︽ᠬᠥᠬᠡ ᠳᠤᠷᠠᠰᠤᠮᠵᠢ︾ ᠪᠠᠷᠢᠮᠲᠠᠲᠤ ᠹᠢᠯᠢᠮ ᠤᠨ ᠬᠦᠰᠢᠭᠡ ᠨᠡᠭᠡᠭᠡᠯᠲᠡ ᠵᠢᠴᠢ ︽ᠲᠡᠮᠦᠷ ᠬᠡᠥᠬᠡᠨᠴᠦᠳ︾ ᠤᠨ 50 ᠵᠢᠯ ᠤᠨ ᠤᠢ ᠶᠢ ᠳᠤᠷᠠᠰᠬᠠᠨ ᠲᠡᠮᠳᠡᠭᠯᠡᠬᠦᠠᠵᠢᠯᠯᠠᠭ᠎ᠠ ᠠᠮᠵᠢᠯᠲᠠ ᠲᠠᠢ ᠶᠠᠪᠤᠭ᠊
ᠨᠡᠶᠢᠲᠡᠯᠡᠭᠰᠡᠨ ᠴᠠᠭ᠄
2023/6/29
     6 ᠰᠠᠷ᠎ᠠ ᠶᠢᠨ 26 ᠤ ᠡᠳᠦᠷ᠂ ᠬᠦᠪᠡᠭᠡᠲᠦ ᠰᠢᠷ᠎ᠠ ᠬᠤᠰᠢᠭᠤᠨ ᠤ ︽ᠲᠡᠮᠦᠷ ᠬᠡᠥᠬᠡᠨᠴᠦᠳ︾ ᠤᠨ ᠬᠤᠯᠪᠣᠭᠠᠨ ᠤ ︽ᠬᠥᠬᠡ ᠳᠤᠷᠠᠰᠤᠮᠵᠢ︾ ᠪᠠᠷᠢᠮᠲᠠᠲᠤ ᠹᠢᠯᠢᠮ ᠤᠨ ᠬᠦᠰᠢᠭᠡ ᠨᠡᠭᠡᠭᠡᠯᠲᠡ ᠵᠢᠴᠢ ︽ᠲᠡᠮᠦᠷ ᠬᠡᠥᠬᠡᠨᠴᠦᠳ︾ ᠤᠨ 50 ᠵᠢᠯ ᠤᠨ ᠤᠢ ᠶᠢ ᠳᠤᠷᠠᠰᠬᠠᠨ ᠲᠡᠮᠳᠡᠭᠯᠡᠬᠦ ᠠᠵᠢᠯᠯᠠᠭ᠎ᠠ ᠰᠢᠨᠡᠪᠣᠯᠠᠭ ᠪᠠᠯᠭᠠᠰᠣᠨ ᠳᠤ ᠭᠦᠭᠵᠢᠶᠡᠨᠳᠡᠢ ᠶᠠᠪᠣᠬᠳᠠᠯ᠎ᠠ᠃     ᠠᠵᠢᠯᠯᠠᠭ᠎ᠠ ᠳᠤ᠂ ᠪᠥᠬᠦ ᠬᠤᠰᠢᠭᠤᠨ ᠤ ᠡᠯ᠎ᠡ ᠰᠤᠮᠤ ᠪᠠᠯᠭᠠᠰᠤ ᠶᠢᠨ 400 ᠭᠠᠷᠤᠶ ︽ᠲᠡᠮᠦᠷ ᠬᠡᠤᠬᠡᠨ︾ ᠵᠢᠴᠢ ᠠᠪᠠᠭ᠎ᠠ ᠬᠤᠰᠢᠭᠤ᠂ ᠰᠢᠯᠤᠭᠤᠨ ᠬᠥᠬᠡ ᠬᠤᠰᠢᠭᠤ ᠵᠡᠷᠭᠡ ᠣᠶᠢᠷ᠎ᠠ ᠬᠠᠪᠢ ᠶᠢᠨ ᠬᠤᠰᠢᠭᠤ ᠰᠢᠶᠠᠨ ᠤ ︽ᠲᠡᠮᠦᠷ ᠭᠡᠦᠭᠡᠨᠴᠣᠳ︾  ᠤᠨ ᠬᠤᠯᠪᠣᠭᠠᠨ ᠤ ᠬᠠᠷᠢᠭᠤᠴᠠᠯᠭᠠᠲᠠᠨ ᠣᠷᠣᠯᠴᠠᠵᠠᠢ᠃ ᠠᠵᠢᠯᠯᠠᠭ᠎ᠠ ᠳᠡᠭᠡᠷ᠎ᠡ᠂ ᠣᠯᠠᠨ ᠢᠶᠠᠷ ᠢᠶᠠᠨ ᠮᠠᠨ ᠤ ᠬᠤᠰᠢᠭᠤᠨ ᠤ ︽ᠲᠡᠮᠦᠷ ᠬᠡᠦᠬᠡᠨᠴᠦᠳ︾  ᠤᠨ ᠪᠠᠷᠢᠮᠲᠠᠲᠤ ᠺᠢᠨᠣ᠋ ︽ᠵᠠᠯᠠᠭᠤ ᠨᠠᠰᠤᠨ ᠤ ᠵᠢᠪᠬᠤᠭ᠎ᠠ︾ ᠶᠢ ᠰᠣᠨᠢᠷᠬᠠᠵᠤ᠂ ᠥᠩᠭᠡᠷᠡᠭᠰᠡᠨ ᠤ ᠰᠠᠶᠢᠨ ᠰᠠᠶᠢᠬᠠᠨ ᠴᠠᠭ ᠮᠥᠴᠡ ᠪᠠᠨ ᠡᠷᠭᠢᠴᠡᠭᠦᠯᠬᠦ ᠶᠢᠨ ᠬᠠᠮᠲᠤ᠂ ᠳᠠᠭᠤᠤ᠂ ᠪᠦᠵᠢᠭ ᠵᠡᠷᠭᠡ ᠭᠤᠶᠢᠳᠠ ᠰᠠᠶᠢᠬᠠᠨ ᠲᠣᠭᠯᠠᠯᠲᠠ ᠪᠠᠷ ᠢᠶᠠᠨ  ᠡᠨᠡᠭᠦ ᠲᠣᠷᠠᠰᠬᠠᠯᠳᠣ ᠮᠦᠴᠡ ᠪᠠᠨ ᠣᠳᠬ᠎ᠠ ᠳᠡᠭᠦᠯᠳᠡᠷ ᠳᠡᠮᠳᠡᠭᠯᠡᠯ᠎ᠡ᠃      ︽︿ᠲᠡᠮᠦᠷ ᠬᠡᠥᠬᠡᠨᠴᠦᠳ﹀ ᠪᠣᠯ ᠪᠢᠳᠡᠨ ᠤ ᠠᠷᠪᠠᠭᠠᠳ ᠨᠠᠰᠤᠲᠠᠢ ᠪᠠᠶᠢᠬᠤ ᠦᠶ᠎ᠡ ᠠᠴᠠ ᠡᠬᠢᠯᠡᠭᠰᠡᠨ ᠨᠡᠶᠢᠭᠡᠮ ᠵᠢᠷᠤᠮᠲᠤ ᠪᠦᠲᠦᠭᠡᠨ ᠪᠠᠶᠢᠭᠤᠯᠤᠯᠲᠠ ᠳᠤ ᠰᠢᠷᠭᠠᠭᠤ ᠬᠦᠳᠡᠯᠮᠦᠷᠢ ᠪᠠᠨ ᠵᠤᠷᠢᠭᠤᠯᠤᠭᠰᠠᠨ ᠨᠢᠭᠡᠨ ᠥᠶ᠎ᠡ ᠶᠢᠨ ᠬᠡᠥᠬᠡᠨᠴᠦᠳ ᠪᠤᠯᠤᠨ᠎ᠠ︔ ᠰᠢᠨ᠎ᠡ ᠴᠠᠭ ᠥᠶ᠎ᠡ ᠶᠢᠨ ᠬᠡᠥᠬᠡᠳ ᠤᠳ ᠲᠤ ᠲᠡᠷᠡ ᠥᠶ᠎ᠡ ᠶᠢᠨ ᠬᠦᠮᠦᠰ ᠤᠨ ᠵᠤᠷᠢᠭ ᠰᠠᠨᠠᠭ᠎ᠠ ᠶᠢ ᠤᠯᠠᠮᠵᠢᠯᠠᠵᠤ᠂ ᠬᠦᠮᠦᠵᠢᠯ ᠬᠦᠷᠲᠡᠭᠡᠬᠦ ᠶᠢᠨ ᠲᠦᠯᠥᠭᠡ ᠲᠣᠰ ᠬᠦᠳᠡᠯᠭᠡᠭᠡᠨ ᠢ ᠦᠷᠨᠢᠭᠦᠯᠥᠭᠰᠡᠨ ᠶᠤᠮ︾ ᠭᠡᠵᠦ ᠬᠦᠪᠡᠭᠡᠲᠦ ᠰᠢᠷ᠎ᠠ ᠬᠤᠰᠢᠭᠤᠨ ᠤ ︽ᠲᠡᠮᠦᠷ ᠬᠡᠥᠬᠡᠨᠴᠦᠳ︾ ᠤᠨ ᠬᠤᠯᠪᠣᠭᠠᠨ ᠤ ᠠᠬᠠᠯᠠᠬᠴᠢ ᠪᠠᠳᠮᠠᠴᠤᠤ ᠶᠠᠷᠢᠯ᠎ᠠ᠃     ᠠᠵᠢᠯᠯᠠᠭ᠎ᠠ ᠳᠤ ᠣᠷᠣᠯᠴᠠᠬᠰᠠᠳ ᠲᠤ᠂ ︽ᠦᠪᠦᠷ ᠮᠣᠩᠭᠤᠯ ᠤᠨ ᠲᠡᠮᠦᠷ ᠬᠡᠥᠬᠡᠨᠴᠦᠳ︾ ᠭᠡᠭᠦ ᠨᠣᠮ ᠪᠠ 50 ᠵᠢᠯ ᠤᠨ ᠣᠶ ᠶᠢᠨ ᠳᠤᠷᠠᠰᠬᠠᠯ ᠤᠨ ᠳᠡᠮᠳᠡᠭ ᠢ ᠪᠡᠯᠡᠭᠯᠡᠭᠰᠡᠨ ᠪᠥᠭᠡᠳ ︽ᠬᠥᠬᠡ ᠳᠤᠷᠠᠰᠤᠮᠵᠢ︾ ᠪᠠᠷᠢᠮᠲᠠᠲᠤ ᠹᠢᠯᠢᠮ ᠤᠨ ᠣᠳᠣᠷᠢᠳᠣᠭᠠᠴᠢ ᠨᠠᠶᠠᠨᠳᠠᠢ ᠪᠣᠯᠣᠨ ᠪᠤᠰᠤᠳ ᠭᠠᠵᠠᠷ ᠠᠴᠠ ᠢᠷᠡᠭᠰᠡᠨ ᠲᠡᠮᠦᠷ ᠭᠡᠦᠭᠡᠨᠴᠣᠳ ᠲᠤ ᠳᠤᠷᠠᠰᠬᠠᠯ ᠤᠨ ᠪᠡᠯᠡᠭ ᠭᠠᠷᠳᠠᠭᠤᠯᠵᠠᠢ᠃      ︽ᠲᠡᠮᠦᠷ ᠬᠡᠥᠬᠡᠨᠴᠦᠳ︾ ᠪᠣᠯ ᠳᠡᠭᠡᠷ᠎ᠡ ᠵᠠᠭᠤᠨ ᠤ ᠵᠢᠷᠠ ᠳᠠᠯᠠᠭᠠᠳ ᠣᠨ ᠤ ᠦᠶ᠎ᠡ ᠳᠤ ᠨᠣᠳᠤᠭ ᠤᠷᠤᠨ  ᠢᠶᠠᠨ ᠪᠦᠳᠦᠭᠡᠨ ᠪᠠᠶᠢᠭᠤᠯᠬᠤ ᠳᠤ ᠭᠠᠪᠰᠢᠭᠠᠶᠢᠯᠠᠨ ᠣᠷᠣᠯᠴᠠᠵᠦ᠂ ᠭᠠᠯ ᠵᠠᠯᠠᠭᠤ ᠨᠠᠰᠣᠨ ᠤ ᠣᠶᠣᠨ ᠣᠬᠠᠭᠠᠨ ᠭᠦᠴᠦᠨ ᠴᠢᠳᠠᠯ ᠢᠶᠠᠨ ᠡᠷᠭᠦᠵᠦ ᠶᠠᠪᠣᠬᠰᠠᠨ ᠭᠦᠮᠦᠰ ᠶᠤᠮ᠃ ᠲᠤᠰ ᠣᠳᠠᠭᠠᠨ ᠤ ᠠᠵᠢᠯᠯᠠᠭ᠎ᠠ ᠨᠢ ᠳᠡᠭᠡᠷ᠎ᠡ ᠵᠠᠭᠤᠨ ᠤ ᠲᠠᠯᠠᠭᠠᠳ ᠣᠨ ᠤ ︽ᠲᠡᠮᠦᠷ ᠭᠡᠦᠭᠡᠨᠴᠣᠳ︾ ᠤᠨ ᠬᠠᠲᠠᠭᠤᠵᠢᠯᠲᠠᠢ ᠣᠨ ᠰᠠᠷ᠎ᠠ ᠶᠢ ᠡᠷᠭᠢᠴᠡᠭᠦᠯᠵᠦ᠂ ᠥᠷᠭᠡᠨ ᠤᠯᠠᠨ ᠡᠮᠡᠭᠲᠡᠶᠢᠴᠦᠳ ᠢ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ ᠶᠢ ᠵᠤᠷᠢᠭᠵᠢᠭᠤᠯᠵᠠᠢ᠃      ︽ᠲᠡᠮᠦᠷ ᠬᠡᠥᠬᠡᠨ︾ ᠨᠠᠩᠰᠠᠯᠮ᠎ᠠ᠄ ︽ᠪᠢ ︿ᠲᠡᠮᠦᠷ ᠬᠡᠥᠬᠡᠨᠴᠦᠳ﹀ ᠤᠨ ᠡᠩᠨᠡᠭᠡ ᠳᠤ ᠭᠠᠪᠰᠢᠭᠠᠶᠢᠯᠠᠵᠤ ᠦᠩᠭᠡᠷᠡᠭᠰᠡᠨ︔ ᠵᠢᠷᠠᠭᠠᠳ ᠣᠨ ᠤ ᠰᠡᠭᠦᠯᠴᠢ ᠳᠠᠯᠠᠭᠠᠳ ᠣᠨ ᠤ ᠡᠬᠢᠨ ᠳᠤ ᠮᠠᠨ ᠤ ᠲᠡᠮᠦᠷ ᠬᠡᠥᠬᠡᠨᠴᠦᠳ ᠳ᠋ᠠᠵᠠᠢ ᠠᠴᠠ ᠰᠤᠷᠤᠯᠴᠠᠵᠤ᠂ ᠡᠪᠡᠰᠦ ᠮᠣᠳᠤ ᠲᠠᠷᠢᠨ᠂ ᠦᠦᠰᠢᠨᠵᠤᠤ ᠠᠴᠠ ᠰᠤᠷᠤᠯᠴᠠᠵᠤ᠂ ᠡᠳᠦᠷ ᠰᠦᠨᠢ ᠦᠭᠡᠢ ᠠᠵᠢᠯᠯᠠᠵᠤ ᠨᠤᠲᠤᠭ ᠤᠰᠣ ᠪᠠᠨ ᠪᠦᠲᠦᠭᠡᠨ ᠪᠠᠶᠢᠭᠤᠯᠬᠤ ᠳᠤ ᠬᠦᠴᠦᠨ ᠢᠶᠠᠨ ᠡᠷᠭᠦᠵᠦ ᠢᠷᠡᠭᠰᠡᠨ︔ ᠵᠠᠯᠠᠭᠤᠴᠤᠳ ᠪᠢᠳᠡᠨ ᠤ ᠠᠵᠢᠯᠯᠠᠵᠤ ᠢᠷᠡᠭᠰᠡᠨ ᠤᠯᠠ ᠮᠦᠷ ᠢᠶᠠᠷ ᠦᠷᠭᠦᠯᠵᠢᠯᠡᠨ ᠰᠤᠷᠤᠯᠴᠠᠵᠤ᠂ ᠠᠵᠢᠯᠯᠠᠵᠤ ᠶᠠᠪᠤᠬᠤ ᠶᠢ ᠬᠦᠰᠡᠵᠥ ᠪᠠᠶᠢᠨ᠎ᠠ︾ ᠭᠡᠵᠦ  ᠶᠠᠷᠢᠯ᠎ᠠ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号