷᠴᠠ ᠪᠠᠨ ᠬᠤᠩᠭᠤᠷ ᠠᠭᠤᠯᠠ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠪᠠᠨ ᠠᠮᠢ ᠠᠬᠤᠢ ᠶᠢᠨ ᠪᠦᠳᠦᠭᠡᠨ ᠪᠠᠶᠢᠭᠤᠯᠤᠯᠳᠠ ᠳᠤ ᠭᠡᠷᠡᠭᠯᠡᠬᠦ ᠪᠠᠷ ᠪᠤᠢ︾ ᠭᠡᠯ᠎ᠡ᠃       ᠪᠠᠶᠢᠭᠠᠯᠢ ᠶᠢᠨ ᠡᠬᠢ ᠪᠠᠶᠠᠯᠢᠭ ᠢ ᠨᠠᠩ ᠰᠠᠶᠢᠨ ᠬᠠᠮᠠᠭᠠᠯᠠᠬᠤ ᠶᠢᠨ ᠲᠥᠯᠥᠭᠡ᠂ ᠬᠥᠪᠡᠭᠡᠲᠦ ᠰᠢᠷ᠎ᠠ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠯ᠎ᠡ ᠱᠠᠲᠤᠨ ᠤ ᠬᠠᠮᠠᠭᠠᠯᠠᠯᠲᠠ ᠶᠢᠨ ᠣᠷᠣᠨ ᠤ ᠲᠤᠬᠠᠶ ᠬᠠᠤᠯᠢ ᠴᠠᠭᠠᠵᠠ ᠬᠠᠤᠯᠢ ᠲᠣᠭᠲᠠᠭᠠᠯ ᠢ ᠨᠠᠷᠢᠨ ᠬᠢᠨᠠᠮᠠᠭᠠᠶ ᠲᠤᠭᠤᠰᠢᠯᠠᠭᠤᠯᠤᠨ ᠬᠡᠷᠡᠭᠵᠢᠭᠦᠯᠵᠦ᠂ ︽ᠬᠥᠪᠡᠭᠡᠲᠦ ᠰᠢᠷ᠎ᠠ ᠬᠤᠰᠢᠭᠤᠨ ᠤ ᠬᠤᠩᠭᠤᠷ ᠠᠭᠤᠯᠠ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠠᠷᠭ᠎ᠠ ︾᠎ ᠶᠢ ᠲᠤᠭᠳᠠᠭᠠᠭᠰᠠᠨ ᠪᠥᠭᠡᠳ ᠪᠠᠶᠢᠭᠠᠯᠢ ᠶᠢᠨ ᠬᠠᠮᠠᠭᠠᠯᠠᠯᠲᠠ ᠎ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠪᠠᠶᠢᠭᠤᠯᠵᠤ᠂ ᠲᠤᠰᠬᠠᠶ ᠬᠠᠮᠢᠶᠠᠷᠤᠯᠲᠠ ᠶᠢᠨ ᠪᠠᠶᠢᠭᠤᠯᠤᠮᠵᠢ ᠲᠣᠭᠲᠠᠭᠠᠨ᠂ ᠲᠤᠰᠬᠠᠶ ᠣᠶ ᠰᠢᠭᠤᠶ ᠶᠢᠨ ᠬᠠᠮᠠᠭᠠᠯᠠᠭᠴᠢ ᠲᠣᠬᠢᠷᠠᠭᠤᠯᠵᠤ ᠬᠥᠪᠡᠭᠡᠲᠦ ᠰᠢᠷ᠎ᠠ ᠬᠤᠰᠢᠭᠤᠨ ᠤ ᠬᠤᠩᠭᠤᠷ ᠠᠭᠤᠯᠠ ᠪᠠᠶᠢᠭᠠᠯᠢ ᠎ ᠶᠢᠨ ᠬᠠᠮᠠᠭᠠᠯᠠᠯᠲᠠ ᠶᠢᠨ ᠣᠷᠣᠨ ᠢ ᠬᠠᠮᠢᠶᠠᠷᠤᠨ ᠬᠠᠮᠠᠭᠠᠯᠠᠪᠠ᠃        ᠬᠦᠪᠡᠭᠡᠳᠦ ᠰᠢᠷ᠎ᠠ ᠬᠤᠰᠢᠭᠤᠨ ᠤ ᠬᠤᠩᠭᠤᠷ ᠠᠭᠤᠯᠠ ᠤᠢ ᠰᠢᠭᠤᠢ ᠶᠢ ᠬᠠᠮᠠᠭᠠᠯᠠᠬᠤ ᠦᠷᠳᠡᠭᠡᠨ ᠤ ᠲᠡᠳ᠋ ᠲᠠᠷᠤᠭ᠎ᠠ   ᠦᠨᠡᠨᠪᠠᠶᠠᠷ᠄ ︽ᠠᠷᠪᠠᠨ ᠵᠢᠯ ᠤᠨ ᠴᠢᠷᠮᠠᠶᠢᠯᠭ᠎ᠠ ᠪᠠᠷ ᠨᠠᠮ ᠵᠠᠰᠠᠭ ᠠᠴᠠ ᠬᠦᠨᠳᠦᠳᠭᠡᠨ ᠦᠵᠡᠵᠦ ᠬᠤᠩᠭᠤᠷ ᠠᠭᠤᠯᠠ ᠠᠮᠢ ᠠᠬᠤᠢ ᠶᠢᠨ ᠬᠠᠮᠠᠭᠠᠯᠠᠯᠳᠠ ᠶᠢᠨ ᠤᠷᠤᠨ ᠢ ᠪᠦᠳᠦᠭᠡᠨ ᠪᠠᠶᠢᠭᠤᠯᠵᠦ ᠬᠠᠷᠠᠵᠦ ᠬᠠᠮᠠᠭᠠᠯᠠᠬᠤ ᠠᠵᠢᠯ ᠢ ᠴᠢᠩᠭᠠᠳᠬᠠᠭᠰᠠᠨ ᠢᠶᠠᠷ ᠤᠳᠤ ᠪᠤᠯᠬᠤ ᠳᠤ ᠠᠮᠢ ᠠᠬᠤᠢ ᠢᠯᠡᠳᠳᠡ ᠰᠠᠶᠢᠵᠢᠷᠠᠵᠦ ᠡᠯ᠎ᠡ ᠲᠠᠯ᠎ᠠ ᠪᠠᠷ ᠰᠡᠷᠬᠦᠵᠦ ᠢᠷᠡᠭᠰᠡᠨ ᠪᠠᠶᠢᠨ᠎ᠠ︔ ᠡᠨᠡ ᠨᠢ ᠨᠠᠮ ᠵᠠᠰᠠᠭ ᠤᠨ ᠬᠦᠴᠦᠳᠠᠢ ᠲᠡᠮᠵᠢᠯᠭᠡ᠂ ᠮᠦᠨᠴᠦ ᠮᠠᠨ ᠤ ᠬᠠᠷᠠᠵᠦ ᠬᠠᠮᠠᠭᠠᠯᠠᠬᠤ ᠠᠵᠢᠯ ᠤᠨ ᠠᠮᠵᠢᠯᠳᠠ ᠲᠠᠢ ᠲᠠᠯ᠎ᠠ ᠭᠡᠵᠦ ᠦᠵᠡᠵᠦ ᠪᠤᠢ︔ ᠮᠠᠨ ᠤ ᠬᠠᠷᠠᠵᠦ ᠬᠠᠮᠠᠭᠠᠯᠠᠬᠤ ᠠᠵᠢᠯ ᠨᠢ ᠨᠢᠭᠡᠳᠤᠭᠡᠷ ᠲᠤ᠂ ᠬᠠᠷᠠᠵᠦ ᠬᠠᠮᠠᠭᠠᠯᠠᠬᠤ ᠠᠵᠢᠯ ᠤᠨ ᠲᠠᠯ᠎ᠠ ᠳᠤ ᠬᠤᠰᠢᠭᠤ ᠨᠠᠮ ᠵᠠᠰᠠᠭ ᠠᠴᠠ ᠬᠦᠨᠳᠦᠳᠭᠡᠨ ᠦᠵᠡᠵᠦ ᠬᠠᠷᠠᠵᠦ ᠬᠠᠮᠠᠭᠠᠯᠠᠬᠤ ᠠᠵᠢᠯ ᠤᠨ ᠪᠠᠶᠢᠭᠤᠯᠤᠮᠵᠢ ᠶᠢ ᠤᠯᠠᠮ ᠲᠡᠬᠦᠯᠳᠡᠷᠵᠢᠬᠦᠯᠦᠭᠰᠡᠨ︔ ᠬᠤᠶᠠᠳᠤᠭᠠᠷ ᠲᠤ᠂ ᠬᠠᠷᠠᠵᠦ ᠬᠠᠮᠠᠭᠠᠯᠠᠬᠤ ᠠᠷᠭ᠎ᠠ ᠪᠠᠷᠢᠯ ᠤᠨ ᠲᠠᠯ᠎ᠠ ᠎ ᠪᠠᠷ ᠭᠤᠤᠯ ᠨᠢ ᠤᠷᠳᠦ ᠬᠤᠭᠤᠴᠠᠭ᠎ᠠ ᠪᠠᠷ ᠵᠢᠵᠢᠬᠦᠷᠯᠡᠨ ᠰᠠᠭᠤᠬᠤ᠂ ᠮᠤᠲ᠋ᠤᠷ᠂  ᠮᠤᠷᠢ ᠪᠠᠷ ᠠᠭᠤᠯᠠ ᠶᠢ ᠲᠤᠭᠤᠷᠢᠵᠦ ᠴᠠᠭᠳᠠᠬᠤ᠂ ᠬᠠᠤᠯᠢ ᠪᠤᠰᠤ ᠪᠠᠷ ᠮᠠᠯ ᠮᠠᠯᠵᠢᠬᠤ᠂ ᠤᠢ ᠮᠤᠳᠤ ᠶᠢ ᠤᠭᠳᠤᠯᠬᠤ ᠵᠡᠷᠭᠡ ᠠᠵᠢᠯ ᠲᠡᠭᠡᠷ᠎ᠡ ᠬᠠᠤᠯᠢ ᠭᠡᠷᠡᠭᠵᠢᠬᠦᠯᠬᠦ ᠬᠠᠮᠢᠶ᠎ᠠ ᠪᠦᠬᠦᠢ ᠪᠠᠶᠢᠭᠤᠯᠬ᠎ᠠ ᠨᠢᠭᠡᠴᠡ ᠲᠠᠢ ᠬᠠᠮᠵᠢᠯᠴᠠᠵᠦ ᠪᠠᠶᠢᠭᠠᠳ ᠬᠠᠤᠯᠢ ᠭᠡᠷᠡᠭᠵᠢᠬᠦᠯᠬᠦ ᠬᠦᠴᠦᠯᠡᠴᠡ ᠪᠠᠨ ᠴᠢᠩᠭᠠᠳᠬᠠᠭᠰᠠᠨ ᠠᠴᠠ ᠤᠢ ᠰᠢᠭᠤᠢ ᠶᠢᠨ ᠵᠠᠰᠠᠭ ᠵᠠᠬᠢᠷᠭᠠᠨ ᠤ ᠬᠡᠷᠡᠭ ᠤᠨ ᠵᠢᠱᠢᠶ᠎ᠡ ᠵᠢᠯ ᠠᠴᠠ ᠵᠢᠯ ᠴᠦᠭᠡᠷᠡᠵᠠᠢ︾ ᠭᠡᠵᠦ ᠪᠠᠶᠢᠯ᠎ᠠ᠃        ᠬᠥᠪᠡᠭᠡᠲᠦ ᠰᠢᠷ᠎ᠠ ᠬᠤᠰᠢᠭᠤᠨ ᠤ ᠣᠶ ᠰᠢᠭᠤᠶ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠣᠷᠳᠣ ᠬᠤᠭᠤᠴᠠᠭ᠎ᠠ ᠪᠠᠷ ᠲᠤᠬᠠᠶ ᠶᠢᠨ ᠭᠠᠵᠠᠷ ᠲᠠᠭᠠᠨ ᠵᠢᠵᠢᠭᠦᠷᠯᠡᠨ ᠰᠠᠬᠢᠬᠤ ᠲᠦᠷᠢᠮ ᠢ  ᠭᠡᠷᠡᠭᠵᠢᠬᠦᠯᠵᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠠᠮᠢ ᠠᠬᠤᠶ ᠣᠷᠴᠢᠨ ᠲᠣᠭᠤᠷᠢᠨ ᠢ ᠪᠦᠲᠦᠮᠵᠢᠲᠡᠶ ᠬᠠᠮᠠᠭᠠᠯᠠᠵᠤ᠂ ᠠᠮᠢ ᠠᠬᠤᠶ ᠶᠢᠨ ᠬᠠᠮᠠᠭᠠᠯᠠᠯᠲᠠ ᠶᠢᠨ ᠬᠠᠤᠯᠢ ᠴᠠᠭᠠᠵᠠ ᠲᠦᠷᠢᠮ ᠲᠣᠭᠲᠠᠭᠠᠯ ᠢ ᠴᠢᠩᠭ᠎ᠠ ᠵᠢᠷᠤᠮᠯᠠᠪᠠ᠃ 2016 ᠣᠨ ᠳᠤ᠂ ᠬᠠᠮᠠᠭᠠᠯᠯᠠᠳᠠ ᠶᠢᠨ ᠭᠤᠤᠯ ᠤᠷᠤᠨ ᠢ ᠲᠤᠰᠬᠠᠢ ᠰᠡᠷᠡᠯᠵᠢᠨ ᠲᠣᠤᠷ ᠢᠶᠠᠷ ᠬᠦᠷᠢᠶᠡᠯᠡᠵᠦ᠂ ᠤᠬᠠᠭᠤᠯᠭ᠎ᠠ ᠶᠢᠨ ᠲᠡᠮᠳᠡᠭ ᠫᠠᠶᠢᠰᠠ ᠡᠯᠬᠦᠵᠦ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠠᠵᠢᠯ ᠢ ᠥᠷᠨᠢᠭᠦᠯᠵᠦ ᠢᠯᠡᠳᠳᠡ ᠦᠷ᠎ᠡ  ᠪᠦᠳᠦᠮᠵᠢ ᠤᠯᠪᠠ᠃        10 ᠵᠢᠯ ᠤᠨ ᠴᠢᠷᠮᠠᠶᠢᠯᠭ᠎ᠠ ᠪᠠᠷ ᠳᠡᠮᠵᠢᠨ᠂ ᠬᠠᠮᠠᠭᠠᠯᠠᠯᠲᠠ ᠶᠢᠨ ᠣᠷᠣᠨ ᠤ  ᠪᠠᠶᠢᠭᠠᠯᠢ ᠶᠢᠨ ᠣᠷᠴᠢᠨ ᠰᠠᠶᠢᠵᠢᠷᠠᠵᠦ᠂  ᠭᠤᠣᠯ ᠬᠠᠮᠠᠭᠠᠯᠠᠯᠳᠠ ᠶᠢᠨ ᠲᠤᠷᠤᠭ ᠮᠤᠳᠤ ᠪᠤᠯᠬᠤ ᠵᠡᠷᠯᠢᠭ ᠠᠷᠴᠠ ᠶᠢᠨ ᠲᠠᠷᠬᠠᠯᠲᠠ ᠶᠢᠨ ᠲᠠᠯᠠᠪᠠᠢ ᠶᠢ 720 ᠾᠧᠺᠲ᠋ᠠᠷ ᠥᠷᠭᠡᠳᠬᠡᠵᠡᠢ᠃ ᠣᠳᠣᠬᠠᠨ ᠳᠤ᠂ ᠠᠷᠴᠠ ᠮᠤᠳᠤᠨ ᠤ ᠤᠷᠭᠤᠴᠠ ᠰᠠᠶᠢᠨ ᠪᠠᠶᠢᠵᠤ᠂ ᠬᠡᠭᠡᠷ᠎ᠡ ᠶᠢᠨ ᠠᠮᠢᠲᠠᠨ ᠢᠯᠡᠳᠲᠡ ᠨᠡᠮᠡᠭᠳᠡᠵᠦ᠂ ᠡᠪᠡᠰᠦ ᠤᠷᠭᠤᠮᠠᠯ  54 ᠢᠵᠠᠭᠤᠷ ᠤᠨ 389 ᠲᠦᠷᠦᠯ ᠳᠤ ᠬᠦᠷᠴᠦ᠂ ᠡᠭᠦᠨ ᠳᠤ ᠠᠷᠴᠠ᠂ ᠬᠠᠶᠢᠯᠠᠰᠤ᠂ ᠤᠯᠢᠶᠠᠰᠤ ᠵᠡᠷᠭᠡ ᠪᠠᠶᠢᠭᠠᠯᠢ ᠶᠢᠨ ᠲᠤᠷᠤᠭ ᠮᠤᠳᠦ᠂ ᠵᠢᠵᠢᠭ ᠨᠠᠪᠴᠢᠲᠤ ᠬᠠᠷᠭᠠᠨ᠎ᠠ᠂ ᠬᠤᠨᠢᠨ ᠪᠤᠶᠢᠯᠠᠰᠦ᠂ ᠠᠭᠤᠯᠠᠨ ᠪᠤᠷᠭᠠᠰᠦ᠂ ᠢᠩᠲᠣᠣᠷ ᠵᠡᠷᠭᠡ ᠬᠡᠭᠡᠷ᠎ᠡ ᠶᠢᠨ ᠪᠣᠳᠠ ᠮᠤᠳᠤ᠂ ᠬᠠᠪᠤᠷᠰᠢᠯ ᠴᠡᠴᠡᠭ᠂ ᠰᠠᠷᠠᠨ᠎ᠠ ᠴᠡᠴᠡᠭ ᠵᠡᠷᠭᠡ ᠵᠠᠭᠤ ᠭᠠᠷᠤᠶ ᠲᠦᠷᠦᠯ ᠤᠨ ᠴᠡᠴᠡᠭ ᠡᠪᠡᠰᠦ ᠤᠷᠭᠤᠵᠦ ᠪᠤᠢ᠃        2012 ᠣᠨ ᠠᠴᠠ ᠨᠠᠰᠢ᠂ ᠬᠥᠪᠡᠭᠡᠲᠦ ᠰᠢᠷ᠎ᠠ ᠬᠤᠰᠢᠭᠤ ᠭᠤᠤᠯᠳᠠᠭᠤ ᠪᠡᠭᠡᠵᠢᠩ ᠲᠢᠶᠠᠨᠵᠢᠨ ᠤ ᠡᠷᠭᠢᠨ ᠲᠣᠭᠤᠷᠢᠨ ᠤ ᠡᠯᠡᠰᠦᠨ ᠤ ᠡᠬᠢ ᠶᠢ ᠵᠠᠰᠠᠬᠤ ᠬᠤᠶᠠᠳᠤᠭᠠᠷ ᠬᠤᠭᠤᠴᠠᠭᠠᠨ ᠤ ᠢᠨᠵᠧᠨᠧᠷᠢᠩ᠂ ᠣᠶᠢᠵᠢᠭᠤᠯᠤᠯᠲᠠ ᠶᠢᠨ ᠨᠥᠬᠦᠪᠥᠷᠢ ᠶᠢᠨ ᠲᠥᠷᠥᠯ ᠵᠦᠶᠯ᠂ ᠭᠤᠤᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠤᠯᠲᠠ ᠶᠢᠨ ᠲᠥᠷᠥᠯ ᠵᠦᠶᠯ ᠵᠡᠷᠭᠡ ᠶᠢ ᠭᠤᠤᠯ ᠪᠦᠲᠦᠭᠡᠨ ᠪᠠᠶᠢᠭᠤᠯᠤᠯᠲᠠ ᠶᠢᠨ ᠡᠭᠦᠷᠭᠡ ᠪᠠᠨ ᠪᠣᠯᠭᠠᠵᠠᠶ᠃ ᠮᠠᠨ ᠤ ᠬᠤᠰᠢᠭᠤᠨ ᠤ ᠪᠡᠭᠡᠵᠢᠩ ᠲᠢᠶᠠᠨᠵᠢᠨ ᠎ ᠤ ᠡᠯᠡᠰᠦᠨ ᠤ ᠡᠬᠢ ᠶᠢ ᠵᠠᠰᠠᠬᠤ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ 2012 ᠣᠨ ᠳᠤ ᠡᠬᠢᠯᠡᠭᠦᠯᠵᠦ᠂ ᠡᠭᠦᠨ ᠎ ᠳᠤ ᠠᠭᠤᠯᠠ ᠶᠢ ᠪᠢᠲᠡᠭᠦᠮᠵᠢᠯᠡᠨ ᠣᠶᠢᠵᠢᠭᠤᠯᠬᠤ ᠪᠦᠲᠦᠭᠡᠨ ᠪᠠᠶᠢᠭᠤᠯᠤᠯᠲᠠ ᠶᠢ 30 ᠲᠦᠮᠡᠨ ᠮᠦ ᠪᠡᠶᠡᠯᠡᠭᠦᠯᠵᠦ᠂ ᠬᠥᠮᠦᠨ ᠎ ᠤ ᠬᠦᠴᠦ ᠪᠠᠷ ᠣᠶᠢᠵᠢᠭᠤᠯᠬᠤ ᠪᠦᠲᠦᠭᠡᠨ ᠪᠠᠶᠢᠭᠤᠯᠤᠯᠲᠠ ᠶᠢ 3.55 ᠲᠦᠮᠡᠨ ᠮᠦ ᠪᠡᠶᠡᠯᠡᠭᠦᠯᠵᠦ᠂ ᠡᠯᠡᠰᠦ ᠶᠢ ᠲᠣᠭᠲᠠᠪᠤᠷᠢᠵᠢᠭᠤᠯᠬᠤ ᠪᠦᠲᠦᠭᠡᠨ ᠪᠠᠶᠢᠭᠤᠯᠤᠯᠲᠠ ᠶᠢ 2.7 ᠲᠦᠮᠡᠨ ᠮᠦ ᠪᠡᠶᠡᠯᠡᠭᠦᠯᠪᠡ᠃ 2012 ᠣᠨ ᠠᠴᠠ ᠨᠠᠭᠠᠰᠢ᠂ ᠣᠶᠢᠵᠢᠭᠤᠯᠤᠯᠲᠠ ᠶᠢᠨ ᠨᠥᠬᠦᠪᠥᠷᠢ ᠶᠢᠨ ᠲᠥᠷᠥᠯ ᠵᠦᠶᠯ ᠢ ᠨᠡᠶᠢᠲᠡ 1.9 ᠲᠦᠮᠡᠨ ᠮᠥ ᠪᠡᠶᠡᠯᠡᠬᠦᠯᠵᠦ᠂ ᠭᠤᠤᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠤᠯᠲᠠ ᠶᠢᠨ ᠲᠥᠷᠥᠯ ᠵᠦᠶᠯ ᠢ 0.2575 ᠲᠦᠮᠡᠨ ᠮᠥ  ᠪᠡᠶᠡᠯᠡᠬᠦᠯᠪᠡ᠃        ᠬᠦᠪᠡᠭᠡᠳᠦ ᠰᠢᠷ᠎ᠠ ᠬᠤᠰᠢᠭᠤᠨ ᠤ ᠤᠢ ᠰᠢᠭᠤᠢ ᠨᠤᠳᠤᠭ ᠪᠡᠯᠴᠢᠭᠡᠷ ᠤᠨ ᠲᠤᠪᠴᠢᠶᠠᠨ ᠤ ᠲᠡᠳ᠋ ᠲᠣᠪᠴᠢᠶᠠᠨ ᠲᠠᠷᠤᠭ᠎ᠠ ᠮᠦᠩᠭᠡᠪᠤᠯᠠᠭ᠄ ︽ᠤᠶᠢᠷ᠎ᠠ ᠶᠢᠨ ᠠᠷᠪᠠᠨ ᠵᠢᠯ ᠳᠤ ᠮᠠᠨ ᠤ ᠲᠤᠪᠴᠢᠶ᠎ᠠ ᠨᠢ ᠪᠡᠭᠡᠵᠢᠩ ᠲᠢᠶᠠᠨᠵᠢᠨ ᠤ ᠡᠯᠡᠰᠦᠨ ᠤ ᠡᠬᠢ ᠶᠢ ᠵᠠᠰᠠᠬᠤ ᠲᠦᠷᠦᠯ ᠵᠦᠢᠯ ᠢ ᠪᠦᠬᠦ ᠬᠤᠰᠢᠭᠤᠨ ᠤ ᠭᠡᠪᠴᠢᠶᠡᠨ ᠳᠤ ᠪᠠᠶᠢᠭ᠎ᠠ ᠬᠤᠯᠠᠨ ᠰᠢᠷᠭ᠎ᠠ ᠡᠯᠡᠰᠦᠨ ᠤ ᠤᠷᠤᠨ ᠳᠤ ᠭᠡᠷᠡᠭᠵᠢᠬᠦᠯᠦᠭᠰᠡᠨ ᠪᠠᠶᠢᠨ᠎ᠠ︔ ᠤᠶᠢᠷ᠎ᠠ ᠶᠢᠨ ᠠᠷᠪᠠᠭᠠᠳ ᠵᠢᠯ ᠤᠨ ᠪᠦᠳᠦᠭᠡᠨ ᠪᠠᠶᠢᠭᠤᠯᠤᠯᠳᠠ ᠪᠠᠷ ᠲᠠᠮᠵᠢᠭᠠᠳ ᠮᠠᠨ ᠤ ᠬᠤᠰᠢᠭᠤᠨ ᠤ ᠶᠡᠭᠡ ᠭᠡᠮᠵᠢᠶ᠎ᠡ ᠪᠠᠷ ᠡᠯᠡᠰᠦᠷᠭᠡᠭᠵᠢᠵᠦ ᠪᠠᠶᠢᠭ᠎ᠠ ᠪᠠᠶᠢᠳᠠᠯ ᠨᠡᠯᠢᠶᠡᠳ ᠭᠡᠮᠵᠢᠶᠡᠨ ᠳᠤ ᠨᠠᠮᠳᠠᠵᠠᠢ᠃ 2013 ᠤᠨ ᠠᠴᠠ ᠡᠬᠢᠯᠡᠵᠦ ᠭᠡᠷᠡᠭᠵᠢᠬᠦᠯᠦᠭᠰᠡᠨ ᠭᠤᠤᠯᠳᠠᠯᠭᠠᠳᠠᠢ ᠤᠷᠤᠨ ᠲᠤᠭᠤᠷᠢᠭ ᠤᠨ ᠪᠦᠳᠦᠭᠡᠨ ᠪᠠᠶᠢᠭᠤᠯᠤᠯᠳᠠ ᠎ ᠳᠤ᠂ ᠮᠠᠨ ᠤ ᠬᠤᠰᠢᠭᠤᠨ ᠤ ᠰᠢᠨᠡᠪᠤᠯᠠᠭ ᠪᠠᠯᠭᠠᠰᠦᠨ ᠤ ᠡᠷᠬᠢᠨ ᠲᠤᠭᠤᠷᠢᠨ ᠪᠤᠯᠤᠨ ᠭᠤᠤᠯ ᠪᠤᠯᠬᠤ ᠤᠷᠤᠵᠦ ᠭᠠᠷᠬᠤ ᠵᠠᠮ ᠤᠨ ᠬᠠᠵᠠᠭᠤ᠂ ᠬᠠᠶ᠋ᠢᠩᠬᠢᠷᠸ᠎ᠠ ᠰᠦᠮ᠎ᠡ ᠶᠢᠨ ᠡᠷᠬᠢᠨ ᠲᠤᠭᠤᠷᠢᠨ ᠳᠤ ᠮᠤᠳᠤ ‍ᠠᠷᠢᠵᠦ ᠤᠶᠢᠵᠢᠭᠤᠯᠵᠦ ᠨᠡᠯᠢᠶᠡᠳ ᠶᠡᠭᠡ ᠦᠷ᠎ᠡ ᠪᠦᠳᠦᠮᠵᠢ ᠤᠯᠵᠠᠢ︔ ᠲᠠᠷᠠᠭᠠᠴᠢ ᠪᠠᠷ᠂ ᠬᠤᠩᠭᠤᠷ ᠠᠭᠤᠯᠠ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠬᠠᠮᠠᠭᠠᠯᠠᠯᠳᠠ ᠶᠢ ᠴᠢᠩᠭᠠᠳᠬᠠᠵᠦ᠂ ᠮᠠᠨ ᠤ ᠬᠤᠰᠢᠭᠤᠨ ᠤ ᠪᠠᠨ ᠤᠷᠤᠨ ᠨᠤᠳᠤᠭ ᠤᠨ ᠬᠡᠪᠴᠢᠶᠡᠨ ᠳᠤ ᠪᠠᠶᠢᠭ᠎ᠠ ᠰᠢᠯᠢᠳᠡᠭ ᠡᠬᠦᠯᠳᠡᠷ ᠤᠨ ᠡᠪᠡᠰᠦ ᠮᠤᠳᠤ ᠶᠢ ᠪᠤᠶᠢᠵᠢᠭᠤᠯᠵᠦ ᠬᠦᠮᠦᠵᠢᠬᠦᠯᠬᠦ ᠠᠵᠢᠯ ᠲᠡᠭᠡᠷ᠎ᠡ ᠶᠡᠭᠡᠭᠡᠨ ᠬᠦᠴᠦ ᠲᠠᠯᠪᠢᠵᠦ᠂ ᠢᠯᠡᠬᠦᠭᠡᠨ ᠠᠵᠢᠯ ᠬᠢᠬᠦ ᠪᠠᠷ ᠲᠦᠯᠦᠪᠯᠡᠵᠦ᠂ ᠬᠤᠶᠢᠰᠢᠳᠠ ᠮᠠᠨ ᠤ ᠤᠢ ᠰᠢᠭᠤᠢ ᠨᠤᠲᠤᠭ ᠪᠡᠯᠴᠢᠭᠡᠷ ᠤᠨ ᠲᠤᠪᠴᠢᠶ᠎ᠠ ᠨᠢ ᠠᠮᠢ ᠠᠬᠤᠢ ᠶᠢᠨ ᠪᠦᠳᠦᠭᠡᠨ ᠪᠠᠶᠢᠭᠤᠯᠤᠯᠳᠠ ᠶᠢᠨ ᠠᠵᠢᠯ ᠢ ᠴᠢᠩᠭ᠎ᠠ ᠠᠳᠬᠤᠵᠦ᠂ ᠮᠠᠨ ᠤ ᠬᠤᠰᠢᠭᠤᠨ ᠤ ᠪᠠᠨ ᠠᠮᠢ ᠠᠬᠤᠢ ᠶᠢᠨ ᠪᠤᠯᠪᠠᠰᠦᠨ ᠤ ᠭᠦᠭᠵᠢᠯᠳᠡ ᠶᠢ ᠠᠬᠢᠭᠤᠯᠤᠨ᠎ᠠ︾ ᠭᠡᠯ᠎ᠡ᠃      
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号