ᠬᠠᠰᠢᠶᠠᠲᠤ ᠭᠠᠴᠠᠭ᠎ᠠ ᠬᠠᠮᠳᠣ ᠶᠢᠨ ᠠᠵᠦ ᠠᠬᠤᠢ ᠪᠠᠨ ᠭᠦᠭᠵᠢᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2022/9/19
       ᠪᠣᠭᠳᠠ ᠶᠢᠨ ᠭᠤᠣᠯ ᠰᠤᠮᠤᠨ ᠤ ᠬᠠᠰᠢᠶᠠᠲᠤ ᠭᠠᠴᠠᠭ᠎ᠠ ᠨᠢ ᠣᠷᠣᠨ ᠨᠣᠳᠤᠭ ᠤᠨ ᠪᠣᠳᠠᠳᠣ ᠪᠠᠶᠢᠳᠠᠯ ᠳᠠᠭᠠᠨ ᠵᠣᠭᠢᠴᠠᠭᠤᠯᠣᠨ᠂ ᠬᠠᠮᠳᠣ ᠶᠢᠨ ᠠᠵᠦ ᠠᠬᠤᠢ ᠪᠠᠨ ᠭᠦᠭᠵᠢᠭᠦᠯᠵᠦ᠂ ᠮᠠᠯᠴᠢᠳ ᠤᠨ ᠣᠷᠣᠯᠭ᠎ᠠ ᠶᠢᠨ ᠨᠡᠮᠡᠭᠳᠡᠯ ᠢ ᠠᠭᠢᠭᠤᠯᠵᠦ ᠪᠠᠶᠢᠨ᠎ᠠ᠃       ᠰᠣᠷᠪᠣᠯᠵᠢᠯᠠᠬᠴᠢ ᠪᠣᠭᠳᠠ ᠶᠢᠨ ᠭᠤᠣᠯ ᠰᠤᠮᠤᠨ ᠤ ᠬᠠᠰᠢᠶᠠᠲᠤ ᠭᠠᠴᠠᠭᠠᠨ ᠤ ᠬᠠᠮᠲᠤ ᠶᠢᠨ ᠬᠠᠳᠣᠯᠠᠩ ᠤᠨ ᠭᠦᠷᠢᠶᠡᠨ ᠳᠤ ᠭᠦᠷᠭᠦ᠂ ᠡᠪᠡᠰᠦ ᠬᠠᠳᠣᠬᠤ ᠮᠠᠰᠢᠨ᠂ ᠡᠪᠡᠰᠦ ᠬᠠᠮᠣᠬᠤ ᠮᠠᠰᠢᠨ᠂ ᠡᠪᠡᠰᠦ ᠪᠣᠭᠤᠵᠢᠯᠠᠬᠤ ᠮᠠᠰᠢᠨ ᠤ ᠳᠠᠭᠤᠨ ᠲᠦᠷᠴᠢᠭᠢᠨᠡᠵᠦ᠂ ᠬᠠᠳᠣᠯᠠᠩ ᠤᠨ ᠠᠵᠢᠯ ᠶᠠᠭᠠᠷᠠᠯᠳᠠᠶᠢᠬᠠᠨ ᠶᠠᠪᠣᠬᠳᠠᠵᠦ ᠪᠠᠶᠢᠯ᠎ᠠ᠃      ᠣᠶᠢᠯᠠᠭᠠᠬᠰᠨ ᠢᠶᠠᠷ᠂ ᠬᠠᠰᠢᠶᠠᠲᠤ ᠭᠠᠴᠠᠭᠠᠨ ᠤ ᠬᠠᠮᠲᠤ ᠶᠢᠨ ᠬᠠᠳᠣᠯᠠᠩ ᠤᠨ ᠭᠦᠷᠢᠶ᠎ᠡ ᠶᠢ ᠲᠣᠰ ᠭᠠᠴᠠᠭᠠᠨ  ᠤ ᠮᠠᠯᠴᠢᠨ ᠬᠤᠤᠰᠪᠠᠶᠠᠷ 6 ᠵᠢᠯ ᠤᠨ ᠬᠤᠭᠤᠴᠠᠭ᠎ᠠ ᠲᠠᠢ ᠪᠠᠷ ᠲᠦᠷᠢᠶᠡᠰᠦᠯᠡᠨ ᠠᠪᠴᠣ᠂ ᠦᠪᠡᠷ ᠤᠨ ᠤᠷᠣᠯᠭ᠎ᠠ ᠪᠠᠨ ᠨᠡᠮᠡᠭᠳᠡᠭᠦᠯᠬᠦ ᠶᠢᠨ ᠳᠠᠭᠠᠤ᠂ ᠭᠠᠴᠠᠭᠠᠨ ᠤ ᠪᠠᠨ ᠮᠠᠯᠴᠢᠳ ᠤᠨ ᠡᠪᠡᠰᠦ ᠬᠤᠳᠠᠯᠳᠤᠨ ᠠᠪᠬᠤ ᠳᠤ ᠳᠦᠭᠦᠮ ᠦᠵᠡᠭᠦᠯᠵᠥ  ᠪᠠᠶᠢᠨ᠎ᠠ᠃        ︽ᠪᠢ ᠭᠠᠴᠠᠭᠠᠨ ᠤ ᠪᠠᠨ ᠬᠠᠮᠲᠤ ᠶᠢᠨ ᠬᠠᠳᠣᠯᠠᠩ ᠤᠨ ᠭᠦᠷᠢᠶ᠎ᠡ ᠶᠢ ᠳᠦᠷᠢᠶᠡᠰᠦᠯᠡᠭᠡᠳ ᠭᠤᠷᠪᠠᠳᠤᠭᠠᠷ ᠵᠢᠯ ᠢᠶᠠᠨ ᠪᠣᠯᠵᠤ ᠪᠠᠶᠢᠨ᠎ᠠ︔ ᠨᠢᠳᠤᠨᠤᠨ ᠤᠷᠵᠢᠨᠤᠨ ᠤᠷᠤᠯᠭ᠎ᠠ ᠨᠡᠯᠢᠶᠡᠳ ᠰᠠᠶᠢᠨ᠂ ᠦᠨᠤ ᠵᠢᠯ ᠪᠤᠷᠤᠭᠠᠨ ᠬᠤᠷ᠎ᠠ ᠪᠠᠭ᠎ᠠ ᠠᠴᠠ ᠪᠣᠯᠵᠤ᠂ ᠬᠠᠳᠤᠯᠠᠩ ᠠᠨᠠᠢ ᠰᠢᠭ᠋ ᠪᠠᠶᠢᠨ᠎ᠠ︔ ᠳᠦᠴᠢᠨ ᠵᠢᠩ ᠤᠨ ᠪᠤᠭᠤᠯᠲᠠ ᠲᠠᠢ ᠡᠪᠡᠰᠦ ᠪᠠᠷᠤᠭ ᠳᠥᠷᠪᠡ ᠠᠴᠠ ᠲᠠᠪᠤᠨ ᠮᠢᠩᠭᠠᠨ ᠪᠣᠭᠤᠯᠲᠠ ᠭᠠᠷᠤᠨ᠎ᠠ︔ ᠦᠴᠦᠭᠡᠳᠦᠷ ᠠᠴᠠ ᠬᠠᠳᠤᠯᠠᠩ ᠳᠤ ᠪᠠᠨ ᠭᠠᠷᠴᠤ ᠤᠳᠣ ᠪᠠᠷᠤᠭ ᠭᠤᠷᠪᠠ ᠠᠴᠠ ᠳᠦᠷᠪᠡᠨ ᠡᠳᠦᠷ ᠲᠠᠢ ᠪᠣᠯ ᠬᠠᠳᠤᠭᠠᠳ ᠪᠠᠷᠠᠴᠢᠬᠠᠨ᠎ᠠ︾ ᠭᠡᠵᠥ ᠬᠠᠰᠢᠶᠠᠲᠤ ᠭᠠᠴᠠᠭᠠᠨ ᠤ ᠮᠠᠯᠴᠢᠨ ᠬᠤᠤᠰᠪᠠᠶᠠᠷ ᠶᠠᠷᠢᠯ᠎ᠠ᠃      ᠬᠠᠰᠢᠶᠠᠲᠤ ᠭᠠᠴᠠᠭ᠎ᠠ ᠨᠢ 12000 ᠮᠣ᠋ ᠶᠢᠨ ᠬᠠᠮᠳᠣ ᠶᠢᠨ ᠨᠣᠳᠤᠭ ᠪᠡᠯᠴᠢᠭᠡᠷ ᠪᠠ ᠬᠤᠶᠠᠷ ᠵᠠᠭᠤ ᠭᠠᠷᠣᠢ ᠮᠣ᠋ ᠢᠵᠢ ᠪᠦᠷᠢᠳᠦᠭᠰᠡᠨ ᠣᠰᠣᠯᠠᠯᠳᠠ ᠶᠢᠨ ᠲᠠᠷᠢᠶ᠎ᠠ ᠲᠠᠢ ᠪᠦᠭᠡᠳ 2019 ᠣᠨ ᠳᠤ ᠬᠤᠰᠢᠭᠤᠨ ᠤ ᠵᠣᠭᠢᠶᠠᠨ ᠪᠠᠶᠢᠭᠤᠯᠬᠤ ᠭᠡᠯᠳᠡᠰ ᠤᠨ ᠵᠣᠭᠠᠴᠠᠯ ᠤᠨ ᠦᠢᠯᠡᠰ ᠢ ᠭᠦᠭᠵᠢᠭᠦᠯᠭᠦ ᠲᠦᠷᠦᠯ ᠵᠦᠢᠯ ᠢ ᠳᠠᠳᠠᠨ ᠣᠷᠣᠭᠤᠯᠵᠦ᠂ ᠭᠠᠴᠠᠭᠠᠨ ᠤ ᠬᠠᠮᠳᠣ ᠶᠢᠨ ᠠᠵᠦ ᠠᠬᠤᠶᠢᠯᠠᠯ ᠠᠴᠠ ᠬᠠᠷᠢᠴᠠᠯ ᠢᠶᠠᠷ ᠪᠡᠯᠡ ᠣᠷᠣᠭᠤᠯᠵᠦ᠂ ︽ᠴᠡᠩᠭᠡᠷ ᠨᠣᠳᠤᠭ︾ ᠵᠣᠭᠠᠴᠠᠯ ᠤᠨ   ᠴᠢᠭ ᠢ ᠪᠠᠶᠢᠭᠤᠯᠵᠦ᠂ ᠭᠠᠴᠠᠭᠠᠨ ᠤ ᠪᠠᠨ ᠬᠠᠮᠲᠤ ᠶᠢᠨ ᠬᠠᠳᠣᠯᠠᠩ ᠤᠨ ᠬᠥᠷᠢᠶ᠎ᠡ ᠪᠠᠨ ᠳᠦᠷᠢᠶᠡᠰᠦᠯᠡᠭᠦᠯᠬᠦ᠂ ᠵᠤᠭᠠᠴᠠᠯ ᠤᠨ ᠭᠠᠵᠠᠷ ᠢᠶᠠᠨ ᠳᠦᠷᠢᠶᠡᠰᠦᠯᠡᠭᠦᠯᠬᠦ ᠵᠡᠷᠭᠡ ᠠᠷᠭ᠎ᠠ ᠬᠡᠯᠪᠡᠷᠢ ᠪᠠᠷ ᠵᠢᠯ ᠤᠨ 24 ᠲᠦᠮᠡᠨ ᠲᠦᠭᠦᠷᠢᠭ ᠤᠨ ᠬᠠᠮᠳᠣ ᠶᠢᠨ ᠠᠵᠦ ᠠᠬᠤᠢ ᠶᠢᠨ ᠣᠷᠣᠯᠭ᠎ᠠ ᠡᠭᠦᠳᠴᠦ ᠪᠣᠢ᠃      ᠬᠠᠰᠢᠶᠠᠲᠤ ᠭᠠᠴᠠᠭᠠᠨ ᠤ ᠳᠡᠳ᠋ ᠭᠠᠴᠠᠭᠠᠨ ᠳᠠᠷᠤᠭ᠎ᠠ ᠦᠷᠯᠥᠭ᠄ ︽ᠮᠠᠨ ᠤ ᠬᠠᠰᠢᠶᠠᠲᠤ ᠭᠠᠴᠠᠭᠠᠨ ᠤ ᠬᠠᠮᠲᠤ ᠶᠢᠨ ᠬᠦᠷᠢᠶ᠎ᠡ ᠪᠣᠯᠬᠤ 7800 ᠮᠣ᠋ ᠶᠢᠨ ᠬᠦᠷᠢᠶ᠎ᠡ ᠪᠠ 4200 ᠮᠣ᠋ ᠶᠢᠨ ᠬᠤᠶᠠᠷ ᠬᠦᠷᠢᠶ᠎ᠡ ᠪᠠᠨ ᠭᠠᠴᠠᠭᠠᠨ ᠤ ᠪᠠᠨ ᠮᠠᠯᠴᠢᠨ ᠬᠤᠤᠰᠪᠠᠶᠠᠷ ᠪᠠ ᠬᠤᠪᠢᠰᠬᠠᠯᠲᠤ ᠳᠤ ᠲᠣᠰ ᠲᠣᠰ ᠶᠢᠰᠦᠨ ᠲᠦᠮᠡᠨ ᠳᠦᠭᠦᠷᠢᠭ ᠢᠶᠠᠷ  ᠳᠦᠷᠢᠶᠡᠰᠦᠯᠡᠨ ᠦᠭᠴᠦ᠂ ᠭᠠᠴᠠᠭᠠᠨ ᠤ ᠪᠠᠨ ᠬᠠᠮᠲᠤ ᠶᠢᠨ ᠠᠵᠤ ᠠᠬᠤᠶᠢᠯᠠᠯ ᠳᠤ ᠪᠠᠨ18 ᠲᠦᠮᠡᠨ ᠲᠦᠭᠦᠷᠢᠭ ᠤᠨ ᠤᠷᠣᠯᠭ᠎ᠠ  ᠨᠡᠮᠡᠭᠳᠡᠭᠦᠯᠵᠡᠢ︾ ᠭᠡᠯ᠎ᠡ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号