ᠬᠥᠪᠡᠭᠡᠲᠦ ᠰᠢᠷ᠎ᠠ ᠬᠤᠰᠢᠭᠤᠨ ᠤ ᠬᠤᠶᠠᠳᠤᠭᠠᠷ ᠬᠤᠭᠤᠴᠠᠭᠠᠨ ᠤ ︽ᠪᠣᠯᠪᠠᠰᠤᠨ︾ ᠬᠤᠨᠳᠠᠭᠠᠲᠤ ᠨᠠᠰᠤᠲᠠᠶᠢᠴᠤᠳ ᠤᠨ ᠭᠠᠵᠡᠷ  ᠪᠥᠮᠪᠦᠭᠡ ᠶᠢᠨ ᠤᠷᠤᠯᠳᠤᠭᠠᠨ ᠠᠮᠵᠢᠯᠲᠠ ᠲᠠᠢ ᠶᠠᠪᠤᠭᠳᠠᠪᠠ
ᠨᠡᠶᠢᠲᠡᠯᠡᠭᠰᠡᠨ ᠴᠠᠭ᠄
2023/6/29
      6 ᠰᠠᠷ᠎ᠠ ᠶᠢᠨ 28 ᠤ ᠡᠳᠦᠷ᠂ ᠬᠥᠪᠡᠭᠡᠲᠦ ᠰᠢᠷ᠎ᠠ ᠬᠤᠰᠢᠭᠤᠨ ᠤ ᠬᠤᠶᠠᠳᠤᠭᠠᠷ ᠬᠤᠭᠤᠴᠠᠭᠠᠨ ᠤ ︽ᠪᠣᠯᠪᠠᠰᠤᠨ︾ ᠬᠤᠨᠳᠠᠭᠠᠲᠤ ᠨᠠᠰᠤᠲᠠᠶᠢᠴᠤᠳ ᠤᠨ ᠭᠠᠵᠡᠷ ᠪᠥᠮᠪᠦᠭᠡ ᠶᠢᠨ ᠤᠷᠤᠯᠳᠤᠭᠠᠨ ᠬᠤᠰᠢᠭᠤᠨ ᠤ ᠲᠠᠮᠢᠷ ᠤᠨ ᠲᠠᠯᠠᠪᠠᠶ ᠳᠤ ᠠᠮᠵᠢᠯᠳᠠ ᠲᠠᠢ  ᠶᠠᠪᠣᠬᠳᠠᠵᠠᠢ᠃      ᠲᠣᠰ ᠤᠳᠠᠭᠠᠨ ᠤ ᠰᠣᠯᠢᠯᠴᠠᠭᠠᠨ ᠤ ᠠᠵᠢᠯᠯᠠᠭ᠎ᠠ ᠶᠢ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠵᠥᠪᠯᠡᠯ ᠤᠨ ᠠᠯᠪᠠᠨ ᠬᠡᠷ ᠠᠴᠠ ᠭᠤᠤᠯᠯᠠᠨ ᠡᠷᠭᠢᠯᠡᠵᠦ᠂ ᠬᠤᠰᠢᠭᠤᠨ ᠤ ᠨᠠᠰᠤᠲᠠᠶᠢᠴᠤᠳ ᠤᠨ ᠲᠠᠮᠢᠷ ᠤᠨ ᠨᠡᠶᠢᠭᠡᠮᠯᠢᠭ᠂ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ ᠦᠶᠯᠡᠴᠢᠯᠡᠭᠡᠨ ᠤ ᠲᠥᠪ ᠠᠴᠠ ᠳᠠᠭᠠᠭᠠᠴᠢᠯᠠᠨ ᠡᠷᠭᠢᠯᠡᠵᠦ᠂ ᠬᠤᠰᠢᠭᠤᠨ ᠤ ᠨᠠᠰᠤᠲᠠᠶᠢᠴᠤᠳ ᠤᠨ ᠭᠠᠵᠡᠷ ᠪᠥᠮᠪᠦᠭᠡ ᠶᠢᠨ ᠠᠵᠢᠯ ᠤᠨ ᠵᠥᠪᠯᠡᠯ ᠠᠴᠠ ᠬᠠᠮᠵᠢᠨ ᠡᠷᠭᠢᠯᠡᠵᠦ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠢ ᡁᠢ ᠦ᠋ ᠱᠠᠩᠨᠠᠯ ᠣᠯᠭᠤᠬᠤ ᠶᠣᠰᠣᠯᠠᠯ ᠳᠤ ᠣᠷᠣᠯᠴᠠᠵᠦ᠂ ᠰᠢᠯᠢᠳᠡᠭ ᠲᠠᠮᠢᠷᠴᠢᠨ ᠳᠤ ᠱᠠᠩᠨᠠᠯ ᠭᠠᠷᠳᠠᠭᠤᠯᠪᠠ᠃      ᠠᠵᠢᠯᠯᠠᠭ᠎ᠠ ᠳᠤ ᠬᠦᠪᠡᠬᠡᠳᠣ ᠰᠢᠷ᠎ᠡ ᠬᠤᠰᠢᠭᠤ᠂ ᠲᠠᠶᠢᠪᠣᠰᠧ ᠬᠤᠰᠢᠭᠤ᠂ ᠰᠢᠯᠤᠭᠤᠨ ᠬᠥᠬᠡ ᠬᠤᠰᠢᠭᠤ᠂ ᠰᠥᠨᠢᠳ ᠵᠡᠭᠦᠨ ᠬᠤᠰᠢᠭᠤ ᠵᠡᠷᠭᠡ ᠬᠤᠰᠢᠭᠤ ᠰᠢᠶᠠᠨ ᠤ 7 ᠲᠦᠯᠦᠭᠡᠯᠡᠭᠴᠢ ᠶᠢᠨ ᠠᠩᠭᠢ᠂ ᠨᠡᠶᠢᠲᠡ 70 ᠭᠠᠷᠤᠶ  ᠲᠠᠮᠢᠷᠴᠢᠨ ᠠᠵᠢᠯᠯᠠᠭ᠎ᠠ ᠳᠤ ᠣᠷᠣᠯᠴᠠᠵᠦ᠂ ᠬᠠᠮᠲᠦ ᠨᠢᠭᠡᠴᠡ ᠶᠢᠨ ᠣᠷᠣᠯᠳᠣᠭᠠᠨ ᠪᠠ ᠬᠤᠪᠢ ᠬᠥᠮᠦᠨ ᠤ ᠣᠷᠣᠯᠳᠣᠭᠠᠨ ᠢ ᠶᠠᠪᠤᠭᠳᠠᠭᠤᠯᠵᠠᠢ᠃      ᠣᠷᠣᠯᠳᠣᠭᠠᠨ ᠨᠢ᠂ ︽ᠪᠣᠯᠪᠠᠰᠤᠨ᠂ ᠨᠥᠬᠦᠷᠯᠡᠯ᠂ ᠪᠠᠶᠠᠷ ᠪᠠᠶᠠᠰᠤᠯ᠂ ᠪᠡᠶ᠎ᠡ ᠴᠢᠭᠢᠷᠠᠭᠵᠢᠭᠤᠯᠬᠤ᠂ ᠡᠶ᠎ᠡ ᠵᠣᠬᠢᠴᠠᠩᠭᠤᠢ︾ ᠭᠡᠬᠦ ᠭᠤᠣᠯ ᠰᠡᠳᠦᠪ ᠢᠶᠠᠷ ᠶᠠᠪᠤᠭᠳᠠᠵᠤ᠂ ᠬᠠᠮᠲᠦ ᠨᠢᠭᠡᠴᠡ ᠶᠢᠨ ᠤᠷᠤᠯᠳᠤᠭᠠᠨ ᠳᠤ ᠬᠦᠪᠡᠬᠡᠳᠣ ᠰᠢᠷ᠎ᠡ ᠬᠤᠰᠢᠭᠤᠨ ᠤ ᠨᠢᠭᠡᠳᠦᠭᠡᠷ ᠲᠦᠯᠦᠭᠡᠯᠡᠭᠴᠢ ᠶᠢᠨ ᠠᠩᠭᠢ ᠨᠢᠭᠡᠳᠦᠭᠡᠷ ᠲᠤ ᠲᠣᠳᠣᠷᠠᠵᠦ᠂ ᠬᠤᠪᠢ ᠬᠥᠮᠦᠨ ᠤ ᠤᠷᠤᠯᠳᠤᠭᠠᠨ ᠳᠤ ᠬᠦᠪᠡᠬᠡᠳᠣ ᠰᠢᠷ᠎ᠡ ᠬᠤᠰᠢᠭᠤᠨ ᠤ ᠲᠠᠮᠢᠷᠴᠢᠨ ᠮᠦᠳᠠᠨ ᠨᠢᠭᠡᠳᠦᠭᠡᠷ ᠲᠤ᠂ ᠬᠦᠪᠡᠬᠡᠳᠣ ᠰᠢᠷ᠎ᠡ ᠬᠤᠰᠢᠭᠤᠨ ᠤ ᠲᠣᠷᠵᠢᠴᠡᠷᠢᠨ ᠬᠤᠶᠠᠳᠣᠭᠠᠷ ᠲᠤ ᠲᠣᠳᠣᠷᠠᠪᠡ᠃ ︽ᠵᠠᠬᠦᠨ ᠰᠦᠨᠢᠳ ᠬᠤᠰᠢᠭᠤᠨ ᠠᠴᠠ ᠨᠠᠢᠮᠠᠨ ᠲᠠᠮᠢᠷᠴᠢᠨ ᠢᠷᠡᠭᠰᠡᠨ︔ ᠬᠦᠪᠡᠬᠡᠳᠣ ᠰᠢᠷ᠎ᠡ ᠬᠤᠰᠢᠭᠤᠨ ᠤ ᠨᠠᠰᠣᠳᠠᠶᠢᠴᠣᠳ ᠤᠨ ᠨᠡᠶᠢᠬᠡᠮᠯᠢᠭ᠂ ᠬᠤᠰᠢᠭᠤ ᠵᠠᠰᠠᠭ  ᠤᠨ ᠣᠷᠳᠣᠨ ᠠᠴᠠ ᠬᠠᠯᠠᠭᠤᠨ ᠢᠶᠠᠷ ᠲᠡᠮᠵᠢᠵᠣ᠂ ᠮᠠᠨ ᠤ ᠣᠷᠣᠯᠳᠣᠭᠠᠨ ᠢ ᠶᠡᠭᠡ ᠰᠠᠶᠢᠬᠠᠨ ᠵᠣᠬᠢᠶᠠᠨ ᠪᠠᠶᠢᠭᠤᠯᠣᠬᠰᠠᠨ ᠪᠠᠶᠢᠨ᠎ᠠ︔ ᠮᠠᠨ ᠤ ᠨᠠᠰᠣᠳᠠᠶᠢᠴᠣᠳ ᠲᠤ ᠶᠡᠭᠡ ᠪᠠᠶᠠᠷ ᠴᠠᠩᠬᠡᠯ ᠠᠪᠴᠢᠷᠠᠵᠣ ᠦᠭᠬᠦᠯ᠎ᠠ︾ ᠭᠡᠵᠦ ᠰᠦᠨᠢᠳ ᠵᠠᠬᠦᠨ ᠬᠤᠰᠢᠭᠤᠨ ᠤ ᠰᠠᠴᠠᠨᠪᠢᠯᠢᠭ᠌ ᠨᠠᠰᠤᠲᠠᠨ ᠶᠠᠷᠢᠯ᠎ᠠ᠃      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠥᠬᠦ ᠲᠠᠯ᠎ᠠ ᠪᠠᠷ ᠲᠣᠣᠱᠯᠠᠭᠤᠯᠵᠦ᠂ ᠨᠠᠰᠤᠲᠠᠶᠢᠴᠤᠳ ᠤᠨ ᠰᠣᠶᠣᠯ ᠲᠠᠮᠢᠷ ᠤᠨ ᠠᠮᠢᠳᠤᠷᠠᠯ ᠢ ᠲᠠᠰᠤᠷᠠᠯᠲᠠ ᠥᠬᠡᠶ ᠪᠠᠶᠠᠯᠢᠬᠵᠢᠭᠤᠯᠬᠤ ᠵᠣᠷᠢᠯᠭ᠎ᠠ ᠪᠠᠷ ᠶᠠᠪᠣᠬᠳᠠᠬᠰᠠᠨ ᠲᠣᠰ ᠤᠳᠠᠭᠠᠨ ᠤ ᠤᠷᠤᠯᠳᠤᠭᠠᠨ ᠨᠢ ᠨᠠᠰᠣᠳᠠᠶᠢᠴᠣᠳ ᠲᠤ ᠪᠡᠶ᠎ᠡ ᠲᠠᠮᠢᠷ ᠤᠨ ᠬᠠᠪᠤ ᠴᠡᠩᠭᠡᠯ ᠢ ᠡᠳ᠋ᠯᠡᠭᠦᠯᠦᠨ᠂ ᠡᠯ᠎ᠡ ᠬᠤᠰᠢᠭᠤ ᠰᠢᠶᠠᠨ ᠤ ᠬᠤᠭᠤᠷᠣᠨᠳᠡᠭᠢ ᠨᠠᠰᠤᠲᠠᠶᠢᠴᠤᠳ ᠤᠨ ᠬᠠᠷᠢᠯᠴᠠᠭ᠎ᠠ ᠶᠢ ᠨᠢᠬᠳᠠᠷᠠᠭᠤᠯᠵᠦ᠂ ᠨᠠᠰᠣᠳᠠᠶᠢᠴᠣᠳ ᠤᠨ ᠪᠡᠶ᠎ᠡ ᠴᠢᠭᠢᠷᠠᠭᠵᠢᠭᠤᠯᠬᠤ ᠵᠣᠷᠢᠭ  ᠰᠠᠨᠠᠭ᠎ᠠ ᠪᠠ ᠣᠷ᠎ᠠ ᠮᠡᠷᠭᠡᠵᠢᠯ ᠢ  ᠭᠦᠢᠴᠡᠳ ᠢᠯᠡᠷᠡᠭᠦᠯᠵᠡᠢ᠃ 
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号