ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠶ ᠭᠦᠶᠴᠡᠳᠬᠡᠵᠦ ᠶᠠᠪᠤᠭ᠎ᠠ ᠮᠠᠯᠴᠢᠨ ᠲᠦᠮᠡᠨ ᠤ ᠪᠠᠨ ᠰᠢᠯᠢᠳᠡᠭ ᠳᠠᠭᠠᠭᠤᠯᠤᠭᠴᠢ
ᠨᠡᠶᠢᠲᠡᠯᠡᠭᠰᠡᠨ ᠴᠠᠭ᠄
2022/9/19
       ᠨᠠᠮ ᠤᠨ ᠭᠡᠰᠢᠭᠦᠨ ᠪᠣᠯ ᠨᠠᠮ ᠤᠨ ᠵᠣᠬᠢᠶᠠᠨ ᠪᠠᠶᠢᠭᠤᠯᠤᠯᠲᠠ ᠶᠢᠨ ᠣᠯᠠᠨ ᠲᠦᠮᠡᠨ ᠲᠠᠢ ᠬᠠᠷᠢᠯᠴᠠᠬᠤ ᠬᠤᠯᠪᠣᠭᠠᠰᠤ᠂ ᠨᠠᠮ ᠤᠨ ᠭᠡᠰᠢᠭᠦᠨ ᠭᠤᠣᠯᠯᠠᠬᠤ ᠡᠷᠦᠬᠡ ᠪᠣᠯ ᠨᠠᠩ ᠴᠤ ᠨᠠᠮ ᠤᠨ ᠭᠡᠰᠢᠭᠦᠨ ᠤ ᠳᠠᠭᠠᠭᠤᠯᠤᠭᠴᠢ᠂ ᠨᠠᠮ ᠪᠡ ᠠᠷᠠᠳ ᠲᠦᠮᠡᠨ ᠤ ᠰᠡᠳᠬᠢᠯ ᠤᠨ ᠬᠤᠯᠪᠣᠭᠠᠰᠣ ᠪᠣᠯᠬᠤ ᠶᠣᠮ᠃ ᠬᠦᠪᠡᠬᠡᠳᠣ ᠰᠢᠷ᠎ᠡ ᠬᠤᠰᠢᠭᠤᠨ ᠤ ᠪᠣᠭᠳᠠ ᠶᠢᠨ ᠭᠤᠤᠯ ᠰᠤᠮᠤᠨ ᠤ ᠴᠠᠭᠠᠨ ᠳᠠᠷᠠᠰᠤ ᠭᠠᠴᠠᠭᠠᠨ ᠤ ᠪᠠᠶᠠᠷᠲᠤ ᠪᠣᠯ ᠡᠳᠡᠭᠡᠷ ᠨᠠᠮ ᠤᠨ ᠭᠡᠰᠢᠭᠦᠨ ᠭᠤᠣᠯᠯᠠᠬᠤ ᠡᠷᠦᠭᠡ ᠶᠢᠨ ᠨᠢᠭᠡ ᠨᠢ ᠪᠣᠯᠤᠨ᠎ᠠ᠃       ᠪᠠᠶᠠᠷᠳᠣ ᠭᠠᠴᠠᠭᠠᠨ ᠤ ᠪᠠᠨ ᠨᠠᠮ ᠤᠨ ᠭᠡᠰᠢᠭᠦᠨ ᠭᠤᠣᠯᠯᠠᠬᠤ ᠡᠷᠦᠬᠡ᠂ ᠨᠠᠮ ᠤᠨ ᠪᠠᠭ᠎ᠠ ᠳᠤᠭᠤᠶᠢᠯᠠᠩ ᠤᠨ ᠳᠠᠷᠤᠭ᠎ᠠ᠂ ᠲᠣᠣᠷᠴᠢᠯᠠᠬᠰᠠᠨ ᠬᠠᠮᠢᠶᠠᠷᠣᠯᠳᠠ ᠶᠢᠨ ᠭᠡᠰᠢᠭᠦᠨ᠂ ᠮᠠᠯᠴᠢᠳ ᠤᠨ ᠪᠠᠭ᠎ᠠ ᠳᠤᠭᠤᠶᠢᠯᠠᠩ ᠤᠨ ᠳᠠᠷᠤᠭ᠎ᠠ  ᠶᠢᠨ ᠲᠤᠰᠢᠶᠠᠯ ᠢ ᠡᠭᠦᠷᠭᠡᠯᠡᠭᠰᠡᠨ ᠠᠴᠠ ᠨᠠᠰᠢ᠂ ᠨᠠᠮ ᠪᠠ ᠣᠯᠠᠨ ᠲᠦᠮᠡᠨ ᠤ ᠠᠵᠢᠯᠯᠠᠭ᠎ᠠ ᠶᠢ ᠢᠳᠡᠪᠬᠢᠲᠡᠶ ᠵᠣᠬᠢᠶᠠᠨ ᠪᠠᠶᠢᠭᠤᠯᠬᠤ ᠶᠢᠨ ᠬᠠᠮᠳᠣ ︽ᠮᠠᠯᠴᠢᠨ ᠠᠶᠢᠯ ᠵᠤᠰᠠᠯᠠᠩ︾᠂ ᠬᠡᠷ ᠪᠦᠯᠢ ᠶᠢᠨ ᠮᠠᠯᠵᠢᠯ ᠤᠨ ᠲᠠᠯᠠᠪᠠᠶ᠂ ︽ᠴᠠᠭᠠᠨ ᠲᠡᠷᠡᠰᠦ ᠭᠡᠪ ᠳᠠᠭᠤᠷᠢᠶᠠᠯᠳᠣ ᠵᠠᠯᠠᠭᠤᠴᠣᠳ ᠤᠨ ᠠᠶᠢᠯ︾ ᠵᠡᠷᠭᠡ ᠰᠢᠨ᠎ᠡ ᠬᠡᠯᠪᠡᠷᠢ ᠶᠢᠨ ᠠᠳᠠᠯ ᠦᠶᠯᠡᠰ ᠴᠣᠭᠴᠠᠯᠠᠵᠤ ᠪᠠᠶᠠᠵᠢᠨ ᠴᠢᠨᠡᠭᠡᠯᠢᠭᠵᠢᠬᠦ ᠲᠥᠷᠥᠯ ᠵᠦᠶᠯ ᠢ ᠬᠤᠰᠢᠭᠤᠴᠢᠯᠠᠨ ᠡᠭᠦᠳᠦᠨ ᠪᠠᠶᠢᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠣᠯᠠᠨ ᠲᠦᠮᠡᠨ ᠲᠠᠢ ᠬᠠᠷᠢᠯᠴᠠᠵᠤ ᠦᠶᠯᠡᠴᠢᠯᠡᠬᠦ ᠭᠦᠭᠦᠷᠭᠡ ᠬᠤᠯᠪᠣᠭᠠᠰᠣ  ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠦ᠂ ᠣᠯᠠᠨ ᠲᠦᠮᠡᠨ ᠲᠠᠢ ᠬᠠᠷᠢᠯᠴᠠᠵᠤ ᠦᠶᠯᠡᠴᠢᠯᠡᠬᠦ ︽ᠡᠴᠦᠰ ᠤᠨ ᠨᠢᠭᠡ ᠺᠢᠯᠣᠮᠧᠲᠷ︾ ᠢ ᠴᠢᠷᠮᠠᠶᠢᠨ ᠪᠠᠶᠠᠯᠡᠬᠦᠯᠣᠭ᠍ᠰᠡᠬᠡᠷ ᠢᠷᠠᠵᠠᠢ᠃       ᠡᠭᠦᠨ ᠢᠶᠠᠷ ᠪᠠᠷᠠᠬᠤ ᠦᠭᠡᠢ ᠣᠯᠠᠨ ᠵᠢᠯ ᠤᠨ ᠲᠣᠷᠰᠢ  ᠬᠤᠪᠢ ᠪᠠᠷ ᠢᠶᠠᠨ ᠬᠠᠶᠢᠷ᠎ᠡ ᠬᠠᠯᠠᠮᠵᠢ ᠶᠢᠨ ᠠᠵᠢᠯᠯᠠᠭ᠎ᠠ ᠣᠯᠠᠨ ᠬᠢᠭᠰᠡᠨ ᠪᠠᠶᠠᠷᠳᠣ ᠨᠡᠩ ᠣᠯᠠᠨ ᠬᠦᠮᠣᠨ ᠳᠤ ᠬᠠᠶᠢᠷ᠎ᠡ ᠬᠠᠯᠠᠮᠵᠢ ᠬᠦᠷᠲᠡᠭᠡᠶ᠎ᠡ ᠬᠡᠪᠡᠯ ᠭᠠᠭᠴᠠ ᠬᠦᠮᠦᠨ ᠤ ᠬᠦᠴᠣᠨ ᠳᠤ ᠲᠦᠰᠢᠭᠯᠡᠬᠡᠳ ᠪᠣᠯᠬᠤ ᠦᠬᠡᠢ ᠬᠡᠳᠡᠭ ᠢ ᠣᠶᠢᠯᠠᠭᠠᠬᠰᠠᠨ ᠠᠴᠠ ︽ᠲᠣᠯᠭ᠎ᠠ︾ ᠬᠠᠶᠢᠷ᠎ᠡ ᠬᠠᠯᠠᠮᠵᠢ ᠶᠢᠨ ᠬᠤᠯᠪᠣᠭ᠎ᠠ ᠶᠢ ᠵᠣᠬᠢᠶᠠᠨ ᠪᠠᠶᠢᠭᠤᠯᠵᠣ᠂ ᠨᠡᠩ ᠣᠯᠠᠨ ᠬᠦᠮᠣᠨ ᠢ ᠣᠷᠢᠶᠠᠯᠠᠨ᠂ ᠭᠠᠭᠴᠠ ᠪᠡᠶ᠎ᠡ ᠨᠠᠰᠣᠳᠠᠨ᠂ ᠵᠡᠮᠳᠡᠭ ᠪᠠᠭᠤᠷᠠᠢ ᠭᠦᠮᠦᠰ ᠢ ᠢᠳᠡᠪᠬᠢᠲᠡᠢ ᠪᠠᠷ ᠬᠠᠪᠰᠤᠷᠴᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠦᠷᠢᠶᠡᠯᠡᠯ ᠪᠠ ᠰᠠᠶᠢᠨ ᠦᠨᠡᠯᠡᠯᠲᠡ ᠶᠢ ᠣᠯᠣᠬᠰᠠᠨ ᠪᠠᠶᠢᠨ᠎ᠠ᠃        ᠬᠦᠪᠡᠬᠡᠳᠣ ᠰᠢᠷ᠎ᠡ ᠬᠤᠰᠢᠭᠤᠨ ᠤ ᠪᠣᠬᠳᠠ ᠶᠢᠨ ᠭᠤᠣᠯ ᠰᠣᠮᠣᠨ ᠤ ᠴᠠᠭᠠᠨ ᠲᠡᠷᠡᠰᠣ ᠭᠠᠴᠠᠭᠠᠨ ᠤ ᠨᠠᠮ  ᠤᠨ ᠡᠬᠦᠷ ᠤᠨ ᠱᠦᠵᠢ  ᠭᠠᠴᠠᠭᠠᠨ ᠲᠠᠷᠤᠭ᠎ᠠ ᠲᠠᠪᠰᠢᠯᠳᠣ᠄ ︽ᠪᠡᠶᠡᠷᠳᠣ ᠪᠣᠯ ᠨᠠᠮ ᠤᠨ ᠬᠡᠰᠢᠬᠦᠨ᠂ 2015 ᠣᠨ  ᠳᠤ ︿ᠲᠣᠯᠭ᠎ᠠ﹀ ᠬᠠᠶᠢᠷ᠎ᠡ ᠬᠠᠯᠠᠮᠵᠢ ᠶᠢᠨ ᠬᠤᠯᠪᠣᠭ᠎ᠠ ᠶᠢ ᠡᠬᠦᠰᠬᠡᠨ ᠪᠠᠶᠢᠭᠤᠯᠵᠣ᠂ ᠮᠠᠨ ᠤ ᠭᠠᠴᠠᠭᠠᠨ ᠤ ᠪᠠᠨ ᠠᠷᠪᠢᠨ ᠮᠠᠯᠴᠢᠨ ᠨᠠᠮ ᠤᠨ ᠬᠡᠰᠢᠬᠦᠨ ᠢ ᠲᠠᠶᠢᠴᠢᠯᠠᠨ ᠲᠠᠭᠠᠭᠤᠯᠵᠣ᠂ ᠨᠡᠶᠢᠬᠡᠮ ᠨᠡᠶᠢᠳᠠ ᠳᠤ ᠣᠯᠠᠨ ᠰᠠᠶᠢᠬᠠᠨ ᠪᠣᠶᠠᠨᠰᠠᠭ ᠠᠵᠢᠯᠯᠠᠭ᠎ᠠ ᠦᠷᠨᠢᠬᠦᠯᠵᠣ ᠢᠷᠡᠭᠰᠠᠨ︾ ᠭᠡᠵᠦ ᠪᠠᠶᠢᠯ᠎ᠠ᠃ᠪᠠᠶᠠᠷᠲᠤ ︽ᠨᠠᠮ ᠤᠨ ᠡᠭᠦᠷ + ᠨᠠᠮ ᠤᠨ ᠭᠡᠰᠢᠭᠦᠨ ᠭᠤᠣᠯᠯᠠᠬᠤ ᠡᠷᠦᠬᠡ + ᠨᠡᠶᠢᠭᠡᠮᠯᠢᠭ + ᠰᠠᠶᠢᠨ ᠳᠤᠷ᠎ᠠ ᠶᠢᠨ ᠦᠶᠯᠡᠴᠢᠯᠡᠭᠡ︾ ᠶᠢᠨ ᠠᠵᠢᠯ ᠤᠨ ᠵᠠᠭᠪᠤᠷ ᠢ ᠢᠳᠡᠪᠬᠢᠲᠡᠶ ᠰᠦᠪᠡᠭᠴᠢᠯᠡᠵᠣ᠂ ᠨᠠᠮ ᠤᠨ ᠭᠡᠰᠢᠭᠦᠨ ᠭᠤᠣᠯᠯᠠᠬᠤ ᠡᠷᠦᠬᠡ ᠶᠢᠨ ᠲᠤᠰᠢᠶᠠᠯ ᠬᠠᠷᠢᠭᠤᠴᠠᠯᠭ᠎ᠠ ᠪᠣᠯᠤᠨ ︽ᠬᠠᠶᠢᠷ᠎ᠠ ᠬᠠᠯᠠᠮᠵᠢ ᠶᠢᠨ ᠬᠤᠯᠪᠣᠭᠠᠨ︾ ᠤ ᠨᠡᠶᠢᠲᠡ ᠶᠢᠨ ᠠᠰᠠᠷᠠᠮᠵᠢ ᠶᠢᠨ ᠬᠠᠪᠰᠤᠷᠤᠨ ᠲᠡᠳᠬᠦᠬᠦ ᠠᠵᠢᠯ ᠢ ᠬᠢᠵᠣ᠂ ᠰᠠᠶᠢᠨ ᠳᠤᠷ᠎ᠠ ᠶᠢᠨ ᠦᠶᠯᠡᠴᠢᠯᠡᠭᠡ ᠶᠢ ᠣᠷᠭᠠᠨᠢᠭ ᠢᠶᠠᠷ ᠠᠭᠤᠰᠤᠯᠴᠠᠭᠤᠯᠬᠤ᠂ ᠲᠥᠷᠥ ᠶᠢᠨ ᠪᠣᠳᠣᠯᠭ᠎ᠠ ᠣᠨᠣᠯ ᠢ ᠤᠬᠠᠭᠤᠯᠤᠨ ᠲᠠᠶᠢᠯᠪᠤᠷᠢᠯᠠᠬᠤ ᠶᠢ ᠢᠳᠡᠪᠬᠢᠲᠡᠶ ᠦᠷᠨᠢᠬᠦᠯᠬᠦ ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠣᠷᠴᠢᠨ ᠲᠣᠭᠤᠷᠢᠨ ᠤ ᠴᠡᠭᠴᠡᠯᠡᠨ ᠵᠠᠰᠠᠯᠲᠠ᠂ ᠠᠯᠪᠠᠨ ᠵᠢᠷᠤᠮ ᠤᠨ ᠮᠣᠳᠣ ᠲᠠᠷᠢᠬᠤ᠂ ᠠᠮᠢᠳᠣᠷᠠᠯ ᠬᠦᠴᠢᠷᠳᠡᠯᠲᠠᠢ ᠰᠣᠷᠣᠬᠴᠢ ᠶᠢ ᠲᠡᠳᠬᠦᠬᠦ᠂ ᠵᠡᠮᠳᠡᠭᠴᠦᠳ ᠢ ᠲᠤᠰᠠᠯᠠᠬᠤ ᠵᠡᠷᠭᠡ ᠡᠯ᠎ᠡ ᠵᠦᠢᠯ ᠤᠨ ᠦᠢᠯᠡᠴᠢᠯᠡᠭᠡᠨ ᠤ ᠠᠵᠢᠯᠯᠠᠭ᠎ᠠ 160 ᠭᠠᠷᠤᠢ ᠤᠳᠠᠭ᠎ᠠ ᠦᠷᠨᠢᠭᠦᠯᠵᠦ᠂ 30 ᠭᠠᠷᠤᠶ ᠠᠮᠢᠳᠣᠷᠠᠯ ᠨᠢ ᠬᠦᠴᠢᠷᠳᠡᠯᠲᠠᠢ ᠰᠣᠷᠣᠬᠴᠢ ᠳᠤ 2 ᠲᠦᠮᠡ ᠭᠠᠷᠣᠢ ᠲᠥᠭᠦᠷᠢᠭ ᠤᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠣᠯᠭᠤᠨ᠂ ᠡᠯ᠎ᠡ ᠲᠥᠷᠥᠯ ᠤᠨ ᠬᠠᠶᠢᠷ᠎ᠠ ᠬᠠᠯᠠᠮᠵᠢ ᠶᠢᠨ ᠲᠤᠰᠠᠯᠠᠮᠵᠢ ᠶᠢᠨ ᠪᠠᠯᠠ ᠮᠥᠩᠭᠦ ᠶᠢ 30 ᠭᠠᠷᠤᠶ ᠲᠦᠮᠡᠨ ᠲᠥᠭᠦᠷᠢᠭ ᠴᠣᠬᠯᠠᠭᠤᠯᠣᠨ᠂ 5000 ᠢᠯᠡᠭᠦᠦ ᠬᠥᠮᠦᠨ ᠳᠤ ᠠᠰᠢᠭ ᠬᠦᠷᠳᠡᠬᠡᠵᠠᠢ᠃ᠪᠠᠶᠠᠷᠲᠤ ᠨᠠᠮ ᠤᠨ ᠬᠡᠰᠢᠬᠦᠨ ᠭᠤᠣᠯᠯᠠᠬᠤ ᠡᠷᠣᠬᠡ ᠪᠣᠯᠣᠬᠰᠠᠨ ᠤ ᠬᠤᠪᠢ ᠳᠤ ᠲᠣᠰᠢᠶᠠᠯ ᠳᠠᠭᠠᠨ ᠦᠨᠡᠨᠴᠢ ᠰᠢᠳᠣᠷᠭᠤ᠂ ᠬᠠᠷᠠᠮ ᠦᠭᠡᠢ ᠵᠢᠳᠭᠦᠭᠦ ᠵᠣᠷᠢᠭ ᠰᠠᠨᠠᠭ᠎ᠠ ᠪᠠᠷ ᠡᠬᠦᠷᠬᠡ ᠬᠠᠷᠢᠭᠤᠴᠠᠯᠭ᠎ᠠ ᠪᠠᠨ ᠦᠨᠡᠨᠴᠢ ᠪᠠᠷ ᠪᠠᠶᠠᠯᠠᠬᠦᠯᠵᠣ᠂ ᠣᠯᠠᠨ ᠲᠦᠮᠡᠨ ᠪᠣᠯᠣᠨ ᠨᠠᠮ ᠵᠠᠰᠠᠭ ᠤᠨ ᠢᠶᠠᠨ ᠦᠨᠳᠦᠷ ᠦᠨᠡᠯᠡᠯᠳᠡ ᠶᠢ ᠭᠦᠷᠳᠡᠵᠦ᠂ ᠪᠥᠬᠦ ᠤᠯᠤᠰ ᠤᠨ ︽ᠲᠠᠪᠤᠨ ᠰᠠᠶᠢᠨᠲᠠᠶ ᠬᠡᠷ ᠪᠦᠯᠢ︾᠂ ︽ᠬᠠᠮᠤᠭ ᠭᠤᠶᠣ ᠬᠡᠷ ᠪᠦᠯᠢ︾᠂ ᠥᠪᠡᠷᠲᠡᠭᠡᠨ ᠵᠠᠰᠠᠬᠤ ᠣᠷᠣᠨ ᠤ ᠲᠠᠰ ᠤᠨ ᠵᠢᠱᠢᠶ᠎ᠡ ᠦᠵᠡᠭᠦᠯᠬᠦ ︽ᠮᠠᠯᠴᠢᠨ ᠠᠶᠢᠯ ᠵᠣᠰᠠᠯᠠᠩ︾  ᠵᠡᠷᠭᠡ ᠣᠯᠠᠨ ᠢᠷᠠᠭᠤ ᠠᠯᠳᠠᠷ ᠢᠶᠠᠷ ᠡᠩᠭᠡᠷ ᠢᠶᠠᠨ ᠮᠢᠯᠢᠶᠠᠯᠭᠠᠵᠤ ᠶᠠᠪᠣᠨ᠎ᠠ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号