ᠬᠥᠪᠡᠭᠡᠲᠦ ᠰᠢᠷ᠎ᠠ ᠬᠤᠰᠢᠭᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ            ᠴᠠᠬᠢᠯᠭᠠᠨ ᠬᠦᠴᠦᠨ ᠤ ᠪᠠᠲᠤᠯᠠᠭ᠎ᠠ ᠶᠢ ᠰᠠᠶᠢᠳᠥᠷ ᠠᠬᠢᠭᠤᠯᠵᠤ
ᠨᠡᠶᠢᠲᠡᠯᠡᠭᠰᠡᠨ ᠴᠠᠭ᠄
2023/11/28
ᠬᠥᠪᠡᠭᠡᠲᠦ ᠰᠢᠷ᠎ᠠ ᠬᠤᠰᠢᠭᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ            ᠴᠠᠬᠢᠯᠭᠠᠨ ᠬᠦᠴᠦᠨ ᠤ ᠪᠠᠲᠤᠯᠠᠭ᠎ᠠ ᠶᠢ ᠰᠠᠶᠢᠳᠥᠷ ᠠᠬᠢᠭᠤᠯᠵᠤ ᠪᠤᠢᠬᠠᠮ ᠵᠠᠭᠤᠴᠢᠯᠠᠭᠤᠷ ᠤᠨ ᠰᠤᠷᠪᠤᠯᠵᠢᠯᠠᠭᠴᠢ      ᠬᠠᠰᠭᠤᠸ᠎ᠠ ᠬᠠᠰᠪᠢᠯᠢᠭ᠌ ᠬᠥᠪᠡᠭᠡᠲᠦ ᠰᠢᠷ᠎ᠠ ᠬᠤᠰᠢᠭᠤ ᠮᠠᠯᠵᠢᠬᠤ ᠲᠠᠷᠢᠶᠠᠯᠠᠬᠤ ᠣᠷᠣᠨ ᠤ ᠴᠠᠬᠢᠯᠭᠠᠨ ᠲᠣᠣᠷ ᠤᠨ ᠰᠠᠭᠤᠷᠢ ᠲᠥᠬᠦᠭᠡᠷᠦᠮᠵᠢ ᠶᠢ ᠲᠡᠰ ᠳᠡᠪᠰᠢᠭᠦᠯᠬᠦ ᠢᠨᠵᠧᠨᠧᠷᠢᠩ ᠢ ᠢᠳᠡᠪᠬᠢᠲᠡᠢ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠴᠠᠬᠢᠯᠭᠠᠨ ᠬᠦᠴᠦᠨ ᠤ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠨᠥᠬᠦᠪᠥᠷᠢᠯᠡᠵᠦ᠂ ᠮᠠᠯᠴᠢᠨ ᠲᠦᠮᠡᠨ ᠤ ᠠᠮᠢᠳᠤᠷᠠᠯ ᠤᠨ ᠶᠠᠰᠤ ᠴᠢᠨᠠᠷ ᠵᠢᠴᠢ ᠦᠢᠯᠡᠳᠪᠦᠷᠢᠯᠡᠯ ᠤᠨ ᠲᠦᠪᠰᠢᠨ ᠢ ᠴᠢᠨᠠᠭᠰᠢᠳᠠ ᠳᠡᠭᠡᠭᠰᠢᠯᠡᠭᠦᠯᠬᠦ ᠳᠤ ᠴᠠᠬᠢᠯᠭᠠᠨ ᠬᠦᠴᠦᠨ ᠤ ᠪᠠᠲᠤᠯᠠᠭ᠎ᠠ ᠶᠢ ᠰᠠᠶᠢᠳᠤᠷ ᠬᠠᠩᠭᠠᠵᠤ ᠪᠤᠢ᠃ᠬᠥᠪᠡᠭᠡᠲᠦ ᠰᠢᠷ᠎ᠠ ᠬᠤᠰᠢᠭᠤᠠ ᠤ ᠪᠠᠶᠠᠠᠳᠠᠯ᠎ᠠ ᠪᠠᠯᠭᠠᠰᠤᠨ ᠤ ᠲᠠᠯ᠎ᠠ ᠶᠢᠨ ᠤᠰᠤ ᠭᠠᠴᠠᠭᠠᠨ ᠤ ᠮᠠᠯᠴᠢᠨ ᠢᠳᠡᠷᠭᠡᠭ ᠶᠢᠨ ᠬᠢ ᠤᠷᠴᠢᠮ ︽ᠱᠢ ᠮᠥᠸᠧ ᠰᠢ ᠴᠠᠬᠢᠯᠭᠠᠨ ᠳᠤᠯᠠᠭᠠᠯᠠᠭ᠎ᠠ ᠶᠢᠨ ᠵᠤᠤᠬ᠎ᠠ︾ ᠤᠠᠠᠰᠠᠷᠠᠵᠤ᠂ ᠦᠨᠥ ᠵᠢᠯ ᠨᠡᠭᠦᠷᠡᠰᠦ ᠲᠦᠯᠡᠬᠦ ᠴᠢᠬᠤᠯᠠ ᠦᠭᠡᠢ ᠪᠤᠯᠤᠠᠠᠰᠠᠠ ᠪᠠᠶᠢᠨ᠎ᠠ᠃ ᠨᠡᠭᠦᠷᠡᠰᠦ ᠲᠦᠯᠡᠵᠦ ᠳᠤᠯᠠᠭᠠᠯᠠᠬᠤ ᠠᠴᠠ ᠴᠠᠬᠢᠯᠭᠠᠨ ᠳᠤᠯᠠᠭᠠᠯᠭ᠎ᠠ ᠶᠢᠨ ᠵᠤᠤᠬ᠎ᠠ ᠬᠡᠷᠡᠭᠯᠡᠭᠦ ᠪᠤᠯᠤᠠᠠᠰᠠᠠ ᠨᠢ ᠮᠠᠯᠴᠢᠳ ᠤᠨ ᠠᠵᠢᠯ ᠤᠨ ᠴᠠᠭ ᠪᠠ ᠬᠦᠳᠡᠯᠮᠦᠷᠢ ᠶᠢ ᠠᠷᠪᠢᠯᠠᠵᠤ  ᠳᠤᠯᠠᠭᠠᠨ ᠲᠠᠪᠳᠠᠢ ᠰᠠᠭᠤᠬᠤ ᠪᠤᠯᠭᠠᠠᠠᠰᠠᠠ ᠪᠥᠭᠡᠳ ᠤᠳᠤᠭ᠎ᠠ ᠦᠨᠡᠰᠥᠡ ᠤ ᠪᠣᠬᠢᠷᠲᠤᠯ ᠢ ᠪᠠᠭᠠᠰᠬᠠᠠᠠᠰᠠᠠ ᠪᠠᠶᠢᠨ᠎ᠠ᠃ ︽ᠡᠨᠡ ᠵᠢᠯ ᠮᠠᠨ ᠤ ᠬᠤᠲᠠ ᠭᠤᠷᠪᠠᠨ ᠹᠠᠰᠳᠤ ᠴᠠᠬᠢᠯᠭᠠᠨ ᠲᠠᠢ ᠪᠣᠯᠵᠤ᠂ ᠮᠠᠯᠴᠢᠳ ᠤᠨ ᠡᠯ᠎ᠡ ᠵᠦᠢᠯ ᠤᠨ ᠴᠠᠬᠢᠯᠭᠠᠨ ᠬᠡᠷᠡᠭᠰᠡᠯ ᠬᠡᠷᠡᠭᠯᠡᠬᠦ ᠳᠤ ᠨᠡᠩ ᠳᠥᠭᠦᠮ ᠪᠤᠯᠤᠭᠰᠠᠨ︔ ᠨᠡᠭᠦᠷᠡᠰᠦᠨ ᠤ ᠦᠨᠡᠰᠦ ᠬᠤᠭ ᠴᠡᠪᠡᠷᠯᠡᠬᠦ ᠠᠵᠢᠯ ᠦᠭᠡᠢ ᠪᠤᠯᠵᠥ᠂ ᠭᠡᠷ ᠤᠨ ᠳᠤᠯᠠᠭᠠᠨ ᠢᠶᠠᠨ ᠠᠮᠢᠳᠤᠯᠢᠭ ᠢᠶᠠᠷ ᠲᠣᠬᠢᠷᠠᠭᠤᠯᠵᠤ ᠪᠤᠯᠬᠤ ᠪᠤᠯᠤᠭᠰᠠᠨ︾ ᠭᠡᠵᠥ ᠢᠳᠡᠷᠬᠡᠭ ᠶᠠᠷᠢᠯ᠎ᠠ᠃ ᠪᠠᠶᠠᠨᠲᠠᠯ᠎ᠠ ᠪᠠᠯᠭᠠᠰᠤᠨ ᠤ ᠬᠥᠬᠡᠪᠦᠷ ᠭᠠᠴᠠᠭᠠᠨ ᠤ ᠮᠠᠯᠴᠢᠨ ᠬᠠᠳᠠᠪᠠᠭᠠᠲᠤᠷ ᠤᠨ ᠬᠢ ᠴᠠᠬᠢᠯᠭᠠᠨ ᠳᠤᠯᠠᠭᠠᠯᠭ᠎ᠠ ᠶᠢᠨ ᠵᠤᠤᠬ᠎ᠠ ᠤᠠᠠᠰᠠᠷᠠᠭᠠᠤᠠ ᠨᠡᠯᠢᠶᠡᠳ ᠡᠳᠥᠷ ᠪᠤᠯᠵᠤ ᠪᠠᠶᠢᠨ᠎ᠠ᠃ ᠡᠪᠦᠯ ᠳᠡᠭᠡᠨ ᠬᠠᠳᠠᠪᠠᠭᠠᠲᠤᠷ ᠭᠠᠭᠴᠠᠭᠠᠷ ᠭᠡᠷ ᠬᠠᠷᠠᠳᠠᠭ ᠪᠤᠯᠬᠤᠷ᠂ ᠭᠠᠳᠠᠨ᠎ᠠ ᠠᠵᠢᠯ ᠳᠠᠭᠠᠨ ᠶᠠᠭᠠᠷᠠᠭᠠᠳ ᠭᠠᠯ ᠲᠦᠯᠡᠵᠥ ᠵᠠᠪᠳᠤᠬᠤ ᠦᠬᠡᠢ ᠭᠡᠷ ᠲᠡᠭᠡᠨ ᠤᠷᠤᠪᠠᠯ ᠭᠡᠷ ᠨᠢ ᠬᠦᠷᠦᠭᠡᠳ ᠭᠦᠢᠳᠡᠡ ᠪᠤᠯᠴᠢᠬᠠᠳᠠᠭ᠃ ᠣᠳᠣ ᠠᠵᠢᠯ ᠳᠤ ᠭᠠᠷᠬᠤ ᠠᠴᠠ ᠡᠮᠦᠨ᠎ᠡ ᠴᠠᠬᠢᠯᠭᠠᠨ ᠳᠤᠯᠠᠭᠠᠯᠭ᠎ᠠ ᠶᠢᠨ ᠵᠤᠤᠬ᠎ᠠ ᠪᠠᠨ ᠲᠤᠭᠢᠷᠠᠭᠤᠯᠵᠤ᠂ ᠭᠡᠷ ᠢᠶᠠᠨ ᠦᠷᠭᠦᠯᠵᠢ ᠳᠤᠯᠠᠭᠠᠬᠠᠨ ᠪᠠᠶᠢᠯᠭᠠᠵᠤ ᠲᠡᠶᠢᠯᠭᠦ ᠪᠣᠯᠵᠠᠢ᠃ ᠬᠠᠳᠠᠪᠠᠭᠠᠲᠤᠷ᠄ ︽ᠮᠠᠠ ᠤ ᠬᠢ ᠰᠥᠨᠢ ᠳᠤ ᠪᠠᠨ ᠴᠠᠬᠢᠯᠭᠠᠨ ᠲᠣᠯᠠᠭᠠᠯᠭ᠎ᠠ ᠶᠢᠨ ᠵᠣᠤᠬ᠎ᠠ ᠪᠠᠨ ᠨᠡᠭᠡᠭᠡᠵᠦ᠂ ᠰᠦᠨᠢ ᠳᠤᠮᠳᠠᠴᠢ ᠶᠢᠨ ᠭᠡᠷ ᠤᠨ ᠳᠤᠯᠠᠭᠠᠨ ᠤ ᠬᠡᠮᠵᠢᠶ᠎ᠡ 25 ᠭᠷᠠᠳᠦ᠋ᠰ ᠲᠤ ᠬᠦᠷᠴᠦ᠂ ᠥᠷᠯᠥᠭᠡ ᠶᠢᠨ ᠨᠠᠢᠮᠠᠨ ᠴᠠᠭ ᠲᠤ ᠬᠠᠭᠠᠵᠤ ᠪᠠᠶᠢᠨ᠎ᠠ᠃ 80 ᠭᠠᠷᠤᠶ ᠲᠡᠭᠰᠢ ᠳᠥᠷᠪᠡᠯᠵᠢᠨ ᠮᠧᠲᠷ ᠤᠨ ᠪᠠᠶᠢᠰᠢᠩ ᠨᠢ ᠨᠢᠭᠡ ᠰᠥᠨᠢ ᠳᠡᠭᠡᠨ 7 ᠲᠥᠭᠦᠷᠢᠭ ᠤᠨ ᠴᠠᠬᠢᠯᠭᠠᠨ ᠤ ᠵᠠᠷᠤᠳᠠᠯ ᠬᠡᠷᠡᠭᠰᠡᠵᠦ᠂ ᠨᠡᠭᠦᠷᠡᠰᠦ ᠵᠠᠷᠤᠬᠤ ᠠᠴᠠ ᠵᠠᠷᠤᠳᠠᠯ ᠪᠠᠭ᠎ᠠ ᠪᠠᠶᠢᠨ᠎ᠠ ︾ ᠬᠡᠵᠥ  ᠪᠠᠶᠢᠯ᠎ᠠ᠃ᠣᠳᠣᠬᠠᠨ ᠳᠤ᠂ ᠪᠥᠬᠦ ᠬᠤᠰᠢᠭᠤᠨ ᠤ ᠡᠯ᠎ᠡ ᠰᠤᠮᠤ ᠪᠠᠯᠭᠠᠰᠤᠨ ᠤ 381 ᠬᠤᠲᠠ ᠤᠰᠤᠠ ᠤ 1930 ᠮᠠᠯᠴᠢᠡ ᠡᠷᠦᠬᠡ  ᠳᠤ ᠭᠤᠷᠪᠠᠨ ᠹᠠᠰᠳᠤ ᠤᠨ ᠴᠠᠬᠢᠯᠭᠠᠨ ᠨᠡᠪᠲᠡᠷᠡᠵᠤ᠂ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠳᠤ ᠶᠡᠬᠡᠬᠡᠨ ᠳᠦᠬᠦᠮ ᠦᠵᠡᠬᠦᠯᠵᠤ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号