ᠮᠠᠯᠵᠢᠬᠤ ᠣᠷᠣᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ︽ᠪᠠᠷᠢᠮᠵᠢᠶ᠎ᠠ ᠲᠠᠢ | ᠬᠠᠷᠭᠤᠭᠤᠯᠵᠤ ᠲᠡᠷᠢᠭᠦᠨ ᠤ ᠬᠢ ᠶᠢ ᠡᠭᠦᠳᠬᠦ︾ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠰᠤᠮᠤ ᠪᠠᠯᠭᠠᠰᠤᠨ ᠤ | ᠨᠠᠮ ᠤᠨ ᠬᠤᠷᠢᠶᠠᠨ ᠤ ᠱᠦᠵᠢ ᠶᠢᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ | ᠴᠣᠭᠴᠠᠯᠠᠯᠲᠠ ᠶᠢ ᠠᠳᠬᠤᠬᠤ ᠬᠠᠷᠢᠭᠤᠴᠠᠯᠭᠠᠲᠤ ᠤᠬᠠᠮᠰᠠᠷ ᠪᠠ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠵᠦ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠴᠠᠭᠠᠷᠠᠭᠰᠠᠨ ︽ᠬᠤᠰᠢᠭᠤᠴᠢ ᠭᠠᠯᠠᠭᠤ︾ ᠶᠢᠨ | ᠡᠩᠨᠡᠭᠡ ᠶᠢ ᠳᠠᠪᠲᠠᠨ ᠪᠣᠯᠪᠠᠰᠤᠷᠠᠭᠤᠯᠬᠤ ᠶᠢᠨ ᠲᠥᠯᠥᠭᠡ᠂ 6 ᠰᠠᠷ᠎ᠠ ᠶᠢᠨ 26 ᠤ ᠡᠳᠦᠷ᠂ ᠬᠥᠪᠡᠭᠡᠲᠦ ᠰᠢᠷ᠎ᠠ | ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠪᠥᠬᠦ ᠬᠤᠰᠢᠭᠤᠨ ᠤ ᠰᠤᠮᠤ ᠪᠠᠯᠭᠠᠰᠤᠨ ᠤ | ᠨᠠᠮ ᠤᠨ ᠬᠤᠷᠢᠶᠠᠨ ᠤ ᠱᠦᠵᠢ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠲᠠᠪᠴᠠᠩ ᠤᠨ | ᠮᠦᠷᠥᠶᠢᠴᠡᠭᠡᠡ︾ ᠤ ᠠᠵᠢᠯᠯᠠᠭ᠎ᠠ ᠶᠢ ᠥᠷᠨᠢᠭᠦᠯᠪᠡ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠶᠠᠨ ᡁᠢ ᠭᠦᠸᠧ᠂ ᠵᠠᠰᠠᠭ ᠤᠨ ᠣᠷᠳᠣᠨ ᠤ ᠳᠡᠳ᠋ ᠳᠠᠷᠤᠭ᠎ᠠ | ᠬᠠᠰᠴᠢᠯᠠᠭᠤ ᠵᠢᠴᠢ ᠡᠯ᠎ᠡ ᠰᠢᠯᠭᠠᠷᠠᠭᠤᠯᠬᠤ ᠺᠣᠮᠢᠰ ᠤᠨ ᠭᠡᠰᠢᠭᠦᠨ᠂ ᠡᠯ᠎ᠡ ᠰᠤᠮᠤᠨ ᠤ ᠤᠳᠤᠷᠢᠳᠬᠤ ᠪᠠᠭ᠂ | ᠭᠠᠴᠠᠭᠠᠨ ᠤ ᠨᠠᠮ ᠤᠨ ᠡᠬᠦᠷ ᠤᠨ ᠱᠦᠵᠢ᠂ ᠨᠠᠮ ᠤᠨ ᠭᠡᠰᠢᠭᠦᠨ ᠤ ᠭᠤᠤᠯᠳᠠᠯᠭᠠᠲᠤ ᠡᠷᠦᠬᠡ᠂ ᠭᠠᠴᠠᠭᠠᠨ ᠤ | ᠨᠢᠭᠡᠳᠦᠭᠡᠷ ᠱᠦᠵᠢ ᠠᠵᠢᠯᠯᠠᠭ᠎ᠠ ᠳᠤ ᠣᠷᠣᠯᠴᠠᠪᠠ᠃ | ᠲᠣᠰ ᠤᠳᠠᠭᠠᠨ ᠤ ᠠᠵᠢᠯᠯᠠᠭ᠎ᠠ ᠶᠢ ᠲᠤᠬᠠᠶ ᠶᠢᠨ ᠭᠠᠵᠠᠷ ᠲᠤᠨᠢ ᠲᠣᠭᠤᠷᠢᠨ ᠦᠵᠡᠬᠦ ᠪᠠ ᠲᠤᠰᠢᠶᠠᠯ ᠤᠨ | ᠮᠡᠳᠡᠭᠦᠯᠦᠯᠲᠡ ᠬᠢᠬᠦ ᠬᠤᠶᠠᠷ ᠠᠯᠬᠤᠮ ᠢᠶᠠᠷ ᠬᠤᠪᠢᠶᠠᠨ ᠶᠠᠪᠤᠠᠠᠳᠠᠭᠤᠯᠪᠠ᠃ 6 ᠰᠠᠷ᠎ᠠ ᠶᠢᠨ 20 ᠠᠴᠠ 21 ᠤ | ᠡᠳᠦᠷ ᠤᠨ ᠬᠤᠭᠤᠷᠤᠨᠲᠤᠬᠢ ᠬᠤᠭᠤᠴᠠᠭᠠᠨ ᠳᠤ ᠤᠩᠭᠤᠨ ᠠᠭᠤᠯᠠ ᠰᠤᠮᠤᠠ ᠤ ᠤᠯᠠᠭᠠᠨᠨᠠᠭᠤᠷ ᠭᠠᠴᠠᠭᠠᠨ ᠤ | ᠬᠠᠮᠲᠤ ᠶᠢᠨ ᠠᠵᠤ ᠠᠬᠤᠢ ᠶᠢᠨ ᠠᠵᠤ ᠦᠢᠯᠡᠰ ᠤᠨ ᠴᠡᠭ ᠂ ᠬᠤᠶᠠᠷ ᠬᠤᠤᠠᠳᠤᠭ ᠭᠠᠴᠠᠭᠠᠨ ᠤ ᠨᠠᠮ ᠤᠨ ᠭᠡᠰᠢᠭᠦᠨ ᠤ | ᠭᠤᠤᠯᠳᠠᠯᠭᠠᠲᠤ ᠡᠷᠦᠬᠡ᠂ ᠪᠠᠶᠠᠨᠲᠠᠯ᠎ᠠ ᠪᠠᠯᠭᠠᠰᠤᠨ ᠤ ᠬᠤᠲᠠ ᠶᠢᠨ ᠭᠤᠣᠯ ᠭᠠᠴᠠᠭᠠᠠ ᠤ ᠰᠢᠮᠡᠲᠡᠶ ᠪᠡᠯᠴᠢᠭᠡᠷ ᠡᠪᠡᠰᠦ | ᠪᠣᠯᠪᠠᠰᠤᠷᠠᠭᠤᠯᠬᠤ ᠬᠢᠵᠠᠭᠠᠷᠲᠤ ᠺᠣᠮᠫᠠᠨᠢ᠂ ᠢᠩᠳᠥ ᠭᠠᠴᠠᠭᠠᠨ ᠤ ᠬᠠᠮᠲᠦ ᠠᠵᠦ ᠠᠬᠤᠢ᠂ ᠪᠣᠭᠳᠠ ᠶᠢᠨ ᠭᠤᠤᠯ | ᠰᠤᠮᠤᠨ ᠤ ᠪᠠᠶᠠᠠᠴᠠᠭᠠᠠ ᠭᠠᠴᠠᠭᠠᠠ ᠤ ᠮᠥᠩᠭᠦᠨᠪᠤᠯᠠᠭ ᠬᠡᠷ ᠪᠦᠯᠢ ᠶᠢᠨ ᠮᠠᠯᠵᠢᠯ ᠤᠨ ᠲᠠᠯᠠᠪᠠᠶ᠂ ᠳᠥᠷᠪᠡᠨ ᠬᠤᠳᠳᠤᠭ | ᠭᠠᠴᠠᠭᠠᠨ ᠤ ᠰᠤᠶᠤᠯ ᠤᠨ ᠦᠷᠦᠭᠡ ᠶᠢᠨ ᠪᠦᠲᠦᠭᠡᠨ ᠪᠠᠶᠢᠭᠤᠯᠤᠯᠲᠠ ᠵᠡᠷᠭᠡ 12 ᠴᠡᠭ ᠢᠶᠠᠷ ᠲᠣᠭᠤᠷᠢᠨ ᠦᠵᠡᠵᠥ᠂ | ᠲᠣᠭᠤᠷᠢᠨ ᠦᠵᠡᠬᠦ ᠴᠡᠭ ᠪᠦᠷᠢ ᠨᠢ ᠥᠪᠡᠷ ᠥᠪᠡᠷ ᠤᠨ ᠣᠨᠴᠠᠯᠢᠭ ᠲᠠᠢ ᠪᠠᠶᠢᠵᠤ᠂ ᠮᠠᠨ ᠤ ᠬᠤᠰᠢᠭᠤᠨ ᠤ | ᠮᠠᠯᠵᠢᠬᠤ ᠣᠷᠣᠨ ᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠪᠠᠶᠢᠳᠠᠯ ᠢ ᠢᠯᠡᠳᠬᠡᠵᠦ᠂ | ᠡᠯ᠎ᠡ ᠰᠤᠮᠤ ᠪᠠᠯᠭᠠᠰᠤᠨ ᠤ ᠨᠠᠮ ᠤᠨ ᠬᠤᠷᠢᠶᠠᠨ ᠤ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠪᠠ ᠨᠡᠶᠢᠲᠡᠯᠢᠭ | ᠲᠤᠷᠰᠢᠯᠭ᠎ᠠ ᠶᠢ ᠳ᠋ᠦᠩᠨᠡᠨ ᠰᠤᠷᠤᠯᠴᠠᠬᠤ ᠶᠢ ᠦᠷᠭᠦᠯᠵᠢᠯᠡᠨ ᠰᠠᠶᠢᠲᠤᠷ ᠠᠳᠬᠤᠬᠤ ᠶᠢ ᠢᠯᠡᠷᠡᠭᠦᠯᠪᠡ᠃ | ᠲᠤᠰᠢᠶᠠᠯ ᠤᠨ ᠮᠡᠳᠡᠭᠦᠯᠦᠯᠲᠡ ᠬᠢᠬᠦ ᠭᠤᠤᠯ ᠠᠭᠤᠯᠭ᠎ᠠ ᠳᠤ᠂ 3 ᠰᠤᠮᠤ ᠪᠠᠯᠭᠠᠰᠤᠨ ᠤ ᠨᠠᠮ ᠤᠨ | ᠬᠤᠷᠢᠶᠠᠨ ᠤ ᠱᠦᠵᠢ ᠨᠠᠮ ᠤᠨ ᠪᠠᠶᠢᠭᠤᠯᠤᠯᠲᠠ ᠶᠢ ᠠᠳᠬᠤᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠠᠬᠢᠭᠤᠯᠬᠤ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ | ᠳᠠᠭᠠᠭᠤᠯᠬᠤ᠂ ᠦᠨᠳᠦᠰᠦᠲᠡᠨ ᠤ ᠪᠦᠯᠭᠦᠮᠳᠡᠯ ᠢ ᠠᠬᠢᠭᠤᠯᠬᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ | ᠦᠶᠯᠡᠳᠦᠯᠭᠡ ᠵᠡᠷᠭᠡ ᠨᠠᠮ ᠤᠨ ᠪᠠᠶᠢᠭᠤᠯᠤᠯᠲᠠ ᠶᠢᠨ ᠭᠤᠤᠯᠳᠠᠯᠭ᠎ᠠ ᠲᠠᠢ ᠡᠭᠦᠷᠭᠡ᠂ ᠭᠤᠤᠯᠳᠠᠯᠭ᠎ᠠ ᠲᠠᠢ ᠲᠥᠷᠥᠯ | ᠵᠦᠶᠯ ᠢ ᠠᠬᠢᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠵᠢᠴᠢ ᠣᠯᠤᠭᠰᠠᠨ ᠪᠣᠳᠠᠲᠠᠶ ᠦᠷ᠎ᠡ ᠪᠦᠲᠦᠮᠵᠢ ᠶᠢᠨ | ᠲᠣᠭᠤᠷᠢᠨ ᠳᠤ᠂ PPT ᠪᠠᠷ ᠳᠡᠯᠭᠡᠨ ᠦᠵᠡᠭᠦᠯᠬᠦ ᠠᠷᠭ᠎ᠠ ᠬᠡᠯᠪᠡᠷᠢ ᠪᠠᠷ ᠲᠤᠰᠢᠶᠠᠯ ᠤᠨ ᠮᠡᠳᠡᠭᠦᠯᠦᠯᠲᠡ ᠬᠢᠵᠦ᠂ | ᠲᠣᠰ ᠲᠣᠰ ᠤᠨ ᠰᠤᠮᠤ ᠪᠠᠯᠭᠠᠰᠤᠨ ᠤ ᠨᠠᠮ ᠤᠨ ᠪᠠᠶᠢᠭᠤᠯᠤᠯᠲᠠ ᠶᠢ ᠠᠳᠬᠤᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠠᠬᠢᠭᠤᠯᠤᠭᠰᠠᠨ ᠪᠤᠳᠠᠲᠤ ᠪᠠᠶᠢᠳᠠᠯ ᠪᠠ ᠦᠷ᠎ᠡ ᠪᠦᠲᠦᠭᠡᠯ ᠢ ᠪᠥᠬᠦ ᠲᠠᠯ᠎ᠠ ᠪᠠᠷ ᠳᠡᠯᠭᠡᠨ ᠦᠵᠡᠭᠦᠯᠪᠡ | ᠃ ᠡᠯ᠎ᠡ ᠰᠤᠮᠤ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠣᠬᠢᠶᠠᠨ ᠪᠠᠶᠢᠭᠤᠯᠬᠤ ᠭᠡᠰᠢᠭᠦᠨ᠂ ᠭᠠᠴᠠᠭᠠᠨ | ᠤ ᠨᠢᠭᠡᠳᠦᠭᠡᠷ ᠱᠦᠵᠢ᠂ ᠭᠠᠴᠠᠭᠠᠨ ᠤ ᠨᠠᠮ ᠤᠨ ᠡᠭᠦᠷ ᠤᠨ ᠱᠦᠵᠢ᠂ ᠨᠠᠮ ᠤᠨ ᠭᠡᠰᠢᠭᠦᠨ ᠤ ᠭᠤᠤᠯᠳᠠᠯᠭᠠᠲᠤ ᠡᠷᠦᠬᠡ | ᠳᠤ ᠲᠤᠬᠠᠶ ᠶᠢᠨ ᠲᠠᠯᠠᠪᠠᠶ ᠶᠢᠨ ᠠᠰᠠᠭᠤᠯᠲᠠ ᠬᠠᠷᠢᠭᠤᠯᠲᠠ ᠶᠠᠪᠤᠭᠳᠠᠭᠤᠯᠪᠠ᠃ | ᠠᠳᠠᠯᠢᠳᠬᠠᠨ ᠰᠢᠯᠭᠠᠷᠠᠭᠤᠯᠤᠯᠲᠠ ᠪᠠᠷ ᠲᠠᠮᠵᠢᠨ᠂ ᠪᠣᠭᠳᠠ ᠶᠢᠨ ᠭᠤᠤᠯ ᠰᠤᠮᠤᠨ ᠤ ᠨᠠᠮ ᠤᠨ ᠬᠤᠷᠢᠶᠠᠨ ᠤ | ᠱᠦᠵᠢ ᠳᠠᠪᠰᠢᠯᠲᠤ ︽ᠰᠠᠶᠢᠨ︾ ᠢᠶᠠᠷ ᠦᠨᠡᠯᠡᠭᠳᠡᠵᠦ᠂ ᠣᠩᠭᠤᠨ ᠠᠭᠤᠯᠠ ᠰᠤᠮᠤᠨ ᠤ ᠨᠠᠮ ᠤᠨ ᠬᠤᠷᠢᠶᠠᠨ ᠤ | ᠱᠦᠵᠢ ᠠᠭᠤᠯᠠ ᠪᠣᠯᠤᠨ ᠪᠠᠶᠠᠨᠲᠠᠯ᠎ᠠ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠬᠠᠰᠴᠡᠴᠡᠭ ︽ᠨᠡᠯᠢᠶᠡᠳ | ᠰᠠᠶᠢᠨ︾ ᠢᠶᠠᠷ ᠦᠨᠡᠯᠡᠭᠳᠡᠭᠰᠡᠨ ᠪᠥᠭᠡᠳ ᠱᠠᠩᠨᠠᠯ ᠭᠥᠷᠳᠡᠪᠡ᠃ | ᠠᠵᠢᠯᠯᠠᠭᠠᠠ ᠤ ᠡᠴᠦᠰ ᠲᠤ᠂ ᠶᠠᠨ ᡁᠢ ᠭᠦᠸᠧ ᠳ᠋ᠦᠩᠨᠡᠯᠲᠡ ᠶᠢᠨ ᠶᠠᠷᠢᠶ᠎ᠠ ᠲᠠᠯᠪᠢᠵᠤ᠂ ᠮᠠᠯᠵᠢᠬᠤ ᠣᠷᠣᠨ ᠤ | ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠬᠡᠷᠬᠢᠨ ᠰᠠᠶᠢᠲᠤᠷ ᠠᠳᠬᠤᠵᠤ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠬᠡᠷᠬᠢᠨ ᠪᠦᠬᠦ ᠲᠠᠯ᠎ᠠ ᠪᠠᠷ ᠠᠬᠢᠭᠤᠯᠬᠤ ᠲᠤᠬᠠᠢ ᠰᠠᠨᠠᠭᠤᠯᠭ᠎ᠠ | ᠲᠤᠷᠡᠤᠡᠴᠥ᠂ ᠡᠯ᠎ᠡ ᠰᠤᠮᠤ ᠪᠠᠯᠭᠠᠰᠤᠨ ᠤ ᠨᠠᠮ ᠤᠨ ᠬᠤᠷᠢᠶ᠎ᠠ ᠲᠤᠷᠰᠢᠯᠭ᠎ᠠ ᠪᠠᠨ ᠨᠠᠷᠢᠨ ᠬᠢᠨᠠᠮᠠᠭᠠᠶ ᠳ᠋ᠦᠩᠨᠡᠵᠦ᠂ ᠡᠯ᠎ᠡ | ᠵᠦᠶᠯ ᠤᠨ ᠠᠵᠢᠯ ᠢᠶᠠᠨ ᠨᠠᠷᠢᠨ ᠨᠢᠮᠪᠠᠶ ᠲᠥᠯᠥᠪᠯᠡᠵᠦ᠂ ᠨᠢᠭᠡ ᠨᠢᠭᠡ ᠬᠠᠷᠠᠯᠲᠠ ᠪᠠᠷ ᠬᠤᠪᠢᠶᠠᠷᠢᠯᠠᠨ᠂ ᠨᠢᠭᠡ ᠨᠢᠭᠡ | ᠡᠭᠦᠷᠭᠡ ᠪᠠᠷ ᠨᠠᠶᠢᠳᠠᠪᠤᠷᠢᠵᠢᠭᠤᠯᠵᠤ᠂ ᠨᠢᠭᠡ ᠨᠢᠭᠡ ᠲᠥᠷᠥᠯ ᠵᠦᠶᠯ ᠢᠶᠠᠷ ᠠᠬᠢᠭᠤᠯᠵᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠭᠤᠶᠢᠳᠠ ᠰᠠᠶᠢᠬᠠᠨ ᠵᠢᠷᠤᠭ ᠳᠦᠷᠰᠦ ᠶᠢ ᠴᠢᠷᠮᠠᠶᠢᠨ ᠪᠢᠴᠢᠭᠯᠡᠬᠦ ᠬᠡᠷᠡᠭᠲᠡᠶ ᠭᠡᠵᠦ ᠱᠠᠭᠠᠷᠳᠠᠪᠠ᠃ | |