ᠬᠦᠪᠡᠭᠡᠲᠦ ᠰᠢᠷ᠎ᠠ ᠬᠤᠰᠢᠭᠤ ᠮᠠᠯᠵᠢᠬᠤ ᠤᠷᠤᠨ ᠤᠵᠠᠮ ᠱᠤᠭᠤᠮ ᠢ ᠰᠠᠶᠢᠲᠤᠷ ᠪᠥᠲᠥᠭᠡᠨ ᠪᠠᠶᠢᠭᠤᠯᠵᠤ
ᠨᠡᠶᠢᠲᠡᠯᠡᠭᠰᠡᠨ ᠴᠠᠭ᠄
2023/11/28
ᠬᠦᠪᠡᠭᠡᠲᠦ ᠰᠢᠷ᠎ᠠ ᠬᠤᠰᠢᠭᠤ ᠮᠠᠯᠵᠢᠬᠤ ᠤᠷᠤᠨ ᠤᠵᠠᠮ ᠱᠤᠭᠤᠮ ᠢ ᠰᠠᠶᠢᠲᠤᠷ ᠪᠥᠲᠥᠭᠡᠨ ᠪᠠᠶᠢᠭᠤᠯᠵᠤ ᠪᠤᠢ     ᠬᠠᠮ ᠵᠠᠭᠤᠴᠢᠯᠠᠭᠤᠷ ᠤᠨ ᠰᠤᠷᠪᠤᠯᠵᠢᠯᠠᠭᠴᠢ               ᠵᠤᠨ᠎ᠠ ᠬᠠᠰᠪᠢᠯᠢᠭ᠌ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠪᠣᠯ ᠬᠦᠳᠡᠭᠡ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠰᠠᠭᠤᠷᠢ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠪᠣᠯᠤᠨ᠎ᠠ᠃ ᠣᠶᠢᠷ᠎ᠠ ᠶᠢᠨ ᠵᠢᠯ ᠠᠴᠠ ᠨᠠᠰᠢ᠂ ᠮᠠᠨ ᠤ ᠬᠤᠰᠢᠭᠤ ᠮᠠᠯᠵᠢᠬᠤ ᠣᠷᠣᠨ ᠤ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢ ᠬᠥᠭᠵᠢᠭᠦᠯᠬᠦ ᠶᠢ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠭᠠᠨ ᠭᠤᠤᠯᠳᠠᠯᠭ᠎ᠠ ᠲᠠᠢ ᠠᠬᠢᠭᠤᠯᠵᠤ᠂ ᠮᠠᠯᠵᠢᠬᠤ ᠣᠷᠣᠨ ᠤ ᠵᠠᠮ ᠱᠤᠭᠤᠮ ᠢ ᠪᠥᠬᠦ ᠬᠦᠴᠦᠨ ᠢᠶᠠᠷ ᠢᠶᠠᠨ ᠨᠡᠪᠲᠡᠷᠡᠭᠦᠯᠵᠡᠢ᠃C013 ᠲᠣᠰᠬᠤᠨ ᠤ ᠵᠠᠮ ᠪᠤᠯ ᠪᠠᠶᠠᠨᠲᠠᠯ᠎ᠠ ᠪᠠᠯᠭᠠᠰᠤᠨ ᠤ ᠬᠠᠨ᠎ᠠ ᠶᠢᠨ ᠠᠭᠤᠯᠠ ᠭᠠᠴᠠᠭ᠎ᠠ ᠶᠢ ᠬᠤᠯᠪᠤᠵᠤ ᠪᠠᠶᠢᠭ᠎ᠠ ᠪᠥᠬᠦ ᠣᠷᠳᠣ ᠨᠢ 12.89 ᠺᠢᠯᠣᠮᠧᠲᠷ ᠲᠤ ᠬᠦᠷᠬᠦ ᠮᠠᠨ ᠤ ᠬᠤᠰᠢᠭᠤᠨ ᠤ 2023 ᠣᠨ ᠤ ᠲᠤᠰᠬᠠᠶ ᠲᠦᠷᠦᠯ ᠢᠶᠠᠷ ᠵᠠᠰᠠᠵᠤ ᠰᠡᠯᠪᠢᠭᠰᠡᠨ ᠢᠨᠵᠧᠨᠧᠷᠢᠩ ᠤᠨ ᠲᠥᠷᠥᠯ ᠵᠦᠢᠯ ᠪᠣᠯᠤᠨ᠎ᠠ᠃ ᠮᠠᠯᠴᠢᠨ ᠰᠠᠶᠢᠨᠬᠤᠪᠢᠲᠦ ᠪᠤᠯ ᠬᠠᠨ᠎ᠠ ᠶᠢᠨ ᠠᠭᠤᠯᠠ ᠭᠠᠴᠠᠭᠠᠨ ᠎ ᠤ ᠦᠬᠡᠷ ᠮᠠᠯᠵᠢᠬᠤ ᠳᠠᠭᠤᠷᠢᠶᠠᠯ ᠡᠷᠦᠬᠡ ᠪᠠᠶᠢᠵᠤ᠂ ᠲᠤᠰ ᠵᠠᠮ ᠨᠢ ᠲᠡᠳᠡᠨᠠᠶᠢᠬᠢᠨ ᠰᠢᠭ ᠮᠠᠯᠵᠢᠬᠤ ᠦᠢᠯᠡᠳᠪᠦᠷᠢᠯᠡᠯ ᠤᠨ ᠪᠡᠯᠡᠳᠬᠡᠯ ᠤᠯᠠᠨ ᠬᠢᠳᠡᠭ ᠠᠶᠢᠯ ᠡᠷᠦᠬᠡ ᠳᠤ ᠶᠡᠭᠡ ᠳᠦᠬᠦᠮ ᠦᠵᠡᠬᠦᠯᠦᠭᠰᠡᠨ ᠪᠠᠶᠢᠯ᠎ᠠ᠃ ︽ᠪᠢ ᠬᠤᠰᠢᠭᠤᠨ ᠳᠤ ᠠᠵᠢᠯ ᠎ ᠢᠶᠠᠷ ᠤᠴᠢᠭᠠᠳ ᠢᠷᠡᠯ᠎ᠡ︔ ᠵᠠᠮ ᠵᠠᠰᠠᠵᠤ ᠪᠠᠷᠠᠭᠰᠠᠨ ᠤ ᠳᠠᠷᠠᠭ᠎ᠠ ᠪᠢᠳᠡᠨ ᠤ ᠠᠮᠢᠳᠤᠷᠠᠯ ᠳᠤ ᠮᠠᠰᠢ ᠲᠦᠬᠦᠮ ᠦᠵᠡᠭᠦᠯᠵᠡᠢ︔ ᠥᠩᠭᠡᠷᠡᠭᠰᠡᠨ ᠳᠤ ᠬᠤᠰᠢᠭᠤᠨ ᠳᠤ ᠣᠴᠢᠬᠤ ᠳᠤ ᠪᠠᠷᠤᠭ ᠨᠢᠭᠡ ᠴᠠᠭ ᠬᠡᠷᠡᠭᠰᠡᠨ᠎ᠡ︔ ᠤᠳᠤ ᠬᠤᠰᠢᠭᠤᠨ ᠳᠤ ᠣᠴᠢᠬᠤ ᠳᠤ ᠳᠦᠴᠢᠬᠡᠨ ᠮᠢᠨᠦ᠋ᠲ ᠬᠡᠷᠡᠭᠰᠡᠨ᠎ᠡ︔ ᠡᠪᠡᠰᠦ ᠪᠣᠷᠳᠤᠭ᠎ᠠ ᠣᠷᠣᠭᠤᠯᠬᠤ ᠳᠤ ᠮᠠᠰᠢ ᠲᠦᠭᠦᠮ ᠪᠤᠯᠤᠭᠰᠠᠨ︾ ᠭᠡᠵᠦ ᠰᠠᠶᠢᠨᠬᠤᠪᠢᠲᠦ ᠶᠠᠷᠢᠯ᠎ᠠ᠃ ᠮᠠᠯᠵᠢᠬᠤ ᠣᠷᠣᠨ ᠤ ᠵᠠᠰᠠᠮᠠᠯ ᠵᠠᠮ ᠨᠢ ᠨᠢᠭᠡᠨᠲᠡ ᠠᠵᠤ ᠠᠬᠤᠢ ᠶᠢᠨ ᠰᠤᠳᠠᠰᠤ ᠪᠤᠯᠵᠤ᠂ ᠮᠠᠯᠵᠢᠬᠤ ᠣᠷᠣᠨ ᠤ ᠬᠥᠭᠵᠢᠯᠲᠡ ᠶᠢᠨ ᠯᠤᠲᠤ ᠶᠡᠭᠡ ᠬᠤᠪᠢᠷᠠᠯᠲᠠ ᠶᠢ ᠭᠡᠷᠡᠴᠢᠯᠡᠵᠦ᠂ ᠠᠷᠠᠳ ᠤᠯᠠᠨ ᠤ ᠵᠣᠯ ᠵᠢᠷᠭᠠᠯᠲᠤ ᠠᠮᠢᠳᠤᠷᠠᠯ ᠢ ᠴᠤᠭᠴᠠᠯᠠᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠮᠠᠨ ᠤ ᠬᠤᠰᠢᠭᠤ ᠨᠢ ︽ᠠᠭᠤᠯᠠ ᠳᠠᠭᠠᠷᠠᠪᠠᠯ ᠵᠠᠮ ᠨᠡᠭᠡᠭᠡᠵᠦ᠂ ᠤᠰᠤ ᠳᠠᠭᠠᠷᠠᠪᠠᠯ ᠬᠥᠭᠦᠷᠭᠡ ᠲᠠᠯᠪᠢᠬᠤ︾ ᠵᠠᠮ ᠬᠠᠷᠢᠯᠴᠠᠭᠠᠨ ᠤ ᠲᠡᠮᠡᠴᠡᠯ ᠤᠨ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠡᠷᠡᠮᠡᠬᠡᠶᠢᠯᠡᠨ ᠤᠷᠤᠭᠰᠢᠯᠠᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠲᠦᠷᠭᠡᠨ ᠬᠥᠭᠵᠢᠯᠲᠡ ᠶᠢ ᠠᠬᠢᠭᠤᠯᠬᠤ ᠪᠠᠷ ᠪᠤᠢ᠃ ︽2023 ᠣᠨ ᠳᠤ ᠮᠠᠨ ᠤ ᠬᠤᠰᠢᠭᠤ ᠮᠠᠯᠵᠢᠬᠤ ᠣᠷᠣᠨ ᠤ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢ ᠰᠠᠶᠢᠳᠤᠷ ᠬᠢᠵᠤ᠂ ᠨᠡᠶᠢᠲᠡ 1.05 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ᠮᠠᠯᠵᠢᠬᠤ ᠣᠷᠣᠨ ᠤ 46 ᠺᠢᠯᠣᠮᠧᠲᠷ ᠤᠨ ᠵᠠᠰᠠᠮᠠᠯ ᠵᠠᠮ ᠵᠠᠰᠠᠬᠤ ᠠᠵᠢᠯ ᠢ ᠡᠬᠢᠯᠡᠬᠦᠯᠵᠤ᠂ 70.77 ᠺᠢᠯᠣᠮᠧᠲᠷ ᠤᠨ ᠲᠤᠰᠬᠠᠶ ᠠᠷᠠᠴᠢᠯᠠᠯᠲᠠ ᠬᠢᠵᠦ᠂ ᠵᠠᠰᠠᠮᠠᠯ ᠵᠠᠮ ᠤᠨ ᠬᠡᠮ ᠰᠣᠭᠤᠭ ᠢ 400 ᠭᠠᠷᠤᠶ ᠺᠢᠯᠣᠮᠧᠲᠷ ᠵᠠᠰᠠᠵᠤ᠂ ᠣᠲᠣ ᠪᠣᠯᠲᠠᠯ᠎ᠠ᠂ ᠪᠥᠬᠦ ᠬᠤᠰᠢᠭᠤᠨ ᠤ ᠮᠠᠯᠵᠢᠬᠤ ᠣᠷᠣᠨ ᠤ ᠵᠠᠰᠠᠮᠠᠯ ᠵᠠᠮ ᠤᠨ ᠣᠷᠳᠣ ᠨᠢᠭᠡᠨᠲᠡ 1188 ᠺᠢᠯᠣᠮᠧᠲᠷ ᠲᠤ ᠬᠦᠷᠴᠡᠶ︾ ᠭᠡᠵᠤ ᠬᠤᠰᠢᠭᠤ ᠵᠠᠮ ᠬᠠᠷᠢᠯᠴᠠᠭ᠎ᠠ ᠲᠡᠭᠡᠭᠡᠪᠦᠷᠢ ᠶᠢᠨ ᠳᠤᠪᠴᠢᠶᠠᠨ ᠤ ᠳᠡᠳ᠋ ᠲᠣᠪᠴᠢᠶᠠᠨ ᠳᠠᠷᠤᠭ᠎ᠠ ᠬᠠᠳᠠ ᠶᠠᠷᠢᠯ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号