ᠬᠥᠪᠡᠭᠡᠲᠦ ᠰᠢᠷ᠎ᠠ ᠬᠤᠰᠢᠭᠤᠨ ᠤ ᠨᠢᠭᠡᠳᠦᠭᠡᠷ ᠬᠡᠦᠬᠡᠳ ᠤᠨ ᠴᠡᠴᠡᠷᠯᠢᠭ ᠤᠨ ᠶᠡᠭᠡ ᠠᠩᠭᠢ ᠶᠢᠨ ᠲᠡᠭᠦᠰᠬᠦ ᠲᠣᠭᠯᠠᠯᠲᠠ ᠶᠠᠪᠤᠭᠳᠠᠪᠠ
ᠨᠡᠶᠢᠲᠡᠯᠡᠭᠰᠡᠨ ᠴᠠᠭ᠄
2023/6/29
      6 ᠰᠠᠷ᠎ᠠ ᠶᠢᠨ 27 ᠤ ᠡᠳᠦᠷ᠂ ᠬᠥᠪᠡᠭᠡᠲᠦ ᠰᠢᠷ᠎ᠠ ᠬᠤᠰᠢᠭᠤᠨ ᠤ ᠨᠢᠭᠡᠳᠦᠭᠡᠷ ᠬᠡᠦᠬᠡᠳ ᠤᠨ ᠴᠡᠴᠡᠷᠯᠢᠭ ᠬᠤᠰᠢᠭᠤ ᠮᠡᠳᠡᠭᠡ ᠵᠠᠩᠭᠢᠵᠢᠭᠤᠯᠤᠯᠲᠠ ᠶᠢᠨ ᠲᠥᠪ ᠲᠤ ︽ᠨᠠᠮ ᠤᠨ ᠪᠠᠶᠢᠭᠤᠯᠤᠯᠲᠠ ᠪᠠᠷ ᠰᠢᠨ᠎ᠡ ᠠᠶᠠᠨ ᠢ ᠬᠥᠲᠥᠯᠥᠨ ᠳᠠᠭᠠᠭᠤᠯᠵᠤ᠂ ᠬᠡᠦᠬᠡᠳ ᠤᠨ ᠰᠡᠳᠬᠢᠯ ᠢᠶᠠᠷ ᠬᠦᠰᠡᠯ ᠵᠡᠭᠦᠳᠦ ᠪᠠᠨ ᠲᠡᠷᠭᠡᠯᠰᠢᠭᠦᠯᠬᠦ︾ 2023 ᠣᠨ ᠤ ᠬᠥᠪᠡᠭᠡᠲᠦ ᠰᠢᠷ᠎ᠠ ᠬᠤᠰᠢᠭᠤᠨ ᠤ ᠨᠢᠭᠡᠳᠦᠭᠡᠷ ᠬᠡᠦᠬᠡᠳ ᠤᠨ ᠴᠡᠴᠡᠷᠯᠢᠭ ᠤᠨ ᠶᠡᠭᠡ ᠠᠩᠭᠢ ᠲᠡᠭᠦᠰᠬᠦ ᠬᠠᠷᠢᠭᠤ ᠮᠡᠳᠡᠭᠦᠯᠦᠯᠲᠡ ᠶᠢᠨ ᠲᠣᠭᠯᠠᠯᠲᠠ ᠶᠢᠨ ᠠᠵᠢᠯᠯᠠᠭ᠎ᠠ ᠶᠢ ᠥᠷᠨᠢᠭᠦᠯᠪᠡ᠃       ᠲᠣᠭᠯᠠᠯᠲᠠ ᠨᠢ ᠪᠢᠴᠢᠬᠠᠨ ᠲᠤᠭᠯᠠᠭᠴᠢᠳ ᠤᠨ ᠭᠤᠶᠢᠳᠠ ᠰᠠᠶᠢᠬᠠᠨ ᠪᠥᠵᠢᠭ ᠤᠨ ᠠᠶᠢᠵᠠᠮ ᠢᠶᠠᠷ ᠡᠬᠢᠯᠡᠯᠲᠡ  ᠶᠢᠨ ᠬᠥᠰᠢᠭᠡ ᠪᠠᠨ ᠰᠡᠬᠦᠵᠦ᠂ ᠬᠡᠦᠬᠡᠳ ᠤᠳ ᠦᠪᠡᠷ ᠦᠪᠡᠷ ᠤᠨ ᠠᠪᠢᠶᠠᠰ ᠴᠢᠳᠠᠪᠤᠷᠢ ᠪᠠᠨ ᠭᠠᠶᠢᠬᠠᠭᠤᠯᠤᠨ ︽ᠡᠬᠡ ᠤᠯᠤᠰ ᠮᠢᠨᠢ︾᠂ ︽ᠪᠢᠴᠢᠬᠠᠨ ᠴᠣᠮᠣᠷᠯᠢᠭ︾᠂ ︽ᠮᠢᠨᠥ ᠴᠡᠴᠡᠷᠯᠢᠭ︾ ᠵᠡᠷᠭᠡ ᠲᠣᠭᠯᠠᠯᠲᠠ ᠶᠢ ᠲᠠᠶᠢᠰᠠᠨ ᠳᠡᠭᠡᠷ᠎ᠡ ᠢᠲᠡᠭᠡᠯ ᠳᠦᠭᠦᠷᠡᠩ ᠳᠠᠭᠤᠯᠠᠵᠤ ᠪᠦᠵᠢᠭᠯᠡᠨ᠂ ᠰᠢᠯᠦᠭ ᠨᠠᠶᠢᠷᠠᠭ ᠤᠶᠠᠩᠭᠠᠯᠠᠵᠤ᠂ ᠬᠡᠷ ᠤᠨ ᠠᠬᠠᠮᠠᠳ ᠪᠣᠯᠤᠨ ᠪᠠᠭᠰᠢ ᠨᠠᠷ ᠬᠠᠯᠠᠭᠤᠠ ᠠᠯᠠᠭ᠎ᠠ ᠲᠠᠰᠢᠯᠳᠠ ᠪᠠᠷ ᠢᠶᠠᠨ ᠬᠡᠤᠬᠡᠳ ᠤᠳ ᠲᠤ ᠤᠷᠮ᠎ᠠ ᠬᠠᠶᠢᠷᠠᠯᠠᠵᠤ ᠪᠠᠶᠢᠯ᠎ᠠ᠃ ᠲᠣᠭᠯᠠᠯᠲᠠ ᠶᠢᠨ ᠳᠤᠮᠳᠠ ᠭᠡᠷ ᠤᠨ ᠠᠬᠠᠮᠠᠳ ᠤᠨ ᠲᠥᠯᠥᠭᠡᠯᠡᠭᠴᠢ ᠲᠠᠶᠢᠰᠠᠨ ᠳᠤ ᠭᠠᠷᠴᠤ ᠨᠢᠭᠡᠳᠦᠭᠡᠷ ᠬᠡᠦᠬᠡᠳ ᠤᠨ ᠴᠡᠴᠡᠷᠯᠢᠭ ᠲᠤ ᠬᠡᠮᠡᠷᠯᠢᠭ ᠲᠤᠭ ᠬᠦᠷᠭᠡᠵᠦ᠂ ᠪᠠᠶᠠᠷ ᠲᠠᠯᠠᠷᠬᠠᠯ ᠤᠨ ᠰᠡᠥᠡᠬᠢᠯᠭᠡ ᠪᠠᠨ  ᠢᠯᠡᠳᠬᠡᠵᠠᠢ᠃        ᠲᠣᠭᠯᠠᠯᠲᠠ ︽ᠰᠠᠪᠠᠷᠳᠡᠩ︾ ᠭᠡᠬᠦ ᠰᠠᠶᠢᠬᠠᠨ ᠪᠥᠵᠢᠭ ᠢᠶᠠᠷ ᠥᠨᠳᠥᠷᠯᠡᠵᠦ᠂ ᠬᠡᠦᠬᠡᠳ ᠤᠳ ᠪᠠᠭᠰᠢ ᠲᠠᠢ  ᠪᠠᠨ ᠳᠤᠷᠠᠰᠬᠠᠯ ᠤᠨ ᠵᠢᠷᠤᠭ ᠰᠡᠬᠦᠳᠡᠷ ᠦᠯᠡᠳᠡᠭᠡᠵᠤ᠂ ᠬᠠᠶᠢᠷᠠᠲᠦ ᠪᠠᠭᠰᠢ ᠨᠢ ᠬᠡᠦᠬᠡᠳ ᠤᠳ ᠢᠶᠠᠨ ᠦᠬᠦᠭᠡᠷᠳᠡᠨ ᠨᠠᠨᠳᠢᠨ ᠰᠤᠷᠭᠠᠯ ᠢᠶᠠᠨ ᠬᠠᠶᠢᠷᠠᠯᠠᠵᠤ᠂ ᠰᠠᠶᠢᠨ ᠰᠠᠶᠢᠬᠠᠨ ᠢᠷᠦᠭᠡᠯ ᠵᠦᠩᠨᠡᠯ ᠢᠶᠠᠨ ᠳᠡᠪᠰᠢᠬᠦᠯᠪᠡ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号