ᠶᠡᠷᠣᠩᠬᠡᠢ ᠱᠦᠵᠢ ᠰᠢ ᠶᠢᠨ ᠫᠢᠩ ᠦᠪᠣᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠡᠷᠢᠶ᠎ᠠ ᠬᠦᠪᠡᠬᠡᠳᠣ ᠰᠢᠷ᠎ᠡ ᠬᠤᠰᠢᠭᠤᠨ ᠤ ᠺᠠᠳ᠋ᠷ ᠣᠯᠠᠨ ᠲᠦᠮᠡᠨ ᠤ ᠲᠣᠮᠳᠠ ᠴᠢᠩᠭ᠎ᠠ ᠲᠣᠰᠬᠠᠯ ᠭᠠᠷᠪᠠ
ᠨᠡᠶᠢᠲᠡᠯᠡᠭᠰᠡᠨ ᠴᠠᠭ᠄
2023/6/28
      6 ᠰᠡᠷ᠎ᠡ ᠶᠢᠨ 5᠎ ᠤ ᠡᠳᠣᠷ —8᠎ ᠤ ᠡᠳᠣᠷ᠂ ᠨᠠᠮ ᠤᠨ ᠲᠦᠪ ᠬᠤᠷᠢᠶ᠎ᠠ ᠶᠢᠨ ᠶᠡᠷᠣᠩᠬᠡᠢ ᠱᠦᠵᠢ᠂ ᠣᠯᠣᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠡᠪᠣᠳᠠᠯ ᠤᠨ ᠬᠤᠷᠢᠶ᠎ᠠ ᠶᠢᠨ ᠲᠡᠷᠢᠬᠦᠯᠡᠭᠴᠢ ᠰᠢ ᠶᠢᠨ ᠫᠢᠩ ᠦᠪᠣᠷ ᠮᠣᠩᠭᠤᠯ ᠳᠤ ᠰᠢᠨᠵᠢᠯᠡᠨ ᠪᠠᠶᠢᠴᠠᠭᠠᠵᠣ᠂ ᠴᠦᠯᠯᠡᠷᠬᠡᠭᠵᠢᠯ ᠢ ᠶᠡᠷᠣᠩᠬᠡᠶᠢᠯᠡᠨ ᠰᠠᠷᠬᠡᠶᠢᠯᠡᠨ ᠵᠠᠰᠠᠬᠤ ᠶᠢ ᠴᠢᠩᠭᠠᠳᠬᠠᠬᠤ ᠪᠡ ︽ᠣᠮᠡᠷᠡᠳᠣ ᠎ ᠶᠢᠨ ᠭᠤᠷᠪᠠᠨ ᠣᠷᠣᠨ︾ ᠵᠡᠷᠬᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠳᠣᠬᠡᠨ ᠪᠠᠶᠢᠭᠤᠯᠣᠯᠳᠠ ᠶᠢ ᠠᠬᠢᠭᠤᠯᠬᠤ ᠶᠡᠷᠢᠯᠴᠠᠬᠤ ᠬᠤᠷᠠᠯ ᠢ ᠡᠷᠬᠢᠯᠡᠨ ᠬᠤᠷᠠᠯᠳᠣᠭᠤᠯᠣᠬᠰᠠᠨ ᠪᠦᠬᠡᠳ ᠴᠢᠬᠤᠯᠠ ᠶᠡᠷᠢᠶ᠎ᠠ ᠲᠠᠯᠪᠢᠪᠠ᠃ ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ ᠨᠢ ᠬᠥᠪᠡᠭᠡᠲᠦ ᠰᠢᠷ᠎ᠠ ᠬᠤᠰᠢᠭᠤᠨ ᠤ ᠺᠠᠳ᠋ᠷ ᠤᠯᠠᠨ ᠲᠦᠮᠡᠨ ᠢ ᠲᠦᠢᠯ ᠢᠶᠠᠷ ᠤᠷᠮᠠᠰᠢᠭᠤᠯᠤᠨ ᠵᠣᠷᠢᠭᠵᠢᠭᠤᠯᠵᠤ᠂ ᠴᠢᠩᠭ᠎ᠠ ᠲᠤᠰᠬᠠᠯ ᠭᠠᠷᠭᠠᠵᠠᠢ᠃6 ᠰᠠᠷ᠎ᠠ ᠶᠢᠨ 9᠎ ᠤ ᠡᠳᠦᠷ᠂ ᠬᠥᠪᠡᠭᠡᠲᠦ ᠰᠢᠷ᠎ᠠ ᠬᠤᠰᠢᠭᠤᠨ ᠤ ᠪᠠᠶᠠᠨᠲᠠᠯ᠎ᠠ ᠪᠠᠯᠭᠠᠰᠤ᠂ ᠪᠣᠭᠳᠠ ᠶᠢᠨ ᠭᠤᠤᠯ ᠰᠣᠮᠣ ᠡᠯ᠎ᠡ ᠭᠠᠴᠠᠭᠠᠨ ᠤ ᠬᠤᠶᠠᠷ ᠵᠥᠪᠯᠡᠯ ᠤᠨ ᠤᠳᠤᠷᠢᠳᠬᠤ ᠪᠠᠭ ᠢ ᠵᠣᠬᠢᠶᠠᠨ ᠪᠠᠶᠢᠭᠤᠯᠵᠤ ᠰᠤᠷᠤᠯᠴᠠᠯᠭ᠎ᠠ ᠶᠢᠨ ᠬᠤᠷᠠᠯ ᠬᠢᠵᠦ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠣᠯᠠᠮᠵᠢᠯᠠᠵᠣ᠂ ᠤᠯᠠᠨ ᠢᠶᠠᠷ ᠢᠶᠠᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠡᠭᠡ ᠤᠯᠤᠰ ᠤᠨ ᠤᠮᠠᠷᠠᠲᠤ ᠶᠢᠨ ᠲᠦᠮᠡᠨ ᠭᠠᠵᠠᠷ ᠤᠨ ᠨᠣᠮᠢᠨ ᠨᠣᠭᠤᠭᠠᠨ ᠬᠠᠯᠬᠠᠪᠴᠢ ᠶᠢ ᠨᠡᠩ ᠪᠠᠲᠤ ᠴᠣᠭᠴᠠᠯᠠᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠦᠳᠦᠭᠡᠨ ᠪᠠᠶᠢᠭᠤᠯᠬᠤ ᠲᠠᠯ᠎ᠠ ᠪᠠᠷ ᠨᠡᠩ ᠶᠡᠭᠡ ᠠᠮᠵᠢᠯᠲᠠ ᠣᠯᠤᠨ᠎ᠠ ᠭᠡᠵᠦ ᠢᠯᠡᠳᠬᠡᠵᠡᠭᠡᠪᠡ᠃       ︽ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠡᠬᠡ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠶᠢ ᠭᠦᠢᠴᠡᠳ ᠢᠯᠡᠷᠡᠭᠦᠯᠪᠡ᠃ ᠮᠠᠨ ᠤ ᠪᠠᠶᠠᠨᠲᠠᠯ᠎ᠠ ᠪᠠᠯᠭᠠᠰᠤ ᠳᠠᠷᠤᠶ ᠲᠦᠷᠭᠡᠨ ᠪᠥᠬᠦ ᠪᠠᠯᠭᠠᠰᠤᠨ ᠤ 21 ᠭᠠᠴᠠᠭ᠎ᠠ ᠪᠠᠨ ᠵᠣᠬᠢᠶᠠᠨ ᠪᠠᠶᠢᠭᠤᠯᠵᠤ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠶᠡᠷᠦᠩᠬᠡᠶ ᠱᠦᠵᠢ ᠶᠢᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠨᠠᠮ ᠤᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠦᠶᠯᠡᠳᠦᠯ ᠢ ᠭᠦᠶᠴᠡᠳ ᠪᠠᠳᠠᠷᠠᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠶᠢᠨ ᠦᠶᠯᠡᠳᠦᠯ ᠢ ᠦᠨᠡᠨ ᠬᠦ ᠴᠢᠩᠭᠠᠳᠬᠠᠵᠤ᠂ ︿ᠭᠦᠳᠡᠭᠡ ᠲᠣᠰᠬᠤᠨ ᠢ ᠠᠳᠬᠤᠨ᠂ ᠭᠦᠳᠡᠭᠡ ᠲᠣᠰᠬᠤᠨ ᠢ ᠠᠭᠢᠭᠤᠯᠵᠦ᠂ ᠡᠷᠦᠭᠡ ᠶᠢ ᠲᠠᠶᠢᠴᠢᠯᠠᠬᠤ﹀ ᠪᠠ ᠦᠨᠳᠦᠰᠦᠨ ᠱᠠᠲᠤᠨ ᠤ ᠵᠠᠰᠠᠯᠲᠠ ᠶᠢᠨ ᠠᠵᠢᠯ ᠢ ᠰᠠᠶᠢᠲᠤᠷ ᠠᠳᠬᠤᠵᠤ᠂ ᠪᠥᠬᠦ ᠪᠠᠯᠭᠠᠰᠤᠨ ᠤ ᠨᠠᠮ ᠤᠨ ᠭᠡᠰᠢᠭᠦᠨ ᠢ ᠪᠦᠯᠬᠦᠮᠳᠡᠭᠦᠯᠦᠨ ᠳᠠᠭᠠᠭᠤᠯᠵᠤ᠂ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ᠂ ᠡᠬᠡ ᠤᠯᠤᠰ ᠤᠨ ᠤᠮᠠᠷᠠᠲᠤ ᠬᠢᠯᠢ ᠶᠢᠨ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠶᠢᠭᠤᠯᠬᠤ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ︾ ᠭᠡᠵᠤ ᠬᠦᠪᠡᠬᠡᠳᠣ ᠰᠢᠷ᠎ᠡ ᠬᠤᠰᠢᠭᠤᠨ ᠤ ᠪᠠᠶᠠᠨᠲᠠᠯ᠎ᠠ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ ᠵᠠᠩ ᠰᠢᠶᠠᠩ ᠳ᠋ᠦᠩ ᠶᠠᠷᠢᠯ᠎ᠠ᠃       ᠬᠥᠪᠡᠭᠡᠲᠦ ᠰᠢᠷ᠎ᠠ ᠬᠤᠰᠢᠭᠤᠨ ᠤ ᠪᠣᠭᠳᠠ ᠶᠢᠨ ᠭᠤᠣᠯ ᠰᠤᠮᠤᠨ ᠤ ᠡᠬᠢᠨ ᠤᠰᠤ ᠭᠠᠴᠠᠭᠠᠨ ᠤ ᠱᠦᠵᠢ ᠰᠣᠶᠣᠯᠴᠣᠬᠳᠣ᠄ ︽ᠶᠡᠷᠦᠩᠬᠡᠶ ᠱᠦᠵᠢ ᠰᠢ ᠶᠢᠨ ᠫᠢᠩ ᠪᠠᠶᠠᠨᠨᠠᠭᠤᠷ ᠲᠤ ᠰᠢᠨᠵᠢᠯᠡᠨ ᠪᠠᠶᠢᠴᠠᠭᠠᠬᠤ ᠳᠠᠭᠠᠨ ᠠᠮᠢ ᠠᠬᠤᠶ ᠣᠷᠴᠢᠨ ᠲᠣᠭᠤᠷᠢᠨ ᠢ ᠬᠠᠮᠠᠭᠠᠯᠠᠬᠤ ᠶᠢᠨ ᠴᠢᠬᠤᠯᠠ ᠴᠢᠨᠠᠷ ᠢ ᠴᠢᠬᠤᠯᠠᠴᠢᠯᠠᠪᠠ᠂ ᠦᠨᠳᠦᠰᠦᠨ ᠱᠠᠲᠤᠨ ᠤ ᠠᠵᠢᠯᠲᠠᠨ ᠪᠣᠯᠤᠭᠰᠠᠨ ᠤ ᠬᠤᠪᠢ ᠳᠤ ᠪᠢ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠬᠤ ᠶᠢ ᠣᠳᠣᠬᠠᠨ ᠤ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠨ ᠠᠳᠬᠤᠵᠤ᠂ ᠬᠤᠶᠢᠰᠢᠳᠠ ᠶᠢᠨ ᠭᠠᠴᠠᠭᠠᠨ ᠤ ᠠᠵᠢᠯ ᠪᠣᠯᠤᠨ ᠣᠯᠠᠨ ᠲᠦᠮᠡᠨᠴᠢ ᠴᠢᠨᠠᠷᠲᠠᠶ ᠠᠵᠢᠯ ᠤᠨ ᠳᠤᠮᠳᠠ ᠣᠷᠴᠢᠨ ᠲᠣᠭᠤᠷᠢᠨ ᠤ ᠬᠠᠮᠠᠭᠠᠯᠠᠯᠲᠠ᠂ ᠪᠣᠬᠢᠷᠲᠤᠯ ᠥᠬᠡᠶ ᠬᠥᠭᠵᠢᠯᠲᠡ ᠶᠢ ᠲᠡᠷᠢᠭᠦᠨ ᠪᠠᠶᠢᠷᠢᠨ ᠳᠤ ᠲᠠᠯᠪᠢᠵᠤ᠂ ᠣᠯᠠᠨ ᠲᠦᠮᠡᠨ ᠳᠤ ᠣᠷᠴᠢᠨ ᠲᠣᠭᠤᠷᠢᠨ ᠢ ᠬᠠᠮᠠᠭᠠᠯᠠᠬᠤ ᠲᠥᠷᠥ ᠶᠢᠨ ᠪᠣᠳᠣᠯᠭ᠎ᠠ ᠶᠢ ᠰᠠᠶᠢᠲᠤᠷ ᠤᠬᠠᠭᠤᠯᠵᠤ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠪᠠᠲᠤ ᠪᠣᠶ ᠪᠣᠯᠭᠠᠵᠤ᠂ ᠮᠠᠯᠴᠢᠳ ᠢ ᠳᠠᠭᠠᠭᠤᠯᠤᠨ ᠰᠠᠶᠢᠨ ᠡᠭᠦᠯᠳᠡᠷ ᠦᠷᠡᠵᠢᠭᠦᠯᠦᠨ ᠪᠤᠶᠢᠵᠢᠭᠤᠯᠵᠤ᠂ ᠠᠮᠢ ᠠᠬᠤᠶ ᠣᠷᠴᠢᠨ ᠲᠣᠭᠤᠷᠢᠨ ᠢ ᠬᠠᠮᠠᠭᠠᠯᠠᠬᠤ ᠶᠢ ᠪᠡᠶᠡᠯᠡᠭᠦᠯᠦᠨ᠎ᠡ︾ ᠭᠡᠵᠤ ᠶᠠᠷᠢᠯ᠎ᠠ᠃       ᠬᠥᠪᠡᠭᠡᠲᠦ ᠰᠢᠷ᠎ᠠ ᠬᠤᠰᠢᠭᠤᠨ ᠤ ᠪᠣᠭᠳᠠ ᠶᠢᠨ ᠭᠤᠣᠯ ᠰᠣᠮᠣᠨ ᠤ ᠴᠠᠭᠠᠨ ᠳᠠᠷᠠᠰᠤ ᠭᠠᠴᠠᠭᠠᠨ ᠤ ᠳᠡᠳ᠋ ᠱᠦᠵᠢ ᠦᠨᠢᠷᠴᠡᠴᠡᠭ᠄ ︽ᠰᠠᠶ᠋ᠢᠬᠠᠨ ᠪᠢᠳᠡ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠵᠤ᠂ ᠶᠡᠷᠦᠩᠬᠡᠶ ᠱᠦᠵᠢ ᠶᠢᠨ ᠶᠠᠷᠢᠶ᠎ᠠ ᠨᠢ ᠪᠢᠳᠡᠨ ᠤ ᠠᠮᠢ ᠠᠬᠤᠶ ᠣᠷᠴᠢᠨ ᠲᠣᠭᠤᠷᠢᠨ ᠢ ᠬᠠᠮᠠᠭᠠᠯᠠᠬᠤ᠂ ᠨᠤᠲᠤᠭ ᠣᠷᠣᠨ ᠢᠶᠠᠨ ᠨᠣᠭᠤᠭᠠᠷᠠᠭᠤᠯᠬᠤ ᠠᠵᠢᠯ ᠢ ᠰᠠᠶᠢᠲᠤᠷ ᠬᠢᠬᠦ ᠳᠤ ᠴᠢᠭᠯᠡᠯ ᠢ ᠲᠣᠳᠣᠷᠬᠠᠶ ᠵᠢᠭᠠᠵᠤ ᠥᠭᠴᠡᠶ᠃ ᠬᠤᠶᠢᠰᠢᠳᠠ ᠶᠢᠨ ᠠᠵᠢᠯ ᠳᠤᠮᠳᠠ ᠪᠠᠨ ᠪᠢᠳᠡ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ᠂ ᠣᠳᠣᠬᠢᠴᠢᠯᠠᠭᠰᠠᠨ ᠪᠣᠬᠢᠷᠲᠤᠯ ᠦᠭᠡᠢ ᠮᠠᠯ ᠠᠵᠤ ᠠᠬᠤᠢ ᠶᠢ ᠬᠥᠭᠵᠢᠭᠦᠯᠬᠦ ᠠᠵᠢᠯ ᠢ ᠲᠡᠷᠢᠭᠦᠨ ᠪᠠᠶᠢᠷᠢᠨ ᠳᠤ ᠲᠠᠯᠪᠢᠵᠤ᠂ ᠮᠠᠯᠴᠢᠨ ᠲᠦᠮᠡᠨ ᠢ ᠳᠠᠭᠠᠭᠤᠯᠤᠨ ᠠᠮᠢᠳᠤᠷᠠᠯ ᠤᠨ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ︾ ᠬᠡᠪᠡ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号