ᠬᠥᠪᠡᠭᠡᠲᠦ ᠰᠢᠷ᠎ᠠ ᠬᠤᠰᠢᠭᠤ 2022 ᠣᠨ ᠤ ᠨᠠᠮᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠤᠬᠠᠭᠤᠯᠭ᠎ᠠ ᠶᠢᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2022/9/19
        ᠨᠠᠮᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠣᠯᠠᠨ ᠲᠦᠮᠡᠨ ᠤ ᠭᠠᠯ ᠢ ᠰᠡᠷᠭᠡᠶᠢᠯᠡᠬᠦ ᠤᠬᠠᠮᠰᠠᠷ ᠢ ᠴᠢᠩᠭᠠᠤᠠᠬᠠᠬᠤ ᠵᠤᠷᠢᠯᠭ᠎ᠠ ᠠᠴᠠ᠂ 9 ᠰᠠᠷ᠎ᠠ ᠶᠢᠨ 16 ᠤ ᠡᠳᠦᠷ᠂ ᠬᠥᠪᠡᠭᠡᠲᠦ ᠰᠢᠷ᠎ᠠ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠠᠵᠢᠯᠲᠠᠳ ᠰᠢᠨᠡᠪᠤᠯᠠᠭ ᠪᠠᠯᠭᠠᠰᠤᠨ ᠳᠤ 2022 ᠣᠨ ᠤ ᠨᠠᠮᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃         ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠠᠵᠢᠯᠲᠠᠳ ︽ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠰᠣᠩᠭᠤᠳᠠᠭ ᠬᠡᠷᠡᠭ ᠤᠨ ᠵᠢᠱᠢᠶ᠎ᠡ ᠶᠢᠨ ᠡᠮᠬᠢᠳᠬᠡᠯ︾᠂ ︽ᠬᠥᠪᠡᠭᠡᠲᠦ ᠰᠢᠷ᠎ᠠ ᠬᠤᠰᠢᠭᠤᠨ ᠤ ᠨᠤᠲᠤᠭ ᠪᠡᠯᠴᠢᠭᠡᠷ ᠣᠶ ᠰᠢᠭᠤᠶ ᠶᠢᠨ ᠭᠠᠯ ᠢ ᠰᠡᠷᠭᠡᠶᠢᠯᠡᠬᠦ ᠬᠡᠷᠡᠭᠯᠡᠭᠡᠨ ᠤ ᠭᠠᠷ ᠳᠡᠪᠲᠡᠷ︾ ᠪᠠ ︽ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠮᠡᠳᠡᠯᠭᠡ︾ ᠶᠢᠨ ᠤᠬᠠᠭᠤᠯᠭ᠎ᠠ ᠶᠢᠨ ᠬᠠᠭᠤᠳᠠᠰᠤ ᠵᠡᠷᠭᠡ ᠶᠢ ᠲᠠᠷᠬᠠᠭᠠᠬᠤ ᠪᠠᠷ ᠳᠠᠮᠵᠢᠭᠤᠯᠤᠨ᠂ ᠣᠯᠠᠨ ᠲᠦᠮᠡᠨ ᠳᠤ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠮᠡᠳᠡᠯᠭᠡ ᠪᠠ ᠣᠶ ᠰᠢᠭᠤᠶ ᠶᠢᠨ ᠭᠠᠯ ᠲᠦᠢᠮᠡᠷ ᠢ ᠰᠡᠷᠭᠡᠶᠢᠯᠡᠬᠦ ᠶᠢᠨ ᠴᠢᠬᠤᠯᠠ ᠴᠢᠨᠠᠷ ᠢ ᠲᠠᠨᠢᠭᠤᠯᠵᠤ᠂ ᠰᠠᠭᠤᠭᠠᠯᠢ ᠠᠷᠠᠳ ᠲᠤ ᠬᠠᠤᠯᠢ ᠲᠣᠭᠲᠠᠭᠠᠯ ᠶᠣᠰᠣᠭᠠᠷ᠂ ᠰᠢᠨᠵᠢᠯᠡᠬᠦ ᠤᠬᠠᠭᠠᠨᠴᠢ ᠪᠠᠷ ᠭᠠᠯ ᠢ ᠬᠡᠷᠡᠭᠯᠡᠬᠦ ᠶᠢ ᠰᠠᠨᠠᠭᠠᠴᠢᠯᠠᠪᠠ᠃         ᠬᠥᠪᠡᠭᠡᠲᠦ ᠰᠢᠷ᠎ᠠ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠦᠶᠯᠡᠴᠢᠯᠡᠭᠡᠨ ᠤ ᠲᠥᠪ ᠤᠨ ᠡᠷᠬᠢᠯᠡᠭᠴᠢ ᠵᠧᠩ ᠸᠧᠨ ᠯᠢ ᠰᠤᠷᠪᠤᠯᠵᠢᠯᠠᠭᠴᠢ ᠳᠤ᠄ ︽9 ᠰᠠᠷ᠎ᠠ ᠶᠢᠨ 15 ᠤ ᠡᠳᠦᠷ ᠠᠴᠠ 11 ᠰᠠᠷ᠎ᠠ ᠶᠢᠨ 15 ᠤ ᠡᠳᠦᠷ ᠪᠣᠯ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠴᠢᠬᠤᠯᠠ ᠴᠠᠭ ᠬᠤᠭᠤᠴᠠᠭ᠎ᠠ ᠪᠣᠯᠤᠨ᠎ᠠ᠃ ᠲᠤᠰ ᠤᠳᠠᠭᠠᠨ ᠤ ᠤᠬᠠᠭᠤᠯᠭ᠎ᠠ ᠶᠢᠨ ᠭᠤᠤᠯ ᠵᠣᠷᠢᠯᠭ᠎ᠠ ᠪᠣᠯ ᠥᠷᠭᠡᠨ ᠣᠯᠠᠨ ᠲᠦᠮᠡᠨ ᠳᠤ ᠭᠠᠯ ᠢ ᠰᠡᠷᠭᠡᠶᠢᠯᠡᠬᠦ ᠮᠡᠳᠡᠯᠭᠡ ᠶᠢ ᠭᠦᠨᠵᠡᠭᠡᠶ ᠣᠶᠢᠯᠠᠭᠠᠭᠤᠯᠵᠤ᠂ ᠮᠠᠨ ᠤ ᠬᠤᠰᠢᠭᠤᠨ ᠤ ᠠᠮᠢ ᠠᠬᠤᠶ ᠶᠢᠨ ᠡᠬᠢ ᠪᠠᠶᠠᠯᠢᠭ ᠤᠨ ᠠᠮᠤᠷ ᠲᠦᠪᠰᠢᠨ ᠪᠠ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠬᠤ ᠶᠢᠨ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠳᠠ  ᠲᠠᠢ ᠬᠤᠷᠠᠯᠳᠤᠬᠤ ᠶᠢ ᠤᠭᠲᠤᠬᠤ ᠳᠤ ᠠᠮᠤᠷ ᠲᠦᠪᠰᠢᠨ ᠣᠷᠴᠢᠨ ᠲᠣᠭᠤᠷᠢᠨ ᠢ ᠪᠣᠶ ᠪᠣᠯᠭᠠᠬᠤ ᠳᠤ ᠠᠰᠢᠭᠲᠠᠶ ᠪᠠᠲᠤᠯᠠᠭ᠎ᠠ ᠬᠠᠩᠭᠠᠬᠤ ᠶᠢᠨ ᠲᠥᠯᠥᠭᠡ ᠶᠤᠮ︾ ᠭᠡᠵᠥ ᠶᠠᠷᠢᠯ᠎ᠠ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号