ᠮᠠᠯᠴᠢᠨ ᠪᠦᠷᠢᠨᠰᠤᠶᠤᠯ ᠤᠨ ᠬᠢᠨ ᠬᠠᠰᠢᠶᠠᠯᠠᠭ᠎ᠠ ᠶᠢᠨ ᠬᠤᠭᠤᠴᠠᠭᠠᠨ ᠳᠤ ᠲᠦᠯ ᠳᠤᠰᠤᠭᠠᠳ ᠶᠠᠭᠠᠷᠠᠤ
ᠨᠡᠶᠢᠲᠡᠯᠡᠭᠰᠡᠨ ᠴᠠᠭ᠄
2023/5/19
     ᠮᠠᠯᠴᠢᠨ ᠬᠦᠮᠦᠨ ᠤ ᠮᠠᠯᠵᠢᠯ ᠤᠨ ᠠᠷᠭ᠎ᠠ ᠤᠬᠠᠭᠠᠨ ᠨᠢ ᠤᠨᠳᠤᠷᠴᠤ ᠪᠠᠷᠠᠰᠢ ᠦᠭᠡᠢ ᠰᠤᠶᠤᠯ ᠠᠳᠠᠯᠢ ᠬᠡᠭᠴᠢ ᠪᠠᠷ ᠬᠦᠪᠡᠭᠡᠲᠦ ᠰᠢᠷ᠎ᠠ ᠬᠤᠰᠢᠭᠤᠨ ᠤ ᠮᠠᠯᠴᠢᠳ ᠤᠯᠠᠨ ᠶᠡᠩᠵᠤ ᠶᠢᠨ ᠠᠷᠭ᠎ᠠ ᠬᠡᠯᠪᠡᠷᠢ ᠪᠠᠷ ᠮᠠᠯ ᠮᠠᠯᠵᠢᠵᠤ ᠠᠵᠤ ᠠᠮᠢᠳᠤᠷᠠᠯ  ᠢᠶᠠᠨ ᠦᠭᠡᠳᠡᠯᠡᠬᠦᠯᠦᠭᠰᠡᠭᠡᠷ ᠪᠤᠢ᠃ ᠲᠡᠳᠡᠭᠡᠷ ᠤᠯᠠᠨ ᠠᠷᠭ᠎ᠠ ᠰᠠᠮᠪᠠᠭ᠎ᠠ ᠬᠤᠤᠰᠯᠠᠭᠰᠠᠨ ᠮᠠᠯᠴᠢᠳ ᠤᠨ ᠨᠢᠭᠡᠨ ᠪᠤᠯ ᠪᠠᠶᠠᠨᠲᠠᠯ᠎ᠠ ᠪᠠᠯᠭᠠᠰᠤᠨ ᠤ ᠬᠦᠨᠳᠡᠯᠡᠨ ᠭᠠᠴᠠᠭᠠᠨ ᠤ ᠴᠠᠬᠠᠷ ᠬᠤᠨᠢᠨ ᠤ ᠭᠤᠤᠯᠳᠠᠯᠭᠠᠲᠤ ᠰᠦᠷᠦᠭ ᠪᠤᠶᠢᠵᠢᠭᠤᠯᠤᠭᠰᠠᠨ ᠡᠷᠦᠬᠡ ᠮᠠᠯᠴᠢᠨ ᠪᠦᠷᠢᠨᠰᠤᠶᠤᠯ ᠤᠨ ᠬᠢ ᠪᠤᠯᠤᠨ᠎ᠠ᠃     ᠪᠦᠷᠢᠨᠰᠤᠶᠤᠯ ᠤᠨ ᠬᠢᠨ ᠵᠠᠭᠤᠭᠠᠳ ᠴᠠᠬᠠᠷ ᠬᠤᠨᠢ᠂ ᠲᠦᠴᠢᠭᠡᠳ ᠦᠬᠡᠷ ᠮᠠᠯᠵᠢᠵᠤ᠂ ᠵᠢᠯ ᠪᠤᠯᠭᠠᠨ ᠡᠪᠦᠯ ᠤᠨ ᠲᠦᠯ ᠲᠤᠰᠳᠠᠭ ᠪᠠᠶᠢᠭᠰᠠᠨ ᠢᠶᠠᠨ ᠡᠨᠡ ᠵᠢᠯ ᠠᠴᠠ᠂ ᠡᠪᠡᠰᠦ ᠪᠤᠷᠳᠤᠭᠠᠨ ᠤ ᠦᠨ᠎ᠡ ᠬᠠᠩᠰᠢ ᠦᠨᠳᠦᠷ᠂ ᠬᠦᠳᠡᠯᠮᠦᠷᠢ ᠬᠦᠴᠦ ᠬᠦᠷᠦᠯᠴᠡᠬᠦ ᠦᠭᠡᠢ ᠵᠡᠷᠭᠡ ᠲᠠᠯ᠎ᠠ ᠶᠢᠨ ᠰᠢᠯᠲᠠᠭᠠᠨ ᠠᠴᠠ ᠡᠪᠦᠯ ᠤᠨ ᠲᠦᠯ ᠲᠤᠰᠬᠤ ᠠᠷᠭ᠎ᠠ ᠮᠠᠶ᠋ᠢᠭ ᠢᠶᠠᠨ ᠦᠭᠡᠷᠡᠴᠢᠯᠡᠨ᠂ ᠲᠤᠰᠬᠠᠶᠢᠯᠠᠨ ᠬᠠᠰᠢᠶᠠᠯᠠᠭ᠎ᠠ ᠶᠢᠨ ᠬᠤᠭᠤᠴᠠᠭᠠᠨ ᠳᠤ ᠲᠦᠯ ᠳᠤᠰᠬᠤ ᠪᠠᠷ ᠲᠦᠯᠦᠪᠯᠡᠵᠤ᠂ ᠤᠳᠤ ᠪᠤᠯᠲᠠᠯ᠎ᠠ ᠨᠢᠭᠡᠨᠲᠡ ᠵᠠᠭᠤᠭᠠᠳ ᠡᠬᠡ ᠮᠠᠯ ᠠᠴᠠ ᠵᠠᠭᠤ ᠭᠤᠴᠢᠭᠠᠳ ᠲᠦᠯ ᠲᠤᠰᠤᠨ᠂ ᠡᠪᠡᠰᠦ ᠪᠤᠷᠳᠤᠭ᠎ᠠ ᠪᠠᠨ ᠵᠤᠬᠢᠬᠤ ᠬᠡᠮᠵᠢᠶ᠎ᠡ ᠪᠠᠷ ᠠᠷᠪᠢᠯᠠᠨ᠂ ᠲᠦᠯ ᠤᠨ ᠤᠨᠳᠤᠷᠤᠯᠲᠠ ᠶᠢᠨ ᠨᠤᠷᠮ᠎ᠠ 100% ᠳᠤ ᠬᠦᠷᠴᠠᠢ᠃     ︽ᠬᠠᠰᠢᠶᠠᠯᠠᠭ᠎ᠠ ᠶᠢᠨ ᠬᠤᠭᠤᠴᠠᠭᠠᠨ ᠳᠤ ᠲᠦᠯ ᠲᠤᠰᠬᠤ ᠨᠢ ᠡᠪᠡᠰᠦ ᠪᠤᠷᠳᠤᠭ᠎ᠠ᠂ ᠬᠦᠳᠡᠯᠮᠦᠷᠢ ᠬᠦᠴᠦᠨ ᠳᠤ ᠠᠷᠪᠢᠲᠠᠢ ᠮᠦᠷᠲᠡᠭᠡᠨ ᠲᠡᠭᠷᠢ ᠳᠤᠯᠠᠭᠠᠷᠠᠴᠢᠬᠠᠪᠠᠯ ᠲᠦᠯ ᠲᠤᠰᠬᠤ ᠳᠤ ᠨᠡᠩ ᠲᠤᠬᠢᠷᠠᠮᠵᠢᠲᠠᠢ︔ ᠤᠳᠠᠯ ᠦᠭᠡᠢ ᠬᠠᠰᠢᠶᠠᠯᠠᠭ᠎ᠠ ᠳᠠᠭᠤᠰᠴᠤ᠂ ᠲᠦᠯ ᠴᠦ ᠬᠦᠷᠪᠡᠵᠢᠨ᠂ ᠲᠦᠯ ᠢᠶᠠᠨ ᠡᠬᠡ ᠮᠠᠯ ᠶᠢ ᠨᠢ ᠳᠠᠭᠠᠭᠤᠯᠵᠤ ᠪᠡᠯᠴᠢᠭᠡᠷ ᠲᠤ ᠨᠢ ᠭᠠᠷᠭᠠᠵᠤ ᠪᠤᠯᠬᠤ ᠵᠡᠷᠭᠡ ᠠᠰᠢᠭ ᠲᠠᠢ ᠲᠠᠯ᠎ᠠ ᠲᠠᠢ︾ ᠭᠡᠵᠦ ᠪᠦᠷᠢᠨᠰᠤᠶᠤᠯ ᠶᠠᠷᠢᠵᠤ ᠪᠠᠶᠢᠯ᠎ᠠ᠃     ᠪᠦᠷᠢᠨᠰᠤᠶᠤᠯ ᠤᠨ ᠬᠢ ᠤᠯᠠᠨ ᠵᠢᠯ ᠴᠠᠬᠠᠷ ᠬᠤᠨᠢ ᠮᠠᠯᠵᠢᠭᠰᠠᠨ ᠦᠯᠡᠮᠵᠢ ᠲᠤᠷᠰᠢᠯᠭ᠎ᠠ ᠲᠠᠢ ᠪᠠᠶᠢᠵᠤ᠂ ᠡᠭᠦᠯᠳᠡᠷ ᠰᠢᠯᠢᠳᠡᠭ᠂ ᠢᠬᠡᠷ᠎ᠡ ᠲᠦᠯ ᠲᠤᠰᠬᠤ ᠨᠤᠷᠮ᠎ᠠ ᠦᠨᠳᠦᠷ᠂ ᠲᠠᠷᠭᠤ ᠬᠦᠴᠦ ᠰᠠᠶᠢᠨ ᠢᠶᠠᠷ ᠢᠶᠠᠨ ᠬᠤᠯᠠ ᠤᠶᠢᠷ᠎ᠠ ᠳᠠᠭᠠᠨ ᠮᠡᠳᠡᠷᠡᠭᠳᠡᠨ ᠤᠶᠢᠷ᠎ᠠ ᠬᠠᠪᠢ ᠶᠢᠨ ᠮᠠᠯᠴᠢᠳ ᠲᠤ ᠪᠠᠨ ᠮᠠᠯᠵᠢᠬᠤ ᠡᠬᠡ ᠮᠠᠯ ᠬᠠᠩᠭᠠᠳᠠᠭ ᠢᠶᠠᠷ ᠪᠠᠷᠠᠬᠤ ᠦᠭᠡᠢ ᠤᠷᠳᠤᠰ᠂ ᠪᠠᠶᠠᠨᠨᠠᠭᠤᠷ᠂ ᠲᠢᠶᠠᠨᠵᠢᠨ ᠵᠡᠷᠭᠡ ᠭᠠᠵᠠᠷ ᠢᠶᠠᠷ ᠴᠠᠬᠠᠷ ᠬᠤᠨᠢᠨ ᠤ ᠮᠢᠬ᠎ᠠ ᠪᠠᠨ ᠪᠤᠷᠤᠯᠠᠭᠤᠯᠵᠤ ᠤᠷᠤᠯᠭ᠎ᠠ ᠪᠠᠨ ᠨᠡᠮᠡᠭᠳᠡᠭᠦᠯᠳᠡᠭ ᠪᠠᠶᠢᠨ᠎ᠠ᠃ ᠪᠦᠷᠢᠨᠰᠤᠶᠤᠯ ᠴᠠᠬᠠᠷ ᠬᠤᠨᠢ ᠮᠠᠯᠵᠢᠬᠤ ᠲᠤᠷᠰᠢᠯᠭ᠎ᠠ ᠰᠤᠯᠢᠯᠴᠠᠬᠤ ᠶᠢᠨ ᠳᠠᠭᠠᠤ ᠨᠡᠩ ᠰᠠᠶᠢᠨ ᠮᠠᠯᠵᠢᠬᠤ ᠠᠷᠭ᠎ᠠ ᠳᠡᠮ ᠰᠤᠷᠤᠯᠴᠠᠬᠤ ᠵᠤᠷᠢᠯᠭ᠎ᠠ ᠪᠠᠷ ᠬᠤᠰᠢᠭᠤᠨ ᠤ ᠪᠠᠨ ᠰᠢᠯᠢᠳᠡᠭ ᠡᠭᠦᠯᠳᠡᠷ ᠤᠨ ᠮᠠᠯ ᠤᠨ ᠠᠳᠠᠯᠢᠳᠬᠠᠯᠳᠠ ᠳᠤ ᠵᠢᠯ ᠳᠠᠷᠠᠭᠠᠯᠠᠨ ᠤᠷᠤᠯᠴᠠᠵᠤ ᠨᠢᠭᠡᠳᠦᠭᠡᠷ ᠬᠤᠶᠠᠳᠤᠭᠠᠷ ᠳᠡᠰ ᠤᠨ ᠱᠠᠩᠨᠠᠯ ᠢ ᠬᠦᠷᠲᠡᠨ᠂ ᠬᠦᠪᠡᠭᠡᠲᠦ ᠰᠢᠷ᠎ᠠ ᠬᠤᠰᠢᠭᠤᠨ ᠤ ᠮᠢᠬ᠎ᠠ ᠨᠤᠤᠰᠤ ᠬᠤᠤᠰᠯᠠᠭᠰᠠᠨ ᠬᠤᠨᠢᠨ ᠤ ᠡᠭᠦᠯᠳᠡᠷ ᠰᠠᠶᠢᠵᠢᠷᠠᠭᠤᠯᠬᠤ ᠠᠵᠢᠯ ᠳᠤ ᠳᠠᠭᠠᠭᠤᠯᠤᠭᠴᠢ ᠦᠢᠯᠡᠳᠦᠯ ᠦᠵᠡᠭᠦᠯᠦᠭᠰᠡᠨ ᠵᠢᠱᠢᠶᠡᠴᠢ ᠵᠡᠷᠭᠡ ᠤᠯᠠᠨ ᠰᠠᠶᠢᠬᠠᠨ ᠬᠦᠬᠢᠭᠦᠯᠦᠯ ᠢᠶᠠᠷ ᠡᠩᠭᠡᠷ ᠢᠶᠠᠨ ᠮᠢᠯᠢᠶᠠᠯᠭᠠᠵᠤ ᠶᠠᠪᠤᠵᠠᠢ᠃ 
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号