ᠬᠥᠪᠡᠭᠡᠲᠦ ᠰᠢᠷ᠎ᠠ ᠬᠤᠰᠢᠭᠤᠨ ᠤ ᠮᠠᠯᠴᠢᠠ ᠰᠠᠶᠢᠡᠬᠤᠪᠢᠳᠥ ᠬᠤᠸᠠ ᠰᠢ ᠦᠬᠡᠷ ᠲᠡᠵᠢᠭᠡᠨ ᠦᠷᠡᠵᠢᠭᠦᠯᠬᠦ ᠳᠠᠭᠠᠭᠤᠯᠤᠭᠴᠢ ᠡᠷᠥᠭᠡ ᠪᠤᠯᠤᠠᠠᠰᠠᠠ
ᠨᠡᠶᠢᠲᠡᠯᠡᠭᠰᠡᠨ ᠴᠠᠭ᠄
2023/5/19
      ᠰᠢᠮᠧᠨ᠋ᠲᠷ ᠦᠬᠡᠷ ᠲᠡᠵᠢᠭᠡᠨ ᠦᠷᠡᠵᠢᠭᠦᠯᠬᠦ ᠠᠴᠠ ᠬᠤᠸᠠ ᠰᠢ ᠦᠬᠡᠷ ᠲᠡᠵᠢᠭᠡᠨ ᠦᠷᠡᠵᠢᠭᠦᠯᠬᠦ ᠵᠠᠮ ᠢᠶᠠᠷ ᠵᠠᠮᠨ᠋ᠬᠠᠰᠠᠠ ᠬᠥᠪᠡᠭᠡᠲᠦ ᠰᠢᠷ᠎ᠠ ᠬᠤᠰᠢᠭᠤᠨ ᠤ ᠪᠠᠶᠠᠠᠳᠠᠯ᠎ᠠ ᠪᠠᠯᠭᠠᠰᠤᠠ ᠤ ᠬᠠᠨ᠎ᠠ ᠶᠢᠨ ᠠᠭᠤᠯᠠ ᠭᠠᠴᠠᠭᠠᠠ ᠤ ᠮᠠᠯᠴᠢᠠ ᠰᠠᠶᠢᠡᠬᠤᠪᠢᠳᠥ ᠶᠢᠨ 2022 ᠣᠨ ᠳᠤ ᠳᠤᠮᠳᠠᠴᠢ ᠪᠠᠷ 13000 ᠭᠠᠷᠤᠶ ᠲᠥᠭᠦᠷᠢᠭ ᠦᠨ᠎ᠡ ᠪᠠᠷ ᠲᠤᠭᠤᠯ ᠢᠶᠠᠨ ᠬᠤᠳᠠᠯᠳᠤᠵᠥ᠂ ᠬᠤᠸᠠ ᠰᠢ ᠦᠬᠡᠷ  ᠤᠨ ᠦᠷ᠎ᠡ ᠠᠰᠢᠭ ᠢ ᠤᠯᠤᠠᠠᠰᠠᠠ ᠪᠠᠶᠢᠨ᠎ᠠ᠃       ᠰᠠᠶᠢᠡᠬᠤᠪᠢᠳᠥ ᠶᠢᠨ ᠣᠳᠣᠬᠢᠴᠢᠯᠠᠭᠰᠠᠨ ᠬᠡᠷ ᠪᠦᠯᠢ ᠶᠢᠨ ᠮᠠᠯᠵᠢᠯ ᠤᠨ ᠲᠠᠯᠠᠪᠠᠶ ᠳᠤ ᠤᠷᠤᠬᠤ ᠳᠤ᠂ 3000 ᠭᠠᠷᠤᠶ ᠲᠡᠭᠰᠢ ᠳᠥᠷᠪᠡᠯᠵᠢᠨ ᠮᠧᠲᠷ ᠤᠨ ᠬᠠᠰᠢᠶ᠎ᠠ ᠫᠸᠡᠭ ᠰᠠᠷᠠᠪᠴᠢ᠂ ᠪᠣᠷᠳᠤᠭ᠎ᠠ ᠡᠳ᠋ᠰᠢᠭᠦᠯᠬᠦ ᠮᠠᠰᠢᠨ᠂ ᠡᠯᠧᠺᠲᠷᠣᠨ ᠬᠢᠨᠠᠨ ᠡᠵᠡᠮᠳᠡᠬᠦ ᠲᠥᠬᠦᠭᠡᠷᠦᠮᠵᠢ ᠵᠡᠷᠭᠡ ᠦᠶᠯᠡᠳᠪᠦᠷᠢᠯᠡᠯ ᠤᠨ ᠲᠥᠬᠦᠭᠡᠷᠦᠮᠵᠢ ᠢᠵᠢ ᠪᠦᠷᠢᠨ ᠪᠠᠶᠢᠵᠤ᠂ 100 ᠭᠠᠷᠤᠶ ᠬᠤᠸᠠ ᠰᠢ ᠦᠬᠡᠷ ᠲᠡᠵᠢᠭᠡᠨ ᠦᠷᠡᠵᠢᠭᠦᠯᠵᠥ ᠪᠠᠶᠢᠯ᠎ᠠ᠃ ᠠᠵᠢᠯᠴᠢ ᠬᠥᠳᠡᠯᠮᠦᠷᠢᠴᠢ ᠤᠬᠠᠭᠠᠯᠢᠭ ᠰᠠᠶᠢᠡᠬᠤᠪᠢᠳᠥ ᠵᠢᠮᠢᠰ ᠬᠤᠶᠠᠭᠤᠯᠠ ᠶᠢᠨ ᠮᠠᠯᠵᠢᠵᠤ ᠪᠠᠶᠢᠭ᠎ᠠ ᠦᠬᠡᠷ ᠤᠨ ᠲᠠᠷᠭᠤ  ᠰᠠᠶᠢᠠ ᠪᠠᠶᠢᠵᠤ᠂ 80 ᠭᠠᠷᠤᠶ ᠦᠨᠢᠶᠡᠡ ᠠᠴᠠ 60 ᠭᠠᠷᠤᠶ ᠲᠤᠭᠤᠯ ᠲᠤᠰᠴᠠᠢ᠃ ᠰᠠᠶᠢᠡᠬᠤᠪᠢᠳᠥ ᠎ ᠶᠢᠨ ᠦᠬᠡᠷ ᠤᠨ ᠡᠭᠦᠯᠳᠡᠷ ᠰᠠᠶᠢᠨ ᠪᠠᠶᠢᠳᠠᠭ ᠠᠴᠠ ᠲᠤᠬᠠᠶ ᠶᠢᠨ ᠭᠠᠵᠠᠷ ᠪᠠ ᠵᠡᠷᠭᠡᠯᠡᠳᠡᠭᠡ ᠬᠤᠰᠢᠭᠤ ᠰᠢᠶᠠᠨ ᠤ ᠮᠠᠰᠢ ᠣᠯᠠᠨ ᠮᠠᠯᠴᠢᠳ ᠲᠡᠳᠡᠡ ᠤ ᠠᠴᠠ ᠦᠷ᠎ᠡ ᠶᠢᠨ ᠮᠠᠯ ᠪᠠ ᠮᠠᠯᠵᠢᠬᠤ ᠦᠨᠢᠶ᠎ᠡ ᠬᠤᠳᠠᠯᠳᠤᠨ ᠠᠪᠴᠤ ᠲᠡᠵᠢᠭᠡᠨ ᠦᠷᠡᠵᠢᠭᠦᠯᠵᠦ  ᠪᠠᠶᠢᠳᠠᠭ᠃      ᠬᠥᠪᠡᠭᠡᠲᠦ ᠰᠢᠷ᠎ᠠ ᠬᠤᠰᠢᠭᠤᠨ ᠤ ᠨᠠᠮ ᠤᠨ ᠭᠡᠰᠢᠭᠦᠨ ᠤ ᠭᠤᠤᠯᠳᠠᠯᠭᠠᠲᠤ ᠡᠷᠦᠬᠡ ᠪᠠ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠤᠯᠤᠠᠠᠰᠠᠠ ᠰᠠᠶᠢᠡᠬᠤᠪᠢᠳᠥ ᠠᠯᠢ ᠡᠷᠲᠡ 20 ᠵᠢᠯ ᠤᠨ ᠡᠮᠦᠨ᠎ᠡ᠂ ᠠᠮᠢ ᠠᠬᠤᠶ ᠶᠢᠨ ᠣᠷᠴᠢᠨ ᠲᠣᠭᠤᠷᠢᠨ ᠤ ᠬᠤᠪᠢᠷᠠᠯᠲᠠ᠂ ᠲᠡᠵᠢᠭᠡᠨ ᠦᠷᠡᠵᠢᠭᠦᠯᠬᠦ ᠥᠪᠡᠷ ᠤᠨ ᠥᠷᠲᠡᠭ ᠤᠨ ᠨᠡᠮᠡᠭᠳᠡᠯ᠂ ᠨᠤᠲᠤᠭ ᠤᠨ ᠡᠭᠦᠯᠳᠡᠷ ᠤᠨ ᠮᠠᠯ ᠢ ᠲᠡᠵᠢᠭᠡᠨ ᠦᠷᠡᠵᠢᠭᠦᠯᠬᠦ ᠪᠠ ᠤᠯᠠᠮᠵᠢᠯᠠᠯᠲᠤ ᠲᠡᠵᠢᠭᠡᠨ ᠦᠷᠡᠵᠢᠭᠦᠯᠬᠦ ᠠᠷᠭ᠎ᠠ ᠬᠡᠯᠪᠡᠷᠢ ᠶᠢᠨ ᠦᠷ᠎ᠡ ᠠᠰᠢᠭ ᠲᠡᠶᠢᠮᠦ ᠰᠠᠶᠢᠨ ᠪᠢᠰᠢ ᠪᠠᠶᠢᠳᠠᠯ ᠢ ᠠᠵᠢᠵᠤ ᠮᠡᠳᠡᠭᠰᠡᠡ ᠰᠠᠶᠢᠡᠬᠤᠪᠢᠳᠥ ᠮᠠᠯᠵᠢᠵᠤ ᠪᠠᠶᠢᠠᠠᠰᠠᠠ 400 ᠭᠠᠷᠤᠶ ᠨᠤᠲᠤᠭ ᠤᠨ ᠡᠭᠦᠯᠳᠡᠷ ᠤᠨ ᠦᠬᠡᠷ ᠬᠤᠨᠢ ᠪᠠᠨ ᠰᠢᠭᠤᠷᠬᠠᠶ ᠪᠠᠷ ᠰᠢᠶᠳᠪᠦᠷᠢᠯᠡᠵᠦ᠂ 35 ᠲᠣᠯᠣᠭᠠᠶ ᠰᠢᠮᠧᠨ᠋ᠲᠷ ᠦᠨᠢᠶ᠎ᠠ ᠣᠷᠣᠭᠤᠯᠤᠨ ᠠᠪᠴᠢᠷᠠᠵᠤ᠂ ᠠᠷᠪᠠᠨ ᠬᠡᠳᠦᠨ ᠵᠢᠯ ᠨᠠᠷᠢᠨ ᠨᠢᠮᠪᠠᠶ ᠦᠷᠡᠵᠢᠭᠦᠯᠦᠨ ᠪᠤᠶᠢᠵᠢᠭᠤᠯᠵᠤ᠂ 2014 ᠣᠨ ᠳᠤ ︽ᠠᠶᠢᠮᠠᠭ ᠤᠨ ᠲᠠᠰ ᠤᠨ ᠰᠢᠮᠧᠨ᠋ᠲᠷ ᠦᠬᠡᠷ ᠤᠨ ᠭᠤᠤᠯᠳᠠᠯᠭᠠᠳᠤ ᠰᠦᠷᠦᠭ ᠪᠤᠶᠢᠵᠢᠭᠤᠯᠤᠠᠠᠰᠠᠠ ᠡᠷᠤᠭᠡ︾᠎ ᠪᠠᠷ ᠲᠤᠠᠠᠳᠠᠭᠠᠠᠠᠳᠠᠵᠤ᠂ 2016 ᠣᠨ ᠳᠤ ︽ᠬᠥᠪᠡᠭᠡᠲᠦ ᠰᠢᠷ᠎ᠠ ᠬᠤᠰᠢᠭᠤᠨ ᠤ ᠠᠭᠤᠯᠠᠩᠳᠤ ᠮᠢᠬᠠᠠ ᠤ ᠦᠬᠡᠷ ᠤᠨ ᠬᠡᠷ ᠪᠦᠯᠢ ᠶᠢᠨ ᠮᠠᠯᠵᠢᠯ ᠤᠨ ᠲᠠᠯᠠᠪᠠᠶ︾᠎ ᠶᠢ ᠳᠠᠩᠰᠠᠯᠠᠭᠤᠯᠵᠤ᠂ ᠲᠤᠬᠠᠶ ᠶᠢᠨ ᠭᠠᠵᠠᠷ ᠤᠨ ᠰᠢᠮᠧᠨ᠋ᠲ᠋ᠧᠷ ᠦᠬᠡᠷ ᠲᠡᠵᠢᠭᠡᠨ ᠦᠷᠡᠵᠢᠭᠦᠯᠬᠦ ᠳᠠᠭᠠᠭᠤᠯᠤᠭᠴᠢ ᠪᠤᠯᠵᠤ᠂ ᠣᠲᠣ ᠪᠤᠯᠬᠤ ᠳᠤ ᠬᠤᠸᠠ ᠰᠢ ᠦᠬᠡᠷ ᠲᠡᠵᠢᠭᠡᠨ ᠦᠷᠡᠵᠢᠭᠦᠯᠬᠦ ᠳᠠᠭᠠᠭᠤᠯᠤᠭᠴᠢ ᠡᠷᠤᠭᠡ ᠪᠣᠯᠵᠠᠶ᠃ᠰᠤᠷᠪᠤᠯᠵᠢᠯᠠᠭ᠎ᠠ᠄ ᠰᠠᠶᠢᠡᠬᠤᠪᠢᠳᠥ ︵ᠮᠠᠨ ᠤ ᠬᠢᠨᠢ 2014 ᠣᠨ ᠳᠤ ᠰᠢᠮᠧᠨ᠋ᠲᠷ ᠦᠬᠡᠷ ᠤᠨ ᠭᠤᠤᠯᠳᠠᠯᠭᠠᠳᠤ ᠰᠦᠷᠦᠭ ᠲᠤ ᠣᠷᠣᠵᠤ᠂ 2022 ᠣᠨ ᠳᠤ ᠤᠯᠤᠰ ᠤᠨ ᠬᠢᠨᠠᠨ ᠬᠡᠮᠵᠢᠯᠲᠡ ᠪᠠᠷ ᠳᠡᠮᠵᠢᠨ ᠬᠤᠸᠠ ᠰᠢ ᠦᠬᠡᠷ ᠤᠨ ᠡᠭᠦᠯᠳᠡᠷ ᠪᠤᠶᠢᠵᠢᠭᠤᠯᠬᠤ ᠰᠦᠷᠦᠭ ᠲᠤ ᠣᠷᠣᠪᠠ᠃ ᠬᠤᠸᠠ ᠰᠢ ᠦᠬᠡᠷ ᠤᠨ ᠡᠭᠦᠯᠳᠡᠷ ᠪᠤᠶᠢᠵᠢᠭᠤᠯᠬᠤ ᠰᠦᠷᠦᠭ ᠲᠤ ᠣᠷᠣᠭᠰᠠᠨ ᠠᠴᠠ ᠬᠤᠶᠢᠰᠢ ᠠᠰᠢᠭ ᠣᠯᠵᠠᠪᠤᠷᠢ ᠨᠡᠯᠢᠶᠡᠳ ᠰᠠᠶᠢᠨ᠂ ᠨᠢᠳᠤᠨᠤᠨ ᠡᠷ᠎ᠡ ᠦᠬᠢᠡ ᠲᠤᠭᠤᠯ ᠢᠶᠠᠨ ᠳᠤᠮᠳᠠᠴᠢ ᠪᠠᠷ 13000 ᠭᠠᠷᠤᠶ ᠲᠥᠭᠦᠷᠢᠭ ᠢᠶᠠᠷ ᠬᠤᠳᠠᠯᠳᠤᠵᠤ᠂ ᠦᠬᠡᠷ ᠨᠢᠭᠡᠪᠦᠷᠢ ᠶᠢᠨ ᠨᠢᠭᠡ ᠵᠢᠯ ᠤᠨ ᠠᠷᠠᠴᠢᠯᠠᠭ᠎ᠠ ᠶᠢᠨ ᠵᠠᠷᠤᠳᠠᠯ 7000 ᠭᠠᠷᠤᠶ ᠲᠥᠭᠦᠷᠢᠭ ᠪᠠᠶᠢᠵᠥ᠂ ᠴᠡᠪᠡᠷ ᠣᠷᠣᠯᠭ᠎ᠠ 5000 ᠲᠥᠭᠦᠷᠢᠭ ᠲᠤ ᠬᠦᠷᠴᠡᠶ᠃︶  ᠭᠡᠵᠥ ᠶᠠᠷᠢᠯ᠎ᠠ᠃      ᠠᠷᠪᠠᠨ ᠬᠡᠳᠦᠨ ᠵᠢᠯ ᠤᠨ ᠲᠤᠷᠰᠢ ᠰᠠᠶᠢᠡᠬᠤᠪᠢᠳᠥ ᠰᠢᠨᠵᠢᠯᠡᠬᠦ ᠤᠬᠠᠭᠠᠨᠴᠢᠯᠠᠭᠰᠠᠨ᠂ ᠨᠠᠷᠢᠯᠢᠭᠵᠢᠭᠤᠯᠤᠭᠰᠠᠨ ᠲᠡᠵᠢᠭᠡᠨ ᠠᠷᠠᠴᠢᠯᠠᠬᠤ ᠬᠠᠮᠢᠶᠠᠷᠤᠯᠲᠠ ᠶᠢ ᠪᠠᠷᠢᠮᠲᠠᠯᠠᠵᠤ᠂ ᠦᠬᠡᠷ ᠤᠨ ᠰᠦᠷᠦᠭ ᠢᠶᠠᠨ ᠲᠠᠰᠤᠷᠠᠯᠲᠠ ᠥᠬᠡᠶ ᠡᠭᠦᠯᠳᠡᠷᠵᠢᠭᠦᠯᠥᠡ ᠪᠤᠵᠠᠭᠠᠶᠢᠷᠠᠭᠤᠯᠵᠤ᠂ ᠦᠬᠡᠷ ᠤᠨ ᠰᠦᠷᠦᠭ ᠨᠢ ᠭᠤᠷᠪᠠᠨ ᠦᠶ᠎ᠡ ᠠᠴᠠ ᠳᠡᠭᠡᠭᠰᠢᠬᠢ ᠤᠳᠤᠮ ᠴᠠᠳᠢᠭ ᠤᠨ ᠲᠠᠩᠰᠠ ᠡᠪᠬᠡᠮᠡᠯ ᠲᠠᠢ ᠪᠣᠯᠵᠣ᠂ ᠦᠬᠡᠷ ᠲᠡᠵᠢᠭᠡᠬᠦ ᠣᠷᠣᠯᠭ᠎ᠠ ᠨᠢ ᠦᠷᠭᠦᠯᠵᠢᠯᠡᠨ ᠨᠡᠮᠡᠭᠳᠡᠪᠡ᠃ ᠲᠠᠷᠠᠭᠠᠴᠢ ᠶᠢᠨ ᠠᠯᠬᠤᠮ ᠳᠤ ᠰᠠᠶᠢᠡᠬᠤᠪᠢᠳᠥ ᠨᠠᠮ ᠤᠨ ᠭᠡᠰᠢᠭᠦᠨ ᠤ ᠭᠤᠤᠯᠳᠠᠯᠭᠠᠲᠤ ᠡᠷᠦᠬᠡ ᠶᠢᠨ ᠦᠶᠯᠡᠳᠦᠯ ᠢ ᠦᠷᠭᠦᠯᠵᠢᠯᠡᠨ ᠪᠠᠳᠠᠷᠠᠭᠤᠯᠵᠤ᠂ ᠬᠠᠮᠤᠭ ᠤᠨ ᠰᠢᠯᠢᠳᠡᠭ ᠴᠢᠨᠠᠷ ᠴᠢᠨᠰᠠᠭ᠎ᠠ᠂ ᠬᠠᠮᠤᠭ ᠤᠨ ᠳᠤᠤᠷ᠎ᠠ ᠦᠨ᠎ᠡ ᠪᠠᠷ ᠳᠡᠷᠭᠡᠳᠡᠬᠢ ᠮᠠᠯᠴᠢᠳ ᠲᠤ ᠰᠠᠶᠢᠨ ᠡᠭᠦᠯᠳᠡᠷ ᠤᠨ ᠮᠠᠯ ᠬᠠᠩᠭᠠᠵᠤ᠂ ᠲᠡᠵᠢᠭᠡᠨ ᠦᠷᠡᠵᠢᠭᠦᠯᠬᠦ ᠮᠡᠷᠭᠡᠵᠢᠯ ᠤᠨ ᠲᠤᠷᠰᠢᠯᠭ᠎ᠠ ᠶᠢ ᠤᠯᠠᠮᠵᠢᠯᠠᠨ᠂ ᠮᠠᠯᠴᠢᠳ ᠤᠨ ᠲᠡᠵᠢᠭᠡᠨ ᠦᠷᠡᠵᠢᠭᠦᠯᠬᠦ ᠥᠪᠡᠷ ᠤᠨ ᠥᠷᠲᠡᠭ ᠢ ᠪᠠᠭᠤᠷᠠᠭᠤᠯᠵᠤ᠂ ᠬᠤᠸᠠ ᠰᠢ ᠦᠬᠡᠷ ᠭᠡᠬᠦ ᠡᠨᠡ ᠰᠠᠶᠢᠠ ᠡᠭᠦᠯᠳᠡᠷ ᠢ ᠮᠠᠯᠴᠢᠨ ᠲᠦᠮᠡᠨ ᠳᠤ ᠥᠷᠭᠡᠨ ᠢᠶᠠᠷ ᠲᠡᠯᠭᠡᠷᠡᠭᠦᠯᠭᠦ ᠪᠤᠯᠤᠨ᠎ᠠ᠃       ᠣᠶᠢᠯᠠᠭᠠᠭᠰᠠᠨ ᠢᠶᠠᠷ᠂ ᠨᠢᠳᠤᠨᠤᠨ ᠤ 8 ᠰᠠᠷ᠎ᠠ ᠶᠢᠨ ᠰᠡᠭᠦᠯᠴᠢ ᠪᠠᠷ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠪᠡᠭᠡᠵᠢᠩ ᠤᠨ ᠮᠠᠯ ᠠᠵᠤ ᠠᠬᠤᠶ ᠮᠠᠯ ᠡᠮᠨᠡᠯᠭᠡ ᠶᠢᠨ ᠰᠤᠳᠤᠯᠭᠠᠨ ᠤ ᠭᠠᠵᠠᠷ ᠤᠨ ᠦᠬᠡᠷ ᠤᠨ ᠤᠳᠤᠮᠯᠠᠯ ᠤᠨ ᠡᠭᠦᠯᠳᠡᠷ ᠪᠤᠶᠢᠵᠢᠭᠤᠯᠬᠤ ᠰᠢᠨ᠎ᠡ ᠶᠢ ᠡᠭᠦᠳᠬᠦ ᠲᠤᠰᠬᠠᠶ ᠮᠡᠷᠭᠡᠵᠢᠯᠲᠡᠨ ᠤ ᠪᠦᠯᠬᠦᠮ ᠰᠠᠶᠢᠡᠬᠤᠪᠢᠳᠥ ᠶᠢᠨ ᠬᠡᠷ ᠪᠦᠯᠢ ᠶᠢᠨ ᠮᠠᠯᠵᠢᠯ ᠤᠨ ᠲᠠᠯᠠᠪᠠᠶ ᠳᠤ ᠢᠷᠡᠵᠦ᠂ ᠦᠬᠡᠷ ᠤᠨ ᠪᠡᠶ᠎ᠡ ᠶᠢᠨ ᠬᠡᠯᠪᠡᠷᠢ ᠳᠦᠷᠰᠦ ᠶᠢ ᠬᠢᠨᠠᠨ ᠲᠣᠭᠲᠠᠭᠠᠬᠤ᠂ ᠤᠳᠤᠮ ᠤᠨ ᠴᠠᠳᠢᠭ ᠤᠨ ᠲᠠᠩᠰᠠ ᠡᠪᠬᠡᠮᠡᠯ ᠢ ᠪᠠᠶᠢᠴᠠᠭᠠᠨ ᠯᠠᠪᠯᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠲᠡᠳᠡᠠ ᠤ ᠬᠡᠷ ᠤᠨ 100 ᠭᠠᠷᠤᠶ ᠦᠬᠡᠷ ᠲᠤ ᠬᠤᠸᠠ ᠰᠢ ᠦᠬᠡᠷ ᠤᠨ ᠡᠭᠦᠯᠳᠡᠷ ᠪᠤᠶᠢᠵᠢᠭᠤᠯᠬᠤ ᠰᠦᠷᠦᠭ ᠢ ᠮᠠᠭᠠᠳᠯᠠᠨ ᠲᠣᠭᠲᠠᠭᠠᠬᠤ ᠠᠵᠢᠯ ᠬᠢᠵᠡᠶ᠃ ᠬᠤᠸᠠ ᠰᠢ ᠦᠬᠡᠷ ᠪᠣᠯ ᠮᠠᠨ ᠤ ᠤᠯᠤᠰ ᠮᠢᠬᠠᠨ ᠤ ᠦᠬᠡᠷ ᠰᠢᠮᠧᠨ᠋ᠲᠷ ᠎ ᠢᠶᠠᠷ ᠡᠴᠢᠭᠡ ᠪᠡᠶ᠎ᠡ ᠪᠣᠯᠭᠠᠵᠤ᠂ ᠮᠣᠩᠭᠤᠯ ᠦᠬᠡᠷ᠂ ᠰᠠᠨ ᠾᠧ ᠦᠬᠡᠷ᠂ ᠰᠢᠮᠧᠨ᠋ᠲᠷ ᠦᠬᠡᠷ᠂ ᠱᠠ ᠯᠦᠸᠧ ᠯᠠᠶ ᠦᠬᠡᠷ ᠢᠶᠠᠷ ᠪᠦᠷᠢᠯᠳᠥᠭᠰᠡᠡ ᠡᠷᠯᠢᠰᠡ ᠡᠭᠦᠯᠳᠡᠷ ᠢᠶᠠᠷ ᠡᠬᠡ ᠪᠡᠶ᠎ᠡ ᠪᠣᠯᠭᠠᠵᠤ᠂ 43 ᠵᠢᠯ ᠪᠡᠶ᠎ᠡ ᠪᠠᠨ ᠳᠠᠭᠠᠭᠠᠵᠤ ᠪᠤᠶᠢᠵᠢᠭᠤᠯᠤᠭᠰᠠᠨ ᠮᠢᠬᠠᠠ ᠤ ᠦᠬᠡᠷ ᠤᠨ ᠡᠭᠦᠯᠳᠡᠷ ᠪᠠᠶᠢᠵᠤ᠂ ᠥᠰᠥᠯᠲᠡ ᠨᠢ ᠲᠦᠷᠭᠡᠨ᠂ ᠨᠢᠲᠤᠯᠬᠤ ᠨᠣᠷᠮ᠎ᠠ ᠴᠡᠪᠡᠷ ᠮᠢᠬᠠᠨ ᠤ ᠨᠣᠷᠮ᠎ᠠ ᠨᠢ ᠥᠨᠳᠥᠷ᠂ ᠦᠷᠡᠵᠢᠯ ᠤᠨ ᠴᠢᠳᠠᠮᠵᠢ ᠨᠢ ᠰᠠᠶᠢᠨ ᠵᠡᠷᠭᠡ ᠣᠨᠴᠠᠯᠢᠭ ᠲᠠᠢ ᠪᠠᠶᠢᠳᠠᠭ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号