ᠬᠥᠪᠡᠭᠡᠲᠦ ᠰᠢᠷ᠎ᠠ ᠬᠤᠰᠢᠭᠤᠨ ᠤ ᠪᠠᠶᠠᠨᠲᠠᠯ᠎ᠠ ᠪᠠᠯᠭᠠᠰᠦᠨ ᠤ ᠬᠠᠷᠢᠶᠠᠨ ᠳᠤ ᠪᠠᠶᠢᠭ᠎ᠠ ᠬᠤᠩᠭᠤᠷ ᠠᠭᠤᠯᠠ ᠪᠠᠶᠢᠭᠠᠯᠢ | ᠶᠢᠨ ᠬᠠᠮᠠᠭᠠᠯᠠᠯᠲᠠ ᠶᠢᠨ ᠣᠷᠣᠨ ᠨᠢ ᠣᠶᠢᠷ᠎ᠠ ᠶᠢᠨ ᠠᠷᠪᠠᠨ ᠵᠢᠯ ᠤᠨ ᠬᠠᠮᠠᠭᠠᠯᠠᠯᠲᠠ ᠪᠠᠷ ᠳᠡᠮᠵᠢᠨ ᠬᠠᠮᠠᠭᠠᠯᠠᠯᠲᠠ ᠶᠢᠨ | ᠣᠷᠣᠨ ᠤ ᠤᠷᠭᠤᠮᠠᠯ ᠤᠨ ᠬᠤᠴᠢᠯᠭ᠎ᠠ ᠪᠠ ᠮᠣᠳᠣᠨ ᠤ ᠲᠥᠷᠥᠯ ᠵᠦᠢᠯ ᠢᠯᠡᠳᠲᠡ ᠨᠡᠮᠡᠭᠳᠡᠵᠦ᠂ ᠠᠮᠢ ᠠᠬᠤᠶ ᠶᠢᠨ ᠣᠷᠴᠢᠨ | ᠲᠣᠭᠤᠷᠢᠨ ᠮᠡᠳᠡᠭᠳᠡᠬᠦᠶᠢᠴᠡ ᠰᠠᠶᠢᠵᠢᠷᠠᠵᠦ᠂ ᠬᠥᠪᠡᠭᠡᠲᠦ ᠰᠢᠷ᠎ᠠ ᠬᠤᠰᠢᠭᠤᠨ ᠤ ᠠᠮᠢ ᠠᠬᠤᠢ ᠶᠢᠨ ᠤᠷᠴᠢᠨ ᠲᠤᠭᠤᠷᠢᠨ ᠤ | ᠭᠤᠤᠯᠳᠠᠯᠭ᠎ᠠ ᠲᠠᠢ ᠬᠠᠮᠠᠭᠠᠯᠠᠯᠳᠠ ᠶᠢᠨ ᠤᠷᠤᠨ ᠪᠤᠯᠤᠨ ᠭᠤᠤᠯᠳᠠᠯᠭᠠᠳᠦ ᠵᠢᠭᠤᠯᠴᠢᠯᠠᠯ ᠤᠨ ᠤᠷᠤᠨ ᠪᠤᠯᠤᠭᠰᠠᠨ ᠪᠠᠶᠢᠨ᠎ᠠ᠃ | ᠨᠠᠮᠤᠷ ᠤᠨ ᠪᠣᠷᠣᠭᠠᠨ ᠤ ᠳᠠᠷᠠᠭᠠᠬᠢ ᠬᠤᠩᠭᠤᠷ ᠠᠭᠤᠯᠠ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠨᠠᠮ ᠵᠢᠮ᠂ | ᠰᠦᠷᠯᠢᠭ ᠰᠠᠢᠬᠠᠨ᠃ ᠬᠠᠮᠠᠭᠠᠯᠠᠯᠲᠠ ᠶᠢᠨ ᠣᠷᠣᠨ ᠤ ᠵᠡᠷᠯᠢᠭ ᠠᠷᠴᠠ ᠠᠳᠡᠬᠢ ᠶᠢᠨ ᠡᠵᠡᠨ ᠨᠢ ᠶᠤᠮ ᠰᠢᠭ᠋ ᠰᠡᠬᠦᠶᠢᠨ | ᠰᠦᠨᠳᠡᠷᠯᠡᠨ᠎ᠡ᠃ ᠤᠶᠢᠯᠠᠭᠠᠭᠰᠠᠨ ᠢᠶᠠᠷ᠂ ᠵᠡᠷᠯᠢᠭ ᠠᠷᠴᠠ ᠮᠠᠨ ᠤ ᠤᠯᠤᠰ ᠤᠨ ᠬᠠᠷᠠᠮᠥ᠋ᠷᠡᠨ᠂ ᠭᠢᠷᠢᠨ᠂ ᠯᠢᠶᠣᠤᠨᠢᠩ᠂ | ᠥᠪᠥᠷ ᠮᠣᠩᠭᠤᠯ᠂ ᠾᠧᠪᠸᠢ ᠶᠢᠨ ᠬᠤᠶᠢᠲᠤ ᠬᠡᠰᠡᠭ᠂ ᠱᠠᠨ ᠰᠢ᠂ ᠱᠠᠨᠰᠢ᠂ ᠭᠠᠨᠰᠦ ᠵᠢᠴᠢ ᠨᠢᠩᠰᠢᠶᠠ ᠵᠡᠷᠭᠡ ᠮᠤᠵᠢ | ᠣᠷᠣᠨ ᠤ ᠠᠭᠤᠯᠠᠷᠬᠠᠭ ᠭᠠᠵᠠᠷ ᠢᠶᠠᠷ ᠲᠠᠷᠬᠠᠵᠤ᠂ ᠰᠣᠯᠣᠩᠭᠤᠰ᠂ ᠶᠠᠫᠣᠨ ᠳᠤ ᠪᠠᠰᠠ ᠲᠠᠷᠬᠠᠯᠲᠠ ᠲᠠᠢ᠃ ᠬᠥᠪᠡᠭᠡᠲᠦ | ᠰᠢᠷ᠎ᠠ ᠬᠤᠰᠢᠭᠤᠨ ᠤ ᠬᠤᠩᠭᠤᠷ ᠠᠭᠤᠯᠠᠨ ᠳᠤ ᠤᠷᠭᠤᠳᠠᠭ ᠵᠡᠷᠯᠢᠭ ᠠᠷᠴᠠ ᠪᠣᠯ ᠣᠳᠣᠬᠠᠨ ᠳᠤ ᠮᠠᠨ ᠤ ᠤᠯᠤᠰ ᠤᠨ | 42º 17´ ᠶᠢᠨ ᠥᠷᠭᠡᠷᠢᠭ ᠳᠡᠭᠡᠷ᠎ᠡ ᠣᠨᠴᠠ ᠪᠠᠶᠢᠳᠠᠭ ᠵᠡᠷᠯᠢᠭ ᠠᠷᠴᠠ ᠪᠣᠯᠤᠨ᠎ᠠ᠃ | ᠬᠦᠪᠡᠭᠡᠳᠦ ᠰᠢᠷ᠎ᠠ ᠬᠤᠰᠢᠭᠤᠨ ᠤ ᠤᠢ ᠰᠢᠭᠤᠢ ᠨᠤᠳᠤᠭ ᠪᠡᠯᠴᠢᠭᠡᠷ ᠤᠨ ᠦᠢᠯᠡᠰ ᠤᠨ ᠭᠦᠭᠵᠢᠬᠦᠯᠦᠯᠳᠡ ᠶᠢᠨ ᠲᠦᠪ ᠤᠨ | ᠡᠷᠬᠢᠯᠡᠭᠴᠢ ᠬᠠᠰᠴᠡᠴᠡᠭ᠄ ︽ᠵᠡᠷᠯᠢᠭ ᠠᠷᠴᠠ ᠪᠤᠯ ᠮᠠᠨ ᠤ ᠬᠤᠰᠢᠭᠤᠨ ᠤ ᠬᠤᠩᠭᠤᠷ ᠠᠭᠤᠯᠠ ᠪᠠᠶᠢᠭᠠᠯᠢ ᠶᠢᠨ | ᠬᠠᠮᠠᠭᠠᠯᠠᠯᠳᠠ ᠶᠢᠨ ᠤᠷᠤᠨ ᠤ ᠭᠤᠤᠯᠳᠠᠯᠭᠠᠳᠦ ᠬᠠᠮᠠᠭᠠᠯᠠᠯᠳᠠ ᠶᠢᠨ ᠲᠤᠷᠤᠭ ᠮᠤᠳᠤ ᠪᠤᠯᠤᠨ᠎ᠠ︔ ᠮᠠᠨ ᠤ ᠬᠤᠰᠢᠭᠤ ᠨᠢ | ᠤᠶᠢᠷ᠎ᠠ ᠶᠢᠨ ᠠᠷᠪᠠᠨ ᠵᠢᠯ ᠳᠤ ᠶᠡᠭᠡ ᠬᠡᠮᠵᠢᠶᠡᠨ ᠤ ᠬᠦᠮᠦᠨ ᠤ ᠬᠦᠴᠦ᠂ ᠪᠤᠳᠠᠰ ᠤᠨ ᠬᠦᠴᠦ ᠶᠢ ᠲᠦᠪᠯᠡᠷᠡᠬᠦᠯᠦᠭᠡᠳ | ᠬᠠᠮᠠᠭᠠᠯᠠᠯᠳᠠ ᠶᠢᠨ ᠤᠷᠤᠨ ᠢ ᠬᠠᠮᠠᠭᠠᠯᠠᠬᠤ ᠠᠵᠢᠯ ᠢ ᠬᠢᠭᠰᠡᠭᠡᠷ ᠢᠷᠡᠭᠰᠡᠨ︔ ᠡᠬᠦᠨ ᠤ ᠲᠠᠭᠠᠤ ᠮᠠᠨ ᠤ ᠲᠤᠪᠴᠢᠶ᠎ᠠ ᠨᠢ | 2019 ᠤᠨ ᠠᠴᠠ ᠨᠠᠭᠠᠰᠢ ᠬᠤᠪᠢ ᠶᠢᠨ ᠨᠢᠯᠬ᠎ᠠ ᠮᠤᠳᠤᠨ ᠤ ᠬᠦᠷᠢᠶᠡᠡᠯᠡᠭ ᠲᠠᠢ ᠬᠠᠮᠵᠢᠯᠴᠠᠨ 30 ᠺᠢᠯᠤᠭ᠍ᠷᠠᠮ ᠦᠷ᠎ᠡ᠂ | ᠲᠦᠮᠡᠨ ᠰᠠᠭᠤᠷᠢ ᠮᠦᠴᠢᠷ ᠢ ᠪᠤᠶᠢᠵᠢᠭᠤᠯᠬᠤ ᠶᠢᠨ ᠲᠠᠭᠠᠤ ᠲᠦᠮᠡ ᠢᠯᠡᠬᠦᠦ ᠰᠠᠭᠤᠷᠢ ᠠᠷᠴᠠ ᠶᠢ ᠬᠠᠮᠠᠭᠠᠯᠠᠯᠳᠠ ᠶᠢᠨ | ᠤᠷᠤᠨ ᠳᠤ ᠬᠦᠮᠦᠨ ᠤ ᠬᠦᠴᠦ ᠪᠠᠷ ᠲᠠᠷᠢᠨ ᠪᠤᠶᠢᠵᠢᠭᠤᠯᠤᠭᠰᠠᠨ ᠪᠠᠶᠢᠨ᠎ᠠ︔ ᠨᠢᠭᠡᠳᠤᠭᠡᠷ ᠤᠳᠠᠭᠠᠨ ᠤ ᠬᠦᠮᠦᠨ ᠤ ᠬᠦᠴᠦ | ᠪᠠᠷ ᠪᠤᠶᠢᠵᠢᠭᠤᠯᠤᠭᠰᠠᠨ ᠵᠡᠷᠯᠢᠭ ᠠᠷᠴᠠ 2021ᠤᠨ ᠳᠤ ᠨᠢᠭᠡᠨᠳᠡ ᠪᠤᠶᠢᠵᠢᠨ ᠭᠠᠷᠴᠤ ᠂ ᠬᠤᠶᠠᠳᠤᠭᠠᠷ ᠤᠳᠠᠭ᠎ᠠ | 2021ᠤᠨ ᠤ ᠨᠠᠮᠤᠷ ᠪᠤᠶᠢᠵᠢᠭᠤᠯᠬᠤ ᠠᠵᠢᠯ ᠢᠶᠠᠨ ᠡᠬᠢᠯᠡᠬᠦᠯᠵᠦ 2024 ᠤᠨ ᠳᠤ ᠠᠰᠢᠭᠯᠠᠯᠳᠠ ᠳᠤ ᠤᠷᠤᠨ᠎ᠠ ᠭᠡᠵᠦ | ᠲᠦᠯᠦᠪᠯᠡᠵᠦ ᠪᠤᠢ︔ ᠬᠤᠶᠠᠷ ᠤᠳᠠᠭᠠᠨ ᠤ ᠪᠤᠶᠢᠵᠢᠭᠤᠯᠤᠯᠳᠠ ᠬᠢᠭᠰᠡᠨ ᠡᠳᠡᠭᠡᠷ ᠵᠡᠷᠯᠢᠭ ᠠᠷᠴᠠ ᠪᠠᠨ ᠬᠤᠩᠭᠤᠷ ᠠᠭᠤᠯᠠ | ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠪᠠᠨ ᠠᠮᠢ ᠠᠬᠤᠢ ᠶᠢᠨ ᠪᠦᠳᠦᠭᠡᠨ ᠪᠠᠶᠢᠭᠤᠯᠤᠯᠳᠠ ᠳᠤ ᠭᠡᠷᠡᠭᠯᠡᠬᠦ ᠪᠠᠷ ᠪᠤᠢ︾ | ᠭᠡᠯᠡ᠃ | ᠪᠠᠶᠢᠭᠠᠯᠢ ᠶᠢᠨ ᠡᠬᠢ ᠪᠠᠶᠠᠯᠢᠭ ᠢ ᠨᠠᠩ ᠰᠠᠶᠢᠨ ᠬᠠᠮᠠᠭᠠᠯᠠᠬᠤ ᠶᠢᠨ ᠲᠥᠯᠥᠭᠡ᠂ ᠬᠥᠪᠡᠭᠡᠲᠦ ᠰᠢᠷ᠎ᠠ ᠬᠤᠰᠢᠭᠤᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠠᠵᠢᠯ ᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠡᠯ᠎ᠡ ᠱᠠᠲᠤᠨ ᠤ ᠬᠠᠮᠠᠭᠠᠯᠠᠯᠲᠠ ᠶᠢᠨ ᠣᠷᠣᠨ ᠤ ᠲᠤᠬᠠᠶ ᠬᠠᠤᠯᠢ ᠴᠠᠭᠠᠵᠠ ᠬᠠᠤᠯᠢ ᠲᠣᠭᠲᠠᠭᠠᠯ ᠢ ᠨᠠᠷᠢᠨ | ᠬᠢᠨᠠᠮᠠᠭᠠᠶ ᠲᠤᠭᠤᠰᠢᠯᠠᠭᠤᠯᠤᠨ ᠬᠡᠷᠡᠭᠵᠢᠭᠦᠯᠵᠦ᠂ ︽ᠬᠥᠪᠡᠭᠡᠲᠦ ᠰᠢᠷ᠎ᠠ ᠬᠤᠰᠢᠭᠤᠨ ᠤ ᠬᠤᠩᠭᠤᠷ ᠠᠭᠤᠯᠠ ᠪᠠᠶᠢᠭᠠᠯᠢ ᠶᠢᠨ | ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠠᠷᠭ᠎ᠠ ︾ ᠶᠢ ᠲᠤᠭᠳᠠᠭᠠᠭᠰᠠᠨ ᠪᠥᠭᠡᠳ ᠪᠠᠶᠢᠭᠠᠯᠢ ᠶᠢᠨ ᠬᠠᠮᠠᠭᠠᠯᠠᠯᠲᠠ | ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠪᠠᠶᠢᠭᠤᠯᠵᠤ᠂ ᠲᠤᠰᠬᠠᠶ ᠬᠠᠮᠢᠶᠠᠷᠤᠯᠲᠠ ᠶᠢᠨ ᠪᠠᠶᠢᠭᠤᠯᠤᠮᠵᠢ ᠲᠣᠭᠲᠠᠭᠠᠨ᠂ | ᠲᠤᠰᠬᠠᠶ ᠣᠶ ᠰᠢᠭᠤᠶ ᠶᠢᠨ ᠬᠠᠮᠠᠭᠠᠯᠠᠭᠴᠢ ᠲᠣᠬᠢᠷᠠᠭᠤᠯᠵᠤ ᠬᠥᠪᠡᠭᠡᠲᠦ ᠰᠢᠷ᠎ᠠ ᠬᠤᠰᠢᠭᠤᠨ ᠤ ᠬᠤᠩᠭᠤᠷ ᠠᠭᠤᠯᠠ ᠪᠠᠶᠢᠭᠠᠯᠢ | ᠶᠢᠨ ᠬᠠᠮᠠᠭᠠᠯᠠᠯᠲᠠ ᠶᠢᠨ ᠣᠷᠣᠨ ᠢ ᠬᠠᠮᠢᠶᠠᠷᠤᠨ ᠬᠠᠮᠠᠭᠠᠯᠠᠪᠠ᠃ | ᠬᠦᠪᠡᠭᠡᠳᠦ ᠰᠢᠷ᠎ᠠ ᠬᠤᠰᠢᠭᠤᠨ ᠤ ᠬᠤᠩᠭᠤᠷ ᠠᠭᠤᠯᠠ ᠤᠢ ᠰᠢᠭᠤᠢ ᠶᠢ ᠬᠠᠮᠠᠭᠠᠯᠠᠬᠤ ᠦᠷᠳᠡᠭᠡᠨ ᠤ ᠲᠡᠳ᠋ | ᠲᠠᠷᠤᠭ᠎ᠠ ᠦᠨᠡᠨᠪᠠᠶᠠᠷ᠄ ︽ᠠᠷᠪᠠᠨ ᠵᠢᠯ ᠤᠨ ᠴᠢᠷᠮᠠᠶᠢᠯᠭ᠎ᠠ ᠪᠠᠷ ᠨᠠᠮ ᠵᠠᠰᠠᠭ ᠠᠴᠠ ᠬᠦᠨᠳᠦᠳᠭᠡᠨ ᠦᠵᠡᠵᠦ ᠬᠤᠩᠭᠤᠷ | ᠠᠭᠤᠯᠠ ᠠᠮᠢ ᠠᠬᠤᠢ ᠶᠢᠨ ᠬᠠᠮᠠᠭᠠᠯᠠᠯᠳᠠ ᠶᠢᠨ ᠤᠷᠤᠨ ᠢ ᠪᠦᠳᠦᠭᠡᠨ ᠪᠠᠶᠢᠭᠤᠯᠵᠦ ᠬᠠᠷᠠᠵᠦ ᠬᠠᠮᠠᠭᠠᠯᠠᠬᠤ ᠠᠵᠢᠯ ᠢ | ᠴᠢᠩᠭᠠᠳᠬᠠᠭᠰᠠᠨ ᠢᠶᠠᠷ ᠤᠳᠤ ᠪᠤᠯᠬᠤ ᠳᠤ ᠠᠮᠢ ᠠᠬᠤᠢ ᠢᠯᠡᠳᠳᠡ ᠰᠠᠶᠢᠵᠢᠷᠠᠵᠦ ᠡᠯ᠎ᠡ ᠲᠠᠯ᠎ᠠ ᠪᠠᠷ ᠰᠡᠷᠬᠦᠵᠦ ᠢᠷᠡᠭᠰᠡᠨ | ᠪᠠᠶᠢᠨ᠎ᠠ︔ ᠡᠨᠡ ᠨᠢ ᠨᠠᠮ ᠵᠠᠰᠠᠭ ᠤᠨ ᠬᠦᠴᠦᠳᠠᠢ ᠲᠡᠮᠵᠢᠯᠭᠡ᠂ ᠮᠦᠨᠴᠦ ᠮᠠᠨ ᠤ ᠬᠠᠷᠠᠵᠦ ᠬᠠᠮᠠᠭᠠᠯᠠᠬᠤ ᠠᠵᠢᠯ ᠤᠨ | ᠠᠮᠵᠢᠯᠳᠠ ᠲᠠᠢ ᠲᠠᠯ᠎ᠠ ᠭᠡᠵᠦ ᠦᠵᠡᠵᠦ ᠪᠤᠢ︔ ᠮᠠᠨ ᠤ ᠬᠠᠷᠠᠵᠦ ᠬᠠᠮᠠᠭᠠᠯᠠᠬᠤ ᠠᠵᠢᠯ ᠨᠢ ᠨᠢᠭᠡᠳᠤᠭᠡᠷ ᠲᠤ᠂ ᠬᠠᠷᠠᠵᠦ | ᠬᠠᠮᠠᠭᠠᠯᠠᠬᠤ ᠠᠵᠢᠯ ᠤᠨ ᠲᠠᠯ᠎ᠠ ᠳᠤ ᠬᠤᠰᠢᠭᠤ ᠨᠠᠮ ᠵᠠᠰᠠᠭ ᠠᠴᠠ ᠬᠦᠨᠳᠦᠳᠭᠡᠨ ᠦᠵᠡᠵᠦ ᠬᠠᠷᠠᠵᠦ ᠬᠠᠮᠠᠭᠠᠯᠠᠬᠤ ᠠᠵᠢᠯ ᠤᠨ | ᠪᠠᠶᠢᠭᠤᠯᠤᠮᠵᠢ ᠶᠢ ᠤᠯᠠᠮ ᠲᠡᠬᠦᠯᠳᠡᠷᠵᠢᠬᠦᠯᠦᠭᠰᠡᠨ︔ ᠬᠤᠶᠠᠳᠤᠭᠠᠷ ᠲᠤ᠂ ᠬᠠᠷᠠᠵᠦ ᠬᠠᠮᠠᠭᠠᠯᠠᠬᠤ ᠠᠷᠭ᠎ᠠ ᠪᠠᠷᠢᠯ ᠤᠨ ᠲᠠᠯ᠎ᠠ | ᠪᠠᠷ ᠭᠤᠤᠯ ᠨᠢ ᠤᠷᠳᠦ ᠬᠤᠭᠤᠴᠠᠭ᠎ᠠ ᠪᠠᠷ ᠵᠢᠵᠢᠬᠦᠷᠯᠡᠨ ᠰᠠᠭᠤᠬᠤ᠂ ᠮᠤᠲ᠋ᠤᠷ᠂ ᠮᠤᠷᠢ ᠪᠠᠷ ᠠᠭᠤᠯᠠ ᠶᠢ ᠲᠤᠭᠤᠷᠢᠵᠦ | ᠴᠠᠭᠳᠠᠬᠤ᠂ ᠬᠠᠤᠯᠢ ᠪᠤᠰᠤ ᠪᠠᠷ ᠮᠠᠯ ᠮᠠᠯᠵᠢᠬᠤ᠂ ᠤᠢ ᠮᠤᠳᠤ ᠶᠢ ᠤᠭᠳᠤᠯᠬᠤ ᠵᠡᠷᠭᠡ ᠠᠵᠢᠯ ᠲᠡᠭᠡᠷ᠎ᠡ ᠬᠠᠤᠯᠢ ᠭᠡᠷᠡᠭᠵᠢᠬᠦᠯᠬᠦ | ᠬᠠᠮᠢᠶ᠎ᠠ ᠪᠦᠬᠦᠢ ᠪᠠᠶᠢᠭᠤᠯᠬ᠎ᠠ ᠨᠢᠭᠡᠴᠡ ᠲᠠᠢ ᠬᠠᠮᠵᠢᠯᠴᠠᠵᠦ ᠪᠠᠶᠢᠭᠠᠳ ᠬᠠᠤᠯᠢ ᠭᠡᠷᠡᠭᠵᠢᠬᠦᠯᠬᠦ ᠬᠦᠴᠦᠯᠡᠴᠡ ᠪᠠᠨ | ᠴᠢᠩᠭᠠᠳᠬᠠᠭᠰᠠᠨ ᠠᠴᠠ ᠤᠢ ᠰᠢᠭᠤᠢ ᠶᠢᠨ ᠵᠠᠰᠠᠭ ᠵᠠᠬᠢᠷᠭᠠᠨ ᠤ ᠬᠡᠷᠡᠭ ᠤᠨ ᠵᠢᠱᠢᠶ᠎ᠡ ᠵᠢᠯ ᠠᠴᠠ ᠵᠢᠯ ᠴᠦᠭᠡᠷᠡᠵᠠᠢ︾ ᠭᠡᠵᠦ | ᠪᠠᠶᠢᠯ᠎ᠠ᠃ | ᠬᠥᠪᠡᠭᠡᠲᠦ ᠰᠢᠷ᠎ᠠ ᠬᠤᠰᠢᠭᠤᠨ ᠤ ᠣᠶ ᠰᠢᠭᠤᠶ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠣᠷᠳᠣ | ᠬᠤᠭᠤᠴᠠᠭ᠎ᠠ ᠪᠠᠷ ᠲᠤᠬᠠᠶ ᠶᠢᠨ ᠭᠠᠵᠠᠷ ᠲᠠᠭᠠᠨ ᠵᠢᠵᠢᠭᠦᠷᠯᠡᠨ ᠰᠠᠬᠢᠬᠤ ᠲᠦᠷᠢᠮ ᠢ ᠭᠡᠷᠡᠭᠵᠢᠬᠦᠯᠵᠦ᠂ ᠭᠠᠵᠠᠷ ᠣᠷᠣᠨ ᠤ | ᠪᠠᠶᠢᠳᠠᠯ ᠳᠠᠭᠠᠨ ᠲᠣᠬᠢᠷᠠᠭᠤᠯᠤᠨ ᠠᠮᠢ ᠠᠬᠤᠶ ᠣᠷᠴᠢᠨ ᠲᠣᠭᠤᠷᠢᠨ ᠢ ᠪᠦᠲᠦᠮᠵᠢᠲᠡᠶ ᠬᠠᠮᠠᠭᠠᠯᠠᠵᠤ᠂ ᠠᠮᠢ ᠠᠬᠤᠶ ᠶᠢᠨ | ᠬᠠᠮᠠᠭᠠᠯᠠᠯᠲᠠ ᠶᠢᠨ ᠬᠠᠤᠯᠢ ᠴᠠᠭᠠᠵᠠ ᠲᠦᠷᠢᠮ ᠲᠣᠭᠲᠠᠭᠠᠯ ᠢ ᠴᠢᠩᠭ᠎ᠠ ᠵᠢᠷᠤᠮᠯᠠᠪᠠ᠃ 2016 ᠣᠨ ᠳᠤ᠂ | ᠬᠠᠮᠠᠭᠠᠯᠯᠠᠳᠠ ᠶᠢᠨ ᠭᠤᠤᠯ ᠤᠷᠤᠨ ᠢ ᠲᠤᠰᠬᠠᠢ ᠰᠡᠷᠡᠯᠵᠢᠨ ᠲᠣᠤᠷ ᠢᠶᠠᠷ ᠬᠦᠷᠢᠶᠡᠯᠡᠵᠦ᠂ ᠤᠬᠠᠭᠤᠯᠭ᠎ᠠ ᠶᠢᠨ ᠲᠡᠮᠳᠡᠭ | ᠫᠠᠶᠢᠰᠠ ᠡᠯᠬᠦᠵᠦ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ | ᠠᠵᠢᠯ ᠢ ᠥᠷᠨᠢᠭᠦᠯᠵᠦ ᠢᠯᠡᠳᠳᠡ ᠦᠷ᠎ᠡ ᠪᠦᠳᠦᠮᠵᠢ ᠤᠯᠪᠠ᠃ | 10 ᠵᠢᠯ ᠤᠨ ᠴᠢᠷᠮᠠᠶᠢᠯᠭ᠎ᠠ ᠪᠠᠷ ᠳᠡᠮᠵᠢᠨ᠂ ᠬᠠᠮᠠᠭᠠᠯᠠᠯᠲᠠ ᠶᠢᠨ ᠣᠷᠣᠨ ᠤ ᠪᠠᠶᠢᠭᠠᠯᠢ ᠶᠢᠨ ᠣᠷᠴᠢᠨ | ᠰᠠᠶᠢᠵᠢᠷᠠᠵᠦ᠂ ᠭᠤᠣᠯ ᠬᠠᠮᠠᠭᠠᠯᠠᠯᠳᠠ ᠶᠢᠨ ᠲᠤᠷᠤᠭ ᠮᠤᠳᠤ ᠪᠤᠯᠬᠤ ᠵᠡᠷᠯᠢᠭ ᠠᠷᠴᠠ ᠶᠢᠨ ᠲᠠᠷᠬᠠᠯᠲᠠ ᠶᠢᠨ ᠲᠠᠯᠠᠪᠠᠢ ᠶᠢ | 720 ᠾᠧᠺᠲ᠋ᠠᠷ ᠥᠷᠭᠡᠳᠬᠡᠵᠡᠢ᠃ ᠣᠳᠣᠬᠠᠨ ᠳᠤ᠂ ᠠᠷᠴᠠ ᠮᠤᠳᠤᠨ ᠤ ᠤᠷᠭᠤᠴᠠ ᠰᠠᠶᠢᠨ ᠪᠠᠶᠢᠵᠤ᠂ ᠬᠡᠭᠡᠷ᠎ᠡ ᠶᠢᠨ | ᠠᠮᠢᠲᠠᠨ ᠢᠯᠡᠳᠲᠡ ᠨᠡᠮᠡᠭᠳᠡᠵᠦ᠂ ᠡᠪᠡᠰᠦ ᠤᠷᠭᠤᠮᠠᠯ 54 ᠢᠵᠠᠭᠤᠷ ᠤᠨ 389 ᠲᠦᠷᠦᠯ ᠳᠤ ᠬᠦᠷᠴᠦ᠂ ᠡᠭᠦᠨ ᠳᠤ | ᠠᠷᠴᠠ᠂ ᠬᠠᠶᠢᠯᠠᠰᠤ᠂ ᠤᠯᠢᠶᠠᠰᠤ ᠵᠡᠷᠭᠡ ᠪᠠᠶᠢᠭᠠᠯᠢ ᠶᠢᠨ ᠲᠤᠷᠤᠭ ᠮᠤᠳᠦ᠂ ᠵᠢᠵᠢᠭ ᠨᠠᠪᠴᠢᠲᠤ ᠬᠠᠷᠭᠠᠨ᠎ᠠ᠂ ᠬᠤᠨᠢᠨ | ᠪᠤᠶᠢᠯᠠᠰᠦ᠂ ᠠᠭᠤᠯᠠᠨ ᠪᠤᠷᠭᠠᠰᠦ᠂ ᠢᠩᠲᠣᠣᠷ ᠵᠡᠷᠭᠡ ᠬᠡᠭᠡᠷ᠎ᠡ ᠶᠢᠨ ᠪᠣᠳᠠ ᠮᠤᠳᠤ᠂ ᠬᠠᠪᠤᠷᠰᠢᠯ ᠴᠡᠴᠡᠭ᠂ ᠰᠠᠷᠠᠨ᠎ᠠ ᠴᠡᠴᠡᠭ | ᠵᠡᠷᠭᠡ ᠵᠠᠭᠤ ᠭᠠᠷᠤᠶ ᠲᠦᠷᠦᠯ ᠤᠨ ᠴᠡᠴᠡᠭ ᠡᠪᠡᠰᠦ ᠤᠷᠭᠤᠵᠦ ᠪᠤᠢ᠃ | 2012 ᠣᠨ ᠠᠴᠠ ᠨᠠᠰᠢ᠂ ᠬᠥᠪᠡᠭᠡᠲᠦ ᠰᠢᠷ᠎ᠠ ᠬᠤᠰᠢᠭᠤ ᠭᠤᠤᠯᠳᠠᠭᠤ ᠪᠡᠭᠡᠵᠢᠩ ᠲᠢᠶᠠᠨᠵᠢᠨ ᠤ ᠡᠷᠭᠢᠨ | ᠲᠣᠭᠤᠷᠢᠨ ᠤ ᠡᠯᠡᠰᠦᠨ ᠤ ᠡᠬᠢ ᠶᠢ ᠵᠠᠰᠠᠬᠤ ᠬᠤᠶᠠᠳᠤᠭᠠᠷ ᠬᠤᠭᠤᠴᠠᠭᠠᠨ ᠤ ᠢᠨᠵᠧᠨᠧᠷᠢᠩ᠂ ᠣᠶᠢᠵᠢᠭᠤᠯᠤᠯᠲᠠ ᠶᠢᠨ | ᠨᠥᠬᠦᠪᠥᠷᠢ ᠶᠢᠨ ᠲᠥᠷᠥᠯ ᠵᠦᠶᠯ᠂ ᠭᠤᠤᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠤᠯᠲᠠ ᠶᠢᠨ ᠲᠥᠷᠥᠯ ᠵᠦᠶᠯ | ᠵᠡᠷᠭᠡ ᠶᠢ ᠭᠤᠤᠯ ᠪᠦᠲᠦᠭᠡᠨ ᠪᠠᠶᠢᠭᠤᠯᠤᠯᠲᠠ ᠶᠢᠨ ᠡᠭᠦᠷᠭᠡ ᠪᠠᠨ ᠪᠣᠯᠭᠠᠵᠠᠶ᠃ ᠮᠠᠨ ᠤ ᠬᠤᠰᠢᠭᠤᠨ ᠤ ᠪᠡᠭᠡᠵᠢᠩ ᠲᠢᠶᠠᠨᠵᠢᠨ | ᠤ ᠡᠯᠡᠰᠦᠨ ᠤ ᠡᠬᠢ ᠶᠢ ᠵᠠᠰᠠᠬᠤ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ 2012 ᠣᠨ ᠳᠤ ᠡᠬᠢᠯᠡᠭᠦᠯᠵᠦ᠂ ᠡᠭᠦᠨ | ᠳᠤ ᠠᠭᠤᠯᠠ ᠶᠢ ᠪᠢᠲᠡᠭᠦᠮᠵᠢᠯᠡᠨ ᠣᠶᠢᠵᠢᠭᠤᠯᠬᠤ ᠪᠦᠲᠦᠭᠡᠨ ᠪᠠᠶᠢᠭᠤᠯᠤᠯᠲᠠ ᠶᠢ 30 ᠲᠦᠮᠡᠨ ᠮᠦ ᠪᠡᠶᠡᠯᠡᠭᠦᠯᠵᠦ᠂ ᠬᠥᠮᠦᠨ | ᠤ ᠬᠦᠴᠦ ᠪᠠᠷ ᠣᠶᠢᠵᠢᠭᠤᠯᠬᠤ ᠪᠦᠲᠦᠭᠡᠨ ᠪᠠᠶᠢᠭᠤᠯᠤᠯᠲᠠ ᠶᠢ 3.55 ᠲᠦᠮᠡᠨ ᠮᠦ ᠪᠡᠶᠡᠯᠡᠭᠦᠯᠵᠦ᠂ ᠡᠯᠡᠰᠦ ᠶᠢ | ᠲᠣᠭᠲᠠᠪᠤᠷᠢᠵᠢᠭᠤᠯᠬᠤ ᠪᠦᠲᠦᠭᠡᠨ ᠪᠠᠶᠢᠭᠤᠯᠤᠯᠲᠠ ᠶᠢ 2.7 ᠲᠦᠮᠡᠨ ᠮᠦ ᠪᠡᠶᠡᠯᠡᠭᠦᠯᠪᠡ᠃ 2012 ᠣᠨ ᠠᠴᠠ ᠨᠠᠭᠠᠰᠢ᠂ | ᠣᠶᠢᠵᠢᠭᠤᠯᠤᠯᠲᠠ ᠶᠢᠨ ᠨᠥᠬᠦᠪᠥᠷᠢ ᠶᠢᠨ ᠲᠥᠷᠥᠯ ᠵᠦᠶᠯ ᠢ ᠨᠡᠶᠢᠲᠡ 1.9 ᠲᠦᠮᠡᠨ ᠮᠥ ᠪᠡᠶᠡᠯᠡᠬᠦᠯᠵᠦ᠂ ᠭᠤᠤᠯᠳᠠᠯᠭ᠎ᠠ ᠲᠠᠢ | ᠣᠷᠣᠨ ᠪᠦᠰᠡ ᠶᠢᠨ ᠨᠣᠭᠤᠭᠠᠷᠠᠭᠤᠯᠤᠯᠲᠠ ᠶᠢᠨ ᠲᠥᠷᠥᠯ ᠵᠦᠶᠯ ᠢ 0.2575 ᠲᠦᠮᠡᠨ ᠮᠥ ᠪᠡᠶᠡᠯᠡᠬᠦᠯᠪᠡ᠃ | ᠬᠦᠪᠡᠭᠡᠳᠦ ᠰᠢᠷ᠎ᠠ ᠬᠤᠰᠢᠭᠤᠨ ᠤ ᠤᠢ ᠰᠢᠭᠤᠢ ᠨᠤᠳᠤᠭ ᠪᠡᠯᠴᠢᠭᠡᠷ ᠤᠨ ᠲᠤᠪᠴᠢᠶᠠᠨ ᠤ ᠲᠡᠳ᠋ ᠲᠣᠪᠴᠢᠶᠠᠨ | ᠲᠠᠷᠤᠭ᠎ᠠ ᠮᠦᠩᠭᠡᠪᠤᠯᠠᠭ᠄ ︽ᠤᠶᠢᠷ᠎ᠠ ᠶᠢᠨ ᠠᠷᠪᠠᠨ ᠵᠢᠯ ᠳᠤ ᠮᠠᠨ ᠤ ᠲᠤᠪᠴᠢᠶ᠎ᠠ ᠨᠢ ᠪᠡᠭᠡᠵᠢᠩ ᠲᠢᠶᠠᠨᠵᠢᠨ ᠤ ᠡᠯᠡᠰᠦᠨ ᠤ | ᠡᠬᠢ ᠶᠢ ᠵᠠᠰᠠᠬᠤ ᠲᠦᠷᠦᠯ ᠵᠦᠢᠯ ᠢ ᠪᠦᠬᠦ ᠬᠤᠰᠢᠭᠤᠨ ᠤ ᠭᠡᠪᠴᠢᠶᠡᠨ ᠳᠤ ᠪᠠᠶᠢᠭ᠎ᠠ ᠬᠤᠯᠠᠨ ᠰᠢᠷᠭ᠎ᠠ ᠡᠯᠡᠰᠦᠨ ᠤ | ᠤᠷᠤᠨ ᠳᠤ ᠭᠡᠷᠡᠭᠵᠢᠬᠦᠯᠦᠭᠰᠡᠨ ᠪᠠᠶᠢᠨ᠎ᠠ︔ ᠤᠶᠢᠷ᠎ᠠ ᠶᠢᠨ ᠠᠷᠪᠠᠭᠠᠳ ᠵᠢᠯ ᠤᠨ ᠪᠦᠳᠦᠭᠡᠨ ᠪᠠᠶᠢᠭᠤᠯᠤᠯᠳᠠ ᠪᠠᠷ ᠲᠠᠮᠵᠢᠭᠠᠳ | ᠮᠠᠨ ᠤ ᠬᠤᠰᠢᠭᠤᠨ ᠤ ᠶᠡᠭᠡ ᠭᠡᠮᠵᠢᠶ᠎ᠡ ᠪᠠᠷ ᠡᠯᠡᠰᠦᠷᠭᠡᠭᠵᠢᠵᠦ ᠪᠠᠶᠢᠭ᠎ᠠ ᠪᠠᠶᠢᠳᠠᠯ ᠨᠡᠯᠢᠶᠡᠳ ᠭᠡᠮᠵᠢᠶᠡᠨ ᠳᠤ ᠨᠠᠮᠳᠠᠵᠠᠢ᠃ | 2013 ᠤᠨ ᠠᠴᠠ ᠡᠬᠢᠯᠡᠵᠦ ᠭᠡᠷᠡᠭᠵᠢᠬᠦᠯᠦᠭᠰᠡᠨ ᠭᠤᠤᠯᠳᠠᠯᠭᠠᠳᠠᠢ ᠤᠷᠤᠨ ᠲᠤᠭᠤᠷᠢᠭ ᠤᠨ ᠪᠦᠳᠦᠭᠡᠨ ᠪᠠᠶᠢᠭᠤᠯᠤᠯᠳᠠ | ᠳᠤ᠂ ᠮᠠᠨ ᠤ ᠬᠤᠰᠢᠭᠤᠨ ᠤ ᠰᠢᠨᠡᠪᠤᠯᠠᠭ ᠪᠠᠯᠭᠠᠰᠦᠨ ᠤ ᠡᠷᠬᠢᠨ ᠲᠤᠭᠤᠷᠢᠨ ᠪᠤᠯᠤᠨ ᠭᠤᠤᠯ ᠪᠤᠯᠬᠤ ᠤᠷᠤᠵᠦ ᠭᠠᠷᠬᠤ | ᠵᠠᠮ ᠤᠨ ᠬᠠᠵᠠᠭᠤ᠂ ᠬᠠᠶ᠋ᠢᠩᠬᠢᠷᠸ᠎ᠠ ᠰᠦᠮ᠎ᠡ ᠶᠢᠨ ᠡᠷᠬᠢᠨ ᠲᠤᠭᠤᠷᠢᠨ ᠳᠤ ᠮᠤᠳᠤ ᠠᠷᠢᠵᠦ ᠤᠶᠢᠵᠢᠭᠤᠯᠵᠦ ᠨᠡᠯᠢᠶᠡᠳ ᠶᠡᠭᠡ | ᠦᠷ᠎ᠡ ᠪᠦᠳᠦᠮᠵᠢ ᠤᠯᠵᠠᠢ︔ ᠲᠠᠷᠠᠭᠠᠴᠢ ᠪᠠᠷ᠂ ᠬᠤᠩᠭᠤᠷ ᠠᠭᠤᠯᠠ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ | ᠬᠠᠮᠠᠭᠠᠯᠠᠯᠳᠠ ᠶᠢ ᠴᠢᠩᠭᠠᠳᠬᠠᠵᠦ᠂ ᠮᠠᠨ ᠤ ᠬᠤᠰᠢᠭᠤᠨ ᠤ ᠪᠠᠨ ᠤᠷᠤᠨ ᠨᠤᠳᠤᠭ ᠤᠨ ᠬᠡᠪᠴᠢᠶᠡᠨ ᠳᠤ ᠪᠠᠶᠢᠭ᠎ᠠ ᠰᠢᠯᠢᠳᠡᠭ | ᠡᠬᠦᠯᠳᠡᠷ ᠤᠨ ᠡᠪᠡᠰᠦ ᠮᠤᠳᠤ ᠶᠢ ᠪᠤᠶᠢᠵᠢᠭᠤᠯᠵᠦ ᠬᠦᠮᠦᠵᠢᠬᠦᠯᠬᠦ ᠠᠵᠢᠯ ᠲᠡᠭᠡᠷ᠎ᠡ ᠶᠡᠭᠡᠭᠡᠨ ᠬᠦᠴᠦ ᠲᠠᠯᠪᠢᠵᠦ᠂ ᠢᠯᠡᠬᠦᠭᠡᠨ | ᠠᠵᠢᠯ ᠬᠢᠬᠦ ᠪᠠᠷ ᠲᠦᠯᠦᠪᠯᠡᠵᠦ᠂ ᠬᠤᠶᠢᠰᠢᠳᠠ ᠮᠠᠨ ᠤ ᠤᠢ ᠰᠢᠭᠤᠢ ᠨᠤᠲᠤᠭ ᠪᠡᠯᠴᠢᠭᠡᠷ ᠤᠨ ᠲᠤᠪᠴᠢᠶ᠎ᠠ ᠨᠢ ᠠᠮᠢ | ᠠᠬᠤᠢ ᠶᠢᠨ ᠪᠦᠳᠦᠭᠡᠨ ᠪᠠᠶᠢᠭᠤᠯᠤᠯᠳᠠ ᠶᠢᠨ ᠠᠵᠢᠯ ᠢ ᠴᠢᠩᠭ᠎ᠠ ᠠᠳᠬᠤᠵᠦ᠂ ᠮᠠᠨ ᠤ ᠬᠤᠰᠢᠭᠤᠨ ᠤ ᠪᠠᠨ ᠠᠮᠢ ᠠᠬᠤᠢ ᠶᠢᠨ | ᠪᠤᠯᠪᠠᠰᠦᠨ ᠤ ᠭᠦᠭᠵᠢᠯᠳᠡ ᠶᠢ ᠠᠬᠢᠭᠤᠯᠤᠨ᠎ᠠ︾ ᠭᠡᠯᠡ᠃ |