ᠬᠦᠪᠡᠬᠡᠳᠣ ᠰᠢᠷ᠎ᠡ ᠬᠤᠰᠢᠭᠤ ᠣᠬᠤᠷ ᠲᠦᠷᠰᠣ ᠰᠢᠩᠬᠡᠬᠡᠯᠳᠠ ᠰᠢᠭᠤᠳ ᠨᠡᠪᠳᠡᠷᠡᠬᠦᠯᠬᠡ ᠶᠢᠨ ᠲᠣᠰᠬᠠᠢ ᠰᠡᠳᠣᠪᠳᠣ ᠪᠣᠯᠪᠠᠰᠤᠷᠠᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2022/9/9
      9 ᠰᠠᠷ᠎ᠠ ᠶᠢᠨ 5 ᠤ ᠡᠳᠦᠷ᠂ ᠬᠦᠪᠡᠬᠡᠳᠣ ᠰᠢᠷ᠎ᠡ ᠬᠤᠰᠢᠭᠤ ᠡᠯᠧᠺᠲᠷᠣᠨ ᠬᠤᠳᠠᠯᠳᠤᠭᠠᠨ ᠤ ᠠᠵᠤ ᠠᠬᠤᠶ ᠶᠢᠨ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠵᠤ᠂ ᠪᠥᠬᠦ ᠬᠤᠰᠢᠭᠤᠨ ᠤ ᠬᠡᠪᠴᠢᠶᠡᠨ ᠳᠠᠬᠢ ᠡᠯᠧᠺᠲᠷᠣᠨ ᠬᠤᠳᠠᠯᠳᠤᠭᠠᠨ ᠤ ᠴᠢᠳᠠᠪᠤᠷᠢᠲᠠᠨ ᠤ ᠮᠡᠷᠭᠡᠵᠢᠯ ᠴᠢᠳᠠᠪᠣᠷᠢ ᠪᠠ ᠦᠶᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ ᠣᠬᠤᠷ ᠲᠦᠷᠰᠣ ᠰᠢᠩᠬᠡᠬᠡᠯᠳᠠ ᠰᠢᠭᠤᠳ ᠨᠡᠪᠳᠡᠷᠡᠬᠦᠯᠬᠡ ᠶᠢᠨ ᠲᠣᠰᠬᠠᠢ ᠰᠡᠳᠣᠪᠳᠣ ᠪᠣᠯᠪᠠᠰᠤᠷᠠᠯ ᠤᠨ ᠠᠩᠭᠢ ᠶᠢ ᠡᠷᠬᠢᠯᠡᠵᠦ᠂ ᠪᠣᠯᠪᠠᠰᠣᠷᠠᠯ ᠨᠢ ᠭᠤᠷᠪᠠᠨ ᠡᠳᠦᠷ ᠤᠨ ᠬᠤᠭᠤᠴᠠᠭ᠎ᠠ ᠲᠠᠢ ᠶᠠᠪᠣᠬᠳᠠᠬᠤ ᠪᠠᠷ ᠪᠠᠶᠢᠨ᠎ᠠ᠃       ᠪᠤᠯᠪᠠᠰᠤᠷᠠᠯ ᠳᠤ᠂ ᠤᠯᠤᠰ ᠤᠨ T1 ᠲᠠᠰ ᠤᠨ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠯᠧᠺᠲ᠋ᠣᠷ ᠰᠢᠤᠸᠠᠢ ᠠ ᠯᠢ ᠶᠢ ᠤᠷᠢᠵᠤ ᠤᠯᠠᠮᠵᠢᠯᠠᠯᠲᠤ ᠡᠯᠧᠺᠲᠷᠣᠨ ᠬᠤᠳᠠᠯᠳᠤᠭ᠎ᠠ ᠪᠠ ᠰᠢᠭᠤᠳ ᠨᠡᠪᠳᠡᠷᠡᠭᠦᠯᠭᠡ ᠶᠢᠨ ᠡᠯᠧᠺᠲᠷᠣᠨ ᠬᠤᠳᠠᠯᠳᠤᠭᠠᠨ ᠤ ᠢᠯᠭᠠᠭ᠎ᠠ᠂ ᠣᠯᠠᠨ ᠲᠠᠪᠴᠠᠩ ᠢᠶᠠᠷ ᠣᠬᠤᠷ ᠲᠦᠷᠰᠣ ᠰᠢᠩᠬᠡᠬᠡᠯᠳᠠ ᠳᠠᠮᠵᠢᠭᠤᠯᠤᠨ ᠲᠠᠷᠬᠠᠭᠠᠬᠤ᠂ ᠦᠷᠭᠦᠯᠵᠢ ᠬᠡᠷᠡᠭᠯᠡᠳᠡᠭ ᠣᠬᠤᠷ ᠲᠦᠷᠰᠣ ᠰᠢᠩᠬᠡᠬᠡᠯᠳᠠ ᠶᠢ ᠦᠶᠯᠡᠳᠬᠦ ᠵᠥᠭᠡᠯᠡᠨ ᠲᠣᠨᠤᠭ ᠵᠡᠷᠭᠡ ᠠᠭᠤᠯᠭ᠎ᠠ ᠶᠢᠨ ᠲᠣᠭᠤᠷᠢᠨ ᠳᠤ ᠲᠠᠶᠢᠯᠣᠮᠵᠢ ᠭᠢᠯᠭᠡᠭᠦ ᠪᠣᠯᠣᠨ᠎ᠠ᠃       ᠲᠣᠰ ᠤᠳᠠᠭᠠᠨ ᠤ ᠪᠣᠯᠪᠠᠰᠣᠷᠠᠯ ᠳᠤ ᠬᠤᠰᠢᠭᠤᠨ ᠤ ᠡᠯᠧᠺᠲᠷᠣᠨ ᠬᠤᠳᠠᠯᠳᠤᠭᠠᠨ ᠤ ᠣᠯᠠᠨ ᠨᠡᠶᠢᠲᠡ ᠶᠢᠨ ᠦᠶᠯᠡᠴᠢᠯᠡᠭᠡᠨ ᠤ ᠲᠥᠪ ᠤᠨ ᠡᠵᠡᠩᠨᠡᠯᠲᠡ ᠬᠠᠮᠢᠶᠠᠷᠤᠯᠲᠠ ᠶᠢᠨ ᠠᠵᠢᠯᠲᠠᠨ᠂ ᠮᠠᠯᠵᠢᠬᠤ ᠣᠷᠣᠨ ᠤ ᠪᠠᠶᠠᠵᠢᠯ ᠤᠨ ᠳᠠᠭᠠᠭᠤᠯᠤᠭᠴᠢ᠂ ᠨᠤᠲᠤᠭ ᠲᠠᠭᠠᠨ ᠪᠤᠴᠠᠵᠤ ᠦᠶᠯᠡᠰ ᠴᠣᠭᠴᠠᠯᠠᠭᠰᠠᠨ ᠣᠶᠤᠲᠠᠨ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠤᠨ ᠬᠠᠷᠢᠭᠤᠴᠠᠯᠠᠭᠠᠳᠠᠨ ᠵᠡᠷᠭᠡ 20 ᠭᠠᠷᠤᠶ ᠬᠥᠮᠦᠨ ᠣᠷᠣᠯᠴᠠᠵᠦ᠂ ᠪᠣᠯᠪᠠᠰᠣᠷᠠᠯ ᠳᠤ ᠣᠷᠣᠯᠴᠠᠬᠰᠠᠳ ᠲᠤ ᠡᠯᠧᠺᠲᠷᠣᠨ ᠬᠤᠳᠠᠯᠳᠤᠭᠠᠨ ᠤ ᠲᠣᠬᠠᠢ ᠮᠡᠳᠡᠯᠭᠡ ᠮᠡᠳᠡᠴᠡ ᠪᠠᠨ ᠳᠡᠭᠡᠭᠰᠢᠯᠡᠭᠦᠯᠭᠦ ᠳᠤ ᠣᠭᠢ ᠰᠠᠶᠢᠨ ᠲᠠᠪᠴᠠᠩ ᠬᠠᠨᠭ᠍ᠭᠠᠵᠠᠢ᠃       ᠣᠷᠣᠯᠴᠠᠬᠴᠢ ᠰᠢᠯᠢᠩᠭᠤᠸ᠎ᠠ᠄ ︽ᠪᠢ ᠡᠨᠡ ᠣᠳᠠᠭᠠᠨ ᠤ ᠪᠣᠯᠪᠠᠰᠣᠷᠠᠯ ᠳᠤ ᠣᠷᠣᠯᠴᠠᠭᠠᠳ ᠠᠷᠠᠯᠵᠢᠶ᠎ᠠ ᠬᠤᠳᠠᠯᠳᠣᠭᠠᠨ ᠤ ᠶᠠᠪᠣᠳᠠᠯ ᠪᠠ ᠰᠢᠭᠤᠳ ᠨᠡᠪᠳᠡᠷᠡᠬᠦᠯᠬᠡ ᠶᠢᠨ ᠲᠣᠬᠠᠢ ᠣᠣᠯ ᠤᠨ ᠣᠶᠢᠯᠠᠭᠠᠯᠳᠠ ᠨᠢᠮᠬᠡᠨ ᠪᠠᠶᠢᠬᠰᠠᠨ  ᠠᠴᠠ ᠪᠠᠨ ᠣᠯᠠᠮ ᠶᠡᠭᠡ ᠬᠦᠨᠵᠡᠬᠡᠢ ᠪᠣᠯᠣᠬᠰᠠᠨ︔ ᠬᠤᠵᠢᠮ ᠡᠶᠢᠮᠣᠷᠬᠦᠦ ᠲᠠᠯ᠎ᠠ ᠪᠠᠷ ᠦᠢᠯᠡᠰ ᠪᠣᠰᠬᠠᠬᠤ ᠳᠤ ᠡᠶᠢᠮᠣ ᠪᠣᠯᠪᠠᠰᠣᠷᠠᠯ ᠪᠢᠳᠠᠨ ᠳᠤ ᠶᠡᠭᠡ ᠴᠢᠬᠤᠯᠠ ᠦᠢᠯᠡᠳᠣᠯ ᠦᠵᠡᠬᠦᠯᠬᠦ ᠨᠢ ᠯᠡᠪᠲᠠᠢ︾ ᠭᠡᠵᠦ ᠪᠠᠶᠢᠯ᠎ᠠ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号