ᠬᠥᠪᠡᠭᠡᠲᠦ ᠰᠢᠷ᠎ᠠ ᠬᠤᠰᠢᠭᠤᠨ ᠤ ᠪᠣᠭᠳᠠ ᠶᠢᠨ ᠭᠤᠤᠯ ᠰᠤᠮᠤᠠ ᠤ ᠬᠤᠨᠢᠴᠢᠨ ᠬᠠᠰᠢᠶᠠᠲᠤ ᠭᠠᠴᠠᠭ᠎ᠠ ᠨᠢ ᠬᠤᠰᠢᠭᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠨᠡᠶᠢᠲᠡ ᠶᠢᠨ ᠦᠶᠯᠡᠴᠢᠯᠡᠭᠡᠨ ᠤ ᠲᠥᠪ ᠲᠤ ᠲᠣᠭᠤᠷᠢᠨ ᠰᠤᠷᠤᠯᠴᠠᠪᠠ
ᠨᠡᠶᠢᠲᠡᠯᠡᠭᠰᠡᠨ ᠴᠠᠭ᠄
2023/5/19
      ᠬᠥᠪᠡᠭᠡᠲᠦ ᠰᠢᠷ᠎ᠠ ᠬᠤᠰᠢᠭᠤᠨ ᠤ ᠡᠯᠧᠺᠲᠷᠣᠨ ᠬᠤᠳᠠᠯᠳᠤᠭᠠᠨ ᠤ ᠬᠥᠭᠵᠢᠯᠲᠡ ᠶᠢᠨ ᠲᠤᠷᠰᠢᠯᠭ᠎ᠠ ᠪᠠᠷ ᠲᠣᠯᠢ ᠪᠣᠯᠭᠠᠵᠤ᠂ ᠮᠠᠯᠴᠢᠨ ᠲᠦᠮᠡᠨ ᠳᠤ ᠡᠯᠧᠺᠲᠷᠣᠨ ᠬᠤᠳᠠᠯᠳᠤᠭᠠᠨ ᠤ ᠮᠡᠳᠡᠯᠭᠡ ᠶᠢ ᠣᠶᠢᠯᠠᠭᠠᠭᠤᠯᠬᠤ ᠶᠢᠨ ᠬᠠᠮᠲᠤ ᠢᠳᠡᠪᠬᠢᠲᠡᠶ ᠣᠷᠣᠯᠴᠠᠭᠤᠯᠵᠤ᠂ ᠮᠠᠯᠵᠢᠬᠤ ᠣᠷᠣᠨ ᠤ ᠡᠯᠧᠺᠲᠷᠣᠨ ᠬᠤᠳᠠᠯᠳᠤᠭᠠᠨ ᠤ ᠦᠶᠯᠡᠰ ᠤᠨ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠤᠶᠢᠷ᠎ᠠ ᠶᠢᠨ ᠡᠳᠦᠷ᠂ ᠬᠥᠪᠡᠭᠡᠲᠦ ᠰᠢᠷ᠎ᠠ ᠬᠤᠰᠢᠭᠤᠨ ᠤ ᠪᠣᠭᠳᠠ ᠶᠢᠨ ᠭᠤᠤᠯ ᠰᠤᠮᠤᠨ ᠤ ᠬᠤᠨᠢᠴᠢᠨ ᠬᠠᠰᠢᠶᠠᠲᠤ ᠭᠠᠴᠠᠭᠠᠨ ᠤ ᠨᠠᠮ ᠤᠨ ᠡᠭᠦᠷ᠂ ᠭᠠᠴᠠᠭᠠᠠ ᠤ ᠪᠠᠨ ᠬᠤᠷᠢᠭᠠᠤᠠ ᠨᠠᠮ ᠤᠨ ᠭᠡᠰᠢᠭᠦᠨ ᠪᠠ ᠮᠠᠯᠴᠢᠤᠠ ᠢ ᠵᠣᠬᠢᠶᠠᠨ ᠪᠠᠶᠢᠭᠤᠯᠵᠤ᠂ ᠮᠠᠨ ᠤ ᠬᠤᠰᠢᠭᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠨᠡᠶᠢᠲᠡ ᠶᠢᠨ ᠦᠶᠯᠡᠴᠢᠯᠡᠭᠡᠨ ᠤ ᠲᠥᠪ ᠲᠤ ᠬᠦᠷᠴᠦ ᠲᠣᠭᠤᠷᠢᠨ ᠦᠵᠡᠵᠦ ᠰᠤᠷᠤᠯᠴᠠᠪᠠ᠃       ᠰᠤᠷᠤᠯᠴᠠᠬᠤ ᠳᠤᠭᠤᠶᠢᠯᠠᠩ ᠤᠨ ᠬᠢᠨ ᠤᠷᠢᠳ ᠬᠤᠵᠢᠳ ᠬᠥᠪᠡᠭᠡᠲᠦ ᠰᠢᠷ᠎ᠠ ᠬᠤᠰᠢᠭᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠨᠡᠶᠢᠲᠡ ᠶᠢᠨ ᠦᠶᠯᠡᠴᠢᠯᠡᠭᠡᠨ ᠤ ᠲᠥᠪ ᠤᠨ ᠦᠵᠡᠭᠦᠯᠦᠯᠭᠡ ᠶᠢᠨ ᠲᠢᠩᠬᠢᠮ᠂ ᠡᠯᠧᠺᠲᠷᠣᠨ ᠬᠤᠳᠠᠯᠳᠤᠭᠠᠨ ᠤ ᠪᠣᠯᠪᠠᠰᠤᠷᠠᠯ ᠤᠨ ᠲᠠᠰᠤᠭ ᠪᠠ ᠰᠢᠭᠤᠳ ᠨᠡᠪᠲᠡᠷᠡᠭᠦᠯᠭᠡ ᠶᠢᠨ ᠰᠠᠭᠤᠷᠢᠨ ᠭᠠᠵᠠᠷ ᠢᠶᠠᠷ ᠲᠣᠭᠤᠷᠢᠨ ᠦᠵᠡᠵᠤ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠥᠪ ᠤᠨ ᠬᠠᠷᠢᠭᠤᠴᠠᠯᠭᠠᠲᠠᠨ ᠠᠴᠠ ᠰᠤᠷᠤᠯᠴᠠᠬᠤ ᠳᠤᠭᠤᠶᠢᠯᠠᠩ ᠳᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠨᠡᠶᠢᠲᠡ ᠶᠢᠨ ᠦᠶᠯᠡᠴᠢᠯᠡᠭᠡᠨ ᠤ ᠲᠥᠪ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ᠂ ᠠᠵᠢᠯᠯᠠᠭᠠᠨ ᠤ ᠵᠠᠭᠪᠤᠷ ᠵᠢᠴᠢ ᠬᠥᠪᠡᠭᠡᠲᠦ ᠰᠢᠷ᠎ᠠ ᠬᠤᠰᠢᠭᠤᠨ ᠤ ᠣᠨᠴᠠᠯᠢᠭᠲᠤ ᠪᠦᠲᠦᠭᠡᠭᠳᠡᠬᠦᠨ ᠢ ᠨᠠᠷᠢᠨ ᠲᠠᠨᠢᠯᠴᠠᠭᠤᠯᠪᠠ᠃       ᠲᠣᠭᠤᠷᠢᠨ ᠦᠵᠡᠵᠦ ᠳᠠᠭᠤᠰᠤᠭᠰᠠᠨ ᠤ ᠳᠠᠷᠠᠭ᠎ᠠ᠂ ᠰᠤᠷᠤᠯᠴᠠᠬᠤ ᠳᠤᠭᠤᠶᠢᠯᠠᠩ ᠨᠢ ᠤᠬᠠᠭᠤᠯᠭ᠎ᠠ ᠶᠢᠨ ᠹᠢᠯᠢᠮ ᠦᠵᠡᠵᠦ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠨᠡᠶᠢᠲᠡ ᠶᠢᠨ ᠦᠶᠯᠡᠴᠢᠯᠡᠭᠡᠨ ᠤ ᠲᠥᠪ ᠤᠨ ᠪᠣᠯᠪᠠᠰᠤᠷᠠᠯ ᠤᠨ ᠪᠠᠭᠰᠢ ᠠᠴᠠ᠂ ᠡᠯᠧᠺᠲᠷᠣᠨ ᠬᠤᠳᠠᠯᠳᠤᠭᠠᠨ ᠤ ᠡᠵᠡᠩᠨᠡᠯᠲᠡ ᠶᠢᠨ ᠬᠠᠮᠢᠶ᠎ᠠ ᠪᠥᠬᠦᠶ ᠮᠡᠳᠡᠯᠭᠡ ᠶᠢ ᠲᠠᠶᠢᠯᠪᠤᠷᠢᠯᠠᠵᠤ᠂ ᠠᠵᠤ ᠠᠬᠤᠶᠢᠯᠠᠯᠲᠠᠨ ᠪᠠ ᠰᠢᠭᠤᠳ ᠨᠡᠪᠲᠡᠷᠡᠭᠦᠯᠭᠡ ᠪᠠᠷ ᠪᠠᠷᠠᠭ᠎ᠠ ᠬᠤᠳᠠᠯᠳᠤᠭᠴᠢ ᠠᠴᠠ ᠰᠤᠷᠤᠯᠴᠠᠬᠤ ᠳᠤᠭᠤᠶᠢᠯᠠᠩ ᠤᠨ ᠨᠦᠬᠦᠳ ᠲᠠᠢ ᠡᠯᠧᠺᠲᠷᠣᠨ ᠬᠤᠳᠠᠯᠳᠤᠭᠠᠨ ᠤ ᠦᠶᠯᠡᠰ ᠪᠤᠰᠬᠠᠭᠰᠠᠨ ᠲᠤᠬᠠᠢ ᠥᠩᠭᠡᠷᠡᠯᠲᠡ ᠪᠠᠨ ᠬᠤᠪᠢᠶᠠᠯᠴᠠᠪᠠ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号