ᠬᠦᠪᠡᠭᠡᠲᠦ ᠰᠢᠷ᠎ᠠ ᠬᠤᠰᠢᠭᠤᠨ ᠤ 2023 ᠣᠨ ᠤ ᠠᠷᠠᠳ ᠤᠨ ᠵᠠᠰᠠᠭ ᠤᠨ ᠣᠷᠳᠣᠨ ᠤ ᠠᠵᠢᠯ ᠎ ᠤᠨ ᠢᠯᠡᠳᠭᠡᠯ
ᠨᠡᠶᠢᠲᠡᠯᠡᠭᠰᠡᠨ ᠴᠠᠭ᠄
2023/7/17
         2023 ᠤᠨ ᠤ 1 ᠰᠠᠷ᠎ᠠ ᠎ ᠶᠢᠨ 2᠎ ᠤ ᠡᠳᠤᠷ ᠤᠨ ᠬᠦᠪᠡᠭᠡᠲᠦ ᠰᠢᠷ᠎ᠠ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠤᠳᠠᠭᠠᠨ ᠤ ᠬᠤᠷᠠᠯᠳᠣᠭᠠᠨ ᠳᠡᠭᠡᠷ᠎ᠡ         ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠳᠠᠷᠤᠭ᠎ᠠ  ᠯᠢ ᠵᠢᠶᠠᠨ ᠴᠢᠶᠠᠩ              ᠲᠦᠯᠦᠭᠡᠯᠡᠭᠴᠢᠳ ᠡ᠄       ᠣᠳᠣ ᠪᠢ᠂ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠵᠦ᠂ ᠶᠡᠭᠡ ᠬᠤᠷᠠᠯ ᠳᠤ ᠠᠵᠢᠯ ᠤᠨ ᠢᠯᠡᠳᠬᠡᠯ ᠬᠢᠶ᠎ᠡ᠂ ᠬᠢᠨᠠᠨ ᠵᠥᠪᠯᠡᠮᠦ᠃ ᠤᠯᠣᠰ ᠲᠦᠷᠥ ᠶᠢᠨ ᠵᠦᠪᠯᠡᠯᠭᠡᠨ ᠤ ᠬᠡᠰᠢᠭᠦᠳ ᠪᠤᠯᠤᠨ ᠬᠤᠷᠠᠯ ᠳᠤ ᠰᠣᠯᠠ ᠣᠷᠣᠯᠴᠠᠭᠰᠠᠨ ᠨᠦᠭᠦᠳ ᠠᠴᠠ ᠰᠠᠨᠠᠯ ᠢᠶᠠᠨ ᠳᠣᠷᠠᠳᠬᠤ ᠶᠢ ᠬᠦᠰᠡᠶ᠎ᠠ︕      ᠨᠢᠭᠡ᠂ 2022 ᠣᠨ ᠤ ᠠᠵᠢᠯ ᠤᠨ ᠡᠷᠬᠢᠴᠡᠬᠦᠯᠦᠯ      ᠥᠩᠭᠡᠷᠡᠭᠰᠡᠨ ᠨᠢᠭᠡ ᠵᠢᠯ ᠪᠣᠯ ᠲᠣᠰ ᠬᠤᠭᠤᠴᠠᠭᠠᠨ ᠤ ᠵᠠᠰᠠᠭ ᠤᠨ ᠣᠷᠳᠣᠨ ᠤ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠠᠩᠬᠠᠨ ᠤ ᠵᠢᠯ᠂ ᠮᠦᠨᠴᠦ ᠶᠡᠷᠦ ᠪᠤᠰᠤ ᠶᠢᠨ ᠣᠨᠴᠠᠭᠠᠢ ᠨᠢᠭᠡ ᠵᠢᠯ ᠪᠣᠯᠬᠤ ᠶᠤᠮ᠃ ᠪᠡᠷᠬᠡ ᠪᠤᠳᠤᠯᠢᠶᠠᠨᠲᠠᠢ ᠠᠵᠤ ᠠᠬᠤᠢ ᠶᠢᠨ ᠪᠠᠶᠢᠳᠠᠯ᠂ ᠢᠯᠠᠩᠭᠤᠶ᠎ᠠ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠬᠦᠨᠳᠦ ᠬᠡᠴᠡᠭᠦᠦ ᠪᠠᠶᠢᠳᠠᠯ ᠤᠨ ᠲᠣᠤᠷ᠎ᠠ᠂ ᠬᠤᠰᠢᠭᠤ ᠵᠠᠰᠠᠭ ᠤᠨ ᠣᠷᠳᠣᠨ ᠨᠢ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠠ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠣᠣᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠮᠵᠢ ᠪᠣᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠠᠷᠪᠠ ᠶᠢᠰᠦᠳᠦᠭᠡᠷ ᠬᠤᠭᠤᠴᠠᠭᠠᠨ ᠤ ᠡᠯ᠎ᠡ ᠪᠦᠭᠦᠳᠡ ᠬᠤᠷᠠᠯᠳᠤᠭᠠᠨ ᠪᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠨᠠᠶᠢᠳᠠᠪᠦᠷᠢᠵᠢᠭᠤᠯᠤᠨ᠂ ᠳᠣᠭᠲᠠᠭᠤᠨ ᠤ ᠳᠤᠮᠳᠠ ᠯᠠᠪᠳᠠᠭᠤᠨ ᠤᠷᠤᠭᠰᠢᠯᠠᠬᠤ ᠠᠵᠢᠯ ᠤᠨ ᠶᠡᠷᠦᠩᠬᠡᠢ ᠬᠥᠭ ᠠᠶᠢᠵᠢᠮ ᠪᠠ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠬᠦᠢᠴᠡᠳ᠂ ᠵᠥᠪ ᠤᠨᠤᠪᠴᠢᠲᠠᠢ᠂ ᠪᠦᠬᠦ ᠲᠠᠯ᠎ᠠ ᠪᠠᠷ ᠲᠤᠤᠱᠯᠠᠭᠤᠯᠵᠤ᠂ ᠰᠢᠨ᠎ᠡ ᠬᠦᠭᠵᠢᠯᠲᠡ ᠶᠢᠨ ᠪᠠᠶᠢᠷᠢᠯᠠᠭᠤᠯᠤᠯᠳ᠋ᠨ ᠳᠤ ᠢᠳᠡᠪᠬᠢᠳᠡᠢ ᠦᠢᠯᠡᠴᠢᠯᠡᠬᠦ ᠪᠠ ᠠᠭᠤᠰᠤᠯᠴᠠᠨ᠂ ᠠᠮᠢ ᠠᠬᠤᠢ ᠶᠢ ᠲᠡᠷᠢᠭᠦᠨ ᠳᠤ ᠲᠠᠯᠪᠢᠨ᠂ ᠪᠣᠬᠢᠷᠳᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠵᠠᠮᠨᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠵᠢᠯ ᠤᠨ ᠡᠬᠢᠨ ᠳᠤ ᠲᠣᠭᠲᠠᠭᠠᠭᠰᠠᠨ ᠡᠯ᠎ᠡ ᠲᠥᠷᠦᠯ ᠤᠨ ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠪᠡ᠃       ︵ᠨᠢᠭᠡ︶ ᠠᠵᠤ ᠠᠬᠤᠢ ᠶᠢᠨ ᠡᠷᠬᠢᠯᠲᠡ ᠶᠢ ᠵᠤᠬᠢᠰᠲᠠᠢ ᠬᠡᠪᠴᠢᠶᠡᠨ ᠳᠤ ᠪᠠᠶᠢᠯᠭᠠᠬᠤ ᠶᠢ ᠪᠠᠲᠤᠯᠠᠪᠠ᠃ ᠣᠷᠣᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠵᠢᠱᠢᠯᠲᠡ ᠪᠠᠷ 1.0%᠎ ᠪᠠᠷ ᠨᠡᠮᠡᠭᠳᠡᠪᠡ᠃ ᠵᠢᠯ ᠤᠨ ᠡᠬᠢᠨ ᠳᠤ ᠲᠣᠬᠢᠷᠠᠭᠤᠯᠤᠭᠰᠠᠨ 41 ᠭᠤᠣᠯᠳᠠᠯᠭ᠎ᠠ ᠲᠠᠢ ᠲᠥᠷᠦᠯ ᠵᠦᠢᠯ ᠪᠦᠬᠦᠨ ᠢᠶᠠᠷ ᠢᠶᠠᠨ ᠠᠵᠢᠯ ᠡᠬᠢᠯᠡᠵᠦ᠂ 9.7 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠤᠯᠲᠠ ᠶᠢ ᠪᠡᠶᠡᠯᠡᠬᠦᠯᠵᠦ᠂ ᠵᠢᠯ ᠤᠨ ᠡᠬᠢᠨ ᠳᠤ ᠲᠤᠭᠲᠠᠭᠠᠭᠰᠠᠨ ᠡᠬᠦᠷᠭᠡ ᠶᠢ 112.8%᠎ ᠪᠠᠷ ᠪᠡᠶᠡᠯᠡᠬᠦᠯᠪᠡ᠃ ᠵᠠᠬ᠎ᠠ ᠳᠡᠯᠭᠡᠭᠦᠷ ᠤᠨ ᠭᠤᠣᠯ ᠴᠣᠭᠴᠠ ᠰᠢᠨ᠎ᠡ ᠪᠠᠷ 464 ᠨᠡᠮᠡᠭᠳᠡᠨ ᠂ ᠨᠡᠶᠢᠭᠡᠮ ᠤᠨ ᠬᠡᠷᠡᠭᠯᠡᠭᠡᠨ ᠤ ᠪᠤᠳᠠᠰ ᠤᠨ ᠵᠢᠵᠢᠭᠯᠡᠨ ᠪᠤᠷᠤᠯᠠᠭᠤᠯᠤᠭᠰᠠᠨ ᠶᠡᠷᠦᠩᠬᠡᠢ ᠥᠷᠲᠡᠭ ᠵᠢᠱᠢᠯᠲᠡ ᠪᠠᠷ 3.35 ᠳ᠋ᠦᠩᠰᠢᠭᠤᠷ ᠲᠥᠭᠦᠷᠢᠭ ᠲᠤ ᠬᠦᠷᠴᠦ᠂ 0.1%᠎ ᠪᠠᠷ ᠨᠡᠮᠡᠭᠳᠡᠪᠡ᠃ ᠨᠡᠮᠡᠭᠳᠡᠯ ᠦᠷᠳᠡᠭ ᠤᠨ ᠭᠠᠶᠢᠯᠢ ᠶᠢᠨ ᠦᠯᠡᠳᠡᠭᠳᠡᠯ ᠢ ᠪᠤᠴᠠᠭᠠᠵᠤ ᠲᠦᠯᠦᠬᠦ ᠵᠡᠷᠭᠡ ᠡᠯᠧᠮᠧᠨ᠋ᠲ ᠠᠴᠠ ᠪᠤᠯᠵᠤ᠂ ᠡᠩ ᠤᠨ ᠤᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠥᠪ ᠤᠨ ᠣᠷᠣᠯᠭ᠎ᠠ 1.85 ᠳ᠋ᠦᠩᠰᠢᠭᠤᠷ ᠲᠥᠭᠦᠷᠢᠭ ᠪᠡᠶᠡᠯᠡᠬᠦᠯᠵᠦ᠂ 11.4%᠎ ᠪᠠᠷ ᠨᠡᠮᠡᠭᠳᠡᠪᠡ︔ ᠡᠩ ᠤᠨ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠥᠪ ᠤᠨ ᠵᠠᠷᠤᠯᠭ᠎ᠠ 10.3 ᠳ᠋ᠦᠩᠰᠢᠭᠤᠷ ᠲᠥᠭᠦᠷᠢᠭ ᠪᠡᠶᠡᠯᠡᠬᠦᠯᠵᠦ᠂ 6.7%᠎ ᠪᠠᠷ ᠨᠡᠮᠡᠭᠳᠡᠵᠦ᠂ ᠦᠨᠳᠦᠰᠦᠨ ᠠᠷᠠᠳ ᠤᠨ ᠠᠮᠢᠳᠤᠷᠠᠯ᠂ ᠴᠠᠯᠢᠩ ᠪᠠ ᠡᠷᠬᠢᠯᠲᠡ ᠶᠢ ᠪᠠᠲᠤᠯᠠᠪᠠ︔ 5797 ᠲᠥᠮᠡᠨ ᠲᠥᠭᠦᠷᠢᠭ ᠤᠨ ᠵᠠᠰᠠᠭ ᠤᠨ ᠴᠢᠨᠠᠷᠲᠠᠢ ᠥᠷᠢ ᠥᠭᠴᠡᠭᠡ ᠶᠢ ᠴᠡᠪᠡᠷᠯᠡᠵᠦ᠂ ᠳᠤᠮᠳᠠ ᠵᠢᠵᠢᠭ ᠠᠵᠤ ᠠᠬᠤᠶᠢᠯᠠᠯ ᠤᠨ 2993 ᠲᠦᠮᠡᠨ ᠲᠥᠭᠦᠷᠢᠭ ᠤᠨ ᠥᠷᠢ ᠥᠭᠴᠡᠭᠡ ᠶᠢ ᠪᠤᠴᠠᠭᠠᠵᠤ᠂ ᠣᠨ ᠤ ᠡᠬᠦᠷᠭᠡ ᠪᠠᠨ ᠪᠡᠶᠡᠯᠡᠬᠦᠯᠪᠡ᠃ ᠬᠤᠳᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠣᠭᠲᠠᠭᠤᠨ ᠢᠶᠠᠷ ᠨᠡᠮᠡᠭᠳᠡᠪᠡ᠃       ︵ᠬᠤᠶᠠᠷ︶ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ᠂ ᠲᠠᠰ ᠳᠡᠪᠰᠢᠬᠦ ᠠᠬᠢᠴᠠ ᠶᠢ ᠲᠦᠷᠭᠡᠳᠬᠡᠪᠡ᠃ ᠮᠠᠯ ᠠᠵᠤ ᠠᠬᠤᠢ ᠶᠢᠨ ᠰᠠᠭᠤᠷᠢ ᠶᠢ ᠦᠷᠬᠦᠯᠵᠢᠯᠡᠨ ᠪᠠᠬᠢᠵᠢᠬᠦᠯᠪᠡ᠃ 20.6 ᠲᠦᠮᠡᠨ ᠲᠤᠯᠤᠭᠠᠢ ᠲᠥᠯ ᠲᠤᠰᠴᠤ᠂ ᠣᠨᠳᠣᠷᠣᠯᠲᠠ ᠶᠢᠨ ᠨᠣᠷᠮ᠎ᠠ 99.9%᠎ ᠳᠤ ᠬᠦᠷᠴᠦ᠂ ᠮᠠᠯ ᠤᠨ ᠭᠠᠷᠭᠠᠯᠲᠠ 19.7 ᠲᠥᠮᠡᠨ ᠲᠤᠯᠤᠭᠠᠢ ᠳᠤ ᠬᠦᠷᠪᠡ᠃ 2.6 ᠲᠦᠮᠡᠨ ᠲᠣᠯᠣᠭᠠᠢ ᠦᠬᠡᠷ ᠤᠨ ᠡᠭᠦᠯᠳᠡᠷ ᠰᠠᠶᠢᠵᠢᠷᠠᠭᠤᠯᠵᠦ᠂ 700 ᠲᠣᠯᠣᠭᠠᠢ ᠰᠢᠯᠢᠳᠡᠭ ᠡᠭᠦᠯᠳᠡᠷ ᠤᠨ ᠮᠢᠬᠠᠨ ᠤ ᠦᠬᠡᠷ ᠢ ᠣᠷᠣᠭᠤᠯᠤᠨ ᠠᠪᠴᠢᠷᠠᠵᠤ᠂ ᠰᠢᠮᠧᠨ᠋ᠲᠷ ᠦᠬᠡᠷ ᠤᠨ ᠭᠤᠣᠯᠳᠠᠯᠭᠠᠲᠤ ᠰᠦᠷᠦᠭ ᠪᠤᠶᠢᠵᠢᠭᠤᠯᠤᠭᠰᠠᠠᠨ ᠡᠷᠦᠬᠡ 18 ᠪᠣᠯᠵᠤ᠂ ᠬᠤᠸᠠ ᠰᠢ ᠦᠭᠡᠷ ᠤᠨ ᠡᠬᠦᠯᠳᠡᠷ ᠤᠨ ᠪᠣᠶᠢᠵᠢᠭᠤᠯᠤᠯᠲᠠ ᠶᠢ ᠲᠤᠭᠲᠠᠭᠠᠬᠤ ᠠᠵᠢᠯ ᠢ ᠪᠡᠶᠡᠯᠡᠬᠦᠯᠪᠡ᠃ ᠴᠠᠬᠠᠷ ᠬᠤᠨᠢᠨ ᠤ ᠭᠤᠣᠯᠳᠠᠯᠭᠠᠲᠤ ᠰᠦᠷᠦᠭ ᠪᠤᠶᠢᠵᠢᠭᠤᠯᠤᠭᠰᠠᠠᠨ ᠡᠷᠦᠬᠡ 213 ᠪᠣᠯᠵᠤ᠂ ᠡᠪᠦᠯᠵᠢᠬᠦ ᠮᠠᠯ ᠤᠨ ᠲᠤᠭ᠎ᠠ 21.5 ᠲᠥᠮᠡᠨ ᠲᠤᠯᠤᠭᠠᠢ ᠳᠤ ᠬᠦᠷᠪᠡ᠃ ᠴᠠᠬᠠᠷ ᠬᠤᠨᠢᠨ ᠤ ᠦᠷ᠎ᠡ ᠶᠢᠨ ᠮᠠᠯ ᠤᠨ ᠲᠠᠯᠠᠪᠠᠢ ᠨᠢ ᠥᠪᠡᠷᠲᠡᠭᠡᠨ ᠵᠠᠰᠠᠬᠤ ᠣᠷᠤᠨ ᠤ ᠲᠡᠰ ᠤᠨ ᠡᠬᠦᠯᠳᠡᠷ ᠪᠤᠶᠢᠵᠢᠭᠤᠯᠬᠤ ᠲᠠᠯᠠᠪᠠᠢ ᠪᠠᠷ ᠨᠤᠲᠠᠯᠠᠨ ᠲᠤᠭᠲᠠᠭᠠᠭᠳᠠᠵᠤ᠂ ᠴᠠᠬᠠᠷ ᠬᠤᠨᠢᠨ ᠤ ᠠᠵᠤ ᠦᠢᠯᠡᠰ ᠤᠨ ᠶᠡᠭᠡ ᠳ᠋ᠡᠶᠢᠲ᠋ᠠ ᠎ ᠶᠢᠨ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠬᠤ ᠢᠨᠵᠧᠨᠧᠷᠢᠩ ᠢ ᠪᠡᠶᠡᠯᠡᠬᠦᠯᠪᠡ᠃ 1500 ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠠᠶᠢᠭᠤᠯᠵᠤ᠂ 1 ᠲᠦᠮᠡᠨ ᠮᠦ ᠮᠣᠷᠢᠨ ᠲᠡᠰᠭᠢ ᠲᠠᠷᠢᠵᠤ ᠪᠤᠶᠢᠵᠢᠭᠤᠯᠬᠤ ᠰᠠᠭᠤᠷᠢᠨ ᠭᠠᠵᠠᠷ ᠪᠠ 50 ᠮᠦ ᠮᠣᠷᠢᠨ ᠲᠡᠰᠭᠢ ᠶᠢᠨ ᠴᠢᠬᠢ ᠪᠣᠶᠢᠵᠢᠭᠤᠯᠬᠤ ᠰᠠᠭᠤᠷᠢᠨ ᠭᠠᠵᠠᠷ ᠢ ᠦᠷᠭᠦᠯᠵᠢᠯᠡᠨ ᠪᠠᠶᠢᠭᠤᠯᠪᠠ᠃ 7 ᠰᠠᠭᠠᠯᠢ ᠶᠢᠨ ᠦᠨᠢᠶᠡᠨ ᠤ ᠳᠤᠮᠳᠠ ᠵᠢᠵᠢᠭ ᠮᠠᠯᠵᠢᠯ ᠤᠨ ᠲᠠᠯᠠᠪᠠᠶ ᠶᠢ ᠲᠠᠰ ᠳᠡᠪᠰᠢᠭᠦᠯᠦᠨ ᠥᠭᠡᠷᠡᠴᠢᠯᠡᠵᠦ᠂ 4 ᠪᠠᠷᠢᠮᠵᠢᠶᠠᠵᠢᠭᠰᠠᠨ ᠴᠠᠭᠠᠨ ᠢᠳᠡᠭᠡᠨ ᠤ ᠭᠠᠷ ᠦᠢᠯᠡᠳᠬᠡᠯ ᠤᠨ ᠭᠠᠵᠠᠷ ᠢ ᠪᠠᠶᠢᠭᠤᠯᠵᠤ᠂ 9 ᠴᠠᠭᠠᠨ ᠢᠳᠡᠭᠡᠨ ᠤ ᠭᠠᠷ ᠦᠢᠯᠡᠳᠭᠡᠯ ᠤᠨ ᠭᠠᠵᠠᠷ ᠨᠢ ᠴᠠᠭᠠᠨ ᠢᠳᠡᠭᠡᠨ ᠤ ᠠᠵᠤ ᠦᠢᠯᠡᠰ ᠤᠨ ᠬᠦᠷᠢᠶᠡᠯᠡᠩ ᠳᠤ ᠰᠢᠨ᠎ᠡ ᠪᠠᠷ ᠨᠡᠬᠦᠨ ᠤᠷᠤᠵᠤ᠂ 2 ᠴᠠᠭᠠᠨ ᠢᠳᠡᠭᠡᠨ ᠤ ᠭᠠᠷ ᠦᠢᠯᠡᠳᠭᠡᠯ ᠤᠨ ᠭᠠᠵᠠᠷ ᠨᠢ ᠰᠢᠯᠢ ᠶᠢᠨ ᠭᠤᠣᠯ ᠤᠨ ᠬᠤᠷᠤᠳ ᠤᠨ ᠭᠠᠵᠠᠷ ᠤᠷᠤᠨ ᠤ ᠨᠡᠶᠢᠲᠡᠯᠢᠭ ᠨᠡᠷᠡᠲᠦ ᠲᠡᠮᠳᠡᠭᠳᠦ ᠪᠠ ᠭᠠᠵᠠᠷ ᠵᠦᠢ ᠶᠢᠨ ᠵᠢᠭᠠᠯᠲᠠ ᠶᠢᠨ ᠬᠡᠷᠡᠴᠢᠯᠡᠭᠡᠨ ᠤ ᠲᠠᠸᠠᠷ ᠤᠨ ᠲᠡᠮᠳᠡᠭ ᠤᠨ ᠬᠢᠷᠢ ᠬᠡᠮ ᠤᠨ ᠡᠷᠬᠡ ᠶᠢ ᠤᠷᠢᠳᠴᠢᠯᠠᠨ ᠣᠯᠵᠤ᠂ ᠴᠠᠭᠠᠨ ᠢᠳᠡᠭᠡᠨ ᠤ ᠰᠢᠯᠭᠠᠨ ᠪᠠᠶᠢᠴᠠᠭᠠᠯᠲᠠ ᠶᠢᠨ ᠲᠥᠪ ᠨᠢ CMA ᠵᠥᠪᠰᠢᠶᠡᠷᠡᠯ ᠤᠨ ᠬᠢᠷᠢ ᠬᠡᠮ ᠢ ᠬᠦᠷᠲᠡᠪᠡ᠃ ᠠᠭᠤᠯᠠᠨᠲᠤ ᠭᠡᠷ ᠪᠦᠯᠢ ᠶᠢᠨ ᠮᠠᠯᠵᠢᠯ ᠤᠨ ᠲᠠᠯᠠᠪᠠᠢ ᠨᠢ ᠠᠶᠢᠮᠠᠭ ᠤᠨ ᠲᠡᠰ ᠤᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠭᠡ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠢᠶᠠᠷ ᠦᠨᠡᠯᠡᠨ ᠲᠤᠭᠲᠠᠭᠠᠭᠳᠠᠪᠠ᠃ ᠳ᠋ᠠ ᠳ᠋ᠢ ᠠᠮᠢᠳᠤ ᠪᠤᠳᠠᠰ ᠤᠨ ᠺᠤᠮᠫᠠᠨᠢ ᠨᠢ ᠠᠶᠢᠮᠠᠭ ᠤᠨ ᠲᠡᠰ ᠤᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠭᠰᠡᠨ ᠲᠤᠯᠤᠭᠠᠶᠢᠯᠠᠭᠴᠢ ᠠᠵᠤ ᠠᠬᠤᠶᠢᠯᠠᠯ ᠢᠶᠠᠷ ᠦᠨᠡᠯᠡᠭᠳᠡᠪᠡ᠃ 31 ᠭᠡᠷ ᠪᠦᠯᠢ ᠶᠢᠨ ᠮᠠᠯᠵᠢᠯ ᠤᠨ ᠲᠠᠯᠠᠪᠠᠶ ᠶᠢ ᠰᠢᠨ᠎ᠡ ᠪᠠᠷ ᠨᠤᠲᠠᠯᠠᠨ ᠳᠣᠭᠲᠠᠭᠠᠵᠤ᠂ 10 ᠬᠤᠰᠢᠭᠤ ᠲᠠᠰ ᠤᠨ ᠵᠢᠱᠢᠶ᠎ᠡ ᠦᠵᠡᠭᠦᠯᠬᠦ ᠭᠡᠷ ᠪᠦᠯᠢ ᠶᠢᠨ ᠮᠠᠯᠵᠢᠯ ᠤᠨ ᠲᠠᠯᠠᠪᠠᠶ᠂ 2 ᠬᠤᠰᠢᠭᠤ ᠲᠠᠰ ᠤᠨ ᠵᠢᠱᠢᠶ᠎ᠡ ᠦᠵᠡᠭᠦᠯᠬᠦ ᠬᠤᠷᠰᠢᠶᠠᠵᠢᠯ ᠢ ᠡᠬᠦᠳᠦᠨ ᠪᠠᠶᠢᠭᠤᠯᠪᠠ᠃ ᠠᠵᠤ ᠦᠢᠯᠡᠳᠪᠦᠷᠢ ᠶᠢᠨ ᠠᠵᠤ ᠠᠬᠤᠢ ᠲᠤᠭᠲᠠᠭᠤᠨ ᠢᠶᠠᠷ ᠬᠦᠭᠵᠢᠪᠡ᠃ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠬᠦᠨ ᠤ ᠥᠷᠲᠡᠭ ᠨᠢ ᠵᠢᠱᠢᠯᠲᠡ ᠪᠠᠷ 15.8 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠠᠴᠠ 6%᠎ ᠪᠠᠷ ᠨᠡᠮᠡᠭᠳᠡᠪᠡ᠃ 21 ᠳ᠋ᠦᠩᠰᠢᠭᠤᠷ ᠺᠢᠯᠣᠸᠠᠲ ᠴᠠᠭ ᠴᠠᠬᠢᠯᠭᠠᠨ ᠭᠠᠷᠭᠠᠵᠤ᠂ 65 ᠲᠦᠮᠡᠨ ᠲᠣᠨ ᠨᠡᠭᠦᠷᠡᠰᠦ ᠦᠢᠯᠡᠳᠪᠦᠷᠢᠯᠡᠵᠦ᠂ 3.2 ᠲᠦᠮᠡᠨ ᠲᠣᠨ ᠲᠦᠭᠦᠬᠡᠢ ᠴᠢᠯᠠᠭᠤᠨ ᠲᠣᠰᠣ ᠪᠣᠷᠣᠯᠠᠭᠤᠯᠵᠤ᠂ 150 ᠲᠦᠮᠡᠨ ᠲᠡᠭᠰᠢ ᠳᠥᠷᠪᠡᠯᠵᠢᠨ ᠮᠧᠲᠷ ᠴᠢᠯᠠᠭᠤᠨ ᠮᠠᠲ᠋ᠧᠷᠢᠶᠠᠯ ᠦᠢᠯᠡᠳᠪᠦᠷᠢᠯᠡᠵᠦ᠂ ᠦᠢᠯᠡᠳᠬᠦᠨ ᠤ ᠥᠷᠳᠡᠭ ᠎ ᠨᠢ ᠴᠦᠮ ᠨᠡᠮᠡᠭᠳᠡᠪᠡ᠃ ᠨᠢᠦᠪᠢ ᠲᠠᠨᠲ᠋ᠠᠯ ᠤᠨ ᠠᠭᠤᠷᠬᠠᠢ ᠶᠢᠨ ᠮᠠᠯᠲᠠᠵᠤ ᠰᠣᠩᠭᠤᠬᠤ ᠲᠥᠷᠦᠯ ᠵᠦᠢᠯ᠂ ᠯᠢᠲ᠋ᠢ ᠶᠢᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠲᠥᠷᠦᠯ ᠵᠦᠢᠯ ᠤᠷᠤᠭᠰᠢᠲᠠᠢ ᠶᠠᠪᠤᠭᠳᠠᠪᠠ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢᠨ ᠡᠭᠦᠷᠭᠡ ᠶᠢ ᠪᠡᠶᠡᠯᠡᠬᠦᠯᠪᠡ᠃ ᠰᠢᠶᠧ ᠰᠢᠨ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠠᠵᠤ ᠠᠬᠤᠶᠢᠯᠠᠯ ᠨᠢ ᠠᠮᠵᠢᠯᠲᠠᠲᠠᠢ ᠪᠠᠷ ᠪᠠᠷᠢᠮᠵᠢᠶ᠎ᠠ ᠳᠠᠪᠠᠪᠠ᠃ ᠨᠡᠭᠡᠭᠡᠨ ᠬᠥᠭᠵᠢᠭᠦᠯᠬᠦ ᠲᠤᠭᠤᠷᠢᠭ ᠤᠨ ᠬᠡᠷᠡᠭ ᠤᠨ ᠵᠢᠱᠢᠶ᠎ᠡ ᠪᠠᠷ ᠬᠠᠯᠠᠨ ᠰᠠᠶᠢᠵᠢᠷᠠᠭᠤᠯᠬᠤ ᠠᠵᠢᠯ ᠢ ᠴᠢᠨᠠᠷ ᠰᠠᠶᠢᠲᠠᠢ ᠪᠡᠶᠡᠯᠡᠭᠦᠯᠪᠡ᠃ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠡᠷᠡᠬᠦᠯ ᠢᠶᠠᠷ ᠬᠦᠭᠵᠢᠪᠡ᠃ ᠡᠯᠧᠺᠲᠷᠣᠨ ᠬᠤᠳᠠᠯᠳᠤᠭᠠᠨ ᠤ ᠶᠠᠪᠤᠳᠠᠯ ᠢ ᠮᠠᠯᠵᠢᠬᠤ ᠣᠷᠣᠨ ᠳᠤ ᠣᠷᠣᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠬᠤᠰᠢᠭᠤ ᠶᠢ ᠪᠠᠶᠢᠭᠤᠯᠬᠤ ᠲᠥᠷᠥᠯ ᠵᠦᠢᠯ ᠢ ᠯᠠᠪᠳᠠᠭᠤᠨ ᠠᠬᠢᠭᠤᠯᠵᠤ᠂ ᠭᠤᠷᠪᠠᠳᠤᠭᠠᠷ ᠳᠡᠰ ᠤᠨ ᠪᠠᠷᠠᠭᠠᠨ ᠤ ᠬᠦᠢᠯᠭᠡᠭᠡ ᠶᠢᠨ ᠰᠢᠰᠲ᠋ᠧᠮ ᠨᠢ ᠮᠠᠯᠵᠢᠬᠤ ᠣᠷᠣᠨ ᠤ 60 ᠭᠠᠴᠠᠭ᠎ᠠ ᠶᠢ ᠬᠠᠮᠤᠷᠴᠦ᠂ 330 ᠬᠥᠮᠥᠨ ᠤᠳᠠᠭᠠᠨ ᠤ ᠡᠯᠧᠺᠲᠷᠣᠨ ᠬᠤᠳᠠᠯᠳᠤᠭᠠᠨ ᠤ ᠪᠤᠯᠪᠠᠰᠤᠷᠠᠯ ᠡᠷᠬᠢᠯᠡᠪᠡ᠃ ᠢᠲᠡᠭᠡᠮᠵᠢᠲᠦ ᠵᠢᠭᠡᠯᠡᠯᠭᠡ ᠶᠢᠨ ᠪᠦᠲᠦᠴᠡ ᠶᠢ ᠦᠷᠭᠦᠯᠵᠢᠯᠡᠨ ᠰᠠᠶᠢᠵᠢᠷᠠᠭᠤᠯᠤᠨ᠂ ᠪᠣᠳᠠᠲᠤ ᠴᠣᠭᠴᠠ ᠶᠢᠨ ᠠᠵᠤ ᠠᠬᠤᠢ ᠶᠢᠨ ᠬᠥᠭᠵᠢᠯᠲᠡ ᠳᠤ ᠦᠢᠯᠡᠴᠢᠯᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠬᠦᠯᠵᠦ᠂ ᠮᠥᠩᠭᠦᠨ ᠭᠦᠢᠯᠭᠡᠭᠡᠨ ᠤ ᠬᠦᠷᠢᠶᠡᠨ ᠳᠠᠬᠢ ᠲᠤᠰᠬᠠᠢ ᠴᠡᠭᠴᠡᠯᠡᠨ ᠵᠠᠰᠠᠬᠤ ᠠᠵᠢᠯ ᠢ ᠴᠢᠨᠠᠷ ᠰᠠᠶᠢᠲᠠᠢ ᠪᠡᠶᠡᠯᠡᠬᠦᠯᠪᠡ᠃ ᠠᠰᠤᠷᠤ ᠰᠣᠶᠣᠯ ᠠᠮᠢ ᠠᠬᠤᠢ ᠶᠢᠨ ᠬᠠᠮᠠᠭᠠᠯᠠᠯᠲᠠ ᠶᠢᠨ ᠲᠣᠭᠤᠷᠢᠭ ᠪᠠ ᠪᠣᠳᠠᠰ ᠤᠨ ᠪᠤᠰᠤ ᠰᠣᠶᠣᠯ ᠤᠨ ᠥᠪ ᠤᠨ ᠨᠤᠲᠤᠭ ᠤᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ︽ᠴᠢᠭᠤᠯᠤᠯᠲᠦ ᠬᠠᠭᠠᠯᠭ᠎ᠠ ᠠᠴᠠ ᠶᠡᠭᠡ ᠬᠦᠷᠢᠶ᠎ᠡ ᠬᠦᠷᠬᠦ ᠵᠠᠮ︾ ᠤᠯᠠᠭ᠎ᠠ ᠥᠷᠲᠡᠭᠡ ᠶᠢᠨ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠭᠦᠨᠵᠡᠭᠡᠢ ᠠᠭᠤᠳᠠᠯᠵᠤ᠂ ᠰᠣᠶᠣᠯ ᠵᠢᠭᠤᠯᠴᠢᠯᠠᠯ ᠤᠨ ᠤᠬᠠᠭᠤᠯᠭ᠎ᠠ ᠶᠢᠨ ᠬᠦᠴᠦᠯᠡᠴᠡ ᠶᠢ ᠴᠢᠩᠭᠠᠳᠬᠠᠪᠠ᠃ ᠬᠤᠳᠠᠯᠳᠤᠭ᠎ᠠ ᠳᠡᠯᠭᠡᠬᠦᠷ᠂ ᠢᠳᠡᠭᠡᠨ ᠤᠮᠳᠠᠭᠠᠨ᠂ ᠪᠠᠭᠤᠳᠠᠯ ᠵᠡᠷᠭᠡ ᠤᠯᠠᠮᠵᠢᠯᠠᠯᠲᠤ ᠦᠢᠯᠡᠴᠢᠯᠡᠭᠡᠨ ᠤ ᠦᠢᠯᠡᠰ ᠡᠮᠬᠢ ᠵᠢᠷᠤᠮ ᠲᠠᠢ ᠬᠥᠭᠵᠢᠪᠡ᠃ ᠰᠦᠯᠵᠢᠶᠡᠨ ᠣᠳᠣᠨ ᠢ ᠵᠣᠬᠢᠶᠠᠨ ᠪᠠᠶᠢᠭᠤᠯᠵᠤ᠂ ᠪᠦᠬᠦ ᠠᠶᠢᠮᠠᠭ ᠤᠨ ᠰᠦᠯᠵᠢᠶᠡᠨ ᠣᠳᠣᠨ ᠤ ᠤᠷᠤᠯᠳᠤᠭᠠᠨ ᠳᠤ ᠢᠳᠡᠪᠬᠢᠳᠡᠢ ᠤᠷᠤᠯᠴᠠᠵᠤ᠂ ᠡᠯᠧᠺᠲᠷᠣᠨ ᠬᠤᠳᠠᠯᠳᠤᠭᠠᠨ ᠤ ᠰᠢᠨ᠎ᠡ ᠬᠦᠭᠵᠢᠯᠲᠡ ᠶᠢ ᠠᠬᠢᠭᠤᠯᠪᠠ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠠᠩᠬ᠎ᠠ ᠠᠯᠬᠤᠮ ᠦᠷ᠎ᠡ ᠪᠦᠳᠦᠮᠵᠢ ᠤᠯᠪᠠ᠃ ︽ᠬᠥᠪᠡᠭᠡᠲᠦ ᠰᠢᠷ᠎ᠠ ᠬᠤᠰᠢᠭᠤᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠱᠠᠩᠨᠠᠨ ᠬᠦᠬᠢᠬᠦᠯᠬᠦ ᠠᠷᠭ᠎ᠠ ︵ᠲᠤᠷᠰᠢᠨ ᠬᠡᠷᠡᠭᠵᠢᠭᠦᠯᠬᠦ︶︾᠎ ᠶᠢ ᠳᠠᠷᠤᠮᠠᠯᠯᠠᠨ ᠲᠠᠷᠬᠠᠭᠠᠵᠤ᠂ ᠭᠤᠣᠯᠳᠠᠯᠭ᠎ᠠ ᠲᠠᠢ ᠬᠦᠷᠢᠶ᠎ᠡ ᠴᠠᠷ᠎ᠠ ᠳᠠᠬᠢ ᠠᠷᠠᠯᠵᠢᠶᠠᠴᠢᠨ ᠤᠷᠢᠵᠤ ᠪᠡᠯᠡ ᠣᠷᠣᠭᠤᠯᠬᠤ 169 ᠲᠥᠷᠥᠯ ᠵᠦᠢᠯ ᠢ ᠡᠮᠬᠢᠯᠡᠨ ᠭᠠᠷᠭᠠᠵᠤ᠂ ᠪᠡᠭᠡᠵᠢᠩ᠂ ᠲᠢᠶᠠᠨᠵᠢᠨ᠂ ᠡᠾᠧᠪᠸᠢ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ᠂ ᠬᠥᠬᠡᠬᠤᠲᠠ᠂ ᠪᠤᠭᠤᠲᠤ᠂ ᠣᠷᠳᠤᠰ ᠵᠡᠷᠭᠡ ᠭᠠᠵᠠᠷ ᠣᠷᠣᠨ ᠳᠤ ᠬᠦᠷᠴᠦ᠂ 11 ᠲᠥᠷᠥᠯ ᠵᠦᠢᠯ ᠤᠨ ᠬᠡᠯᠡᠯᠴᠡᠭᠡᠷ ᠲᠣᠭᠲᠠᠨ᠂ 31ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠤᠯᠲᠠ ᠶᠢᠨ ᠭᠡᠷ᠎ᠡ ᠲᠤᠭᠲᠠᠵᠤ᠂ ᠭᠦᠸᠧ ᠹᠧᠩ ᠮᠢᠨ ᠢᠦᠢ ᠮᠠᠯ ᠵᠢᠭᠦᠷᠲᠡᠨ ᠤ ᠢᠯᠭᠠᠲᠠᠰᠤ ᠶᠢ ᠡᠬᠢ ᠪᠠᠶᠠᠯᠢᠭ ᠪᠤᠯᠭᠠᠨ ᠠᠰᠢᠭᠯᠠᠬᠤ ᠲᠥᠷᠦᠯ ᠵᠦᠢᠯ ᠪᠠ ᠮᠡᠨᠳᠦ ᠰᠢᠨᠵᠢᠯᠡᠭᠡ ᠮᠡᠷᠭᠡᠵᠢᠯ ᠠᠷᠠᠯᠵᠢᠶᠠᠨ ᠤ ᠬᠢᠵᠠᠭᠠᠷᠲᠤ ᠺᠣᠮᠫᠠᠨᠢ ᠶᠢᠨ ︽ᠪᠣᠷᠵᠢᠬᠢᠨ︾ ᠰᠢᠨᠵᠢᠯᠡᠭᠡ ᠮᠡᠷᠭᠡᠵᠢᠯ ᠤᠨ ᠬᠦᠷᠢᠶᠡᠯᠡᠩ ᠤᠨ ᠪᠦᠳᠦᠭᠡᠨ ᠪᠠᠶᠢᠭᠤᠯᠤᠯᠲᠠ ᠶᠢᠨ ᠲᠥᠷᠦᠯ ᠵᠦᠢᠯ ᠤᠨ ᠠᠵᠢᠯ  ᠡᠬᠢᠯᠡᠵᠦ᠂ ᠯᠢᠨ ᠢ ᠬᠢᠮᠢ ᠶᠢᠨ ᠠᠵᠤ ᠦᠢᠯᠡᠳᠪᠦᠷᠢ ᠶᠢᠨ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠲᠥᠷᠦᠯ ᠵᠦᠢᠯ᠂ ᠯᠢᠦᠢ ᠵᠥᠩ ᠡᠨᠧᠷᠭᠢ ᠯᠢᠲ᠋ᠢ ᠴᠡᠨᠡᠭ ᠵᠢᠴᠢ ᠴᠠᠬᠢᠯᠭᠠᠨ ᠬᠠᠳᠠᠭᠠᠯᠠᠬᠤ ᠪᠦᠬᠦ ᠠᠵᠤ ᠦᠢᠯᠡᠰ ᠤᠨ ᠬᠡᠯᠬᠢᠶᠡᠵᠢᠯ ᠤᠨ ᠰᠠᠭᠤᠷᠢᠨ ᠭᠠᠵᠠᠷ᠂ ᠷᠥᠩ ᠹᠧᠩ ᠢᠳᠡᠭᠡᠨ ᠤ ᠰᠢᠷ᠎ᠠ ᠲᠣᠰᠣ ᠶᠢ ᠨᠠᠷᠢᠯᠢᠭ ᠡᠳ᠋ᠰᠢᠬᠦᠯᠦᠨ ᠪᠤᠯᠪᠠᠰᠤᠷᠠᠭᠤᠯᠬᠤ ᠲᠥᠷᠦᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠤᠷᠤᠭᠰᠢᠲᠠᠢ ᠶᠠᠪᠤᠭᠳᠠᠪᠠ᠃        ︵ᠭᠤᠷᠪᠠ︶ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠤᠯᠠᠮ ᠰᠢᠯᠢᠳᠡᠭᠵᠢᠬᠦᠯᠪᠡ᠃ ︽ᠬᠥᠪᠡᠭᠡᠲᠦ ᠰᠢᠷ᠎ᠠ ᠬᠤᠰᠢᠭᠤᠨ ᠤ ᠨᠡᠩ ᠰᠢᠯᠢᠳᠡᠭ ᠬᠤᠳᠠᠯᠳᠤᠭ᠎ᠠ ᠡᠷᠬᠢᠯᠡᠬᠦ ᠣᠷᠴᠢᠨ ᠢᠶᠠᠷ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠦᠢᠯᠡᠴᠢᠯᠡᠬᠦ ᠬᠡᠷᠡᠭᠵᠢᠭᠦᠯᠬᠦ ᠲᠥᠰᠥᠯ︾᠎ ᠢ ᠳᠠᠷᠤᠮᠠᠯᠯᠠᠨ ᠲᠠᠷᠬᠠᠭᠠᠵᠤ᠂ ︽ᠨᠢᠭᠡ ᠴᠣᠩᠬᠤ ᠪᠠᠷ ᠭᠥᠯᠢᠶᠡᠨ ᠠᠪᠴᠤ᠂ ᠲᠥᠪᠯᠡᠷᠡᠭᠦᠯᠦᠨ ᠦᠢᠯᠡᠴᠢᠯᠡᠬᠦ︾᠎ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ 42 ᠰᠠᠯᠠᠭ᠎ᠠ ᠮᠥᠴᠢᠷ ᠨᠡᠭᠦᠨ ᠣᠷᠤᠵᠤ᠂ 1653 ᠦᠢᠯᠡᠴᠢᠯᠡᠭᠡᠨ ᠤ ᠵᠦᠢᠯᠡᠰ ᠢ ᠲᠢᠩᠬᠢᠮ ᠳᠤ ᠣᠷᠤᠭᠤᠯᠤᠨ᠂ ᠲᠤᠳᠠᠭᠤᠳᠠᠯ ᠢ ᠭᠥᠯᠢᠶᠡᠨ ᠠᠪᠴᠤ ᠰᠢᠢᠳᠪᠦᠷᠢᠯᠡᠬᠦ᠂ ᠠᠮᠠᠯᠠᠯᠲᠠ ᠪᠠᠨ ᠮᠡᠳᠡᠭᠳᠡᠬᠦ ᠵᠡᠷᠭᠡ ᠠᠷᠠᠳ ᠲᠤ ᠲᠥᠬᠦᠮ ᠦᠵᠡᠭᠦᠯᠬᠦ ᠠᠷᠭ᠎ᠠ ᠬᠡᠮᠵᠢᠶ᠎ᠡ ᠶᠢ ᠬᠡᠷᠡᠭᠵᠢᠬᠦᠯᠪᠡ᠃ ︽ᠡᠭᠦᠯᠡᠨ ᠬᠠᠮᠳᠤᠷᠠᠯᠴᠠᠭ᠎ᠠ︾ ᠬᠤᠯᠪᠤᠭᠠᠯᠠᠯ ᠳᠤ ᠢᠳᠡᠪᠬᠢᠳᠡᠢ ᠤᠷᠤᠯᠴᠠᠵᠤ᠂ 26 ᠮᠤᠵᠢ ᠣᠷᠣᠨ ᠤ 500 ᠭᠠᠷᠤᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠠᠢ ᠬᠠᠮᠲᠤᠷᠠᠯᠴᠠᠭᠠᠨ ᠤ ᠬᠡᠯᠡᠯᠴᠡᠭᠡᠷ ᠲᠤᠭᠲᠠᠪᠠ᠃ 140 ᠬᠥᠮᠥᠨ ᠢᠶᠠᠷ ᠪᠦᠷᠢᠯᠳᠦᠭᠰᠡᠨ ᠦᠨᠳᠦᠰᠦᠨ ᠱᠠᠲᠤᠨ ᠤ ᠬᠠᠪᠰᠤᠷᠴᠤ ᠣᠷᠣᠯᠠᠨ ᠭᠦᠢᠴᠡᠳᠬᠡᠬᠦ ᠡᠩᠨᠡᠭᠡ ᠶᠢ ᠵᠣᠬᠢᠶᠠᠨ ᠪᠠᠶᠢᠭᠤᠯᠵᠤ᠂ ︽ᠭᠤᠯᠳᠤ ᠪᠠᠷ ᠭᠤᠷᠪᠠᠨ ᠱᠠᠲᠤ ᠬᠤᠯᠪᠤᠭᠠᠯᠠᠨ ᠬᠥᠳᠡᠯᠦᠯᠴᠡᠬᠦ᠂ ᠬᠥᠨᠳᠡᠯᠡᠨ ᠢᠶᠠᠷ ᠰᠠᠯᠠᠭ᠎ᠠ ᠮᠥᠴᠢᠷ ᠬᠠᠮᠵᠢᠯᠴᠠᠬᠤ︾ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠪᠦᠳᠦᠴᠡ ᠶᠢ ᠪᠦᠷᠢᠯᠳᠦᠬᠦᠯᠪᠡ᠃ ᠨᠢᠷᠠᠢ ᠬᠡᠦᠬᠡᠳ᠂ ᠨᠠᠰᠤ ᠨᠦᠭᠴᠢᠭᠰᠡᠳ ᠤᠨ ᠬᠤᠶᠢᠳᠦᠬᠢ ᠤᠴᠢᠷ᠂ ᠣᠷᠤᠭᠯᠠᠬᠤ᠂ ᠬᠡᠦᠬᠡᠳ ᠠᠪᠬᠤ ᠵᠡᠷᠭᠡ ᠠᠵᠤ ᠠᠬᠤᠶᠢᠯᠠᠯ ᠪᠠ ᠬᠤᠪᠢ ᠬᠥᠮᠥᠨ ᠤ ᠠᠮᠢ ᠨᠠᠰᠤᠨ ᠳᠤ ᠬᠤᠯᠪᠤᠭᠳᠠᠬᠤ 116 ᠦᠢᠯᠡᠴᠢᠯᠡᠭᠡᠨ ᠤ ᠵᠦᠢᠯᠡᠰ ᠤᠨ 510 ᠬᠡᠷᠡᠭ ᠶᠠᠪᠤᠳᠠᠯ ᠢ ︽ᠨᠢᠭᠡ ᠯᠡ ᠤᠳᠠᠭ᠎ᠠ ᠳᠤ ᠭᠦᠢᠴᠡᠳᠬᠡᠬᠦ︾᠎ ᠶᠢ ᠪᠡᠶᠡᠯᠡᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠪᠠ ᠣᠯᠠᠨ ᠲᠦᠮᠡᠨ ᠤ 15.2 ᠲᠦᠮᠡᠨ ᠬᠤᠪᠢ ᠣᠴᠢᠷ ᠶᠠᠪᠤᠳᠠᠯ ᠢ ᠰᠢᠢᠳᠪᠦᠷᠢᠯᠡᠪᠡ᠃ ᠨᠡᠶᠢᠲᠡ 93 ᠲᠥᠷᠥᠯ ᠤᠨ ᠡᠯᠧᠺᠲᠷᠣᠨ ᠭᠡᠷᠡᠴᠢ ᠦᠨᠡᠮᠯᠡᠯ ᠢ ᠬᠦᠯᠢᠶᠡᠨ ᠠᠪᠴᠤ᠂ 3.3 ᠲᠦᠮᠡᠨ ᠵᠤᠷᠪᠤᠰ ᠭᠡᠷᠡᠴᠢ ᠦᠨᠡᠮᠯᠡᠯ ᠤᠨ ᠲᠤᠭ᠎ᠠ ᠪᠠᠷᠢᠮᠲᠠ ᠶᠢ ᠴᠣᠭᠯᠠᠭᠤᠯᠤᠨ᠂ ᠲᠠᠮᠠᠭ᠎ᠠ ᠶᠢᠨ ᠡᠯᠧᠺᠲᠷᠥᠨᠵᠢᠭᠰᠡᠨ ᠨᠣᠷᠮ᠎ᠠ 100%᠎ ᠳᠤ ᠬᠥᠷᠪᠡ᠃ ︽ᠮᠧᠩ ᠰᠦ᠋ ᠪᠠᠨ︾ APP᠎ ᠤᠨ 9 ᠲᠥᠷᠦᠯ ᠤᠨ ᠠᠷᠠᠳ ᠲᠤ ᠲᠥᠬᠦᠮ ᠦᠵᠡᠭᠦᠯᠬᠦ ᠬᠡᠷᠡᠭᠯᠡᠯᠲᠡ ᠶᠢᠨ ᠵᠦᠢᠯᠡᠰ ᠢ ᠨᠡᠭᠡᠭᠡᠨ ᠠᠰᠢᠭᠯᠠᠵᠤ᠂ ᠨᠡᠶᠢᠲᠡ 661 ᠵᠠᠬ᠎ᠠ ᠳᠡᠯᠭᠡᠭᠦᠷ ᠤᠨ ᠭᠤᠣᠯ ᠴᠣᠭᠴᠠ ᠶᠢ ︽ᠥᠪᠥᠷ ᠮᠣᠩᠭᠤᠯ ᠤᠨ ᠠᠵᠤ ᠠᠬᠤᠶᠢᠯᠠᠯ ᠰᠠᠭᠠᠳ ᠦᠭᠡᠢ ᠨᠡᠪᠲᠡᠷᠡᠬᠦ︾ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠳᠤ ᠳᠠᠩᠰᠠᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠲᠠᠰ ᠤᠨ 7 ᠵᠢᠱᠢᠶᠡᠴᠢ ᠦᠨᠡᠨᠴᠢ ᠢᠲᠡᠭᠡᠮᠵᠢᠲᠦ ᠠᠵᠤ ᠠᠬᠤᠶᠢᠯᠠᠯ ᠢ ᠠᠮᠵᠢᠯᠲᠠ ᠲᠠᠢ ᠡᠷᠡᠮᠡᠯᠵᠡᠯᠡᠨ ᠮᠡᠳᠡᠬᠦᠯᠪᠡ᠃ ᠪᠠᠷᠢᠮᠵᠢᠶᠠᠵᠢᠭᠤᠯᠤᠭᠰᠠᠨ ᠳᠠᠭᠠᠭᠠᠴᠢᠯᠠᠯᠲᠠ ᠰᠢᠯᠭᠠᠷᠠᠭᠤᠯᠬᠤ ᠲᠠᠯᠠᠪᠤᠷ ᠢ ᠥᠭᠡᠷᠡᠴᠢᠯᠡᠨ ᠪᠠᠶᠢᠭᠤᠯᠵᠤ ᠠᠰᠢᠭᠯᠠᠯᠲᠠ ᠳᠤ ᠣᠷᠣᠭᠤᠯᠵᠤ᠂ ᠵᠠᠰᠠᠭ ᠤᠨ ᠣᠷᠳᠣᠨ ᠤ ᠪᠡᠯᠡ ᠣᠷᠣᠭᠤᠯᠵᠤ ᠪᠦᠲᠦᠭᠡᠨ ᠪᠠᠶᠢᠭᠤᠯᠬᠤ ᠢᠨᠵᠧᠨᠧᠷᠢᠩ ᠵᠢᠴᠢ ᠵᠠᠰᠠᠭ ᠤᠨ ᠣᠷᠳᠣᠨ ᠤ ᠬᠤᠳᠠᠯᠳᠤᠨ ᠠᠪᠬᠤ ᠲᠥᠷᠥᠯ ᠵᠦᠢᠯ ᠢ ᠴᠥᠮ ᠬᠤᠰᠢᠭᠤᠨ ᠤ ᠲᠣᠰ ᠱᠠᠲᠤᠨ ᠳᠤ ᠳᠠᠭᠠᠭᠠᠴᠢᠯᠠᠯᠲᠠ ᠰᠢᠯᠭᠠᠷᠠᠭᠤᠯᠬᠤ ᠠᠵᠢᠯ ᠢ ᠪᠡᠶᠡᠯᠡᠬᠦᠯᠪᠡ᠃       ︵ᠳᠥᠷᠪᠡ︶ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠤᠯᠠᠮ ᠪᠠᠬᠢᠵᠢᠬᠦᠯᠪᠡ᠃ ︽ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠲᠥᠯᠦᠪᠵᠢᠭᠦᠯᠭᠡ︾᠎ ᠶᠢ ᠳᠠᠷᠤᠮᠠᠯᠯᠠᠨ ᠬᠡᠷᠡᠭᠵᠢᠭᠦᠯᠵᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠠᠵᠢᠯ ᠢ ᠪᠥᠬᠦ ᠲᠠᠯ᠎ᠠ ᠪᠠᠷ ᠲᠥᠯᠦᠪᠯᠡᠨ ᠠᠬᠢᠭᠤᠯᠪᠠ᠃ ︽ᠭᠤᠷᠪᠠᠨ ᠣᠷᠣᠨ ᠭᠤᠷᠪᠠᠨ ᠱᠤᠭᠤᠮ︾᠎ ᠢ ᠵᠠᠭᠠᠭᠯᠠᠨ ᠲᠣᠭᠲᠠᠭᠠᠬᠤ ᠠᠵᠢᠯ ᠢ ᠪᠡᠶᠡᠯᠡᠭᠦᠯᠵᠦ᠂ ᠵᠠᠭᠠᠭᠯᠠᠨ ᠲᠣᠭᠲᠠᠭᠠᠭᠰᠠᠨ ᠦᠷ᠎ᠡ ᠪᠦᠲᠦᠭᠡᠯ ᠨᠢ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠬᠢᠨᠠᠨ ᠲᠤᠭᠲᠠᠭᠠᠯᠲᠠ ᠪᠠᠷ ᠳᠠᠮᠵᠢᠨ ᠠᠰᠢᠭᠯᠠᠯᠲᠠ ᠳᠤ ᠣᠷᠤᠵᠤ᠂ ᠪᠥᠬᠦ ᠬᠤᠰᠢᠭᠤᠨ ᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢ ᠨᠠᠶᠢᠷᠠᠭᠤᠯᠵᠤ ᠳᠠᠭᠤᠰᠬᠠᠨ᠂ ︽ᠭᠤᠷᠪᠠᠨ ᠱᠤᠭᠤᠮ ᠨᠢᠭᠡ ᠳᠠᠩᠰᠠ︾ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠠᠵᠢᠯ ᠢ ᠯᠠᠪᠳᠠᠭᠤᠨ ᠠᠬᠢᠭᠤᠯᠪᠠ᠃ ᠭᠤᠣᠯ ᠤᠨ ᠳᠠᠷᠤᠭ᠎ᠠ᠂ ᠤᠢ ᠰᠢᠭᠤᠢ ᠨᠤᠲᠤᠭ ᠪᠡᠯᠴᠢᠭᠡᠷ ᠤᠨ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠪᠠ᠃ ᠥᠪᠦᠷ ᠮᠣᠩᠭᠤᠯ ᠤᠨ ᠥᠨᠳᠦᠷᠯᠢᠭ ᠤᠨ ᠠᠮᠢ ᠠᠬᠤᠢ ᠶᠢ ᠬᠠᠮᠠᠭᠠᠯᠠᠬᠤ ᠪᠠ ᠵᠠᠰᠠᠨ ᠰᠡᠷᠭᠦᠭᠡᠬᠦ ᠢᠨᠵᠧᠨᠧᠷᠢᠩ ᠢ ᠬᠡᠷᠡᠭᠵᠢᠬᠦᠯᠵᠦ᠂ 15 ᠲᠡᠭᠰᠢ ᠳᠥᠷᠪᠡᠯᠵᠢᠨ ᠺᠢᠯᠣᠮᠧᠲᠷ ᠵᠢᠵᠢᠭ ᠰᠠᠪᠠ ᠤᠷᠤᠰᠬᠠᠯ ᠢ ᠶᠡᠷᠦᠩᠬᠡᠶᠢᠯᠡᠨ ᠵᠠᠰᠠᠵᠤ᠂ 90 ᠤᠰᠤᠨ ᠰᠣᠷᠪᠤᠯᠵᠢ ᠶᠢᠨ ᠢᠨᠵᠧᠨᠧᠷᠢᠩ ᠢ ᠰᠢᠨ᠎ᠡ ᠪᠠᠷ ᠪᠠᠶᠢᠭᠤᠯᠵᠤ᠂ 2.6 ᠲᠦᠮᠡᠨ ᠮᠦ ᠣᠶ ᠰᠢᠭᠤᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠬᠦᠯᠵᠦ᠂ 1 ᠲᠦᠮᠡᠨ ᠮᠦ ᠣᠶ ᠰᠢᠭᠤᠢ ᠶᠢᠨ ᠤᠷᠭᠤᠮᠠᠯ ᠤᠨ ᠬᠤᠴᠢᠯᠭ᠎ᠠ ᠶᠢ ᠰᠡᠷᠭᠦᠬᠡᠨ᠂ ᠠᠮᠢ ᠠᠬᠤᠢ ᠶᠢ ᠰᠡᠷᠭᠦᠭᠡᠨ ᠵᠠᠰᠠᠬᠤ ᠲᠥᠷᠦᠯ ᠵᠦᠢᠯ ᠢ 7 ᠲᠦᠮᠡᠨ ᠮᠦ ᠬᠡᠷᠡᠭᠵᠢᠬᠦᠯᠪᠡ᠃ 40 ᠲᠦᠮᠡᠨ ᠰᠠᠭᠤᠷᠢ ᠠᠯᠪᠠᠨ ᠵᠢᠷᠤᠮ ᠤᠨ ᠮᠣᠳᠣ ᠲᠠᠷᠢᠪᠠ᠃ ᠦᠨᠳᠦᠰᠦᠨ ᠨᠤᠲᠤᠭ ᠪᠡᠯᠴᠢᠭᠡᠷ ᠢ ᠵᠠᠭᠠᠭᠯᠠᠨ ᠲᠣᠭᠲᠠᠭᠠᠵᠤ ᠲᠣᠬᠢᠷᠠᠭᠤᠯᠬᠤ ᠠᠵᠢᠯ ᠢ ᠴᠢᠨᠠᠷ ᠰᠠᠶᠢᠲᠠᠢ ᠪᠡᠶᠡᠯᠡᠭᠦᠯᠪᠡ᠃ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠬᠡᠬᠦ ᠬᠤᠭᠤᠴᠠᠭᠠᠨ ᠳᠠᠬᠢ ᠪᠡᠯᠴᠢᠭᠡᠷᠯᠡᠭᠦᠯᠬᠦ ᠶᠢ ᠲᠦᠷ ᠵᠣᠭᠰᠤᠭᠠᠬᠤ ᠠᠵᠢᠯ ᠢ ᠪᠡᠶᠡᠯᠡᠬᠦᠯᠪᠡ᠃ ᠰᠡᠬᠦᠵᠢ ᠶᠢᠨ ᠭᠤᠣᠯ ᠭᠠᠴᠠᠭᠠᠨ ᠤ ᠬᠡᠰᠡᠭ ᠤᠨ ᠦᠶᠡᠷ ᠢ ᠰᠡᠷᠭᠡᠶᠢᠯᠡᠬᠦ ᠢᠨᠵᠧᠨᠧᠷᠢᠩ ᠤᠨ ᠭᠤᠣᠯ ᠪᠦᠳᠦᠴᠡ ᠶᠢ ᠪᠠᠶᠢᠭᠤᠯᠵᠤ ᠲᠠᠭᠤᠰᠬᠪᠠ᠃ 25 ᠨᠡᠭᠡᠭᠡᠨ ᠠᠰᠢᠭᠯᠠᠬᠤ ᠬᠤᠭᠤᠴᠠᠭᠠᠨ ᠳᠠᠭᠠᠨ ᠪᠠᠶᠢᠭ᠎ᠠ ᠠᠭᠤᠷᠬᠠᠢ ᠶᠢᠨ ᠦᠢᠯᠡᠰ 3089 ᠲᠦᠮᠡᠨ ᠲᠥᠭᠦᠷᠢᠭ ᠤᠨ ᠪᠡᠯᠡ ᠣᠷᠣᠭᠤᠯᠤᠨ᠂ 0.99 ᠲᠡᠭᠰᠢ ᠳᠥᠷᠪᠡᠯᠵᠢᠨ ᠺᠢᠯᠣᠮᠧᠲᠷ ᠠᠭᠤᠷᠬᠠᠢ ᠶᠢᠨ ᠣᠷᠤᠨ ᠢ ᠴᠡᠭᠴᠡᠯᠡᠨ ᠰᠠᠶᠢᠵᠢᠷᠠᠭᠤᠯᠪᠠ︔ ᠨᠡᠭᠡᠭᠡᠨ ᠠᠰᠢᠭᠯᠠᠬᠤ ᠬᠤᠭᠤᠴᠠᠭ᠎ᠠ ᠠᠴᠠ ᠬᠡᠳᠦᠷᠡᠭᠰᠡᠨ ᠠᠭᠤᠷᠬᠠᠢ ᠮᠠᠯᠲᠠᠬᠤ ᠡᠷᠬᠡ ᠲᠠᠢ 2 ᠠᠭᠤᠷᠬᠠᠢ ᠶᠢ ᠴᠡᠭᠴᠡᠯᠡᠨ ᠰᠠᠶᠢᠵᠢᠷᠠᠭᠤᠯᠪᠠ᠃ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠵᠦ ᠬᠠᠤᠯᠢ ᠵᠥᠷᠢᠴᠡᠭᠰᠡᠨ ᠠᠰᠠᠭᠤᠳᠠᠯ ᠢ ᠲᠤᠰᠬᠠᠢ ᠲᠥᠷᠦᠯ ᠢᠶᠠᠷ ᠴᠡᠭᠴᠡᠯᠡᠨ ᠰᠠᠶᠢᠵᠢᠷᠠᠭᠤᠯᠬᠤ ᠠᠵᠢᠯᠯᠠᠭ᠎ᠠ ᠳᠤ ᠬᠤᠯᠪᠤᠭᠳᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ ᠳ᠋ᠦᠩ ᠯᠢᠨ ᠺᠣᠮᠫᠠᠨᠢ ᠶᠢᠨ ᠶᠤᠸᠠᠨ ᠯᠢᠨ ᠨᠡᠭᠦᠷᠡᠰᠦᠨ ᠠᠭᠤᠷᠬᠠᠢ ᠶᠢᠨ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ︽ᠡᠷᠬᠢᠨ ᠬᠠᠷᠠᠬᠤ︾ ᠠᠵᠢᠯᠯᠠᠭ᠎ᠠ ᠠᠴᠠ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ ᠪᠠᠷᠢᠯᠭ᠎ᠠ ᠳᠤ ᠬᠡᠷᠡᠭᠯᠡᠬᠦ ᠬᠠᠶᠢᠷ ᠴᠢᠯᠠᠭᠤᠨ ᠤ ᠠᠭᠤᠷᠬᠠᠢ ᠶᠢᠨ ᠬᠠᠤᠯᠢ ᠵᠥᠷᠢᠴᠡᠭᠰᠡᠨ ᠠᠵᠢᠯᠯᠠᠭ᠎ᠠ ᠶᠢ ᠲᠤᠰᠬᠠᠢ ᠴᠡᠭᠴᠡᠯᠡᠨ ᠰᠠᠶᠢᠵᠢᠷᠠᠭᠤᠯᠬᠤ ᠠᠵᠢᠯ ᠢ ᠪᠦᠬᠦᠨ ᠢ ᠴᠢᠨᠠᠷ ᠰᠠᠶᠢᠲᠠᠢ ᠪᠡᠶᠡᠯᠡᠬᠦᠯᠵᠦ᠂ ᠬᠠᠤᠯᠢ ᠵᠥᠷᠢᠴᠡᠨ ᠭᠠᠵᠠᠷ ᠬᠡᠷᠡᠭᠯᠡᠬᠦ ᠶᠢ ︽ᠡᠷᠬᠢᠨ ᠬᠠᠷᠠᠬᠤ︾ ᠲᠤᠰᠬᠠᠢ ᠴᠡᠭᠴᠡᠯᠡᠨ ᠰᠠᠶᠢᠵᠢᠷᠠᠭᠤᠯᠬᠤ ᠠᠵᠢᠯ ᠢ 92.3% ᠎ ᠪᠠᠷ ᠪᠡᠶᠡᠯᠡᠭᠦᠯᠪᠡ᠃ 2022 ᠣᠨ ᠤ ᠲᠡᠦᠬᠡᠨ ᠬᠠᠶᠠᠭᠳᠠᠮᠠᠯ ᠠᠭᠤᠷᠬᠠᠢ ᠶᠢᠨ ᠨᠦᠬᠡ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠤ ᠵᠠᠰᠠᠯᠲᠠ ᠶᠢᠨ ᠲᠥᠷᠥᠯ ᠵᠦᠢᠯ ᠤᠨ ᠪᠠᠷᠢᠯᠭ᠎ᠠ ᠶᠢᠨ ᠠᠵᠢᠯ ᠢ ᠪᠦᠬᠦᠨ ᠢ ᠳᠠᠭᠤᠰᠬᠠᠪᠠ᠃ GDP᠎ ᠶᠢᠨ ᠨᠢᠭᠡᠴᠢ ᠡᠨᠧᠷᠭᠢ ᠶᠢᠨ ᠬᠤᠷᠣᠭᠳᠠᠭᠤᠯᠤᠯ ᠤᠨ ᠬᠦᠴᠦᠯᠡᠴᠡ ᠵᠢᠱᠢᠯᠲᠡ ᠪᠠᠷ 6.0%᠎ ᠪᠠᠷ ᠪᠠᠭᠤᠷᠠᠪᠠ᠃ 18 ᠠᠷᠪᠢᠯᠠᠨ ᠭᠠᠮᠨᠠᠬᠤ ᠬᠡᠯᠪᠡᠷᠢ ᠶᠢᠨ ᠪᠠᠶᠢᠭᠤᠯᠭ᠎ᠠ ᠨᠢᠭᠡᠴᠡ ᠶᠢ ᠡᠭᠦᠳᠦᠨ ᠪᠠᠶᠢᠭᠤᠯᠪᠠ᠃ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠮᠢᠶᠠᠷᠤᠭᠴᠢ ᠶᠢᠨ ᠦᠢᠯᠡᠴᠢᠯᠡᠭᠡᠨ ᠤ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠵᠦ᠂ ᠪᠥᠬᠦ ᠠᠶᠢᠮᠠᠭ ᠲᠤ ᠠᠩᠬᠠᠳᠠᠭᠴᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠮᠢᠶᠠᠷᠤᠭᠴᠢ ᠶᠢᠨ ᠲᠤᠷᠰᠢᠯᠲᠠ ᠶᠢᠨ ᠬᠤᠰᠢᠭᠤ ᠪᠣᠯᠪᠠ᠃ 3694.4 ᠲᠦᠮᠡᠨ ᠲᠦᠬᠦᠷᠢᠭ ᠤᠨ ᠲᠡᠭᠡᠳᠦ ᠱᠠᠳᠤᠨ ᠤ ᠠᠮᠢ ᠠᠬᠤᠢ ᠶᠢᠨ ᠬᠠᠮᠠᠭᠠᠯᠠᠯᠲᠠ ᠎ ᠶᠢᠨ ᠲᠤᠰᠬᠠᠢ ᠪᠡᠯᠡ ᠮᠦᠩᠬᠦ ᠶᠢ ᠲᠡᠮᠡᠴᠡᠨ ᠣᠯᠵᠤ᠂ ᠪᠦᠬᠦ ᠠᠶᠢᠮᠠᠭ ᠤᠨ ᠪᠡᠯᠡ ᠮᠦᠩᠬᠦᠨ ᠤ ᠶᠡᠷᠦᠩᠬᠡᠢ ᠬᠡᠮᠵᠢᠶ᠎ᠡ ᠎ ᠶᠢᠨ 66.8%᠎ ᠶᠢ ᠡᠵᠡᠯᠡᠵᠦ᠂ ᠲᠤᠤᠷ᠎ᠠ ᠨᠡᠬᠦᠷᠡᠰᠦᠳᠦᠷᠦ᠋ᠭᠴᠢᠲᠦ ᠨᠡᠶᠢᠭᠡᠮ ᠲᠤᠭᠤᠷᠢᠭ ᠤᠨ ᠲᠤᠷᠰᠢᠯᠲᠠ ᠶᠢᠨ ᠴᠡᠭ ᠪᠠ 4 ᠭᠠᠴᠠᠭᠠᠨ ᠤ ᠠᠠᠮᠢᠳᠤᠷᠠᠯ ᠤᠨ ᠪᠤᠬᠢᠷ ᠤᠰᠤ ᠶᠢ ᠰᠢᠢᠳᠪᠦᠷᠢᠯᠡᠬᠦ ᠲᠦᠬᠦᠭᠡᠷᠦᠮᠵᠢ ᠶᠢᠨ ᠲᠥᠷᠦᠯ ᠵᠦᠢᠯ ᠢ ᠪᠠᠶᠢᠭᠤᠯᠵᠤ᠂ ᠰᠢᠨᠡᠪᠤᠯᠠᠭ ᠪᠠᠯᠭᠠᠰᠤᠨ ᠤ ᠭᠤᠷᠪᠠᠳᠤᠭᠠᠷ ᠤᠰᠤᠨ ᠰᠤᠷᠪᠤᠯᠵᠢ ᠶᠢᠨ ᠪᠠᠷᠢᠮᠵᠢᠶ᠎ᠠ ᠳᠤ ᠬᠦᠷᠭᠡᠬᠦ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠨᠢ ᠪᠥᠬᠦ ᠪᠠᠷᠢᠯᠭ᠎ᠠ ᠶᠢᠨ ᠶᠡᠷᠦᠩᠬᠡᠢ ᠬᠡᠮᠵᠢᠶᠡᠨ ᠤ 85%᠎ ᠶᠢ ᠪᠡᠶᠡᠯᠡᠬᠦᠯᠵᠦ᠂ ᠪᠣᠬᠢᠷ ᠤᠰᠤ ᠶᠢ ᠰᠢᠢᠳᠪᠦᠷᠢᠯᠡᠬᠦ ᠦᠢᠯᠡᠳᠪᠦᠷᠢ ᠶᠢᠨ ᠬᠠᠶᠠᠭᠳᠠᠮᠠᠯ ᠤᠰᠤ ᠶᠢ ᠬᠦᠮᠦᠨ ᠤ ᠬᠦᠴᠦᠨ ᠢᠶᠠᠷ ᠨᠠᠮᠤᠭ ᠭᠠᠵᠠᠷ ᠪᠤᠯᠭᠠᠨ ᠪᠠᠶᠢᠭᠤᠯᠬᠤ ᠲᠥᠷᠦᠯ ᠵᠦᠢᠯ ᠪᠠ ᠨᠡᠭᠦᠷᠡᠰᠦ ᠶᠢ ᠴᠠᠬᠢᠯᠭᠠᠨ ᠢᠶᠠᠷ ᠤᠷᠤᠯᠠᠭᠤᠯᠬᠤ ᠲᠥᠷᠦᠯ ᠵᠦᠢᠯ ᠤᠷᠤᠭᠰᠢᠲᠠᠢ ᠶᠠᠪᠤᠭᠳᠠᠪᠠ᠃ ᠠᠭᠠᠷ ᠤᠨ ᠰᠢᠯᠢᠳᠡᠭᠵᠢᠯ ᠤᠨ ᠨᠤᠷᠮ᠎ᠠ 94.%᠎ ᠳᠤ ᠬᠦᠷᠪᠡ᠃ ᠬᠤᠲᠠ ᠪᠠᠯᠭᠠᠰᠤᠨ ᠤ ᠪᠣᠬᠢᠷ ᠤᠰᠤ ᠶᠢ ᠰᠢᠢᠳᠪᠦᠷᠢᠯᠡᠭᠰᠡᠨ ᠨᠣᠷᠮ᠎ᠠ 99.1%᠎ ᠳᠤ ᠬᠦᠷᠴᠦ᠂ ᠬᠠᠶᠠᠭᠳᠠᠮᠠᠯ ᠤᠰᠤ ᠶᠢ ᠳᠠᠬᠢᠨ ᠠᠰᠢᠭᠯᠠᠭᠰᠠᠨ ᠨᠣᠷᠮ᠎ᠠ 66%᠎ ᠳᠤ ᠬᠦᠷᠪᠡ᠃ ᠬᠤᠲᠠ ᠪᠠᠯᠭᠠᠰᠤᠨ ᠤ ᠠᠮᠢᠳᠤᠷᠠᠯ ᠤᠨ ᠬᠤᠭ ᠨᠣᠪᠰᠢ ᠶᠢ ᠪᠣᠬᠢᠷᠳᠤᠯ ᠦᠭᠡᠢ ᠰᠢᠢᠳᠪᠦᠷᠢᠯᠡᠭᠰᠡᠨ ᠨᠣᠷᠮ᠎ᠠ 96%᠎ ᠳᠤ ᠬᠦᠷᠪᠡ᠃ 2000 ᠪᠣᠰᠤᠭ᠎ᠠ ᠳᠥᠷᠪᠡᠯᠵᠢᠨ ᠮᠧᠲᠷ ᠤᠨ ᠬᠤᠭᠤᠯᠠᠨ ᠭᠡᠷ ᠤᠨ ᠬᠤᠭ ᠨᠣᠪᠰᠢ ᠶᠢᠨ ᠰᠢᠩᠭᠡᠬᠦ ᠶᠢ ᠰᠡᠷᠭᠡᠶᠢᠯᠡᠬᠦ ᠴᠦᠬᠦᠷᠦᠮ ᠢ ᠪᠠᠶᠢᠭᠤᠯᠪᠠ᠃  4 ᠮᠠᠯᠵᠢᠬᠤ ᠤᠷᠤᠨ ᠤ ᠨᠡᠶᠢᠭᠡᠮᠴᠢᠯᠡᠭᠰᠡᠨ ᠦᠢᠯᠡᠴᠢᠯᠡᠭᠡᠨ ᠤ ᠠᠩᠭᠢ ᠪᠠᠶᠢᠭᠤᠯᠵᠤ᠂ ᠪᠦᠬᠦ ᠬᠤᠰᠢᠭᠤᠨ ᠤ 60 ᠭᠠᠴᠠᠭᠠᠨ ᠳᠤ ᠨᠡᠶᠢᠭᠡᠮᠴᠢᠯᠡᠭᠰᠡᠨ ᠦᠢᠯᠡᠴᠢᠯᠡᠭᠡ ᠶᠢ ᠪᠦᠷᠬᠦᠬᠦᠯᠵᠦ᠂ ᠭᠠᠴᠠᠭᠠᠨ ᠤ ᠠᠮᠢᠳᠤᠷᠠᠯ ᠤᠨ ᠬᠤᠭ ᠨᠣᠪᠰᠢ ᠶᠢ ᠪᠤᠬᠢᠷᠳᠤᠯ ᠦᠭᠡᠢ ᠰᠢᠢᠳᠪᠦᠷᠢᠯᠡᠭᠰᠡᠨ ᠪᠦᠷᠬᠦᠴᠡ ᠶᠢᠨ ᠨᠣᠷᠮ᠎ᠠ 45%᠎ ᠳᠤ ᠬᠦᠷᠪᠡ᠃ ᠬᠤᠶᠠᠳᠤᠭᠠᠷ ᠡᠭᠡᠯᠵᠢ ᠶᠢᠨ ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠶᠢᠨ ᠮᠡᠳᠡᠭᠦᠯᠦᠯᠲᠡ ᠠᠴᠠ 13 ᠵᠦᠢᠯ ᠤᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠭᠥᠯᠢᠶᠡᠨ ᠠᠪᠴᠤ᠂ 8 ᠠᠰᠠᠭᠤᠳᠠᠯ ᠢ ᠨᠢᠭᠡᠨᠲᠡ ᠴᠡᠭᠴᠡᠯᠡᠨ ᠰᠠᠶᠢᠵᠢᠷᠠᠭᠤᠯᠵᠦ᠂ 5 ᠠᠰᠠᠭᠤᠳᠠᠯ ᠤᠨ ᠴᠡᠭᠴᠡᠯᠡᠯᠲᠡ ᠎ ᠶᠢ ᠶᠠᠭ ᠢᠳᠡᠪᠬᠢᠳᠡᠢ ᠠᠬᠢᠭᠤᠯᠵᠤ ᠪᠠᠶᠢᠨ᠎ᠠ᠃       ︵ᠲᠠᠪᠤ︶ ᠬᠤᠲᠠ ᠬᠥᠳᠡᠭᠡ ᠶᠢᠨ ᠪᠠᠶᠢᠭᠤᠯᠤᠯᠲᠠ ᠶᠢ ᠨᠢᠭᠡᠳᠦᠯᠲᠡᠢ ᠲᠥᠯᠦᠪᠵᠢᠬᠦᠯᠦᠨ ᠠᠬᠢᠭᠤᠯᠪᠠ᠃ ᠬᠦᠪᠡᠭᠡᠲᠦ ᠰᠢᠷ᠎ᠠ ᠬᠤᠰᠢᠭᠤᠨ ᠤ ᠰᠣᠳᠣᠨ ᠰᠠᠭᠤᠭᠠᠯᠢ ᠠᠷᠠᠳ ᠤᠨ ᠲᠣᠭᠤᠷᠢᠭ ᠤᠨ ᠳᠥᠭᠦᠮ ᠪᠦᠳᠦᠭᠦᠯᠢᠭ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠲᠥᠷᠥᠯ ᠵᠦᠢᠯ ᠢ ᠦᠷᠭᠦᠯᠵᠢᠯᠡᠨ ᠪᠠᠶᠢᠭᠤᠯᠵᠤ᠂ ᠪᠤᠴᠠᠭᠠᠨ ᠲᠥᠪᠬᠢᠨᠡᠬᠦᠯᠬᠦ ᠭᠡᠷ ᠪᠠᠶᠢᠰᠢᠩ ᠢ ᠪᠠᠶᠢᠭᠤᠯᠵᠤ ᠲᠠᠭᠤᠰᠬᠠᠪᠠ᠃ ᠶᠠᠩ ᠭᠤᠸᠠᠩ ᠰᠠᠭᠤᠭᠠᠯᠢ ᠠᠷᠠᠳ ᠤᠨ ᠲᠣᠭᠤᠷᠢᠭ ᠤᠨ ᠰᠠᠭᠤᠷᠢ ᠲᠦᠭᠦᠭᠡᠷᠦᠮᠵᠢ ᠶᠢ ᠦᠭᠡᠷᠡᠴᠢᠯᠡᠨ ᠰᠠᠶᠢᠵᠢᠷᠠᠭᠤᠯᠬᠤ ᠲᠥᠷᠦᠯ ᠵᠦᠢᠯ ᠢ ᠬᠡᠷᠡᠭᠵᠢᠬᠦᠯᠪᠡ᠃ ᠥᠯᠥ ᠬᠥᠳᠡᠯᠬᠦ ᠬᠥᠷᠥᠩᠭᠡ ᠶᠢᠨ ᠲᠡᠦᠬᠡᠨ ᠠᠴᠠ ᠦᠯᠡᠳᠡᠭᠳᠡᠵᠦ ᠢᠷᠡᠭᠰᠡᠨ ︽ᠦᠨᠡᠮᠯᠡᠯ ᠠᠪᠬᠤ ᠳᠤ ᠬᠦᠴᠢᠷᠲᠡᠢ︾ ᠠᠰᠠᠭᠤᠳᠠᠯ ᠢ ᠰᠢᠢᠳᠪᠦᠷᠢᠯᠡᠪᠡ᠃ ᠰᠢᠨᠡᠪᠤᠯᠠᠭ ᠪᠠᠯᠭᠠᠰᠤᠨ ᠤ ᠦᠶᠡᠷ ᠢ ᠰᠡᠷᠭᠡᠶᠢᠯᠡᠵᠦ ᠤᠰᠤ ᠵᠠᠯᠠᠬᠤ ᠢᠨᠵᠧᠨᠧᠷᠢᠩ ᠤᠨ ᠨᠢᠭᠡᠳᠦᠭᠡᠷ ᠬᠤᠭᠤᠴᠠᠭᠠᠨ ᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠤᠷᠤᠭᠰᠢᠲᠠᠢ ᠳᠠᠭᠤᠰᠬᠠᠵᠤ᠂ ᠬᠤᠲᠠ ᠶᠢᠨ ᠭᠠᠳᠠᠨᠠᠬᠢ ᠲᠤᠭᠤᠷᠢᠭᠤᠯ ᠵᠠᠮ ᠵᠢᠴᠢ ᠲᠣᠣᠷ ᠬᠤᠭᠤᠯᠠᠢ ᠶᠢᠨ ᠢᠵᠢ ᠪᠦᠷᠢᠳᠦᠭᠰᠡᠨ ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠂ ᠪᠣᠬᠢᠷ ᠤᠰᠤᠨ ᠤ ᠲᠣᠣᠷ ᠬᠤᠭᠤᠯᠠᠢ ᠶᠢ ᠥᠷᠭᠡᠳᠬᠡᠨ ᠪᠠᠶᠢᠭᠤᠯᠬᠤ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢ ᠡᠬᠢᠯᠡᠭᠦᠯᠪᠡ᠃ 1400 ᠲᠦᠮᠡᠨ ᠲᠦᠬᠦᠷᠢᠭ ᠤᠨ ᠪᠡᠯᠡ ᠤᠷᠤᠭᠤᠯᠤᠨ᠂ ᠢᠯᠴᠢ ᠰᠣᠯᠢᠬᠤ ᠥᠷᠲᠡᠭᠡ ᠶᠢ ᠰᠢᠨ᠎ᠡ ᠪᠠᠷ ᠪᠠᠶᠢᠭᠤᠯᠵᠤ᠂ 6.8 ᠺᠢᠯᠤᠮᠧᠲᠷ ᠢᠯᠴᠢ ᠬᠠᠩᠭᠠᠬᠤ ᠲᠤᠤᠷ ᠬᠤᠭᠤᠯᠠᠢ ᠶᠢ ᠦᠷᠭᠡᠳᠬᠡᠨ ᠵᠠᠰᠠᠪᠠ᠃ 30 ᠲᠦᠮᠡᠨ ᠲᠡᠭᠰᠢ ᠳᠥᠷᠪᠡᠯᠵᠢᠨ ᠮᠧᠲᠷ ᠴᠡᠴᠡᠷᠯᠢᠭ ᠢ ᠨᠤᠭᠤᠭᠠᠷᠠᠭᠤᠯᠬᠤ ᠪᠠ ᠠᠷᠠᠴᠢᠯᠠᠨ ᠬᠠᠮᠠᠭᠠᠯᠠᠵᠤ᠂ 320 ᠵᠡᠭᠡᠯᠢ ᠶᠢᠨ ᠳ᠋ᠧᠩ ᠢ ᠰᠣᠯᠢᠪᠠ᠃ 2.5 ᠲᠦᠮᠡᠨ ᠲᠡᠭᠰᠢ ᠳᠥᠷᠪᠡᠯᠵᠢᠨ ᠮᠧᠲᠷ ᠪᠠᠷᠢᠮᠵᠢᠶᠠᠵᠢᠭᠤᠯᠤᠭᠰᠠᠨ ᠫᠧᠩ ᠰᠠᠷᠠᠪᠴᠢ᠂ 0.24 ᠲᠦᠮᠡᠨ ᠲᠡᠭᠰᠢ ᠳᠥᠷᠪᠡᠯᠵᠢᠨ ᠮᠧᠲᠷ ᠡᠪᠡᠰᠦ ᠨᠦᠭᠡᠴᠡᠯᠡᠬᠦ ᠫᠧᠩ᠂ 0.1 ᠲᠦᠮᠡᠨ ᠪᠣᠰᠤᠭ᠎ᠠ ᠳᠥᠷᠪᠡᠯᠵᠢᠨ ᠮᠧᠲᠷ ᠨᠤᠭᠤᠭᠠᠨ ᠲᠠᠷᠤᠰᠢ ᠶᠢᠨ ᠵᠣᠭᠤᠷᠢ ᠶᠢ ᠰᠢᠨ᠎ᠡ ᠪᠠᠷ ᠪᠠᠶᠢᠭᠤᠯᠪᠠ᠃ ᠮᠠᠯᠵᠢᠬᠤ ᠣᠷᠣᠨ ᠳᠤ 16 ᠲᠦᠭᠡᠭᠡᠯ ᠤᠰᠤᠨ ᠤ ᠢᠨᠵᠧᠨᠧᠷᠢᠩ ᠢ ᠰᠢᠨ᠎ᠡ ᠪᠠᠷ ᠪᠠᠶᠢᠭᠤᠯᠵᠤ᠂ 9 ᠲᠦᠭᠡᠭᠡᠯ ᠤᠰᠤᠨ ᠤ ᠢᠨᠵᠧᠨᠧᠷᠢᠩ ᠢ ᠰᠡᠯᠪᠢᠨ ᠵᠠᠰᠠᠵᠤ᠂2230 ᠬᠥᠮᠥᠨ ᠤ ᠣᠣᠭᠤᠬᠤ ᠤᠰᠤᠨ ᠤ ᠠᠰᠠᠭᠤᠳᠠᠯ ᠢ ᠰᠢᠢᠳᠪᠦᠷᠢᠯᠡᠪᠡ᠃ 10 ᠺᠢᠯᠣᠸᠠᠲ ᠤᠨ ᠴᠠᠬᠢᠯᠭᠠᠨ ᠲᠣᠣᠷ ᠬᠤᠭᠤᠯᠠᠢ ᠶᠢ 87.4 ᠺᠢᠯᠣᠮᠧᠲᠷ᠂ 0.4 ᠺᠢᠯᠣᠸᠠᠲ ᠤᠨ ᠴᠠᠬᠢᠯᠭᠠᠨ ᠲᠣᠣᠷ ᠬᠤᠭᠤᠯᠠᠢ ᠶᠢ 66.6 ᠺᠢᠯᠣᠮᠧᠲᠷ ᠥᠭᠡᠷᠡᠴᠢᠯᠡᠨ ᠪᠠᠶᠢᠭᠤᠯᠵᠤ᠂ 152 ᠰᠠᠤᠷᠢ ᠴᠠᠬᠢᠯᠭᠠᠨ ᠬᠦᠴᠦᠳᠡᠯ ᠥᠭᠡᠷᠡᠴᠢᠯᠡᠭᠴᠢ ᠶᠢ ᠦᠭᠡᠷᠡᠴᠢᠯᠡᠨ ᠵᠠᠰᠠᠵᠤ᠂ ᠮᠠᠯᠵᠢᠬᠤ ᠣᠷᠤᠨ ᠤ ᠴᠠᠬᠢᠯᠭᠠᠨ ᠲᠣᠣᠷ ᠤᠨ ᠲᠤᠭᠲᠠᠭᠤᠨ ᠪᠠᠶᠢᠳᠠᠯ ᠢ ᠤᠯᠠᠮ ᠨᠢᠭᠡ ᠠᠯᠬᠤᠮ ᠳᠡᠭᠡᠭᠰᠢᠯᠡᠬᠦᠯᠪᠡ᠃ ᠪᠠᠷᠠᠭᠤᠨ ᠲᠡᠬᠦᠷᠭᠡ ᠶᠢᠨ 110 ᠺᠢᠯᠣᠸᠠᠲ ᠤᠨ ᠴᠠᠬᠢᠯᠭᠠᠨ ᠬᠦᠴᠦᠳᠡᠯ ᠥᠭᠡᠷᠡᠴᠢᠯᠡᠬᠦ ᠥᠷᠲᠡᠭᠡ ᠶᠢᠨ ᠢᠨᠵᠧᠨᠧᠷᠢᠩ ᠎ ᠤᠨ ᠭᠤᠣᠯ ᠲᠤᠤᠷ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠬᠦᠯᠪᠡ᠃ ᠵᠢᠢ ᠲᠦᠩ ᠴᠠᠬᠢᠯᠭᠠᠨᠵᠢᠭᠤᠯᠤᠭᠰᠠᠨ ᠲᠡᠮᠦᠷ ᠵᠠᠮ ᠤᠨ ᠥᠭᠡᠷᠡᠴᠢᠯᠡᠯᠲᠡ ᠶᠢᠨ ᠭᠠᠳᠠᠷ ᠴᠠᠬᠢᠯᠭᠠᠨ ᠬᠠᠩᠭᠠᠬᠤ ᠢᠨᠵᠧᠨᠧᠷᠢᠩ ᠤᠨ ᠮᠠᠨ ᠤ ᠬᠤᠰᠢᠭᠤᠨ ᠳᠤ ᠪᠠᠶᠢᠭ᠎ᠠ ᠬᠡᠰᠡᠭ ᠤᠨ ᠢᠨᠵᠧᠨᠧᠷᠢᠩ ᠢ ᠪᠦᠬᠦᠨ ᠢ ᠪᠠᠶᠢᠭᠤᠯᠵᠤ ᠲᠠᠭᠤᠰᠬᠠᠪᠠ᠃ 10 ᠵᠤᠷᠪᠤᠰ ᠮᠠᠯᠵᠢᠬᠤ ᠣᠷᠣᠨ ᠤ ᠵᠠᠰᠠᠮᠠᠯ ᠵᠠᠮ ᠢ 65.5 ᠺᠢᠯᠣᠮᠧᠲᠷ ᠰᠢᠨ᠎ᠡ ᠪᠠᠷ ᠵᠠᠰᠠᠭᠰᠠᠨ ᠪᠠ ᠦᠭᠡᠷᠡᠴᠢᠯᠡᠨ ᠵᠠᠰᠠᠵᠤ᠂ 7 ᠵᠤᠷᠪᠤᠰ ᠵᠠᠰᠠᠮᠠᠯ ᠵᠠᠮ ᠢ 32.9 ᠺᠢᠯᠣᠮᠧᠲᠷ ᠠᠷᠠᠴᠢᠯᠠᠨ ᠬᠠᠮᠠᠭᠠᠠᠯᠠᠵᠤ᠂ ᠦᠶᠡᠷ ᠲᠤ ᠡᠪᠳᠡᠭᠳᠡᠭᠰᠡᠨ 13 ᠭᠡᠰᠡᠭ ᠵᠠᠮ ᠢ ᠵᠠᠰᠠᠵᠤ᠂ ᠮᠠᠯᠴᠢᠳ ᠤᠨ ᠶᠠᠪᠤᠵᠤ ᠰᠠᠭᠤᠬᠤ ᠨᠦᠬᠦᠴᠡᠯ ᠨᠡᠩ ᠳᠥᠭᠦᠮ ᠲᠦᠲᠡ ᠪᠣᠯᠪᠠ᠃ ᠮᠠᠯᠵᠢᠬᠤ ᠣᠷᠣᠨ ᠤ 101 ᠡᠷᠦᠬᠡ ᠶᠢᠨ ᠠᠰᠠᠭᠤᠳᠠᠯ ᠲᠠᠢ ᠵᠣᠷᠯᠣᠩ ᠢ ᠴᠡᠭᠴᠡᠯᠡᠨ ᠰᠠᠶᠢᠵᠢᠷᠠᠭᠤᠯᠬᠤ ᠪᠠ ︽ᠡᠷᠬᠢᠨ ᠬᠠᠷᠠᠬᠤ︾ ᠠᠵᠢᠯ ᠢ ᠪᠡᠶᠡᠯᠡᠭᠦᠯᠵᠦ᠂ 234 ᠡᠷᠦᠬᠡ ᠶᠢᠨ ᠵᠣᠷᠯᠣᠩ ᠢ ᠰᠢᠨ᠎ᠡ ᠪᠠᠷ ᠪᠠᠶᠢᠭᠤᠯᠪᠠ᠃ ᠴᠠᠭᠠᠨ ᠲᠡᠷᠡᠰᠦ᠂ ᠳᠠᠪᠤᠰᠤᠨ ᠭᠤᠣᠯ ᠵᠡᠷᠭᠡ 2 ᠠᠶᠢᠮᠠᠭ ᠤᠨ ᠱᠠᠳᠤᠨ ᠤ ᠵᠢᠱᠢᠶ᠎ᠡ ᠦᠵᠡᠭᠦᠯᠬᠦ ᠭᠠᠴᠠᠭ᠎ᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠲᠦᠯᠬᠢᠨ ᠠᠬᠢᠭᠤᠯᠪᠠ᠃ ᠮᠠᠯᠵᠢᠬᠤ ᠣᠷᠤᠨ ᠤ 136 ᠡᠷᠦᠬᠡ ᠳᠤ ᠪᠠᠶᠢᠰᠢᠩ ᠤᠨ ᠨᠠᠷᠠᠪᠴᠢ ᠪᠠᠷᠢᠬᠤ ᠲᠥᠷᠦᠯ ᠵᠦᠢᠯ ᠢ ᠬᠡᠷᠡᠭᠵᠢᠬᠦᠯᠪᠡ᠃ 6 ᠭᠤᠣᠯᠳᠠᠯᠭᠠᠲᠤ ᠭᠠᠴᠠᠭᠠᠨ ᠳᠤ ᠮᠠᠯᠵᠢᠬᠤ ᠣᠷᠤᠨ ᠤ ᠣᠷᠤᠰᠢᠨ ᠰᠠᠭᠤᠬᠤ ᠣᠷᠴᠢᠨ ᠲᠤᠭᠤᠷᠢᠨ ᠢ ᠴᠡᠭᠴᠡᠯᠡᠨ ᠰᠠᠶᠢᠵᠢᠷᠠᠭᠤᠯᠬᠤ ᠬᠠᠰᠢᠶ᠎ᠠ ᠰᠡᠷᠡᠯᠵᠢ ᠶᠢᠨ ᠪᠦᠳᠦᠭᠡᠨ ᠪᠠᠶᠢᠭᠤᠯᠤᠯᠲᠠ ᠶᠢᠨ ᠲᠥᠷᠦᠯ ᠵᠦᠢᠯ ᠪᠠ ᠲᠡᠮᠦᠷ ᠬᠦᠷᠢᠶ᠎ᠡ ᠬᠠᠰᠢᠶ᠎ᠠ ᠶᠢᠨ ᠲᠥᠷᠦᠯ ᠵᠦᠢᠯ ᠢ ᠤᠷᠢᠳᠠᠪᠡᠷ ᠲᠤᠷᠰᠢᠨ ᠬᠡᠷᠡᠭᠵᠢᠬᠦᠯᠵᠦ᠂ ᠮᠠᠯᠴᠢᠳ ᠢ ᠦᠢᠯᠡᠳᠪᠦᠷᠢᠯᠡᠯ ᠠᠮᠢᠳᠤᠷᠠᠯ ᠤᠨ ᠲᠤᠭᠤᠷᠢᠭ ᠢᠶᠠᠨ ᠵᠦᠢ ᠵᠤᠬᠢᠰᠲᠠᠢ ᠬᠤᠪᠢᠶᠠᠷᠢᠯᠠᠬᠤ ᠶᠢ ᠠᠬᠢᠭᠤᠯᠪᠠ᠃        ︵ᠵᠢᠷᠭᠤᠭ᠎ᠠ︶ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠦᠷᠭᠦᠯᠵᠢᠯᠡᠨ ᠴᠢᠩᠭᠠᠳᠬᠠᠪᠠ᠃ ᠠᠵᠢᠯ ᠮᠡᠷᠭᠡᠵᠢᠯ ᠤᠨ ᠤᠷ᠎ᠠ ᠮᠡᠷᠭᠡᠰᠢᠯ ᠤᠨ ᠪᠣᠯᠪᠠᠰᠤᠷᠠᠯ ᠢ 28 ᠬᠤᠭᠤᠴᠠᠭ᠎ᠠ ᠡᠷᠬᠢᠯᠡᠨ᠂ ︽ᠠᠵᠢᠯ ᠣᠯᠭᠤᠯᠲᠠ ᠳᠤ ᠲᠤᠰᠠᠯᠠᠬᠤ ᠰᠠᠷ᠎ᠠ︾᠎ ᠶᠢᠨ ᠠᠵᠢᠯᠯᠠᠭ᠎ᠠ᠂ ︽ᠬᠠᠪᠤᠷ ᠤᠨ ᠤᠯᠠᠷᠢᠯ ᠤᠨ ᠠᠵᠢᠯᠲᠠᠨ ᠡᠯᠰᠡᠬᠦ ᠴᠤᠭᠯᠠᠭᠠᠨ︾᠎ ᠢ ᠵᠣᠬᠢᠶᠠᠨ ᠪᠠᠶᠢᠭᠤᠯᠵᠦ᠂ ᠬᠤᠲᠠ ᠪᠠᠯᠭᠠᠰᠤᠨ ᠤ 611 ᠬᠥᠮᠥᠨ ᠳᠤ ᠰᠢᠨ᠎ᠡ ᠪᠠᠷ ᠠᠵᠢᠯ ᠣᠯᠭᠤᠨ᠂ 370 ᠨᠡᠷ᠎ᠡ ᠶᠠᠳᠠᠭᠤ ᠠᠴᠠ ᠠᠩᠭᠢᠵᠢᠷᠠᠭᠰᠠᠨ ᠬᠥᠳᠡᠯᠮᠦᠷᠢ ᠬᠦᠴᠦᠨ ᠢ ᠰᠢᠯᠵᠢᠭᠦᠯᠦᠨ ᠠᠵᠢᠯ ᠣᠯᠭᠤᠵᠣ᠂ ᠬᠤᠰᠢᠭᠤᠨ ᠤ 61 ᠨᠡᠷ᠎ᠡ ᠦᠢᠯᠡᠰ ᠪᠤᠰᠬᠠᠭᠴᠢᠳ ᠲᠤ 1119 ᠲᠦᠮᠡᠨ ᠲᠥᠭᠦᠷᠢᠭ ᠤᠨ ᠠᠳᠠᠯ ᠦᠢᠯᠡᠰ ᠪᠤᠰᠬᠠᠬᠤ ᠵᠢᠭᠡᠯᠡᠯᠭᠡ ᠣᠯᠭᠤᠪᠡ᠃ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠤᠭᠰᠠᠨ ᠦᠷ᠎ᠡ ᠪᠦᠳᠦᠭᠡᠯ ᠢ ᠪᠠᠬᠢᠵᠢᠬᠦᠯᠬᠦ ᠪᠠ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ 40 ᠲᠥᠷᠥᠯ ᠵᠦᠢᠯ ᠢ ᠬᠡᠷᠡᠭᠵᠢᠬᠦᠯᠦᠨ᠂ ᠪᠦᠬᠦ ᠠᠵᠢᠯ ᠤᠨ 97.5%᠎ ᠶᠢ ᠲᠠᠭᠤᠰᠬᠠᠪᠠ᠃1439.2 ᠲᠦᠮᠡᠨ ᠲᠥᠭᠦᠷᠢᠭ ᠤᠨ ᠶᠠᠳᠠᠭᠤ ᠶᠢ ᠲᠡᠳᠬᠦᠬᠦ ᠪᠠᠭ᠎ᠠ ᠬᠡᠮᠵᠢᠶᠡᠨ ᠤ ᠵᠢᠭᠡᠯᠡᠯᠭᠡ ᠣᠯᠭᠤᠵᠤ᠂ 2123 ᠬᠥᠮᠥᠨ ᠤ ᠬᠥᠮᠥᠨ ᠪᠦᠷᠢ ᠳᠤ 80 ᠲᠥᠭᠦᠷᠢᠭ ᠤᠨ ᠶᠠᠳᠠᠭᠤᠷᠠᠬᠤ ᠶᠢ ᠰᠡᠷᠭᠡᠶᠢᠯᠡᠬᠦ ᠳᠠᠭᠠᠳᠬᠠᠯ ᠢ ᠤᠷᠤᠯᠠᠨ ᠲᠤᠰᠢᠶᠠᠵᠤ᠂ ᠮᠠᠯᠵᠢᠬᠤ ᠣᠷᠣᠨ ᠤ 11 ᠡᠷᠦᠬᠡ ᠶᠢᠨ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠪᠠ᠃ ᠬᠠᠮᠤᠭ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠣᠨᠴᠠ ᠬᠦᠴᠢᠷᠳᠡᠯᠲᠡᠢ ᠬᠥᠮᠥᠰ ᠤᠨ ᠨᠥᠬᠦᠪᠦᠷᠢ᠂ ᠵᠡᠮᠳᠡᠭᠴᠦᠳ ᠤᠨ ᠬᠤᠶᠠᠷ ᠲᠥᠷᠦᠯ ᠤᠨ ᠨᠦᠬᠦᠪᠦᠷᠢ᠂ ᠭᠡᠷ ᠲᠦᠷᠢᠶᠡᠰᠦᠯᠡᠬᠦ ᠨᠦᠬᠦᠪᠦᠷᠢ ᠵᠡᠷᠭᠡ ᠠᠷᠠᠳ ᠤᠨ ᠠᠮᠢᠳᠤᠷᠠᠯ ᠤᠨ ᠠᠪᠤᠷᠠᠨ ᠲᠤᠰᠠᠯᠠᠬᠤ ᠪᠡᠯᠡ ᠮᠦᠩᠬᠦ 1730 ᠲᠦᠮᠡᠨ ᠲᠦᠬᠦᠷᠢᠭ ᠪᠠᠭᠤᠯᠭᠠᠵᠤ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠳᠠᠭᠠᠳᠬᠠᠯ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠠᠯ᠂ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠣᠷᠤᠯᠴᠠᠬᠤ ᠨᠣᠷᠮ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠬᠠᠰᠢᠶᠠᠲᠤ ᠨᠡᠶᠢᠭᠡᠮ ᠲᠣᠭᠤᠷᠢᠭ᠂ ᠴᠡᠩᠭᠡᠯ ᠨᠡᠶᠢᠭᠡᠮ ᠲᠣᠭᠤᠷᠢᠭ ᠲᠤ ᠨᠠᠰᠤᠲᠠᠶᠢᠴᠤᠳ ᠢ ᠠᠰᠠᠷᠠᠨ ᠰᠣᠪᠢᠯᠠᠬᠤ ᠦᠢᠯᠡᠴᠢᠯᠡᠭᠡᠨ ᠤ ᠥᠷᠲᠡᠭᠡ ᠶᠢ ᠪᠠᠶᠢᠭᠤᠯᠪᠠ᠃ ᠦᠷᠢ ᠥᠭᠴᠡᠭᠡ ᠶᠢ ᠴᠡᠪᠡᠷᠯᠡᠨ᠂ ᠴᠠᠯᠢᠩ ᠢ ᠪᠠᠲᠤᠯᠠᠬᠤ ᠠᠵᠢᠯ ᠢ ᠰᠠᠶᠢᠳᠤᠷ ᠬᠢᠵᠤ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠲᠤ ᠴᠠᠯᠢᠩ ᠥᠷᠢᠲᠦᠵᠦ ᠤᠳᠠᠭᠠᠰᠢᠷᠠᠭᠤᠯᠤᠭᠰᠠᠨ ᠪᠠᠶᠢᠳᠠᠯ ᠡᠭᠦᠰᠦᠭᠰᠡᠨ ᠦᠭᠡᠢ᠃ 4844 ᠲᠣᠨ ᠳᠤᠯᠠᠭᠠᠯᠭ᠎ᠠ ᠶᠢ ᠪᠠᠲᠤᠯᠠᠬᠤ ᠴᠢᠨᠠᠷ ᠰᠠᠶᠢᠲᠠᠢ ᠨᠡᠭᠦᠷᠡᠰᠦ ᠲᠡᠭᠡᠭᠡᠪᠦᠷᠢᠯᠡᠨ ᠠᠪᠴᠢᠷᠠᠵᠤ᠂ ᠬᠤᠲᠠ ᠬᠦᠳᠡᠭᠡ ᠶᠢᠨ 3028 ᠡᠷᠦᠬᠡ ᠎ ᠳᠤ ᠠᠰᠢᠭ ᠬᠦᠷᠲᠡᠭᠡᠪᠡ᠃      ︵ᠳᠣᠯᠤᠭ᠎ᠠ︶ ᠨᠡᠶᠢᠭᠡᠮ ᠤᠨ ᠠᠵᠢᠯ ᠦᠢᠯᠡᠰ ᠲᠡᠩᠴᠡᠭᠦᠷᠢᠲᠡᠢ ᠬᠦᠭᠵᠢᠪᠡ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠤᠭᠴᠢᠳ ᠤᠨ ᠬᠡᠪ ᠴᠢᠨᠠᠷ ᠤᠨ ᠰᠤᠷᠭᠠᠨ ᠬᠥᠮᠦᠵᠢᠯ ᠤᠨ ᠬᠢᠷᠢ ᠲᠥᠪᠰᠢᠨ ᠢ ᠳᠡᠭᠡᠭᠰᠢᠯᠡᠬᠦᠯᠵᠦ᠂ ᠤᠯᠤᠰ ᠤᠨ ᠬᠤᠰᠢᠭᠤ ᠰᠢᠶᠠᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠢ ᠬᠥᠭᠵᠢᠯᠲᠡ ᠶᠢ ᠦᠨᠡᠯᠡᠨ ᠵᠢᠱᠢᠬᠦ ᠡᠯ᠎ᠡ ᠲᠥᠷᠦᠯ ᠤᠨ ᠪᠡᠯᠡᠳᠬᠡᠯ ᠠᠵᠢᠯ ᠢ ᠴᠢᠨᠠᠷ ᠰᠠᠶᠢᠲᠠᠢ ᠪᠡᠶᠡᠯᠡᠬᠦᠯᠪᠡ᠃ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ 19 ᠨᠡᠷ᠎ᠡ ᠪᠠᠭᠰᠢ ᠨᠦᠬᠦᠵᠦ ᠡᠯᠰᠡᠪᠡ᠃ ᠬᠤᠶᠠᠳᠤᠭᠠᠷ ᠬᠡᠦᠬᠡᠳ ᠤᠨ ᠴᠡᠴᠡᠷᠯᠢᠭ ᠤᠨ ᠰᠤᠷᠭᠠᠭᠤᠯᠢ ᠶᠢᠨ ᠬᠦᠷᠢᠶ᠎ᠡ ᠶᠢᠨ ᠦᠷᠭᠡᠳᠭᠡᠨ ᠪᠠᠶᠢᠭᠤᠯᠤᠯᠲᠠ᠂ ᠬᠤᠶᠠᠳᠤᠭᠠᠷ ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠣᠷᠳᠣᠨ ᠪᠠ ᠶᠡᠷᠦᠩᠬᠡᠶᠢᠯᠡᠭᠰᠡᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠲᠤᠷᠰᠢᠯᠲᠠ ᠶᠢᠨ ᠠᠰᠠᠷ ᠢ ᠪᠠᠶᠢᠭᠤᠯᠵᠤ ᠲᠠᠭᠤᠰᠬᠠᠨ ᠠᠰᠢᠭᠯᠠᠯᠲᠠ ᠳᠤ ᠤᠷᠤᠭᠤᠯᠪᠠ᠃ ᠨᠠᠢᠮᠠᠨ ᠮᠤᠵᠢ ᠣᠷᠣᠨ ᠤ ᠬᠤᠶᠠᠳᠤᠭᠠᠷ ᠬᠤᠭᠤᠴᠠᠭᠠᠨ ᠤ ︽ᠠᠰᠤᠷᠤ ᠬᠤᠨᠳᠠᠭᠠᠲᠤ︾ ᠴᠠᠬᠠᠷ ᠠᠷᠠᠳ ᠤᠨ ᠲᠠᠭᠤᠨ ᠤ ᠤᠷᠤᠯᠳᠤᠭᠠᠨ᠂ ᠬᠤᠶᠠᠳᠤᠭᠠᠷ ᠬᠤᠭᠤᠴᠠᠭᠠᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠠᠮᠢᠷ ᠤᠨ ᠬᠦᠳᠡᠯᠭᠡᠭᠡᠨ᠂ ᠵᠢᠷᠭᠤᠳᠤᠭᠠᠷ ᠬᠤᠭᠤᠴᠠᠭᠠᠨ ᠤ ᠠᠯᠲᠠᠨ ᠨᠠᠮᠤᠷ ᠲᠠᠯ᠎ᠠ ᠨᠤᠲᠤᠭ ᠤᠨ ᠡᠯᠪᠡᠭ ᠬᠤᠷᠢᠶᠠᠯᠲᠠ ᠶᠢᠨ ᠨᠠᠶᠢᠷ ᠵᠢᠴᠢ ᠨᠠᠢᠮᠠᠳᠤᠭᠠᠷ ᠬᠤᠭᠤᠴᠠᠭᠠᠨ ᠤ ᠴᠠᠬᠠᠷ ᠬᠤᠨᠢᠨ ᠤ ᠨᠠᠶᠢᠷ ᠢ ᠠᠮᠵᠢᠯᠲᠠ ᠲᠠᠢ ᠡᠷᠭᠢᠯᠡᠪᠡ᠃ ︽ᠠᠰᠣᠷᠤ ᠶᠢᠨ ᠳᠠᠶᠢᠯᠠᠯᠭ᠎ᠠ ᠶᠢᠨ ᠲᠠᠭᠤᠤ︾ ︽ᠶᠤᠳᠪᠠᠢ ᠠᠰᠤᠷᠤ︾᠎ ᠨᠢ ᠪᠥᠬᠦ ᠣᠷᠣᠨ ᠤ ᠤᠯᠠᠭᠠᠨᠮᠥ᠋ᠴᠢᠷ ᠤᠨ ᠤᠤᠭᠠᠯ ᠰᠣᠩᠭᠤᠳᠠᠭ ᠪᠦᠲᠦᠭᠡᠯ ᠢ ᠤᠯᠠᠮᠵᠢᠯᠠᠨ ᠵᠠᠯᠭᠠᠮᠵᠢᠯᠠᠬᠤ ᠢᠨᠵᠧᠨᠧᠷᠢᠩ ᠳᠤ ᠰᠣᠩᠭᠤᠭᠳᠠᠨ  ᠤᠷᠤᠪᠠ᠃ 10 ᠨᠤᠮ ᠎ ᠤᠨ ᠰᠠᠩ ᠤᠨ ᠨᠡᠬᠦᠳᠡᠯ ᠦᠢᠯᠡᠴᠢᠯᠡᠭᠡᠨ ᠤ ᠴᠡᠭ ᠪᠠᠶᠢᠭᠤᠯᠪᠠ᠃ ᠰᠣᠶᠣᠯ ᠢ ᠲᠦᠮᠡᠨ ᠡᠷᠦᠬᠡ ᠳᠤ ᠬᠦᠷᠭᠡᠬᠦ ᠠᠵᠢᠯᠯᠠᠭ᠎ᠠ ᠶᠢ 100 ᠭᠠᠷᠤᠢ ᠲᠠᠯᠠᠪᠠᠢ ᠤᠳᠠᠭ᠎ᠠ ᠥᠷᠨᠢᠭᠦᠯᠪᠡ᠃ ᠪᠥᠬᠦ ᠣᠷᠣᠨ ᠤ ᠠᠷᠪᠠᠳᠤᠭᠠᠷ ᠬᠤᠭᠤᠴᠠᠭᠠᠨ ᠤ 25 ᠨᠠᠰᠤᠨ ᠠᠴᠠ ᠳᠣᠷᠣᠭᠰᠢᠬᠢ ᠵᠠᠯᠠᠭᠤ ᠪᠦᠭᠡᠴᠦᠳ ᠤᠨ ᠤᠯᠠᠮᠵᠢᠯᠠᠯᠲᠤ ᠪᠠᠷᠢᠯᠳᠤᠭᠠᠨ ᠳᠤ ᠬᠠᠮᠲᠤ ᠨᠢᠭᠡᠴᠡ ᠶᠢᠨ ᠲᠡᠷᠢᠬᠦᠨ ᠤ ᠰᠢᠯᠢᠳᠡᠭ ᠦᠷ᠎ᠡ ᠪᠦᠳᠦᠮᠵᠢ ᠣᠯᠪᠠ᠃ ᠣᠶᠤᠨ ᠤ ᠪᠤᠯᠪᠠᠰᠤᠨ ᠤ ︽ᠵᠢᠷᠭᠤᠭᠠᠨ ᠶᠡᠭᠡ︾ ᠡᠬᠦᠳᠦᠨ ᠪᠠᠶᠢᠭᠤᠯᠤᠯᠲᠠ ᠰᠢᠨ᠎ᠡ ᠦᠷ᠎ᠡ ᠪᠦᠳᠦᠮᠵᠢ ᠣᠯᠵᠤ᠂ ᠥᠪᠡᠷᠲᠡᠭᠡᠨ ᠵᠠᠰᠠᠬᠤ ᠣᠷᠤᠨ ᠤ ᠪᠤᠯᠪᠠᠰᠤᠨ ᠬᠤᠰᠢᠭᠤᠨ ᠤ ᠬᠢᠷᠢ ᠬᠡᠮ ᠢ ᠰᠡᠷᠭᠦᠬᠡᠵᠤ᠂ 1 ᠠᠶᠢᠮᠠᠭ ᠤᠨ ᠲᠡᠰ ᠤᠨ ᠪᠤᠯᠪᠠᠰᠤᠨ ᠰᠣᠮᠣ ᠪᠠᠯᠭᠠᠰᠤ᠂ 11 ᠠᠶᠢᠮᠠᠭ ᠤᠨ ᠲᠡᠰ ᠤᠨ ᠪᠤᠯᠪᠠᠰᠤᠨ ᠭᠠᠴᠠᠭ᠎ᠠ᠂ 1 ᠠᠶᠢᠮᠠᠭ ᠤᠨ ᠲᠡᠰ ᠤᠨ ᠪᠤᠯᠪᠠᠰᠤᠨ ᠪᠠᠶᠢᠭᠤᠯᠭ᠎ᠠ ᠨᠢᠭᠡᠴᠡ᠂  4 ᠠᠶᠢᠮᠠᠭ ᠤᠨ ᠲᠡᠰ ᠤᠨ ᠪᠤᠯᠪᠠᠰᠤᠨ ᠭᠡᠷ ᠪᠦᠯᠢ ᠶᠢ ᠪᠠᠶᠢᠭᠤᠯᠪᠠ᠃ ᠠᠷᠠᠳ ᠤᠨ ᠡᠮᠨᠡᠯᠭᠡ ᠶᠢᠨ ᠬᠤᠷᠢᠶ᠎ᠠ᠂ ᠮᠣᠩᠭᠤᠯ ᠡᠮᠨᠡᠯᠭᠡ ᠶᠢᠨ ᠬᠤᠷᠢᠶ᠎ᠠ ᠎ ᠨᠢ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠴᠢᠨᠠᠷ ᠰᠠᠶᠢᠲᠠᠢ ᠬᠥᠭᠵᠢᠯᠲᠡ ᠶᠢᠨ ᠲᠤᠷᠰᠢᠯᠲᠠ ᠶᠢᠨ ᠴᠡᠭ ᠤᠨ ᠠᠵᠢᠯ ᠢ ᠥᠷᠨᠢᠬᠦᠯᠵᠦ᠂ ᠰᠢᠨ᠎ᠡ ᠪᠠᠷ ᠪᠠᠶᠢᠭᠤᠯᠤᠭᠰᠠᠨ ᠮᠤᠩᠭᠤᠯ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠮᠡᠷᠭᠡᠵᠢᠯ ᠤᠨ ᠠᠰᠠᠷ ᠤᠨ ᠲᠥᠷᠦᠯ ᠵᠦᠢᠯ ᠪᠠ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠶᠡᠷᠦᠩᠬᠡᠶᠢᠯᠡᠭᠰᠡᠨ ᠠᠰᠠᠷ ᠢ ᠦᠭᠡᠷᠡᠴᠢᠯᠡᠨ ᠵᠠᠰᠠᠬᠤ ᠲᠥᠷᠦᠯ ᠵᠦᠢᠯ ᠤᠨ ᠭᠤᠣᠯ ᠴᠣᠭᠴᠠ ᠶᠢᠨ ᠪᠦᠳᠦᠴᠡ ᠶᠢ ᠪᠠᠶᠢᠭᠤᠯᠵᠤ ᠳᠠᠭᠤᠰᠬᠠᠨ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠬᠡᠭᠡᠷ᠎ᠡ ᠭᠠᠳᠠᠨ᠎ᠠ ᠬᠤᠯᠤᠭᠠᠨ᠎ᠠ ᠬᠢᠵᠢᠭ ᠢ ᠬᠢᠨᠠᠨ ᠬᠡᠮᠵᠢᠬᠦ ᠦᠷᠳᠡᠭᠡ᠂ ᠠᠷᠠᠳ ᠤᠨ ᠡᠮᠨᠡᠯᠭᠡ ᠶᠢᠨ ᠬᠤᠷᠢᠶᠠᠨ ᠤ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠲᠣᠭᠤᠷᠢᠭ ᠢ ᠥᠭᠡᠷᠡᠴᠢᠯᠡᠨ ᠪᠠᠶᠢᠭᠤᠯᠵᠤ ᠠᠰᠢᠭᠯᠠᠯᠲᠠ ᠳᠤ ᠣᠷᠣᠭᠤᠯᠪᠠ᠃ ᠪᠦᠬᠦ ᠬᠤᠰᠢᠭᠤᠨ ᠤ ᠦᠷᠭᠡᠨ ᠣᠯᠠᠨ ᠺᠠᠳ᠋ᠷ ᠠᠵᠢᠯᠲᠠᠨ᠂ ᠠᠷᠠᠳ ᠲᠦᠮᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠲᠥᠷᠦᠯ ᠤᠨ ᠠᠷᠭ᠎ᠠ ᠬᠡᠮᠵᠢᠶ᠎ᠡ ᠶᠢ ᠬᠢᠨᠠᠮᠠᠭᠠᠢ ᠨᠠᠶᠢᠳᠠᠪᠦᠷᠢᠵᠢᠭᠤᠯᠵᠤ᠂  ᠰᠢᠷᠭᠠᠭᠤ ᠲᠡᠮᠡᠴᠡᠵᠦ᠂ ᠰᠢᠨ᠎ᠡ ᠲᠢᠳᠢᠮᠯᠢᠭ ᠸᠢᠷᠦ᠋ᠰ ᠤᠨ ᠬᠢᠵᠢᠭ ᠤᠨ ᠪᠠᠶᠢᠳᠠᠯ ᠢ ᠪᠦᠳᠦᠮᠵᠢᠳᠡᠢ ᠠᠷᠭᠠᠴᠠᠭᠠᠪᠠ᠃ 65 ᠨᠠᠰᠤᠨ ᠎ ᠠᠴᠠ ᠳᠡᠭᠡᠭᠰᠢᠬᠢ ᠨᠠᠰᠤᠳᠠᠶᠢᠴᠤᠳ ᠲᠤ ᠦᠨᠳᠦᠰᠦᠨ ᠡᠮ ᠡᠮᠨᠡᠯᠭᠡ ᠶᠢᠨ ᠦᠢᠯᠡᠴᠢᠯᠡᠭᠡ ᠬᠠᠩᠭᠠᠵᠤ᠂ 410 ᠨᠡᠷ᠎ᠡ ᠬᠠᠭᠤᠴᠢᠨ ᠠᠷᠬᠠᠭ ᠡᠪᠡᠳᠴᠢᠨ ᠲᠠᠢ ᠭᠤᠣᠯᠳᠠᠯᠭ᠎ᠠ ᠲᠠᠢ ᠨᠠᠰᠤᠳᠠᠶᠢᠴᠦᠳ ᠲᠤ ᠡᠮ ᠡᠮᠴᠢᠯᠡᠭᠡ ᠬᠦᠷᠭᠡᠬᠦ ᠦᠢᠯᠡᠴᠢᠯᠡᠭᠡ  ᠬᠠᠩᠭᠠᠨ᠂ ᠬᠦᠨᠳᠦ ᠡᠪᠡᠳᠴᠢᠨ ᠣᠯᠬᠤ ᠶᠢ ᠪᠦᠳᠦᠮᠵᠢᠳᠡᠢ ᠰᠡᠷᠭᠡᠶᠢᠯᠡᠪᠡ᠃ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠪᠠ ᠪᠤᠰᠤᠳ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠢ ᠨᠢᠭᠡᠳᠦᠯᠲᠡᠢ ᠲᠥᠯᠦᠪᠵᠢᠬᠦᠯᠦᠨ ᠰᠠᠶᠢᠲᠤᠷ ᠬᠢᠪᠡ᠃ ᠮᠠᠯᠴᠢᠳ ᠤᠨ ᠤᠳᠠᠭᠠᠨ ᠴᠢᠨᠠᠷᠲᠠᠢ ᠡᠪᠡᠳᠴᠢᠨ ᠤ ᠦᠢᠯᠡᠴᠢᠯᠡᠭᠡ ᠶᠢ ᠳᠡᠭᠡᠭᠰᠢᠯᠡᠭᠦᠯᠬᠦ ᠲᠥᠷᠥᠯ ᠵᠦᠢᠯ ᠢᠶᠠᠷ ᠪᠥᠬᠦ ᠬᠤᠰᠢᠭᠤᠨ ᠤ 1956 ᠴᠢᠰᠤᠨ ᠳᠠᠷᠤᠯᠲᠠ ᠥᠨᠳᠥᠷ ᠡᠪᠡᠳᠴᠢᠲᠡᠨ ᠳᠤ ᠠᠰᠢᠭ ᠬᠦᠷᠳᠡᠭᠡᠪᠠ᠃ 651 ᠨᠡᠷ᠎ᠡ ᠴᠡᠷᠢᠭ ᠠᠴᠠ ᠬᠠᠯᠠᠭᠳᠠᠭᠰᠠᠳ ᠲᠤ ᠬᠠᠷᠠᠭᠠᠯᠵᠠᠯ ᠤᠨ ᠦᠨᠡᠮᠯᠡᠯ ᠣᠯᠭᠤᠵᠤ᠂ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠬᠥᠰᠢᠶ᠎ᠡ ᠶᠢ ᠵᠠᠰᠠᠨ ᠰᠡᠯᠪᠢᠪᠡ᠃ ᠪᠣᠭᠳᠠ ᠶᠢᠨ ᠭᠤᠣᠯ᠂ ᠤᠯᠠᠭᠠᠨᠲᠤᠭ ᠤᠨ ᠤᠯᠤᠰ ᠤᠨ ᠴᠠᠭ ᠠᠭᠤᠷ ᠤᠨ ᠠᠵᠢᠭᠯᠠᠯᠲᠠ ᠶᠢᠨ ᠥᠷᠲᠡᠭᠡ ᠶᠢ ᠲᠠᠰ ᠳᠡᠪᠰᠢᠭᠦᠯᠦᠨ ᠪᠠᠶᠢᠭᠤᠯᠪᠠ᠃ ᠤᠷᠤᠰᠢᠭᠤᠯᠭ᠎ᠠ ᠶᠢᠨ ᠦᠭᠡᠷᠡᠴᠢᠯᠡᠯᠲᠡ ᠶᠢ ᠲᠦᠷᠭᠡᠳᠬᠡᠵᠦ᠂ ᠨᠡᠶᠢᠲᠡ ᠶᠢᠨ ᠤᠩᠭᠤᠨ ᠪᠠ ᠣᠷᠣᠰᠢᠭᠤᠯᠭ᠎ᠠ ᠶᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠦᠯ ᠵᠦᠢᠯ ᠢ ᠪᠠᠶᠢᠭᠤᠯᠵᠤ ᠲᠠᠭᠤᠰᠬᠠᠪᠠ᠃       ︵ᠨᠠᠢᠮᠠ︶ ᠨᠡᠶᠢᠭᠡᠮ ᠤᠨ ᠪᠠᠶᠢᠳᠠᠯ ᠡᠶ᠎ᠡ ᠵᠣᠬᠢᠴᠠᠯ ᠲᠠᠢ ᠪᠥᠭᠡᠳ ᠲᠣᠭᠲᠠᠭᠤᠨ ᠬᠦᠭᠵᠢᠪᠡ᠃ ︽ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ︾᠎ ᠶᠢ ᠡᠭᠦᠳᠦᠨ ᠪᠠᠶᠢᠭᠤᠯᠬᠤ ᠠᠵᠢᠯ ᠢ ᠪᠥᠬᠦ ᠲᠠᠯ᠎ᠠ ᠪᠠᠷ ᠠᠬᠢᠭᠤᠯᠵᠤ᠂ 1 ᠥᠪᠡᠷᠲᠡᠭᠡᠨ ᠵᠠᠰᠠᠬᠤ ᠣᠷᠣᠨ ᠤ ᠲᠡᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ ᠨᠡᠶᠢᠲᠡ᠂ 1 ᠪᠥᠬᠦ ᠣᠷᠣᠨ ᠤ ᠳᠣᠯᠣᠳᠤᠭᠠᠷ ᠪᠦᠯᠦᠭ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠡ᠂ 2 ᠠᠶᠢᠮᠠᠭ ᠤᠨ ᠲᠡᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ ᠨᠡᠶᠢᠲᠡ ᠶᠢ ᠪᠠᠶᠢᠭᠤᠯᠵᠤ᠂ 2 ᠬᠦᠮᠦᠨ ᠪᠦᠬᠦ ᠠᠶᠢᠮᠠᠭ ᠤᠨ ᠦᠨᠳᠦᠰᠦᠳᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠤᠪᠢ ᠬᠦᠮᠦᠨ ᠢᠶᠠᠷ ᠴᠣᠯᠠᠯᠠᠭᠳᠠᠪᠠ᠃〈ᠬᠡᠨ ᠬᠠᠤᠯᠢ ᠬᠡᠷᠡᠭᠵᠢᠭᠦᠯᠪᠡᠯ ᠲᠡᠷᠡ ᠬᠠᠤᠯᠢ ᠲᠦᠭᠡᠮᠡᠯᠵᠢᠭᠦᠯᠬᠦ〉ᠬᠠᠤᠯᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠳᠦᠷᠢᠮ ᠤᠨ ᠨᠠᠷᠢᠨ ᠲᠠᠩᠰᠠ ᠶᠢ ᠪᠥᠬᠦ ᠲᠠᠯ᠎ᠠ ᠪᠠᠷ ᠬᠡᠷᠡᠭᠵᠢᠬᠦᠯᠦᠨ᠂ ︽ᠬᠠᠤᠯᠢ ᠴᠠᠭᠠᠵᠠ ᠶᠢᠨ ᠵᠢᠷᠭᠤᠭ᠎ᠠ ᠶᠢ ᠠᠬᠢᠭᠤᠯᠬᠤ︾ ᠠᠵᠢᠯᠯᠠᠭ᠎ᠠ ᠶᠢ ᠴᠢᠨᠠᠷ ᠰᠠᠶᠢᠲᠠᠢ ᠥᠷᠨᠢᠬᠦᠯᠪᠡ᠃ ᠵᠥᠷᠢᠴᠡᠯ ᠵᠢᠭᠤᠷᠠᠭᠠᠨ ᠢ ᠡᠶᠡᠳᠡᠭᠦᠯᠦᠨ ᠰᠢᠢᠳᠪᠦᠷᠢᠯᠡᠬᠦ ᠲᠥᠪ ᠢ ᠪᠠᠶᠢᠭᠤᠯᠤᠨ᠂ ᠨᠡᠶᠢᠭᠡᠮ ᠤᠨ ᠵᠠᠰᠠᠯᠲᠠ ᠶᠢᠨ ᠭᠤᠷᠪᠠᠨ ᠱᠠᠲᠤ ᠪᠠᠷ ᠳᠠᠭᠠᠭᠠᠴᠢᠯᠠᠨ ᠬᠤᠯᠪᠤᠭᠠᠯᠠᠵᠤ᠂ ᠲᠠᠪᠤᠨ ᠱᠠᠲᠤ ᠪᠠᠷ ᠦᠢᠯᠡᠴᠢᠯᠡᠬᠦ ᠲᠣᠣᠷᠴᠢᠯᠠᠭᠰᠠᠨ ᠰᠢᠰᠲ᠋ᠧᠮ ᠢ ᠰᠢᠯᠢᠳᠡᠭᠵᠢᠬᠦᠯᠦᠨ᠂ 283 ᠬᠤᠪᠢ ᠵᠥᠷᠢᠴᠡᠯ ᠵᠢᠭᠤᠷᠠᠭᠠᠨ ᠢ ᠡᠶᠡᠳᠡᠭᠦᠯᠵᠦ᠂ ᠡᠶᠡᠳᠡᠬᠦᠯᠦᠨ ᠰᠢᠢᠳᠪᠦᠷᠢᠯᠡᠭᠰᠡᠨ ᠨᠣᠷᠮ᠎ᠠ 97%᠎ ᠳᠤ ᠬᠦᠷᠪᠡ᠃ ︽ᠳᠠᠷᠤᠭᠳᠠᠮᠠᠯ ᠬᠡᠷᠡᠭ ᠢ ᠰᠢᠢᠳᠪᠦᠷᠢᠯᠡᠬᠦ᠂ ᠵᠠᠬᠢᠳᠠᠯ ᠰᠣᠷᠪᠤᠯᠵᠢᠯᠠᠭ᠎ᠠ ᠶᠢ ᠴᠡᠭᠴᠡᠯᠡᠬᠦ᠂ ᠲᠣᠭᠲᠠᠭᠤᠨ ᠪᠠᠶᠢᠳᠠᠯ ᠢ ᠠᠬᠢᠭᠤᠯᠬᠤ︾ ᠲᠤᠰᠬᠠᠢ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ 7 ᠬᠤᠪᠢ ᠵᠠᠬᠢᠳᠠᠯ ᠰᠣᠷᠪᠤᠯᠵᠢᠯᠠᠭ᠎ᠠ ᠶᠢᠨ ᠠᠰᠠᠭᠤᠳᠠᠯ ᠢ ᠪᠦᠬᠦᠨ ᠢ ᠰᠢᠢᠳᠪᠦᠷᠢᠯᠡᠪᠡ᠃ ᠬᠠᠤᠯᠢ ᠵᠥᠷᠢᠴᠡᠭᠰᠡᠨ ᠡᠯ᠎ᠡ ᠵᠦᠢᠯ ᠤᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠳᠡᠯᠪᠡᠷᠡᠬᠦ ᠠᠶᠤᠯ ᠲᠠᠢ ᠡᠳ᠋ ᠪᠣᠳᠠᠰ ᠤᠨ ᠬᠠᠮᠢᠶᠠᠷᠤᠯᠲᠠ ᠶᠢ ᠴᠢᠩᠭᠠᠳᠬᠠᠨ᠂ ᠵᠠᠮ ᠬᠠᠷᠢᠯᠴᠠᠭᠠᠨ ᠤ ᠡᠮᠬᠢ ᠲᠢᠭᠯᠢᠮ ᠢ ᠴᠡᠭᠴᠡᠯᠡᠨ ᠵᠠᠰᠠᠵᠤ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠪᠠᠲᠤᠯᠠᠪᠠ᠃ ᠵᠠᠯᠭᠠᠪᠠᠷ ᠲᠠᠪᠤᠨ ᠵᠢᠯ ᠠᠮᠢᠨ ᠬᠡᠷᠡᠭ ᠭᠠᠷᠤᠭᠰᠠᠨ ᠦᠭᠡᠢ᠃ ︽ᠠᠮᠤᠭᠤᠯᠠᠩ ᠬᠤᠲᠠ︾᠎ ᠶᠢᠨ ᠲᠥᠷᠦᠯ ᠵᠦᠢᠯ ᠨᠢ ᠦᠨᠡᠯᠡᠨ ᠰᠢᠯᠭᠠᠯᠲᠠ ᠶᠢ ᠦᠩᠭᠡᠷᠡᠭᠡᠵᠦ᠂ ︽ᠣᠶᠤᠨᠲᠤ ᠳᠣᠲᠣᠭᠠᠳᠤ ᠶᠢ ᠬᠠᠮᠠᠭᠠᠯᠠᠬᠤ︾ ᠪᠠᠶᠢᠭᠤᠯᠤᠯᠲᠠ ᠶᠢ ᠲᠦᠷᠭᠡᠳᠬᠡᠨ ᠠᠬᠢᠭᠤᠯᠪᠠ᠃ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠪᠠᠶᠢᠳᠠᠯ ᠢ ᠳᠡᠭᠡᠳᠦ ᠬᠡᠮᠵᠢᠶ᠎ᠡ ᠪᠠᠷ ᠠᠩᠬᠠᠷᠴᠤ᠂ ᠲᠣᠣᠷᠴᠢᠯᠠᠭᠰᠠᠨ ᠬᠠᠮᠢᠶᠠᠷᠤᠯᠲᠠ ᠡᠵᠡᠮᠳᠡᠯ ᠢ ᠴᠢᠩᠭᠠᠳᠬᠠᠪᠠ᠃ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠤᠲᠠᠰᠤ ᠶᠢ ᠰᠠᠶᠢᠲᠤᠷ ᠠᠵᠢᠯᠯᠠᠭᠤᠯᠤᠨ᠂ ᠠᠵᠤ ᠠᠬᠤᠶᠢᠯᠠᠯ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠳᠤ ᠴᠠᠭ ᠲᠤᠬᠠᠢ ᠳᠤᠨᠢ ᠬᠠᠷᠢᠭᠤᠯᠲᠠ ᠥᠭᠬᠦ ᠶᠢ ᠪᠠᠲᠤᠯᠠᠪᠠ᠃ ᠠᠶᠤᠯᠭᠦᠢ ᠦᠢᠯᠡᠳᠪᠦᠷᠢᠯᠡᠯ ᠢ ᠲᠤᠰᠬᠠᠢ ᠴᠡᠭᠴᠡᠯᠡᠨ ᠰᠠᠶᠢᠵᠢᠷᠠᠭᠤᠯᠬᠤ ᠭᠤᠷᠪᠠᠨ ᠵᠢᠯ ᠤᠨ ᠠᠵᠢᠯᠯᠠᠭ᠎ᠠ ᠶᠢ ᠯᠠᠪᠳᠠᠭᠤᠨ ᠠᠬᠢᠭᠤᠯᠵᠤ᠂ 2022 ᠣᠨ ᠤ ᠨᠠᠮ ᠵᠠᠰᠠᠭ ᠤᠨ ᠤᠳᠤᠷᠢᠳᠬᠤ ᠺᠠᠳ᠋ᠷ ᠤᠨ ᠠᠶᠤᠯᠬᠦᠢ ᠦᠢᠯᠡᠳᠪᠦᠷᠢᠯᠡᠯ ᠤᠨ ᠡᠭᠦᠷᠭᠡ ᠬᠠᠷᠢᠭᠤᠴᠠᠯᠭ᠎ᠠ ᠶᠢᠨ ᠨᠠᠷᠢᠨ ᠳᠠᠩᠰᠠ ᠶᠢ ᠳᠠᠷᠤᠮᠠᠯᠯᠠᠨ ᠲᠠᠷᠬᠠᠭᠠᠵᠤ᠂ ︽ᠬᠥᠪᠡᠭᠡᠲᠦ ᠰᠢᠷ᠎ᠠ ᠬᠤᠰᠢᠭᠤᠨ ᠤ ᠡᠯ᠎ᠡ ᠰᠠᠯᠠᠭ᠎ᠠ ᠮᠥᠴᠢᠷ ᠪᠣᠯᠣᠨ ᠪᠠᠶᠢᠭᠤᠯᠭ᠎ᠠ ᠨᠢᠭᠡᠴᠡ ᠶᠢᠨ ᠠᠶᠤᠯᠬᠦᠢ ᠦᠢᠯᠡᠳᠪᠦᠷᠢᠯᠡᠯ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ︾᠎ ᠳᠤ ᠵᠠᠰᠠᠪᠤᠷᠢ ᠣᠷᠤᠭᠤᠯᠤᠨ᠂ ︽1+N︾ ᠬᠠᠤᠯᠢ ᠬᠡᠷᠡᠭᠵᠢᠭᠦᠯᠬᠦ ᠲᠣᠭᠲᠠᠴᠠ ᠶᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠠᠰᠠᠭᠤᠳᠠᠯ ᠤᠨ ᠬᠡᠮ ᠰᠤᠭᠤᠭ ᠲᠤ ᠡᠬᠡ ᠲᠠᠩᠰᠠ ᠪᠠᠶᠢᠭᠤᠯᠤᠨ᠂ ᠴᠡᠭᠴᠡᠯᠡᠨ ᠰᠠᠶᠢᠵᠢᠷᠠᠭᠤᠯᠬᠤ ᠶᠢ ᠠᠩᠬᠠᠷᠴᠤ᠂ ᠪᠠᠶᠠᠨᠲᠠᠯ᠎ᠠ ᠶᠡᠷᠦᠩᠬᠡᠶᠢᠯᠡᠭᠰᠡᠨ ᠪᠠᠴᠢᠮ ᠪᠠᠶᠢᠳᠠᠯ ᠢ ᠠᠷᠭᠠᠴᠠᠭᠠᠬᠤ ᠪᠠ ᠭᠠᠯ ᠤᠨᠲᠠᠷᠠᠭᠠᠬᠤ ᠠᠪᠤᠷᠠᠨ ᠲᠤᠰᠠᠯᠠᠬᠤ ᠠᠩᠭᠢ ᠶᠢ ᠵᠣᠬᠢᠶᠠᠨ ᠪᠠᠶᠢᠭᠤᠯᠵᠤ᠂ ᠠᠶᠤᠯᠬᠦᠢ ᠦᠢᠯᠡᠳᠪᠦᠷᠢᠯᠡᠯ ᠤᠨ ᠪᠠᠶᠢᠳᠠᠯ ᠤᠨ ᠲᠤᠭᠲᠠᠭᠤᠨ ᠢ ᠪᠠᠲᠤᠯᠠᠪᠠ᠃ ᠥᠪᠡᠷᠰᠡᠳ ᠢᠶᠠᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠪᠡ᠃ ᠵᠠᠬ᠎ᠠ ᠳᠡᠯᠭᠡᠭᠦᠷ ᠤᠨ  ᠬᠢᠨᠠᠨ ᠬᠠᠮᠢᠶᠠᠷᠤᠯᠲᠠ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠨ ᠂ ᠲᠤᠰᠬᠠᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠶᠠᠰᠤ ᠴᠢᠨᠠᠷ ᠢᠶᠠᠷ ᠬᠤᠰᠢᠭᠤ ᠪᠠᠨ ᠬᠦᠴᠦᠷᠬᠡᠭᠵᠢᠭᠦᠯᠬᠦ ᠠᠵᠢᠯᠯᠠᠭ᠎ᠠ ᠶᠢ ᠠᠬᠢᠭᠤᠯᠵᠤ᠂ ᠴᠢᠨᠠᠷ ᠰᠠᠶᠢᠲᠠᠢ ᠬᠡᠷᠡᠭᠯᠡᠭᠡᠨ ᠤ ᠣᠷᠴᠢᠨ ᠲᠣᠭᠤᠷᠢᠨ ᠢ ᠪᠣᠶ ᠪᠣᠯᠭᠠᠪᠠ᠃ ᠢᠳᠡᠭᠡᠨ ᠤ ᠦᠢᠯᠡᠰ ᠤᠨ ᠠᠵᠢᠯ ᠲᠥᠷᠦᠯ ᠤᠨ ︽ᠬᠤᠶᠠᠷ ᠬᠠᠷᠢᠭᠤᠴᠠᠯᠭ᠎ᠠ︾᠎ ᠶᠢᠨ ᠪᠦᠷᠢᠨ ᠬᠠᠮᠤᠷᠠᠭᠰᠠᠨ ᠠᠩᠬᠠᠨ ᠤ ᠡᠭᠡᠯᠵᠢ ᠶᠢᠨ ᠱᠠᠭᠠᠷᠳᠠᠨ ᠵᠢᠯᠤᠭᠤᠳᠤᠯᠭ᠎ᠠ ᠶᠢ ᠬᠦᠢᠴᠡᠳᠭᠡᠵᠦ᠂ ᠢᠳᠡᠭᠡᠨ ᠤ ᠵᠦᠢᠯᠡᠰ ᠡᠮ ᠤᠨ ᠵᠦᠢᠯᠡᠰ ᠤᠨ ᠠᠮᠤᠷ ᠲᠥᠪᠰᠢᠨ ᠤ ᠪᠠᠶᠢᠴᠠᠭᠠᠯᠲᠠ ᠶᠢ ᠭᠦᠨᠵᠡᠭᠡᠢ ᠥᠷᠨᠢᠭᠦᠯᠵᠦ᠂ ᠪᠠᠶᠢᠴᠠᠭᠠᠬᠤ ᠤᠳᠠᠭ᠎ᠠ ᠲᠠᠪᠳᠠᠮᠵᠢ ᠪᠠᠨ ᠨᠡᠮᠡᠭᠳᠡᠬᠦᠯᠦᠨ᠂ ᠤᠯᠠᠨ ᠲᠦᠮᠡᠨ ᠤ ᠢᠳᠡᠭᠡᠨ ᠤᠮᠳᠠᠭᠠᠨ ᠡᠮ ᠤᠨ ᠵᠦᠢᠯᠡᠰ ᠤᠨ ᠠᠮᠤᠷ ᠲᠦᠪᠰᠢᠨ ᠢ ᠦᠨᠡᠨᠬᠦ ᠪᠠᠲᠤᠯᠠᠪᠠ᠃       ︵ᠶᠢᠰᠦ︶ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠪᠠ᠃ ᠲᠥᠪ ᠤᠨ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠤᠯᠤᠰ ᠲᠥᠷᠥ ᠶᠢᠨ ᠰᠠᠬᠢᠯᠭ᠎ᠠ ᠪᠠᠲᠤ ᠪᠠ ᠳᠦᠷᠢᠮ ᠲᠤᠭᠲᠠᠭᠠᠯ ᠢ ᠴᠢᠩᠭ᠎ᠠ ᠰᠠᠬᠢᠪᠠ᠃ ᠨᠠᠮ ᠤᠨ ᠰᠤᠷᠲᠠᠯ ᠪᠠ ᠴᠢᠬᠡᠴᠢ ᠵᠠᠰᠠᠭ ᠤᠨ ᠪᠠᠶᠢᠭᠤᠯᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠲᠥᠪ ᠤᠨ ︽ᠨᠠᠢᠮᠠᠨ ᠵᠤᠷᠪᠤᠰ ᠲᠣᠭᠲᠠᠭᠠᠯ︾ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠪᠠ ᠡᠯ᠎ᠡ ᠬᠤᠯᠪᠤᠭᠳᠠᠯ ᠪᠦᠬᠦᠢ ᠲᠣᠭᠲᠠᠭᠠᠯ ᠢ ᠬᠢᠨᠠᠮᠠᠭᠠᠢ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠰᠢᠰᠲ᠋ᠧᠮ ᠤᠨ ᠴᠢᠭᠡᠴᠢ ᠵᠠᠰᠠᠭ ᠤᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠪᠠ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠨᠢᠭᠡᠳᠦᠯᠲᠡᠢ ᠲᠥᠯᠦᠪᠵᠢᠬᠦᠯᠦᠨ ᠠᠬᠢᠭᠤᠯᠪᠠ᠃ ︽ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠠᠪᠤᠴᠠ ᠶᠢᠨ ᠲᠣᠭᠲᠠᠭᠠᠯ︾᠎ ᠢ ᠴᠢᠩᠭ᠎ᠠ ᠬᠡᠷᠡᠭᠵᠢᠬᠦᠯᠪᠡ᠃ ᠬᠢᠨᠠᠨ ᠪᠣᠳᠣᠯᠳᠠ ᠶᠢᠨ ᠬᠢᠨᠠᠯᠲᠠ ᠲᠠᠯᠪᠢᠬᠤ ᠶᠢ ᠲᠠᠰᠤᠷᠠᠯᠲᠠ ᠦᠭᠡᠢ ᠴᠢᠩᠭᠠᠳᠬᠠᠨ᠂ 13 ᠬᠢᠨᠠᠨ ᠪᠤᠲᠤᠯᠲᠠ ᠶᠢᠨ ᠲᠥᠷᠥᠯ ᠵᠦᠢᠯ ᠢ ᠪᠡᠶᠡᠯᠡᠭᠦᠯᠪᠡ᠃ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶᠠᠨ ᠤ ᠬᠠᠤᠯᠢ ᠴᠠᠭᠠᠵᠠ ᠶᠢᠨ ᠬᠢᠨᠠᠯᠲᠠ ᠪᠠ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠭᠥᠯᠢᠶᠡᠨ ᠠᠪᠴᠤ᠂ ᠠᠷᠠᠳ ᠤᠨ ᠲᠥᠯᠥᠭᠡᠯᠡᠭᠴᠢᠳ ᠤᠨ ᠰᠠᠨᠠᠯ ᠲᠤᠷᠠᠳᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠵᠥᠪᠯᠡᠯᠭᠡ ᠶᠢ ᠲᠤᠭᠲᠠᠭᠰᠠᠨ ᠬᠤᠭᠤᠴᠠᠭᠠᠨ ᠳᠤ ᠪᠦᠬᠦᠨ ᠢ ᠰᠢᠢᠳᠪᠦᠷᠢᠯᠡᠪᠡ᠃        ᠲᠦᠯᠦᠭᠡᠯᠡᠭᠴᠢᠳ ᠡ︕ ᠥᠩᠭᠡᠷᠡᠭᠰᠡᠨ ᠨᠢᠭᠡ ᠵᠢᠯ ᠳᠤ᠂ ᠠᠵᠤ ᠠᠬᠤᠢ ᠳᠤ ᠲᠤᠯᠭᠠᠷᠠᠭᠰᠠᠨ ᠬᠠᠲᠠᠭᠤ ᠰᠢᠯᠭᠠᠯᠲᠠ᠂ ᠰᠢᠨ᠎ᠡ ᠲᠢᠳᠢᠮᠯᠢᠭ ᠠᠭᠤᠰᠬᠢᠨ ᠥᠷᠪᠢᠰᠦᠯ ᠤᠨ ᠬᠢᠵᠢᠭ ᠤᠨ ᠪᠠᠶᠢᠳᠠᠯ ᠤᠨ ᠬᠦᠴᠦᠲᠡᠢ ᠳᠠᠭᠠᠷᠢᠯᠲᠠ ᠪᠠ ᠥᠭᠡᠷᠡᠴᠢᠯᠡᠯᠲᠡ ᠬᠥᠭᠵᠢᠯᠲᠡ ᠶᠢᠨ ᠬᠦᠨᠳᠦ ᠪᠡᠷᠭᠡ ᠡᠬᠦᠷᠭᠡ ᠶᠢᠨ ᠡᠮᠦᠨ᠎ᠡ᠂ ᠪᠢᠳᠡ ᠬᠦᠴᠢᠷ ᠪᠡᠷᠬᠡ ᠶᠢ ᠰᠥᠷᠦᠨ ᠡᠷᠡᠮᠡᠬᠡᠶᠢᠯᠡᠨ ᠤᠷᠤᠭᠰᠢᠯᠠᠵᠤ᠂ ᠡᠯ᠎ᠡ ᠠᠵᠢᠯ ᠦᠢᠯᠡᠰ ᠤᠨ ᠰᠢᠨ᠎ᠡ ᠲᠠᠪᠰᠢᠯᠲᠠ ᠶᠢ ᠠᠬᠢᠭᠤᠯᠪᠠ᠃ ︽ᠲᠠᠪᠤ ᠶᠢ ᠲᠤᠶᠢᠯᠪᠦᠷᠢᠲᠠᠢ ᠪᠠᠶᠢᠴᠠᠭᠠᠬᠤ︾ ᠠᠵᠢᠯᠯᠠᠭ᠎ᠠ ᠶᠢ ᠭᠦᠨᠵᠡᠭᠡᠢ ᠥᠷᠨᠢᠬᠦᠯᠦᠨ᠂ ᠵᠠᠷᠢᠮ ᠠᠵᠤ ᠠᠬᠤᠢ ᠶᠢᠨ ᠬᠦᠷᠢᠶᠡᠨ ᠳᠤ ᠎ ᠬᠢ ᠤᠷᠳᠤ ᠬᠤᠭᠤᠴᠠᠭ᠎ᠠ ᠪᠠᠷ ᠣᠷᠣᠰᠢᠵᠤ ᠪᠠᠶᠢᠭᠰᠠᠨ ᠰᠤᠯᠠ ᠬᠠᠶᠠᠭᠳᠠᠵᠤ ᠦᠷ᠎ᠡ ᠠᠰᠢᠭ ᠳᠣᠣᠷ᠎ᠠ᠂ ᠪᠦᠷᠢᠯᠭᠡᠨ ᠰᠦᠢᠳᠭᠡᠵᠦ ᠪᠠᠶᠢᠭ᠎ᠠ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠪᠡ︔ ᠴᠢᠯᠠᠭᠤᠨ ᠮᠠᠲ᠋ᠧᠷᠢᠶᠠᠯ ᠤᠨ ᠠᠭᠤᠷᠬᠠᠢ ᠶᠢ ᠴᠣᠮᠬᠠᠳᠬᠠᠨ ᠨᠡᠶᠢᠯᠡᠭᠦᠯᠬᠦ ᠪᠠ ᠴᠢᠯᠠᠭᠤᠨ ᠲᠣᠰᠣᠨ ᠤ ᠣᠷᠣᠨ ᠲᠤᠭᠤᠷᠢᠭ ᠢ ᠴᠡᠭᠴᠡᠯᠡᠬᠦ ᠠᠵᠢᠯ ᠢ ᠨᠢᠭᠡᠳᠦᠯᠲᠡᠢ ᠲᠥᠯᠦᠪᠵᠢᠬᠦᠯᠦᠨ ᠠᠬᠢᠭᠤᠯᠵᠤ᠂ ᠴᠢᠯᠠᠭᠤᠨ ᠮᠠᠲ᠋ᠧᠷᠢᠶᠠᠯ ᠤᠨ ᠠᠵᠤ ᠦᠢᠯᠡᠰ᠂ ᠲᠣᠰᠣ ᠬᠡᠢ ᠶᠢᠨ ᠡᠬᠢ ᠪᠠᠶᠠᠯᠢᠭ ᠢ ᠬᠠᠶᠢᠨ ᠰᠢᠨᠵᠢᠯᠡᠵᠦ ᠨᠡᠭᠡᠭᠡᠨ ᠬᠥᠭᠵᠢᠭᠦᠯᠬᠦ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠪᠠ︔ ᠯᠢᠲ᠋ᠢ ᠶᠢᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠲᠦᠷᠦᠯ ᠵᠦᠢᠯ ᠪᠠ ᠸᠣᠯᠹᠷᠠᠮ ᠪᠢᠰᠮᠦ᠋ᠲ ᠮᠥᠩᠭᠦ ᠤᠯᠠᠨ ᠲᠡᠮᠦᠷᠯᠢᠭ ᠤᠨ ᠠᠭᠤᠷᠬᠠᠢ ᠶᠢᠨ ᠬᠠᠶᠢᠨ ᠰᠢᠨᠵᠢᠯᠡᠯᠲᠡ ᠠᠴᠠ  ᠨᠡᠭᠡᠭᠡᠨ ᠠᠰᠢᠭᠯᠠᠬᠤ ᠤᠷᠤᠭᠤ ᠰᠢᠯᠵᠢᠬᠦᠯᠬᠦ ᠠᠵᠢᠯ ᠢ ᠬᠦᠴᠦᠲᠡᠢ ᠲᠦᠯᠬᠢᠨ ᠠᠬᠢᠭᠤᠯᠵᠤ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠳᠤ ᠯᠤᠲᠤ ᠶᠡᠭᠡ ᠬᠦᠳᠡᠯᠭᠡᠭᠴᠢ ᠬᠦᠴᠦᠨ ᠨᠡᠮᠡᠷᠢᠯᠡᠪᠡ︔ ᠠᠷᠠᠳ ᠤᠨ ᠠᠮᠢᠳᠤᠷᠠᠯ ᠤᠨ ᠬᠦᠷᠢᠶᠡᠨ ᠳᠤ 6.7 ᠳ᠋ᠥᠩᠰᠢᠭᠤᠷ ᠲᠦᠬᠦᠷᠢᠭ ᠪᠡᠯᠡ ᠤᠷᠤᠭᠤᠯᠤᠨ᠂ ᠡᠩ ᠤᠨ ᠣᠯᠠᠨ ᠨᠡᠶᠢᠲᠡ ᠶᠢᠨ ᠲᠦᠰᠦᠪ ᠤᠨ ᠵᠠᠷᠤᠯᠭ᠎ᠠ ᠶᠢᠨ 65%᠎ ᠶᠢ ᠡᠵᠡᠯᠡᠵᠦ᠂ ᠠᠷᠠᠳ ᠤᠨ ᠠᠮᠢᠳᠤᠷᠠᠯ ᠤᠨ ᠠᠵᠠ ᠵᠢᠷᠭᠠᠯᠲᠤ ᠲᠥᠷᠦᠭᠳᠡᠯ ᠢ ᠲᠠᠰᠤᠷᠠᠯᠲᠠ ᠦᠭᠡᠢ ᠨᠡᠮᠡᠭᠳᠡᠬᠦᠯᠪᠡ᠃ ᠡᠳᠡᠭᠡᠷ ᠠᠮᠵᠢᠯᠲᠠ ᠶᠢ ᠣᠯᠤᠭᠰᠠᠨ ᠶᠠᠪᠤᠳᠠᠯ ᠪᠣᠯ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠠ ᠬᠤᠰᠢᠭᠤ ᠨᠠᠮ ᠤᠨ ᠬᠤᠷᠢᠶᠠᠨ ᠤ ᠵᠥᠪ ᠤᠨᠤᠪᠴᠢᠲᠠᠢ ᠤᠳᠤᠷᠢᠳᠤᠯᠭ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠦ ᠶᠢᠨ ᠵᠥᠪᠯᠡᠯᠭᠡᠨ ᠤ ᠪᠠᠲᠤ ᠴᠢᠩᠭ᠎ᠠ ᠬᠢᠨᠠᠯᠲᠠ ᠵᠢᠴᠢ ᠪᠦᠬᠦ ᠬᠤᠰᠢᠭᠤᠨ ᠤ ᠡᠯ᠎ᠡ ᠦᠨᠳᠦᠰᠦᠲᠡᠨ ᠤ ᠺᠠᠳ᠋ᠷ ᠣᠯᠠᠨ ᠲᠦᠮᠡᠨ ᠤ ᠬᠠᠮᠳᠤᠪᠠᠷ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠪᠣᠯᠬᠤ ᠶᠤᠮ᠃ ᠠᠳᠡ ᠪᠢ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠵᠦ᠂ ᠬᠥᠪᠡᠭᠡᠲᠦ ᠰᠢᠷ᠎ᠠ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠠᠷᠭ᠎ᠠ ᠪᠣᠳᠣᠯᠭ᠎ᠠ ᠰᠦᠪᠡᠭᠴᠢᠯᠡᠨ᠂ ᠬᠦᠴᠦᠨ ᠴᠢᠳᠠᠯ ᠢᠶᠠᠨ ᠡᠷᠬᠦᠭᠰᠡᠨ ᠡᠯ᠎ᠡ ᠲᠥᠯᠥᠭᠡᠯᠡᠭᠴᠢᠳ᠂ ᠭᠡᠰᠢᠭᠦᠳ ᠵᠢᠴᠢ ᠪᠦᠬᠦ ᠬᠤᠰᠢᠭᠤᠨ ᠤ ᠡᠯ᠎ᠡ ᠠᠵᠢᠯ ᠤᠨ ᠹᠷᠣᠨᠲ ᠲᠤ ᠭᠠᠪᠰᠢᠭᠠᠶᠢᠯᠠᠨ ᠲᠡᠮᠡᠴᠡᠵᠦ ᠪᠠᠶᠢᠭ᠎ᠠ ᠦᠷᠭᠡᠨ ᠣᠯᠠᠨ ᠺᠠᠳ᠋ᠷ ᠠᠵᠢᠯᠳᠠᠨ ᠠᠵᠢᠯᠴᠢᠳ ᠪᠠ ᠡᠯ᠎ᠡ ᠦᠨᠳᠦᠰᠦᠳᠡᠨ ᠤ ᠠᠷᠠᠳ ᠲᠥᠮᠡᠨ᠂ ᠬᠦᠪᠡᠭᠡᠲᠦ ᠰᠢᠷ᠎ᠠ ᠬᠤᠰᠢᠭᠤᠨ ᠤ ᠬᠦᠭᠵᠢᠯᠲᠡ ᠶᠢ ᠬᠠᠯᠠᠮᠵᠢᠯᠠᠨ ᠳᠡᠮᠵᠢᠵᠤ ᠢᠷᠡᠭᠰᠡᠨ ᠨᠡᠶᠢᠭᠡᠮ ᠤᠨ ᠡᠯ᠎ᠡ ᠡᠳᠡᠭᠡᠳ ᠤᠨ ᠬᠢᠨ ᠳᠤ ᠴᠢᠩ ᠰᠡᠳᠬᠢᠯ ᠤᠨ ᠲᠠᠯᠠᠷᠬᠠᠯ ᠪᠠ ᠬᠠᠮᠤᠭ ᠤᠨ ᠲᠡᠭᠡᠳᠦ ᠬᠦᠨᠳᠦᠳᠭᠡᠯ ᠲᠡᠪᠰᠢᠬᠦᠯᠦᠶ᠎ᠡ︕       ᠪᠢᠳᠡ ᠠᠮᠵᠢᠯᠲᠠ ᠪᠠᠨ ᠣᠯᠵᠤ ᠬᠠᠷᠠᠬᠤ ᠶᠢᠨ ᠳᠠᠭᠠᠤ ᠳᠤ᠂ ᠪᠦᠭᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠲᠤᠯᠭᠠᠷᠠᠵᠤ ᠪᠠᠶᠢᠭ᠎ᠠ ᠮᠠᠰᠢ ᠤᠯᠠᠨ ᠬᠦᠴᠢᠷᠳᠡᠯ ᠪᠠ  ᠠᠰᠠᠭᠤᠳᠠᠯ ᠢ ᠰᠡᠷᠭᠡᠭ ᠢᠶᠠᠷ ᠲᠠᠨᠢᠬᠤ ᠬᠡᠷᠡᠭᠳᠡᠢ᠃ ᠪᠥᠬᠦ ᠬᠤᠰᠢᠭᠤᠨ ᠤ ᠠᠵᠤ ᠠᠬᠤᠢ ᠶᠢᠨ ᠨᠡᠮᠡᠭᠳᠡᠯ ᠪᠠᠭ᠎ᠠ᠂ ᠪᠦᠳᠦᠴᠡ ᠰᠢᠯᠢᠳᠡᠭᠵᠢᠭᠡ ᠦᠭᠡᠢ᠂ ᠲᠡᠰ ᠲᠠᠪᠬᠤᠷᠭ᠎ᠠ ᠲᠣᠣᠷ᠎ᠠ ᠪᠠᠶᠢᠬᠤ ᠵᠡᠷᠭᠡ  ᠳᠤᠲᠠᠭᠳᠠᠯ ᠮᠦᠨ ᠯᠠ ᠤᠷᠤᠰᠢᠭᠰᠠᠭᠠᠷ ᠪᠤᠢ︔ ᠮᠠᠯ ᠤᠨ ᠠᠰᠢᠭ ᠰᠢᠮ᠎ᠡ ᠶᠢᠨ ᠪᠦᠳᠦᠭᠡᠭᠳᠡᠬᠦᠨ ᠢ ᠨᠠᠷᠢᠯᠢᠭ ᠡᠳ᠋ᠰᠢᠭᠦᠯᠦᠨ ᠪᠣᠯᠪᠠᠰᠤᠷᠠᠭᠤᠯᠬᠤ ᠴᠢᠳᠠᠪᠤᠷᠢ ᠲᠤᠲᠠᠮᠠᠭ᠂ ᠠᠵᠤ ᠦᠢᠯᠡᠳᠪᠦᠷᠢ ᠶᠢᠨ ᠪᠦᠲᠦᠴᠡ ᠲᠠᠩ ᠴᠤᠯᠭᠤᠢ᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠲᠤᠤᠷ᠎ᠠ ᠪᠠᠶᠢᠭᠰᠠᠭᠠᠷ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠪᠣᠯᠣᠨ ᠵᠢᠵᠢᠭ ᠪᠠᠭ᠎ᠠ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠷᠭ᠎ᠠ ᠬᠡᠮᠵᠢᠶ᠎ᠡ ᠨᠢ ᠬᠠᠨᠳᠤᠯᠭᠠᠲᠤ ᠴᠢᠨᠠᠷ ᠢᠶᠠᠷ ᠴᠢᠩᠭ᠎ᠠ ᠪᠢᠰᠢ᠂ ᠡᠵᠡᠩᠨᠡᠯᠲᠡ ᠶᠢᠨ ᠣᠷᠴᠢᠨ ᠲᠣᠭᠤᠷᠢᠨ ᠨᠢ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠦᠰᠡᠯ ᠱᠠᠭᠠᠷᠳᠠᠯᠭ᠎ᠠ ᠯᠤᠭ᠎ᠠ ᠵᠣᠬᠢᠬᠤ ᠵᠥᠷᠢᠶ᠎ᠡ ᠣᠷᠤᠰᠢᠭᠰᠠᠭᠠᠷ᠃ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠮᠠᠰᠢ ᠲᠣᠪᠣᠶᠢᠮ᠎ᠠ ᠪᠣᠯᠵᠤ᠂ ᠰᠠᠭᠤᠷᠢ ᠪᠦᠳᠦᠭᠡᠨ ᠪᠠᠶᠢᠭᠤᠯᠤᠯᠲᠠ ᠶᠢᠨ ᠪᠡᠯᠡ ᠤᠷᠤᠭᠤᠯᠤᠯᠲᠠ ᠶᠢᠨ ᠲᠠᠯ᠎ᠠ ᠪᠠᠷ ᠬᠦᠷᠦᠯᠴᠡᠬᠦ ᠦᠭᠡᠢ ᠪᠠᠶᠢᠵᠤ᠂ ᠣᠯᠠᠨ ᠲᠦᠮᠡᠨ ᠤ ᠠᠵᠢᠯ ᠣᠯᠭᠤᠯᠲᠠ᠂ ᠰᠤᠷᠭᠠᠨ ᠬᠥᠮᠦᠵᠢᠯ᠂ ᠡᠮ ᠡᠮᠨᠡᠯᠭᠡ᠂ ᠬᠡᠦᠬᠡᠳ ᠤᠨ ᠠᠰᠠᠷᠠᠮᠵᠢ᠂ ᠨᠠᠰᠤᠳᠠᠶᠢᠴᠤᠳ ᠤᠨ ᠠᠰᠠᠷᠠᠮᠵᠢ ᠵᠡᠷᠭᠡ ᠲᠠᠯ᠎ᠠ ᠪᠠᠷ ᠪᠠᠰᠠ ᠣᠯᠠᠨ ᠠᠷᠪᠢᠨ ᠠᠰᠠᠭᠤᠳᠠᠯ ᠣᠷᠤᠰᠢᠵᠤ ᠪᠠᠶᠢᠨ᠎ᠠ᠃ ᠡᠭᠦᠨ ᠤ ᠬᠠᠮᠲᠤ ︽12 · 3︾᠎ ᠤ ᠬᠢᠵᠢᠭ ᠤᠨ ᠪᠠᠶᠢᠳᠠᠯ ᠢ ᠠᠷᠭᠠᠴᠠᠭᠠᠨ ᠰᠢᠢᠳᠪᠦᠷᠢᠯᠡᠭᠰᠡᠨ ᠪᠠᠶᠢᠳᠠᠯ ᠠᠴᠠ ᠵᠠᠷᠢᠮ ᠵᠠᠰᠠᠭ ᠤᠨ ᠣᠷᠳᠣᠨ ᠤ ᠪᠠᠶᠢᠭᠤᠯᠭ᠎ᠠ ᠶᠢᠨ ᠬᠤᠭᠤᠷᠤᠨᠳᠠᠬᠢ ᠵᠤᠬᠢᠴᠠᠭᠤᠯᠭ᠎ᠠ ᠬᠠᠮᠵᠢᠯᠴᠠᠭ᠎ᠠ ᠬᠦᠷᠦᠯᠴᠡᠬᠦ ᠦᠭᠡᠢ᠂ ᠠᠵᠢᠯ ᠤᠨ ᠬᠦᠴᠦᠨ ᠪᠠᠭᠤᠷᠠᠢ ᠵᠡᠷᠭᠡ ᠠᠰᠠᠭᠤᠳᠠᠯ ᠤᠳ ᠢᠯᠡᠷᠡᠪᠡ᠃ ᠡᠳᠡᠭᠡᠷ ᠠᠰᠠᠭᠤᠳᠠᠯ ᠢ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ᠃       ᠬᠤᠶᠠᠷ᠂ 2023 ᠣᠨ ᠤ ᠭᠤᠣᠯ ᠪᠣᠯᠬᠤ ᠠᠵᠢᠯ ᠤᠨ ᠪᠠᠶᠢᠷᠢᠯᠠᠭᠤᠯᠤᠯᠲᠠ       2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ᠂ ᠮᠦᠨᠴᠦ ᠪᠥᠬᠦ ᠬᠤᠰᠢᠭᠤᠨ ᠤ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠦᠪᠵᠢᠭᠦᠯᠭᠡ ᠶᠢᠨ ᠬᠠᠷᠠᠯᠲᠠ ᠶᠢ ᠴᠢᠨᠠᠷ ᠰᠠᠶᠢᠲᠠᠢ ᠪᠡᠶᠡᠯᠡᠭᠦᠯᠵᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠬᠥᠪᠡᠭᠡᠲᠦ ᠰᠢᠷ᠎ᠠ ᠬᠤᠰᠢᠭᠤ ᠶᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠵᠠᠩᠭᠢᠯᠠᠭ᠎ᠠ ᠶᠢᠨ ᠵᠢᠯ ᠪᠣᠯᠣᠨ᠎ᠠ᠃ ᠥᠨᠦ ᠵᠢᠯ ᠤᠨ ᠠᠵᠤ ᠠᠬᠤᠢ ᠨᠡᠶᠢᠭᠡᠮ ᠤᠨ ᠡᠯ᠎ᠡ ᠲᠥᠷᠦᠯ ᠤᠨ ᠠᠵᠢᠯ ᠢᠶᠠᠨ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠷᠦᠩᠬᠡᠢ ᠰᠡᠳᠬᠢᠴᠡ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠦᠷᠢᠵᠢᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢᠨ ᠲᠣᠭᠤᠷᠢᠨ ᠳᠤ᠂ ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠬᠤ᠂ ᠲᠣᠭᠲᠠᠭᠤᠨ ᠤ ᠳᠤᠮᠳᠠ ᠯᠠᠪᠳᠠᠭᠤᠨ ᠤᠷᠤᠭᠰᠢᠯᠠᠬᠤ ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠦᠵᠡᠯᠲᠡ ᠶᠢᠨ ᠣᠶᠢᠯᠠᠭᠠᠭᠳᠠᠬᠤᠨ ᠢ ᠪᠦᠷᠢᠨ ᠬᠦᠢᠴᠡᠳ᠂ ᠵᠥᠪ ᠤᠨᠤᠪᠴᠢᠲᠠᠢ᠂ ᠪᠦᠬᠦ ᠲᠠᠯ᠎ᠠ ᠪᠠᠷ ᠲᠤᠤᠱᠯᠠᠭᠤᠯᠤᠨ ᠂ ᠰᠢᠨ᠎ᠡ ᠬᠦᠭᠵᠢᠯᠲᠡ ᠶᠢᠨ ᠪᠠᠶᠢᠷᠢᠯᠠᠭᠤᠯᠤᠯᠲᠠ ᠳᠤ ᠪᠦᠬᠦ ᠲᠠᠯ᠎ᠠ ᠪᠠᠷ ᠠᠭᠤᠰᠤᠯᠴᠠᠵᠤ᠂ ᠴᠢᠨᠠᠷ ᠰᠠᠶᠢᠲᠠᠢ ᠬᠥᠭᠵᠢᠯᠲᠡ ᠶᠢ ᠴᠢᠷᠮᠠᠶᠢᠨ ᠠᠬᠢᠭᠤᠯᠵᠤ᠂ ᠬᠦᠭᠵᠢᠯᠲᠡ ᠪᠠ ᠠᠮᠤᠷ ᠲᠥᠪᠰᠢᠨ ᠢ ᠨᠢᠭᠡᠳᠦᠯᠳᠡᠢ ᠲᠥᠯᠦᠪᠵᠢᠬᠦᠯᠦᠨ᠂ ᠦᠭᠡᠷᠡᠴᠢᠯᠡᠯᠲᠡ ᠨᠡᠭᠡᠭᠡᠯᠲᠡ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠵᠤ᠂ ᠵᠠᠬ᠎ᠠ ᠳᠡᠯᠭᠡᠬᠦᠷ ᠤᠨ ᠢᠲᠡᠭᠡᠯ ᠢ ᠶᠡᠬᠡᠪᠡᠷ ᠡᠷᠴᠢᠯᠡᠨ᠂ ᠨᠡᠮᠡᠭᠳᠡᠯ ᠢ ᠲᠤᠭᠲᠠᠪᠤᠷᠢᠵᠢᠭᠤᠯᠬᠤ᠂ ᠠᠵᠢᠯ ᠣᠯᠭᠤᠯᠲᠠ ᠶᠢ ᠲᠤᠭᠲᠠᠪᠤᠷᠢᠵᠢᠭᠤᠯᠬᠤ᠂ ᠪᠤᠳᠠᠰ ᠤᠨ ᠦᠨ᠎ᠡ ᠶᠢ ᠲᠤᠭᠲᠠᠪᠤᠷᠢᠵᠢᠭᠤᠯᠬᠤ ᠶᠢ ᠰᠠᠶᠢᠲᠤᠷ ᠪᠡᠶᠡᠯᠡᠬᠦᠯᠵᠦ᠂ ᠬᠦᠨᠳᠦ ᠶᠡᠭᠡ ᠠᠶᠤᠯ ᠲᠦᠭᠰᠢᠬᠦᠷᠢ ᠶᠢ ᠪᠦᠳᠦᠮᠵᠢᠳᠡᠢ ᠰᠡᠷᠭᠡᠶᠢᠯᠡᠨ ᠰᠢᠢᠳᠪᠦᠷᠢᠯᠡᠵᠦ᠂ ᠠᠵᠤ ᠠᠬᠤᠢ ᠶᠢᠨ ᠡᠷᠬᠢᠯᠲᠡ ᠶᠢ ᠪᠦᠬᠦ ᠲᠠᠯ᠎ᠠ ᠪᠠᠷ ᠰᠠᠶᠢᠵᠢᠷᠠᠭᠤᠯᠤᠨ᠂ ᠴᠢᠨᠠᠷ ᠢ ᠪᠦᠳᠦᠮᠵᠢᠳᠡᠢ ᠲᠡᠭᠡᠭᠰᠢᠯᠡᠬᠦᠯᠬᠦ ᠪᠠ ᠬᠡᠮᠵᠢᠭᠳᠡᠯ ᠢ ᠵᠤᠬᠢᠰᠲᠠᠢ ᠨᠡᠮᠡᠭᠳᠡᠬᠦᠯᠬᠦ ᠶᠢ ᠪᠡᠶᠡᠯᠡᠬᠦᠯᠦᠨ᠂ ᠨᠡᠶᠢᠭᠡᠮ ᠵᠢᠷᠤᠮᠲᠤ ᠤᠳᠤᠬᠢᠴᠢᠯᠠᠭᠰᠠᠨ ᠬᠦᠪᠡᠭᠡᠲᠦ ᠰᠢᠷ᠎ᠠ ᠬᠤᠰᠢᠭᠤ ᠶᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠳᠤ ᠰᠠᠶᠢᠨ ᠰᠠᠶᠢᠬᠠᠨ ᠡᠬᠢᠯᠡᠯᠲᠡ ᠶᠢ ᠪᠤᠢ ᠪᠤᠯᠭᠠᠨ᠎ᠠ᠃ ᠲᠡᠮᠡᠴᠡᠬᠦ ᠭᠤᠣᠯ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ ᠢ 6.2% ᠣᠷᠴᠢᠮ ᠨᠡᠮᠡᠭᠳᠡᠭᠦᠯᠦᠨ᠎ᠡ︔ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠳᠡᠭ ᠢ 7.0% ᠣᠷᠴᠢᠮ ᠨᠡᠮᠡᠭᠳᠡᠬᠦᠯᠦᠨ᠎ᠡ︔ ᠡᠩ ᠤᠨ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠥᠪ ᠤᠨ ᠣᠷᠣᠯᠭ᠎ᠠ ᠶᠢ 1.87 ᠳ᠋ᠦᠩᠰᠢᠭᠤᠷ ᠲᠥᠭᠦᠷᠢᠭ ᠪᠡᠶᠡᠯᠡᠬᠦᠯᠦᠨ᠎ᠡ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 11% ᠣᠷᠴᠢᠮ ᠨᠡᠮᠡᠭᠳᠡᠬᠦᠯᠦᠨ᠎ᠡ︔ ᠪᠦᠬᠦ ᠨᠡᠶᠢᠭᠡᠮ ᠤᠨ ᠬᠡᠷᠡᠭᠯᠡᠭᠡᠨ ᠤ ᠪᠤᠳᠠᠰ ᠢ ᠵᠢᠵᠢᠭᠯᠡᠨ ᠪᠤᠷᠤᠯᠠᠭᠤᠯᠬᠤ ᠶᠡᠷᠦᠩᠬᠡᠢ ᠥᠷᠲᠡᠭ ᠢ 2% ᠣᠷᠴᠢᠮ ᠨᠡᠮᠡᠭᠳᠡᠬᠦᠯᠦᠨ᠎ᠡ︔ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ ᠲᠤᠭᠲᠠᠭᠤᠨ ᠨᠡᠮᠡᠭᠳᠡᠯ ᠢ ᠪᠠᠲᠤᠯᠠᠨ᠎ᠠ︔ ᠬᠤᠲᠠ ᠪᠠᠯᠭᠠᠰᠤᠨ ᠤ ᠪᠠᠶᠢᠴᠠᠭᠠᠭᠰᠠᠨ ᠠᠵᠢᠯ ᠠᠯᠲᠠᠯᠲᠠ ᠎ ᠶᠢᠨ ᠨᠣᠷᠮ᠎ᠠ ᠶᠢ 6.0% ᠳᠤᠳᠤᠷ᠎ᠠ ᠬᠢᠵᠠᠭᠠᠷᠯᠠᠨ᠎ᠠ᠃ ᠲᠣᠭᠲᠠᠭᠠᠭᠰᠠᠨ ᠬᠠᠷᠠᠯᠲᠠ ᠡᠭᠦᠷᠭᠡ ᠶᠢᠨ ᠲᠤᠭᠤᠷᠢᠨ ᠳᠤ᠂ ᠳᠣᠣᠷᠠᠬᠢ ᠲᠤᠯᠤᠭᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ᠃       ︵ᠨᠢᠭᠡ︶ ᠶᠠᠰᠤ ᠴᠢᠨᠠᠷ ᠢ ᠴᠢᠬᠤᠯᠠᠴᠢᠯᠠᠨ᠂ ᠦᠷ᠎ᠡ ᠠᠰᠢᠭ ᠢ ᠳᠡᠭᠡᠭᠰᠢᠯᠡᠬᠦᠯᠵᠦ᠂ ᠠᠵᠤ ᠦᠢᠯᠡᠰ ᠤᠨ ᠰᠢᠰᠲ᠋ᠧᠮᠵᠢᠭᠰᠡᠨ ᠪᠠᠶᠢᠭᠤᠯᠤᠯᠲᠠ ᠶᠢ ᠲᠠᠰᠤᠷᠠᠯᠳᠠ ᠦᠭᠡᠢ  ᠲᠡᠬᠦᠯᠳᠡᠷᠵᠢᠬᠦᠯᠦᠨ᠎ᠡ        ᠮᠠᠯ ᠠᠵᠤ ᠠᠬᠤᠢ ᠶᠢᠨ ᠴᠢᠨᠠᠷ ᠢ ᠳᠡᠭᠡᠭᠰᠢᠯᠡᠬᠦᠯᠦᠨ ᠦᠷ᠎ᠡ ᠠᠰᠢᠭ ᠢ ᠨᠡᠮᠡᠭᠳᠡᠬᠦᠯᠬᠦ ᠶᠢ ᠠᠬᠢᠭᠤᠯᠤᠨ᠎ᠠ᠃ ᠡᠯ᠎ᠡ ᠲᠥᠷᠦᠯ ᠤᠨ ᠲᠥᠷᠦᠯ ᠵᠦᠢᠯ᠂ ᠪᠡᠯᠡ ᠮᠥᠩᠭᠦ ᠶᠢ ᠡᠮᠬᠢᠯᠡᠨ ᠨᠡᠶᠢᠯᠡᠭᠦᠯᠵᠦ᠂ ᠮᠠᠯ ᠠᠵᠤ ᠠᠬᠤᠢ ᠶᠢᠨ ᠴᠢᠨᠠᠷ ᠰᠠᠶᠢᠲᠠᠢ ᠥᠨᠳᠥᠷ ᠦᠷ᠎ᠡ ᠠᠰᠢᠭᠲᠤ ᠬᠥᠭᠵᠢᠯᠲᠡ ᠶᠢ ᠠᠬᠢᠭᠤᠯᠬᠤ ᠢᠨᠵᠧᠨᠧᠷᠢᠩ ᠢ ᠬᠡᠷᠡᠭᠵᠢᠭᠦᠯᠦᠨ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠴᠡᠪᠡᠷ ᠡᠬᠦᠯᠳᠡᠷ ᠢ ᠪᠤᠵᠠᠭᠠᠶᠢᠷᠠᠭᠤᠯᠬᠤ ᠪᠠ ᠰᠢᠯᠢᠳᠡᠭ ᠡᠭᠦᠯᠳᠡᠷ ᠢ ᠪᠣᠶᠢᠵᠢᠭᠤᠯᠤᠨ ᠦᠷᠡᠵᠢᠭᠦᠯᠬᠦ ᠠᠵᠢᠯ ᠢ ᠰᠠᠶᠢᠲᠤᠷ ᠠᠳᠬᠤᠵᠤ᠂ ᠰᠢᠯᠢᠳᠡᠭ ᠡᠭᠦᠯᠳᠡᠷ ᠤᠨ ᠮᠢᠬᠠᠨ ᠤ ᠦᠬᠡᠷ᠂ ᠰᠠᠭᠠᠯᠢ ᠶᠢᠨ ᠦᠨᠢᠶ᠎ᠡ ᠪᠠ ᠴᠠᠬᠠᠷ ᠬᠤᠨᠢ ᠲᠡᠵᠢᠭᠡᠨ ᠦᠷᠡᠵᠢᠭᠦᠯᠬᠦ ᠣᠷᠣᠨ ᠪᠦᠰᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠂ ᠡᠪᠡᠰᠦ ᠪᠤᠷᠳᠤᠭᠠᠨ ᠤ ᠪᠠᠲᠤᠯᠠᠭ᠎ᠠ ᠶᠢᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠬᠦᠯᠵᠦ᠂ ᠮᠠᠯ ᠤᠨ ᠲᠤᠭ᠎ᠠ ᠲᠤᠯᠤᠭᠠᠢ ᠶᠢ ᠴᠢᠬᠤᠯᠠᠴᠢᠯᠠᠬᠤ ᠠᠴᠠ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠳᠠᠰᠢ ᠬᠤᠪᠢᠷᠠᠭᠤᠯᠬᠤ ᠶᠢ ᠠᠬᠢᠭᠤᠯᠤᠨ᠎ᠠ ᠃ ᠰᠠᠭᠠᠯᠢ ᠶᠢᠨ ᠦᠨᠢᠶᠡᠨ ᠤ ᠳᠤᠮᠳᠠ ᠵᠢᠵᠢᠭ ᠬᠡᠪᠴᠢᠶᠡᠵᠢᠯ ᠤᠨ ᠲᠡᠵᠢᠭᠡᠨ ᠦᠷᠡᠵᠢᠭᠦᠯᠬᠦ ᠲᠣᠭᠤᠷᠢᠭ ᠢ ᠥᠭᠡᠷᠡᠴᠢᠯᠡᠨ ᠳᠡᠰ ᠲᠡᠪᠰᠢᠬᠦᠯᠬᠦ ᠢᠨᠵᠧᠨᠧᠷᠢᠩ ᠢ ᠪᠡᠶᠡᠯᠡᠭᠦᠯᠵᠦ᠂ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠡᠷᠦᠬᠡ ᠶᠢ ᠳᠠᠶᠢᠴᠢᠯᠠᠨ᠂ ᠦᠢᠯᠡᠳᠪᠦᠷᠢᠯᠡᠬᠦ᠂ ᠪᠤᠯᠪᠠᠰᠤᠷᠠᠭᠤᠯᠬᠤ᠂ ᠪᠣᠷᠣᠯᠠᠭᠤᠯᠬᠤ ᠶᠢ ᠨᠢᠭᠡ ᠴᠣᠭᠴᠠᠵᠢᠭᠤᠯᠤᠭᠰᠠᠨ ᠪᠠᠷᠢᠮᠵᠢᠶᠠᠵᠢᠭᠰᠠᠨ ᠴᠢᠭᠯᠡᠯ ᠲᠠᠶᠢᠰᠢ ᠬᠥᠭᠵᠢᠭᠦᠯᠦᠨ᠎ᠡ︔ ᠰᠦᠨ ᠤ ᠦᠢᠯᠡᠰ ᠢ ᠬᠥᠭᠵᠢᠭᠦᠯᠦᠨ ᠮᠠᠨᠳᠤᠭᠤᠯᠬᠤ ᠲᠥᠷᠥᠯ ᠵᠦᠢᠯ ᠢ ᠬᠡᠷᠡᠭᠵᠢᠬᠦᠯᠦᠨ᠂ ᠪᠠᠷᠢᠮᠵᠢᠶᠠᠵᠢᠭᠰᠠᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠵᠠᠬ᠎ᠠ ᠳᠡᠯᠭᠡᠭᠦᠷ ᠢ ᠦᠷᠭᠡᠳᠬᠡᠨ ᠨᠡᠭᠡᠭᠡᠵᠦ᠂ ᠠᠶᠤᠯ ᠲᠦᠭᠰᠢᠬᠦᠷᠢ ᠶᠢ ᠰᠡᠷᠭᠡᠶᠢᠯᠡᠬᠦ ᠴᠢᠳᠠᠪᠦᠷᠢ ᠪᠠᠨ ᠦᠷᠬᠦᠯᠵᠢᠯᠡᠨ ᠲᠡᠭᠡᠭᠰᠢᠯᠡᠬᠦᠯᠦᠨ᠎ᠡ᠃ ᠴᠠᠬᠠᠷ ᠬᠤᠨᠢᠨ ᠤ ᠪᠦᠬᠦ ᠠᠵᠤ ᠦᠢᠯᠡᠰ ᠤᠨ ᠬᠡᠯᠬᠢᠶᠡᠵᠢᠯ ᠢ ᠳᠡᠭᠡᠭᠰᠢᠯᠡᠬᠦᠯᠬᠦ ᠲᠥᠷᠥᠯ ᠵᠦᠢᠯ ᠎ ᠢ ᠲᠦᠯᠬᠢᠨ ᠠᠬᠢᠭᠤᠯᠵᠤ᠂ ᠦᠷ᠎ᠡ ᠶᠢᠨ ᠮᠠᠯ ᠤᠨ ᠲᠠᠯᠠᠪᠠᠶ᠂ ᠭᠤᠣᠯᠳᠠᠯᠭᠠᠲᠤ ᠰᠦᠷᠦᠭ᠂ ᠭᠡᠷ ᠪᠦᠯᠢ ᠶᠢᠨ ᠮᠠᠯᠵᠢᠯ ᠤᠨ ᠲᠠᠯᠠᠪᠠᠶ᠂ ᠲᠤᠰᠬᠠᠢ ᠬᠤᠷᠰᠢᠶᠠᠵᠢᠯ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠴᠠᠬᠠᠷ ᠬᠤᠨᠢ ᠲᠡᠵᠢᠭᠡᠨ ᠦᠷᠡᠵᠢᠭᠦᠯᠬᠦ ᠬᠡᠪᠴᠢᠶ᠎ᠡ ᠶᠢ ᠥᠷᠭᠡᠳᠬᠡᠨ᠂ ᠨᠠᠷᠢᠯᠢᠭᠵᠢᠭᠤᠯᠤᠭᠰᠠᠨ ᠲᠡᠵᠢᠭᠡᠨ ᠦᠷᠡᠵᠢᠬᠦᠯᠬᠦ ᠬᠢᠷᠢ ᠲᠥᠪᠰᠢᠨ ᠢ ᠲᠡᠭᠡᠭᠰᠢᠯᠡᠬᠦᠯᠦᠨ᠎ᠡ᠃ ᠬᠦᠨᠳᠡᠯᠡᠨ ᠭᠠᠴᠠᠭᠠᠨ ᠤ ᠴᠠᠬᠠᠷ ᠬᠤᠨᠢ ᠶᠢ ᠲᠥᠪᠯᠡᠷᠡᠬᠦᠯᠦᠨ ᠲᠡᠵᠢᠭᠡᠨ ᠦᠷᠡᠵᠢᠬᠦᠯᠬᠦ ᠬᠠᠮᠳᠤ ᠶᠢᠨ ᠠᠵᠤ ᠠᠬᠤᠢ ᠶᠢᠨ ᠲᠥᠷᠦᠯ ᠵᠦᠢᠯ ᠢ ᠬᠡᠷᠡᠭᠵᠢᠬᠦᠯᠬᠦ ᠶᠢᠨ ᠬᠠᠮᠳᠤ ᠲᠤᠷᠰᠢᠯᠭ᠎ᠠ ᠲᠦᠭᠡᠮᠡᠯᠵᠢᠬᠦᠯᠦᠨ᠎ᠡ᠃ ᠰᠢᠨᠵᠢᠯᠡᠭᠡ ᠮᠡᠷᠭᠡᠵᠢᠯ ᠢᠶᠠᠷ ᠮᠠᠯ ᠠᠵᠤ ᠠᠬᠤᠢ ᠶᠢ ᠬᠦᠭᠵᠢᠬᠦᠯᠬᠦ ᠶᠢ ᠠᠬᠢᠭᠤᠯᠵᠤ᠂ ᠴᠠᠬᠠᠷ ᠬᠤᠨᠢᠨ ᠤ ᠢᠬᠢᠷᠡᠯᠡᠬᠦ ᠨᠣᠷᠮ᠎ᠠ ᠶᠢ ᠲᠡᠭᠡᠭᠰᠢᠯᠡᠬᠦᠯᠦᠨ᠎ᠡ᠃ ᠴᠠᠬᠠᠷ ᠬᠤᠨᠢᠨ ᠤ ᠤᠯᠤᠰ ᠤᠨ ᠭᠤᠤᠯᠳᠠᠯᠭ᠎ᠠ ᠲᠠᠢ ᠦᠷᠡᠵᠢᠬᠦᠯᠦᠨ ᠪᠤᠶᠢᠵᠢᠭᠤᠯᠬᠤ ᠲᠠᠯᠠᠪᠠᠢ ᠶᠢ ᠦᠷᠬᠦᠯᠵᠢᠯᠡᠨ ᠡᠷᠡᠮᠡᠯᠵᠡᠯᠡᠨ ᠮᠡᠳᠡᠬᠦᠯᠦᠨ᠎ᠡ᠃ ᠴᠢᠨᠠᠷ ᠰᠠᠶᠢᠲᠠᠢ ᠰᠢᠯᠢᠳᠡᠭ ᠡᠭᠦᠯᠳᠡᠷ ᠤᠨ ᠮᠢᠬᠠᠨ ᠤ ᠦᠬᠡᠷ ᠤᠨ ᠭᠤᠣᠯᠳᠠᠯᠭᠠᠲᠤ ᠰᠦᠷᠦᠭ ᠤᠨ ᠪᠦᠳᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠬᠤᠸᠠ ᠰᠢ ᠦᠬᠡᠷ ᠢ ᠲᠡᠵᠢᠭᠡᠨ ᠦᠷᠡᠵᠢᠬᠦᠯᠬᠦ ᠠᠵᠢᠯ ᠢ ᠠᠬᠢᠭᠤᠯᠤᠨ᠂ ᠰᠢᠯᠢᠳᠡᠭ ᠡᠬᠦᠯᠳᠡᠷ ᠎ ᠤᠨ ᠮᠢᠬᠠᠨ ᠤ ᠦᠬᠡᠷ ᠤᠨ ᠲᠤᠭ᠎ᠠ ᠶᠢ 3 ᠲᠦᠮᠡ ᠳᠤ ᠬᠦᠷᠭᠡᠬᠦ ᠶᠢ ᠦᠨᠡᠨᠬᠦ ᠪᠠᠲᠤᠯᠠᠵᠤ᠂ ᠰᠢᠯᠢᠳᠡᠭ ᠡᠭᠦᠯᠳᠡᠷ ᠤᠨ ᠮᠢᠬᠠᠨ ᠤ ᠦᠬᠡᠷ ᠤᠨ ᠢᠴᠡᠭᠡᠯ ᠦᠷ᠎ᠡ ᠶᠢᠨ ᠬᠡᠬᠡᠯᠳᠦᠬᠦᠯᠭᠡ ᠶᠢᠨ ᠮᠡᠷᠭᠡᠵᠢᠯ ᠵᠢᠴᠢ ᠬᠡᠬᠡᠯ ᠲᠤᠭᠲᠠᠭᠠᠬᠤ ᠶᠢ ᠲᠦᠭᠡᠮᠡᠯᠵᠢᠬᠦᠯᠬᠦ ᠵᠢᠱᠢᠶ᠎ᠡ ᠦᠵᠡᠭᠦᠯᠬᠦ ᠲᠥᠷᠥᠯ ᠵᠦᠢᠯ ᠢ ᠪᠡᠶᠡᠯᠡᠭᠦᠯᠦᠨ᠎ᠡ᠃ ᠤᠯᠤᠰ ᠤᠨ ᠲᠠᠷᠢᠶᠠᠯᠠᠩ ᠤᠨ ᠠᠵᠤ ᠦᠢᠯᠡᠰ ᠤᠨ ᠬᠦᠴᠦᠷᠬᠡᠭ ᠬᠤᠰᠢᠭᠤ ᠶᠢ ᠡᠭᠦᠳᠦᠨ ᠪᠠᠶᠢᠭᠤᠯᠬᠤ ᠲᠥᠷᠥᠯ ᠵᠦᠢᠯ ᠢ ᠲᠡᠮᠡᠴᠡᠨ ᠣᠯᠵᠤ᠂ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠨᠠᠷᠢᠯᠢᠭ ᠡᠳ᠋ᠰᠢᠬᠦᠯᠦᠨ ᠪᠤᠯᠪᠠᠰᠤᠷᠠᠭᠤᠯᠬᠤ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠪᠥᠬᠦ ᠠᠵᠤ ᠦᠢᠯᠡᠰ ᠤᠨ ᠬᠡᠯᠬᠢᠶᠡᠵᠢᠯ ᠤᠨ ᠪᠠᠶᠢᠭᠤᠯᠤᠯᠲᠠ ᠶᠢ ᠴᠢᠩᠭᠠᠳᠬᠠᠨ᠂ ᠴᠢᠨᠠᠷ ᠰᠠᠶᠢᠨ ᠪᠥᠭᠡᠳ ᠦᠨ᠎ᠡ ᠬᠠᠩᠰᠢ ᠥᠨᠳᠦᠷ ᠪᠠᠶᠢᠬᠤ ᠶᠢ ᠪᠡᠶᠡᠯᠡᠬᠦᠯᠦᠨ᠎ᠡ᠃       ᠠᠵᠤ ᠦᠢᠯᠡᠳᠪᠦᠷᠢ ᠶᠢ ᠰᠢᠯᠢᠳᠡᠭᠵᠢᠬᠦᠯᠦᠨ ᠲᠡᠰ ᠲᠡᠪᠰᠢᠬᠦᠯᠬᠦ ᠶᠢ ᠲᠦᠯᠬᠢᠨ ᠠᠬᠢᠭᠤᠯᠤᠨ᠎ᠠ᠃ ᠮᠧᠩ ᠶᠢᠨ ᠠᠭᠤᠷᠬᠠᠢ ᠶᠢᠨ ᠦᠢᠯᠡᠰ ᠤᠨ ᠨᠢᠦᠪᠢ ᠲᠠᠨᠲ᠋ᠠᠯ ᠤᠨ ᠠᠭᠤᠷᠬᠠᠢ ᠶᠢᠨ ᠮᠠᠯᠲᠠᠵᠤ ᠰᠣᠩᠭᠤᠬᠤ ᠲᠥᠷᠦᠯ ᠵᠦᠢᠯ ᠪᠠ ᠭᠠᠨ ᠹᠧᠩ ᠯᠢᠲ᠋ᠢ ᠶᠢᠨ ᠦᠢᠯᠡᠰ ᠤᠨ ᠯᠢᠲ᠋ᠢ ᠶᠢᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ᠢ ᠲᠦᠯᠬᠢᠨ ᠠᠬᠢᠭᠤᠯᠵᠤ᠂ ᠵᠢᠯ ᠤᠨ ᠳᠣᠲᠣᠷ᠎ᠠ ᠪᠠᠶᠢᠭᠤᠯᠵᠤ ᠲᠠᠭᠤᠰᠬᠠᠨ ᠠᠰᠢᠭᠯᠠᠯᠲᠠ ᠳᠤ ᠣᠷᠣᠭᠤᠯᠬᠤ ᠶᠢ ᠪᠠᠲᠤᠯᠠᠨ᠎ᠠ᠃ ᠨᠢᠦᠪᠢ᠂ ᠲᠠᠨᠲ᠋ᠠᠯ ᠵᠡᠷᠭᠡ ᠰᠢᠨ᠎ᠡ ᠮᠠᠲ᠋ᠧᠷᠢᠶᠠᠯ ᠤᠨ ᠠᠵᠤ ᠦᠢᠯᠡᠰ ᠢ ᠪᠣᠶᠢᠵᠢᠭᠤᠯᠤᠨ ᠬᠦᠭᠵᠢᠬᠦᠯᠵᠦ᠂ ᠲᠠᠨᠲ᠋ᠠᠯ ᠤᠨ ᠡᠬᠢ ᠪᠠᠶᠠᠯᠢᠭ ᠢ ᠰᠣᠳᠣᠯᠣᠨ ᠨᠡᠭᠡᠭᠡᠬᠦ ᠲᠥᠪ ᠪᠠᠶᠢᠭᠤᠯᠤᠨ᠎ᠠ᠃ ᠲᠡᠭᠡᠳᠦ ᠱᠠᠳᠣᠨ ᠤ ᠳᠡᠮᠵᠢᠯᠭᠡ ᠶᠢ ᠲᠡᠮᠡᠴᠡᠨ ᠣᠯᠵᠤ᠂ 100 ᠲᠦᠮᠡᠨ ᠺᠢᠯᠣᠸᠠᠲ ᠤᠨ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠰᠠᠭᠤᠷᠢᠨ ᠭᠠᠵᠠᠷ ᠤᠨ ᠲᠥᠷᠥᠯ ᠵᠦᠢᠯ ᠢ ᠲᠦᠷᠭᠡᠬᠡᠨ ᠨᠠᠶᠢᠳᠠᠪᠤᠷᠢᠵᠢᠭᠤᠯᠤᠨ ᠪᠦᠲᠦᠭᠡᠨ ᠪᠠᠶᠢᠭᠤᠯᠵᠤ᠂ 200 ᠲᠦᠮᠡᠨ ᠺᠢᠯᠣᠸᠠᠲ ᠤᠨ ᠰᠠᠯᠬᠢ ᠢᠯᠴᠢ ᠶᠢᠨ ᠰᠢᠨ᠎ᠡ ᠡᠨᠧᠷᠭᠢ ᠶᠢᠨ ᠠᠵᠤ ᠦᠢᠯᠡᠰ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠬᠠᠷᠠᠯᠲᠠ ᠪᠠᠨ ᠡᠷᠲᠡᠬᠡᠨ ᠪᠡᠶᠡᠯᠡᠬᠦᠯᠦᠨ᠎ᠡ᠃ ᠣᠲᠣ ᠶᠢᠨ ᠪᠠᠶᠢᠭ᠎ᠠ ᠰᠢᠨ᠎ᠡ ᠡᠨᠧᠷᠭᠢ ᠶᠢᠨ ᠲᠥᠷᠥᠯ ᠵᠦᠢᠯ ᠤᠨ ᠲᠣᠭᠲᠠᠭᠤᠨ ᠦᠢᠯᠡᠳᠪᠦᠷᠢᠯᠡᠯ ᠢ ᠪᠠᠲᠤᠯᠠᠵᠤ᠂ 24 ᠳ᠋ᠦᠩᠰᠢᠭᠤᠷ ᠺᠢᠯᠣᠸᠠᠲ ᠴᠠᠭ ᠴᠠᠬᠢᠯᠭᠠᠨ ᠭᠠᠷᠭᠠᠬᠤ ᠪᠠᠷ ᠴᠢᠷᠮᠠᠶᠢᠨ᠎ᠠ᠃ ᠵᠦᠩ ᠭᠤᠸᠠᠩ ᠡᠨᠧᠷᠭᠢ ᠬᠠᠳᠠᠭᠠᠯᠠᠬᠤ ᠪᠠ ᠯᠢᠦᠢ ᠵᠥᠩ ᠡᠨᠧᠷᠭᠢ ᠶᠢᠨ ᠯᠢᠲ᠋ᠢ ᠴᠡᠨᠡᠭ ᠵᠢᠴᠢ ᠡᠨᠧᠷᠭᠢ ᠬᠠᠳᠠᠭᠠᠯᠠᠬᠤ ᠪᠦᠬᠦ ᠠᠵᠤ ᠦᠢᠯᠡᠰ ᠤᠨ ᠬᠡᠯᠬᠢᠶᠡᠵᠢᠯ ᠤᠨ ᠰᠠᠭᠤᠷᠢᠨ ᠭᠠᠵᠠᠷ ᠤᠨ ᠲᠥᠷᠦᠯ ᠵᠦᠢᠯ ᠎ ᠤᠨ ᠡᠮᠦᠨᠡᠬᠢ ᠬᠤᠭᠤᠴᠠᠭᠠᠨ ᠤ ᠠᠵᠢᠯ ᠢ ᠲᠦᠷᠭᠡᠳᠭᠡᠨ ᠠᠬᠢᠭᠤᠯᠵᠤ᠂ ᠳᠡᠭᠡᠷ᠎ᠡ ᠬᠠᠭᠠᠰ ᠵᠢᠯ ᠳᠤ ᠠᠵᠢᠯ ᠡᠬᠢᠯᠡᠬᠦᠯᠬᠦ ᠎ ᠪᠠᠷ ᠴᠢᠷᠮᠠᠶᠢᠨ᠎ᠠ᠃ ᠴᠠᠬᠢᠯᠭᠠᠨ ᠴᠡᠨᠡᠭ ᠤᠨ ᠠᠷᠭ᠎ᠠ ᠲᠤᠶᠢᠯ ᠤᠨ ᠮᠠᠲ᠋ᠧᠷᠢᠶᠠᠯ᠂ ᠯᠢᠲ᠋ᠢ ᠶᠢᠨ ᠭᠢᠯᠲᠠᠭᠠᠨᠠᠭᠤᠷ ᠤᠨ ᠳᠠᠭᠠᠯᠲᠠ ᠬᠦᠳᠡᠷ ᠤᠨ ᠺᠠᠯᠢ ᠨᠠᠲᠷᠢ ᠶᠢᠨ ᠵᠤᠩᠰᠢ ᠵᠢᠴᠢ ᠠᠭᠤᠷᠬᠠᠢ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠲᠤ ᠲᠦᠰᠢᠭᠯᠡᠨ᠂ ᠢᠯᠴᠢ ᠬᠡᠷᠡᠯ ᠤᠨ ᠴᠡᠪᠡᠷ ᠡᠨᠧᠷᠭᠢ ᠶᠢ ᠠᠰᠢᠭᠯᠠᠨ᠂ ᠴᠠᠬᠢᠯᠭᠠᠨ ᠴᠡᠨᠡᠭ ᠦᠶᠯᠡᠳᠬᠦ᠂ ᠡᠨᠧᠷᠭᠢ ᠬᠠᠳᠠᠭᠠᠯᠠᠬᠤ ᠵᠢᠴᠢ ᠱᠠᠯᠠ ᠲᠤᠭᠤᠰᠬ᠎ᠠ ᠵᠡᠷᠭᠡ ᠳᠠᠭᠠᠯᠳᠤᠭᠤᠯᠤᠯ ᠲᠥᠷᠥᠯ ᠵᠦᠢᠯ ᠢ ᠣᠷᠣᠭᠤᠯᠤᠨ ᠠᠪᠴᠢᠷᠠᠬᠤ ᠶᠢ ᠢᠳᠡᠪᠬᠢᠲᠡᠢ ᠪᠠᠷ ᠰᠦᠪᠡᠭᠴᠢᠯᠡᠨ᠂ ᠠᠭᠤᠷᠬᠠᠢ ᠶᠢᠨ ᠭᠠᠷᠤᠯᠲᠠ ᠶᠢ ᠨᠠᠷᠢᠯᠢᠭ ᠡᠳ᠋ᠰᠢᠬᠦᠯᠦᠨ ᠪᠤᠯᠪᠠᠰᠤᠷᠠᠭᠤᠯᠬᠤ ᠵᠢᠴᠢ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ︱ᠢᠯᠴᠢ ᠭᠡᠷᠡᠯ ᠤᠨ ᠴᠡᠪᠡᠷ ᠡᠨᠧᠷᠭᠢ ᠪᠠᠷ ᠴᠠᠬᠢᠯᠭᠠᠨ ᠬᠠᠩᠭᠠᠬᠤ ︱ᠡᠨᠧᠷᠭᠢ ᠬᠠᠳᠠᠭᠠᠯᠠᠬᠤ ︱ᠪᠤᠬᠢᠷᠳᠤᠯ ᠦᠬᠡᠢ ᠴᠠᠬᠢᠯᠭᠠᠨ ᠦᠢᠯᠡᠳᠬᠦᠨ ᠬᠢᠬᠦ ᠵᠡᠷᠭᠡ ᠪᠥᠬᠦ ᠠᠵᠤ ᠦᠢᠯᠡᠰ ᠤᠨ ᠣᠷᠴᠢᠯ ᠬᠡᠯᠪᠡᠷᠢᠲᠦ ᠠᠵᠤ ᠠᠬᠤᠢ ᠶᠢᠨ ᠬᠡᠯᠬᠢᠶ᠎ᠡ ᠶᠢ ᠴᠣᠭᠴᠠᠯᠠᠨ ᠪᠠᠶᠢᠭᠤᠯᠤᠨ᠎ᠠ᠃ ᠳ᠋ᠦᠩ ᠯᠢᠨ ᠨᠡᠭᠦᠷᠡᠰᠦᠨ ᠠᠭᠤᠷᠬᠠᠢ ᠶᠢᠨ ᠨᠦᠬᠡᠴᠡ ᠶᠢ ᠨᠡᠮᠡᠭᠳᠡᠭᠦᠯᠬᠦ ᠠᠵᠢᠯ ᠢ ᠢᠳᠡᠪᠬᠢᠲᠡᠢ ᠲᠦᠯᠬᠢᠨ ᠠᠬᠢᠭᠤᠯᠵᠤ᠂ ᠠᠭᠤᠷᠬᠠᠢ ᠶᠢᠨ ᠦᠢᠯᠡᠰ ᠤᠨ ᠤᠶᠤᠨᠴᠢᠯᠠᠭᠰᠠᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠨᠡᠭᠦᠷᠡᠰᠦᠨ ᠤ ᠭᠠᠷᠤᠯᠲᠠ ᠶᠢ ᠲᠣᠭᠲᠠᠪᠤᠷᠢᠵᠢᠭᠤᠯᠤᠨ᠂ ᠠᠵᠤ ᠠᠬᠤᠶᠢᠯᠠᠯ ᠢ ᠰᠣᠳᠣᠯᠣᠨ ᠨᠡᠭᠡᠭᠡᠬᠦ ᠲᠠᠯ᠎ᠠ ᠪᠠᠷ ᠬᠢ ᠤᠷᠤᠭᠤᠯᠤᠯᠲᠠ ᠪᠠᠨ ᠨᠡᠮᠡᠭᠳᠡᠬᠦᠯᠬᠦ ᠶᠢ ᠤᠷᠮᠠᠰᠢᠭᠤᠯᠤᠨ ᠵᠤᠷᠢᠭᠵᠢᠭᠤᠯᠵᠤ᠂ ᠡᠬᠢ ᠪᠠᠶᠠᠯᠢᠭ ᠢ ᠲᠤᠬᠠᠢ ᠶᠢᠨ ᠭᠠᠵᠠᠷ ᠲᠤᠨᠢ ᠡᠷᠬᠢᠯᠳᠦᠬᠦᠯᠬᠦ ᠨᠤᠷᠮ᠎ᠠ ᠶᠢ ᠳᠡᠭᠡᠭᠰᠢᠯᠡᠭᠦᠯᠦᠨ᠎ᠡ᠃ ᠸᠣᠯᠹᠷᠠᠮ ᠪᠢᠰᠮᠦ᠋ᠲ ᠮᠥᠩᠭᠦ ᠣᠯᠠᠨ ᠲᠡᠮᠦᠷᠯᠢᠭ ᠤᠨ ᠠᠭᠤᠷᠬᠠᠢ ᠶᠢᠨ ᠬᠠᠶᠢᠨ  ᠰᠢᠨᠵᠢᠯᠠᠯᠲᠡ ᠠᠴᠠ ᠨᠡᠭᠡᠭᠡᠨ ᠠᠰᠢᠭᠯᠠᠬᠤ ᠤᠷᠤᠭᠤ ᠰᠢᠯᠵᠢᠬᠦᠯᠬᠦ ᠠᠵᠢᠯ ᠢ ᠲᠦᠷᠭᠡᠳᠬᠡᠨ ᠠᠬᠢᠭᠤᠯᠤᠨ᠎ᠠ᠃ ᠴᠢᠯᠠᠭᠤᠨ ᠲᠣᠰᠣᠨ ᠤ ᠣᠷᠣᠨ ᠲᠤᠭᠤᠷᠢᠭ ᠢ ᠰᠢᠯᠢᠳᠡᠭᠵᠢᠬᠦᠯᠵᠦ ᠴᠣᠮᠬᠠᠳᠬᠠᠨ ᠨᠡᠶᠢᠯᠡᠭᠦᠯᠬᠦ ᠠᠵᠢᠯ ᠢ ᠦᠷᠭᠦᠯᠵᠢᠯᠡᠨ ᠠᠬᠢᠭᠤᠯᠵᠤ᠂ ︽ᠵᠢᠵᠢᠭ ᠪᠤᠲᠠᠷᠬᠠᠢ ᠰᠣᠯᠠ︾ ᠪᠠᠶᠢᠳᠠᠯ ᠢ ᠬᠤᠪᠢᠷᠠᠭᠤᠯᠤᠨ᠂ ᠬᠠᠶᠢᠨ ᠰᠢᠨᠵᠢᠬᠦ ᠡᠷᠴᠢᠮ ᠢᠶᠠᠨ ᠴᠢᠩᠭᠠᠷᠠᠭᠤᠯᠵᠤ᠂ 20 ᠲᠤᠰᠤᠨ ᠤ ᠬᠤᠳᠳᠤᠭ ᠢ ᠰᠢᠨ᠎ᠡ ᠪᠠᠷ ᠥᠷᠥᠮᠳᠡᠵᠦ᠂ 4 ᠲᠦᠮᠡᠨ ᠲᠣᠨ ᠲᠦᠭᠦᠬᠡᠢ ᠴᠢᠯᠠᠭᠤᠨ ᠲᠣᠰᠣ ᠪᠣᠷᠣᠯᠠᠭᠤᠯᠤᠨ᠎ᠠ᠃ ᠴᠢᠯᠠᠭᠤᠨ ᠮᠠᠲ᠋ᠧᠷᠢᠶᠠᠯ ᠤᠨ ᠠᠭᠤᠷᠬᠠᠢ ᠶᠢ ᠰᠢᠯᠢᠳᠡᠭᠵᠢᠭᠦᠯᠦᠨ ᠴᠤᠮᠬᠠᠳᠬᠠᠨ ᠨᠡᠶᠢᠯᠡᠭᠦᠯᠬᠦ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠪᠣᠷᠵᠢᠨ ᠴᠢᠯᠠᠭᠤᠯᠢᠭ ᠤᠨ ᠠᠭᠤᠷᠬᠠᠢ ᠶᠢ ᠨᠡᠭᠡᠭᠡᠨ ᠮᠠᠯᠲᠠᠬᠤ ᠮᠡᠷᠭᠡᠵᠢᠯ ᠤᠨ ᠬᠢᠷᠢ ᠲᠥᠪᠰᠢᠨ ᠢ ᠦᠨᠡᠨᠬᠦ ᠳᠡᠭᠡᠭᠰᠢᠯᠡᠭᠦᠯᠦᠨ᠂ ᠤᠳᠤᠬᠢᠴᠢᠯᠠᠭᠰᠠᠨ ᠪᠣᠬᠢᠷᠳᠣᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠳᠤ ᠬᠦᠷᠭᠡᠨ᠎ᠡ᠃ 160 ᠲᠦᠮᠡᠨ ᠲᠡᠭᠰᠢ ᠳᠥᠷᠪᠡᠯᠵᠢᠨ ᠮᠧᠲᠷ ᠬᠠᠪᠲᠠᠰᠤᠨ ᠮᠠᠲ᠋ᠧᠷᠢᠶᠠᠯ ᠢ ᠡᠳ᠋ᠰᠢᠬᠦᠯᠦᠨ ᠂ ᠴᠢᠯᠠᠭᠤᠨ ᠮᠠᠲ᠋ᠧᠷᠢᠶᠠᠯ ᠤᠨ ᠪᠦᠲᠦᠭᠡᠭᠳᠡᠬᠦᠨ ᠤ ᠪᠣᠷᠤᠯᠠᠭᠤᠯᠭ᠎ᠠ ᠶᠢᠨ ᠠᠷᠭ᠎ᠠ ᠵᠠᠮ ᠢ ᠥᠷᠭᠡᠳᠬᠡᠨ᠂ ︽ᠳᠤᠮᠳᠠᠳᠤ ᠤᠯᠤᠰ ᠤᠨ ᠣᠮᠠᠷᠠᠲᠦ ᠶᠢᠨ ᠴᠢᠯᠠᠭᠤᠨ ᠮᠠᠲ᠋ᠧᠷᠢᠶᠠᠯ ᠤᠨ ᠨᠤᠲᠤᠭ︾ ᠨᠡᠷᠡᠲᠦ ᠲᠡᠮᠳᠡᠭᠳᠦ ᠶᠢᠨ ᠦᠢᠯᠡᠳᠦᠯ ᠢ ᠬᠦᠢᠴᠡᠳ ᠪᠠᠳᠠᠷᠠᠭᠤᠯᠤᠨ᠎ᠠ᠃ ᠴᠢᠯᠠᠭᠤᠨ ᠮᠠᠲ᠋ᠧᠷᠢᠶᠠᠯ ᠤᠨ ᠠᠵᠤ ᠦᠢᠯᠡᠰ ᠤᠨ ᠬᠠᠲᠠᠭᠤ ᠪᠡᠶᠡᠳᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ ᠳᠡᠭᠡᠭᠰᠢᠯᠡᠬᠦᠯᠵᠦ᠂ ᠯᠢᠨ ᠢ ᠬᠢᠮᠢ ᠶᠢᠨ ᠠᠵᠤ ᠦᠢᠯᠡᠳᠪᠦᠷᠢ ᠶᠢᠨ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠬᠠᠲᠠᠭᠤ ᠪᠡᠶᠡᠳᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ᠢ ᠪᠠᠶᠢᠭᠤᠯᠵᠤ ᠲᠠᠭᠤᠰᠬᠠᠨ ᠠᠰᠢᠭᠯᠠᠯᠲᠠ ᠲᠤ ᠣᠷᠣᠭᠤᠯᠬᠤ ᠶᠢ ᠪᠠᠲᠤᠯᠠᠨ᠎ᠠ᠃ ᠮᠡᠨᠳᠦ ᠰᠢᠨᠵᠢᠯᠡᠭᠡ ᠮᠡᠷᠭᠡᠵᠢᠯ ᠠᠷᠠᠯᠵᠢᠶᠠᠨ ᠤ ᠺᠤᠮᠫᠠᠨᠢ ᠶᠢᠨ ᠰᠢᠨ᠎ᠡ ᠦᠢᠯᠡᠳᠪᠦᠷᠢ ᠶᠢᠨ ᠲᠤᠭᠤᠷᠢᠭ ᠎ ᠤᠨ ᠪᠦᠳᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠰᠣᠳᠣᠯᠣᠨ ᠨᠡᠭᠡᠭᠡᠬᠦ᠂ ᠦᠢᠯᠡᠳᠪᠦᠷᠢᠯᠡᠬᠦ᠂ ᠪᠤᠷᠤᠯᠠᠭᠤᠯᠬᠤ ᠴᠢᠳᠠᠪᠦᠷᠢ ᠶᠢ ᠤᠯᠠᠮ ᠨᠢᠭᠡ ᠠᠯᠬᠤᠮ ᠲᠡᠭᠡᠭᠰᠢᠯᠡᠬᠦᠯᠦᠨ᠎ᠡ᠃        ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠤᠯᠠᠨ ᠡᠰᠢᠲᠦ ᠬᠦᠭᠵᠢᠯᠲᠡ ᠶᠢ ᠲᠦᠯᠬᠢᠨ ᠠᠬᠢᠭᠤᠯᠤᠨ᠎ᠠ᠃ ᠬᠡᠷᠡᠭᠯᠡᠭᠡ ᠶᠢ ᠰᠡᠷᠭᠦᠭᠡᠬᠦ ᠪᠠ ᠥᠷᠭᠡᠳᠬᠡᠬᠦ ᠠᠵᠢᠯ ᠢ ᠰᠠᠶᠢᠲᠤᠷ ᠥᠷᠨᠢᠬᠦᠯᠵᠦ᠂ ᠬᠡᠷᠡᠭᠯᠡᠭᠡ ᠶᠢᠨ ᠴᠢᠳᠠᠪᠤᠷᠢ ᠶᠢ ᠨᠡᠮᠡᠭᠳᠡᠭᠦᠯᠦᠨ᠂ ᠬᠡᠷᠡᠭᠯᠡᠭᠡᠨ ᠤ ᠨᠥᠬᠦᠴᠡᠯ ᠢ ᠰᠠᠶᠢᠵᠢᠷᠠᠭᠤᠯᠵᠤ᠂ ᠬᠡᠷᠡᠭᠯᠡᠭᠡᠨ ᠤ ᠣᠷᠴᠢᠨ ᠠᠬᠤᠢ ᠶᠢ ᠰᠢᠨᠡᠴᠢᠯᠡᠨ᠎ᠡ᠃ ᠠᠰᠤᠷᠤ ᠰᠤᠳᠤᠯᠤᠨ ᠶᠠᠷᠢᠯᠴᠠᠬᠤ ᠬᠤᠷᠠᠯ ᠢ ᠬᠤᠷᠠᠯᠳᠤᠭᠤᠯᠵᠤ᠂ ︽ᠳᠥᠷᠪᠡᠨ ᠨᠠᠶᠢᠷ︾᠎ ᠢ ᠴᠢᠨᠠᠷ ᠰᠠᠶᠢᠲᠠᠢ ᠡᠷᠬᠢᠯᠡᠨ᠂ ᠵᠤᠰᠠᠯᠠᠩ ᠢᠶᠠᠷ ᠭᠤᠣᠯ ᠪᠣᠯᠭᠠᠭᠰᠠᠨ ᠰᠤᠷᠭᠠᠨ ᠬᠥᠮᠦᠵᠢᠯ ᠤᠨ ᠵᠢᠭᠤᠯᠴᠢᠯᠠᠯ᠂ ᠮᠠᠯᠴᠢᠨ ᠠᠶᠢᠯ ᠢᠶᠠᠷ ᠭᠤᠣᠯ ᠪᠣᠯᠭᠠᠭᠰᠠᠨ ᠠᠷᠠᠳ ᠤᠨ ᠵᠠᠩ ᠦᠢᠯᠡ ᠶᠢᠨ ᠵᠢᠭᠤᠯᠴᠢᠯᠠᠯ ᠪᠣᠯᠣᠨ ᠨᠠᠶᠢᠷ ᠤᠨ ᠲᠤᠯᠤᠭᠠᠢ ᠶᠢᠨ ᠬᠠᠭᠤᠴᠢ ᠪᠠᠭᠤᠷᠢ ᠪᠠᠷ ᠭᠤᠣᠯ ᠪᠣᠯᠭᠠᠭᠰᠠᠨ ᠬᠠᠭᠤᠴᠢ ᠰᠤᠳᠤᠯᠤᠯ ᠤᠨ ᠵᠢᠭᠤᠯᠴᠢᠯᠠᠯ ᠢ ᠬᠦᠭᠵᠢᠬᠦᠯᠵᠦ᠂ ᠰᠣᠶᠣᠯ ᠰᠤᠷᠭᠠᠨ ᠬᠥᠮᠦᠵᠢᠯ ᠤᠨ ᠵᠢᠭᠤᠯᠴᠢᠯᠠᠯ ᠤᠨ ᠭᠦᠨᠵᠡᠭᠡᠢ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ︽ᠲᠤᠷᠭᠠᠨ ᠨᠤᠲᠤᠭ ᠬᠥᠪᠡᠭᠡᠲᠦ ᠰᠢᠷ᠎ᠠ ᠬᠤᠰᠢᠭᠤ · ᠠᠰᠤᠷᠤ ᠠᠶᠠᠯᠭᠤ ᠶᠢᠨ ᠥᠯᠦᠭᠡᠢ︾ ᠰᠣᠶᠣᠯ ᠵᠢᠭᠤᠯᠴᠢᠯᠠᠯ ᠤᠨ ᠨᠡᠷᠡᠲᠦ ᠲᠡᠮᠳᠡᠭᠲᠦ ᠶᠢᠨ ᠠᠯᠳᠠᠷᠰᠢᠯ ᠢ ᠨᠡᠮᠡᠭᠳᠡᠬᠦᠯᠦᠨ᠎ᠡ᠃ ᠠᠭᠠᠷ ᠠᠶᠠᠯᠠᠯ ᠤᠨ ᠰᠢᠨᠵᠢᠯᠡᠭᠡ ᠮᠡᠷᠭᠡᠵᠢᠯ ᠢ ᠲᠦᠬᠡᠮᠡᠯᠵᠢᠬᠦᠯᠬᠦ᠂ ᠠᠭᠠᠷ ᠠᠶᠠᠯᠠᠯ ᠤᠨ ᠰᠤᠷᠭᠠᠭᠤᠯᠢ ᠶᠢᠨ ᠪᠤᠯᠪᠠᠰᠤᠷᠠᠯ ᠂ ᠨᠢᠰᠦᠯᠲᠡ ᠶᠢᠨ ᠰᠤᠷᠢᠯᠲᠠ᠂ ᠨᠢᠰᠦᠯᠲᠡ ᠶᠢ ᠪᠡᠶᠡᠴᠢᠯᠡᠨ ᠣᠶᠢᠯᠠᠭᠠᠬᠤ ᠵᠡᠷᠭᠡ ᠨᠡᠶᠢᠳᠡᠮ ᠬᠡᠷᠡᠭᠯᠡᠬᠦ ᠠᠭᠠᠷ ᠠᠶᠠᠯᠠᠯ ᠤᠨ ᠠᠵᠤ ᠦᠢᠯᠡᠰ ᠢ ᠢᠳᠡᠪᠬᠢᠲᠡᠢ ᠪᠠᠷ ᠬᠥᠭᠵᠢᠭᠦᠯᠦᠨ᠎ᠡ᠃ ᠡᠯᠧᠺᠲᠷᠣᠨ ᠬᠤᠳᠠᠯᠳᠤᠭᠠᠨ ᠤ ᠶᠠᠪᠤᠳᠠᠯ ᠢ ᠮᠠᠯᠵᠢᠬᠤ ᠣᠷᠣᠨ ᠳᠤ ᠣᠷᠣᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠬᠤᠰᠢᠭᠤ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠴᠢᠨᠠᠷ ᠰᠠᠶᠢᠲᠠᠢ ᠪᠡᠶᠡᠯᠡᠭᠦᠯᠵᠦ᠂ ᠥᠨᠳᠦᠷ ᠦᠷ᠎ᠡ ᠪᠦᠳᠦᠮᠵᠢᠳᠡᠢ ᠰᠠᠭᠠᠳ ᠦᠭᠡᠢ ᠨᠡᠪᠳᠡᠷᠡᠬᠦ ᠤᠳᠤᠬᠢᠴᠢᠯᠠᠭᠰᠠᠨ ᠪᠠᠷᠠᠭᠠᠨ ᠤ ᠬᠦᠢᠯᠭᠡᠭᠡᠨ ᠤ ᠰᠢᠰᠲ᠋ᠧᠮ ᠢ ᠪᠠᠶᠢᠭᠤᠯᠵᠤ᠂ ᠰᠦᠯᠵᠢᠶᠡᠨ ᠣᠳᠣᠨ ᠢ ᠵᠤᠬᠢᠶᠠᠨ ᠪᠠᠶᠢᠭᠤᠯᠵᠤ ᠤᠷᠤᠯᠳᠤᠭᠠᠨ ᠳᠤ ᠢᠳᠡᠪᠬᠢᠲᠡᠢ ᠤᠷᠤᠯᠴᠠᠭᠤᠯᠵᠤ᠂ ᠰᠦᠯᠵᠢᠶᠡᠨ ᠣᠳᠣᠨ ᠤ ᠠᠵᠤ ᠦᠢᠯᠡᠰ ᠤᠨ ᠬᠥᠭᠵᠢᠯᠲᠡ ᠶᠢ ᠳᠡᠮᠵᠢᠵᠤ᠂ ︽ᠪᠦᠬᠦ ᠤᠯᠤᠰ ᠠᠴᠠ ᠬᠤᠳᠠᠯᠳᠤᠨ ᠠᠪᠴᠤ᠂ ᠪᠦᠬᠦ ᠤᠯᠤᠰ ᠲᠤ ᠬᠤᠳᠠᠯᠳᠤᠬᠤ︾ ᠰᠢᠨ᠎ᠡ ᠠᠬᠢᠴᠠ ᠶᠢ ᠡᠬᠦᠳᠦᠨ᠎ᠡ᠃ ᠲᠣᠭᠠᠴᠢᠯᠠᠭᠰᠠᠨ ᠠᠵᠤ ᠠᠬᠤᠢ᠂ ᠶᠠᠰᠤ ᠴᠢᠨᠠᠷ ᠤᠨ ᠰᠢᠯᠭᠠᠨ ᠪᠠᠶᠢᠴᠠᠭᠠᠯᠲᠠ᠂ ᠡᠷᠡᠬᠦᠯᠵᠢᠯ ᠪᠡᠶ᠎ᠡ ᠰᠤᠪᠢᠯᠠᠯᠲᠠ ᠵᠡᠷᠭᠡ ᠳᠡᠭᠡᠳᠦ ᠲᠠᠰ ᠤᠨ ᠦᠢᠯᠡᠴᠢᠯᠡᠭᠡᠨ ᠤ ᠦᠢᠯᠡᠰ ᠤᠨ ᠰᠢᠨᠡᠴᠢᠯᠡᠨ ᠬᠦᠭᠵᠢᠬᠦ ᠶᠢ ᠲᠡᠳᠬᠦᠨ ᠳᠡᠮᠵᠢᠵᠦ᠂ ᠬᠤᠳᠠᠯᠳᠤᠭ᠎ᠠ ᠬᠡᠲᠦ ᠳᠡᠯᠭᠡᠭᠦᠷ᠂ ᠪᠥᠭᠡᠮ ᠢᠶᠠᠷ ᠪᠤᠷᠤᠯᠠᠭᠤᠯᠬᠤ ᠪᠠ ᠵᠢᠵᠢᠭᠯᠡᠨ ᠪᠤᠷᠤᠯᠠᠭᠤᠯᠬᠤ᠂ ᠬᠤᠭᠤᠯᠠ ᠤᠮᠳᠠ᠂ ᠪᠠᠭᠤᠳᠠᠯ᠂ ᠠᠳᠠᠯ ᠠᠬᠤᠢ ᠶᠢᠨ ᠬᠠᠮᠢᠶᠠᠷᠤᠯᠲᠠ ᠪᠠ ᠦᠢᠯᠡᠴᠢᠯᠡᠭᠡ ᠵᠡᠷᠭᠡ ᠤᠯᠠᠮᠵᠢᠯᠠᠯᠲᠤ ᠦᠢᠯᠡᠴᠢᠯᠡᠭᠡᠨ ᠤ ᠦᠢᠯᠡᠰ ᠤᠨ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠬᠦ ᠶᠢ ᠠᠬᠢᠭᠤᠯᠤᠨ᠎ᠠ᠃       ︵ᠬᠤᠶᠠᠷ︶ ᠥᠭᠡᠷᠡᠴᠢᠯᠡᠯᠲᠡ ᠶᠢ ᠬᠦᠨᠵᠡᠭᠡᠶᠢᠷᠡᠬᠦᠯᠦᠨ᠂ ᠲᠥᠪ ᠢ ᠪᠠᠲᠤᠯᠠᠨ ᠰᠢᠨ᠎ᠡ ᠶᠢ ᠡᠭᠦᠳᠴᠤ᠂ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠶᠢ ᠦᠷᠭᠦᠯᠵᠢᠯᠡᠨ ᠪᠠᠬᠢᠵᠢᠭᠦᠯᠦᠨ᠎ᠡ       ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠪᠥᠬᠦ ᠬᠦᠴᠦᠨ ᠢᠶᠠᠷ ᠢᠶᠠᠨ ᠰᠢᠯᠢᠳᠡᠭᠵᠢᠭᠦᠯᠦᠨ᠎ᠡ᠃ ︽ᠬᠥᠮᠥᠨ ᠪᠤᠯᠭᠠᠨ ᠢ ᠬᠤᠳᠠᠯᠳᠤᠭ᠎ᠠ ᠡᠷᠬᠢᠯᠡᠬᠦ ᠤᠷᠴᠢᠨ ᠲᠠᠢ ᠣᠶᠢᠷᠠᠳᠤᠭᠤᠯᠵᠤ᠂ ᠤᠴᠢᠷ ᠪᠦᠬᠦᠨ ᠢ ᠣᠷᠤᠨ ᠨᠤᠲᠤᠭ ᠎ ᠤᠨ ᠲᠥᠷᠢ ᠲᠦᠷᠬᠦ ᠲᠠᠢ ᠬᠤᠯᠪᠤᠭᠳᠠᠭᠤᠯᠬᠤ︾ ᠣᠶᠢᠯᠠᠭᠠᠭᠳᠠᠬᠤᠨ ᠢ ᠪᠠᠳᠤᠵᠢᠭᠤᠯᠵᠤ᠂ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ᠂ ᠪᠠᠭᠤᠯᠭᠠᠬᠤ ᠪᠠ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠭᠦᠯᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠬᠤᠳᠠᠯᠳᠤᠭ᠎ᠠ ᠡᠷᠭᠢᠯᠡᠬᠦ ᠣᠷᠴᠢᠨ ᠨᠦᠬᠦᠴᠡᠯ ᠢ ᠰᠢᠯᠢᠳᠡᠭᠵᠢᠬᠦᠯᠬᠦ ᠪᠠᠶᠢᠩᠭᠤ ᠶᠢᠨ ᠲᠤᠭᠲᠠᠯᠴᠠᠭ᠎ᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ︽ᠠᠰᠠᠷᠠᠭᠴᠢ︾ ᠮᠠᠶ᠋ᠢᠭ ᠤᠨ ᠦᠢᠯᠡᠴᠢᠯᠡᠭᠡᠨ ᠤ ᠬᠢᠷᠢ ᠲᠥᠪᠰᠢᠨ ᠢ ᠲᠡᠭᠡᠭᠰᠢᠯᠡᠬᠦᠯᠦᠨ᠎ᠡ᠃ ᠵᠠᠰᠠᠭ ᠤᠨ ᠣᠷᠳᠣᠨ ᠪᠠ ᠠᠷᠠᠯᠵᠢᠶᠠᠴᠢᠨ ᠎ ᠤ ᠳᠤᠳᠤᠨᠤ ᠴᠢᠬᠡᠴᠢ ᠬᠠᠷᠢᠴᠠᠭ᠎ᠠ ᠶᠢ ᠦᠷᠬᠦᠯᠵᠢᠯᠡᠨ ᠪᠠᠶᠢᠭᠤᠯᠵᠤ᠂ ᠠᠷᠠᠯᠵᠢᠶᠠᠴᠢᠨ ᠢ ᠬᠦᠨᠳᠦᠳᠭᠡᠨ ᠳᠤᠳᠤᠨᠤᠴᠢᠯᠠᠵᠤ᠂ ᠠᠷᠠᠯᠵᠢᠶᠠᠴᠢᠨ ᠳᠤ ᠲᠦᠬᠦᠮ ᠲᠦᠳᠡ ᠦᠢᠯᠡᠴᠢᠯᠡᠭᠡ ᠬᠠᠩᠭᠠᠨ᠎ᠠ᠃ ︽ᠶᠡᠷᠦᠩᠬᠡᠶᠢᠯᠡᠭᠰᠡᠨ ᠴᠣᠩᠬᠤᠪᠴᠢ︾ ᠪᠠ ᠬᠠᠪᠰᠤᠷᠴᠤ ᠣᠷᠣᠯᠠᠨ ᠭᠦᠢᠴᠡᠳᠬᠡᠬᠦ ᠦᠢᠯᠡᠴᠢᠯᠡᠭᠡᠨ ᠤ ᠦᠢᠯᠡᠳᠦᠯ ᠢ ᠭᠦᠢᠴᠡᠳ ᠪᠠᠳᠠᠷᠠᠭᠤᠯᠤᠨ᠂ ︽ᠨᠢᠭᠡ ᠯᠡ ᠤᠳᠠᠭ᠎ᠠ ᠳᠤ ᠭᠦᠢᠴᠡᠳᠬᠡᠬᠦ︾᠎ ᠶᠢ ᠬᠦᠨᠵᠡᠭᠡᠶᠢᠷᠡᠬᠦᠯᠵᠦ᠂ ᠶᠠᠪᠤᠳᠠᠯ ᠤᠴᠢᠷ ᠬᠦᠢᠴᠡᠳᠭᠡᠬᠦ ᠲᠥᠬᠦᠮ ᠲᠦᠳᠡ ᠣᠷᠴᠢᠨ ᠢ ᠪᠣᠶ ᠪᠣᠯᠭᠠᠨ᠎ᠠ᠃ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠠᠷᠭ᠎ᠠ ᠮᠠᠶ᠋ᠢᠭ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠲᠥᠷᠥ ᠶᠢᠨ ᠪᠣᠳᠣᠯᠭ᠎ᠠ ᠶᠢᠨ ᠨᠠᠷᠢᠯᠢᠭ ᠣᠨᠣᠪᠴᠢᠲᠤ ᠴᠢᠨᠠᠷ ᠪᠠ ᠴᠠᠭ ᠬᠤᠭᠤᠴᠠᠭᠠᠲᠤ ᠴᠢᠨᠠᠷ ᠢ ᠨᠡᠮᠡᠭᠳᠡᠬᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠦᠴᠢᠷᠳᠡᠯ ᠢ ᠨᠢ ᠰᠢᠢᠳᠪᠦᠷᠢᠯᠡᠨ᠂ ᠰᠢᠭᠤᠳ ᠠᠰᠢᠭ ᠬᠦᠷᠲᠡᠭᠡᠬᠦ ᠶᠢ ᠦᠨᠡᠨᠬᠦ ᠪᠠᠲᠤᠯᠠᠵᠤ᠂ ᠠᠵᠤ ᠠᠬᠤᠶᠢᠯᠠᠯ ᠤᠨ ᠠᠵᠢᠯᠯᠠᠭᠠᠨ ᠤ ᠥᠪᠡᠷ ᠤᠨ ᠥᠷᠲᠡᠭ ᠢ ᠨᠢ ᠦᠷᠭᠦᠯᠵᠢᠯᠡᠨ ᠪᠠᠭᠤᠷᠠᠭᠤᠯᠤᠨ᠎ᠠ᠃ ︽ᠬᠤᠤᠰ ᠲᠤᠬᠢᠶᠠᠯᠳᠤᠯ ᠢᠶᠠᠷ ᠰᠤᠭᠤᠴᠢᠨ ᠪᠠᠶᠢᠴᠠᠭᠠᠵᠤ᠂ ᠨᠢᠭᠡ ᠶᠢ ᠢᠯᠡ ᠨᠡᠶᠢᠲᠡᠯᠡᠬᠦ︾ ᠬᠢᠨᠠᠨ ᠬᠠᠮᠢᠶᠠᠷᠤᠯᠲᠠ ᠪᠠ ︽ᠢᠨᠲ᠋ᠧᠷ ᠰᠦᠯᠵᠢᠶ᠎ᠡ + ᠬᠢᠨᠠᠨ ᠬᠠᠮᠢᠶᠠᠷᠤᠯᠲᠠ︾᠎ ᠪᠠᠷ ᠰᠠᠭᠤᠷᠢ ᠪᠣᠯᠭᠠᠵᠤ᠂ ᠪᠠᠭᠲᠠᠭᠠᠮᠵᠢᠲᠠᠢ ᠬᠢᠨᠠᠭᠤᠷ ᠪᠣᠯᠭᠤᠮᠵᠢᠲᠠᠢ ᠬᠢᠨᠠᠨ ᠬᠠᠮᠢᠶᠠᠷᠤᠯᠲᠠ ᠶᠢᠨ ᠠᠷᠭ᠎ᠠ ᠮᠠᠶ᠋ᠢᠭ ᠢ ᠲᠡᠭᠦᠯᠳᠡᠷᠵᠢᠭᠦᠯᠵᠦ᠂ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠨ ᠬᠠᠮᠢᠶᠠᠷᠤᠯᠲᠠ ᠶᠢ ᠴᠢᠩᠭᠠᠳᠬᠠᠨ᠎ᠠ᠃ ᠦᠨᠡᠨᠴᠢ ᠢᠳᠡᠭᠡᠮᠵᠢᠲᠦ ᠵᠠᠰᠠᠭ ᠤᠨ ᠣᠷᠳᠣᠨ ᠪᠠ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠦᠨᠡᠨᠴᠢ ᠢᠳᠡᠭᠡᠮᠵᠢᠲᠦ ᠨᠡᠶᠢᠲᠡᠯᠢᠭ ᠬᠡᠷᠡᠭ ᠢᠶᠠᠷ ᠵᠢᠱᠢᠶ᠎ᠡ ᠦᠵᠡᠭᠦᠯᠬᠦ ᠦᠢᠯᠡᠳᠦᠯ ᠢ ᠭᠦᠢᠴᠡᠳ ᠪᠠᠳᠠᠷᠠᠭᠤᠯᠤᠨ᠂ ᠦᠨᠡᠨᠴᠢ ᠢᠲᠡᠭᠡᠮᠵᠢᠲᠡᠢ ᠪᠠᠷ ᠬᠤᠳᠠᠯᠳᠤᠭ᠎ᠠ ᠶᠢ ᠬᠥᠭᠵᠢᠭᠦᠯᠬᠦ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠎ᠡ᠃ ᠲᠥᠷᠦᠯ ᠵᠦᠢᠯ ᠢ ᠬᠦᠯᠢᠶᠡᠨ ᠠᠪᠬᠤ ᠶᠠᠪᠤᠴᠠ ᠶᠢ ᠰᠢᠯᠢᠳᠡᠭᠵᠢᠬᠦᠯᠦᠨ᠂ ᠣᠯᠠᠨ ᠨᠡᠶᠢᠲᠡ ᠎ ᠶᠢᠨ ᠡᠬᠢ ᠪᠡᠶᠠᠯᠢᠭ ᠤᠨ ᠰᠣᠯᠢᠯᠴᠠᠭᠠᠨ ᠤ ᠦᠢᠯᠡᠴᠢᠯᠡᠭᠡ ᠶᠢᠨ ᠬᠢᠷᠢ ᠲᠥᠪᠰᠢᠨ ᠢ ᠳᠡᠭᠡᠭᠰᠢᠯᠡᠬᠦᠯᠦᠨ᠎ᠡ᠃ ᠪᠠᠷᠢᠮᠵᠢᠶᠠᠵᠢᠭᠰᠠᠨ ᠠᠵᠢᠯ ᠢ ᠴᠢᠩᠭᠠᠳᠬᠠᠨ᠂ ᠤᠷᠠᠨ ᠳᠠᠷᠬᠠᠨ ᠤ ᠵᠣᠷᠢᠭ ᠰᠠᠨᠠᠭ᠎ᠠ ᠶᠢ ᠬᠦᠢᠴᠡᠳ ᠪᠠᠳᠠᠷᠠᠭᠤᠯᠵᠤ᠂ ᠣᠷᠣᠨ ᠨᠤᠲᠤᠭ ᠤᠨ ᠣᠨᠴᠠᠯᠢᠭ ᠪᠦᠬᠦᠢ ᠲᠠᠸᠠᠷ ᠤᠨ ᠨᠡᠷᠡᠲᠦ ᠲᠡᠮᠳᠡᠭᠳᠦ ᠶᠢ ᠡᠭᠦᠳᠦᠨ᠂ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠪᠥᠬᠦ ᠲᠠᠯ᠎ᠠ ᠪᠠᠷ ᠥᠷᠨᠢᠭᠦᠯᠦᠨ᠎ᠡ᠃       ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠲᠦᠯᠬᠢᠨ ᠠᠬᠢᠭᠤᠯᠤᠨ᠎ᠠ᠃ ︽ᠲᠦᠷᠦᠯ ᠵᠦᠢᠯ ᠢᠶᠠᠷ ᠭᠤᠣᠯᠳᠠᠯᠭ᠎ᠠ ᠪᠤᠯᠭᠠᠬᠤ︾ ᠠᠵᠢᠯ ᠤᠨ ᠤᠳᠤᠷᠢᠳᠤᠮᠵᠢ ᠶᠢ ᠴᠢᠩᠭᠠᠳᠬᠠᠨ᠂ ᠲᠦᠷᠦᠯ ᠵᠦᠢᠯ ᠢ ᠲᠥᠯᠥᠪᠵᠢᠭᠦᠯᠵᠦ ᠣᠷᠣᠭᠤᠯᠤᠨ ᠠᠪᠴᠢᠷᠠᠬᠤ ᠪᠠᠶᠢᠭᠤᠯᠤᠯᠲᠠ ᠶᠢ ᠴᠢᠩᠭ᠎ᠠ ᠠᠳᠬᠤᠵᠤ᠂ ᠤᠯᠠᠨ ᠠᠷᠭ᠎ᠠ ᠬᠡᠮᠵᠢᠶ᠎ᠡ ᠎ ᠪᠠᠷ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠠᠵᠤ ᠠᠬᠤᠢ ᠶᠢᠨ ᠬᠥᠭᠵᠢᠯᠲᠡ ᠶᠢᠨ ᠴᠢᠨᠠᠷ ᠴᠢᠨᠰᠠᠭ᠎ᠠ ᠶᠢ ᠲᠡᠭᠡᠭᠰᠢᠯᠡᠬᠦᠯᠬᠦ ᠪᠠ ᠬᠤᠷᠳᠤᠴᠠ ᠶᠢ ᠲᠦᠷᠭᠡᠳᠬᠡᠬᠦ ᠶᠢ ᠠᠬᠢᠭᠤᠯᠤᠨ᠎ᠠ᠃ ᠬᠤᠰᠢᠭᠤ ᠳᠡᠰ ᠤᠨ ᠤᠳᠤᠷᠢᠳᠬᠤ ᠨᠦᠬᠦᠳ ᠤᠨ ᠲᠥᠷᠦᠯ ᠵᠦᠢᠯ ᠢ ᠠᠬᠢᠭᠤᠯᠬᠤ ᠬᠠᠷᠢᠭᠤᠴᠠᠯᠭ᠎ᠠ ᠶᠢᠨ ᠳᠥᠷᠢᠮ ᠲᠤᠭᠲᠠᠭᠠᠨ᠂ ᠲᠥᠷᠥᠯ ᠵᠦᠢᠯ ᠢ ᠲᠦᠯᠬᠢᠨ ᠠᠬᠢᠭᠤᠯᠬᠤ ᠡᠬᠡ ᠳᠠᠩᠰᠠ ᠪᠠᠶᠢᠭᠤᠯᠵᠤ᠂ ᠲᠥᠷᠥᠯ ᠵᠦᠢᠯ ᠢ ᠬᠢᠨᠠᠨ ᠵᠥᠪᠰᠢᠶᠡᠷᠡᠬᠦ᠂ ᠭᠠᠵᠠᠷ ᠰᠢᠷᠣᠢ ᠲᠠᠲᠠᠪᠤᠷᠢᠯᠠᠬᠤ᠂ ᠲᠥᠯᠦᠪᠵᠢᠭᠦᠯᠭᠡ ᠬᠢᠬᠦ᠂ ᠣᠷᠴᠢᠨ ᠲᠣᠭᠤᠷᠢᠨ ᠤ ᠦᠨᠡᠯᠡᠯᠲᠡ ᠬᠢᠬᠦ᠂ ᠡᠨᠧᠷᠭᠢ ᠶᠢᠨ ᠬᠤᠷᠤᠭᠳᠠᠭᠤᠯᠤᠯ ᠵᠡᠷᠭᠡ ᠪᠡᠯᠡᠳᠭᠡᠯ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠤᠰᠤ᠂ ᠴᠠᠬᠢᠯᠭᠠᠨ ᠵᠡᠷᠭᠡ ᠪᠠᠲᠤᠯᠠᠭ᠎ᠠ ᠶᠢᠨ ᠴᠢᠨᠠᠷᠲᠠᠢ ᠬᠦᠴᠦᠨ ᠵᠦᠢᠯ ᠢ ᠨᠠᠶᠢᠳᠠᠪᠤᠷᠢᠵᠢᠭᠤᠯᠤᠨ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠳᠤᠮᠳᠠ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠨ᠂ 43 ᠭᠤᠣᠯᠳᠠᠯᠭ᠎ᠠ ᠲᠠᠢ ᠲᠥᠷᠥᠯ ᠵᠦᠢᠯ ᠢ ᠨᠠᠶᠢᠳᠠᠪᠦᠷᠢᠵᠢᠭᠤᠯᠤᠨ ᠠᠰᠢᠭᠯᠠᠯᠲᠠ ᠳᠤ ᠣᠷᠣᠭᠤᠯᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠪᠡᠶᠡᠯᠡᠬᠦᠯᠦᠨ᠎ᠡ᠃ ᠳᠡᠭᠡᠳᠦ ᠱᠠᠳᠤᠨ ᠤ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠴᠢᠩᠭ᠎ᠠ ᠠᠳᠬᠤᠵᠤ᠂ ᠢᠯᠴᠢ ᠬᠠᠩᠭᠠᠬᠤ ᠲᠤᠤᠷ ᠬᠤᠭᠤᠯᠠᠢ᠂ ᠤᠰᠤ ᠬᠠᠩᠭᠠᠬᠤ ᠲᠣᠣᠷ ᠬᠤᠭᠤᠯᠠᠢ᠂ ᠵᠠᠮ ᠲᠡᠭᠡᠭᠡᠪᠦᠷᠢ ᠵᠡᠷᠭᠡ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠠᠯ᠎ᠠ ᠪᠠᠷ ᠬᠢ ᠴᠢᠬᠤᠯᠠᠴᠢᠯᠠᠭ᠎ᠠ ᠶᠡᠬᠡᠳᠡᠢ ᠲᠥᠷᠥᠯ ᠵᠦᠢᠯ ᠢ ᠬᠢᠨᠠᠮᠠᠭᠠᠢ ᠡᠮᠬᠢᠳᠭᠡᠨ᠂ ᠪᠡᠯᠡᠳᠭᠡᠯ ᠠᠵᠢᠯ ᠢ ᠰᠠᠶᠢᠲᠤᠷ ᠬᠢᠵᠦ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠨᠥᠬᠦᠴᠡᠯ ᠢ ᠪᠦᠷᠢᠯᠳᠦᠬᠦᠯᠦᠨ᠂ ᠲᠡᠭᠡᠳᠦ ᠱᠠᠳᠣᠨ ᠤ ᠳᠡᠮᠵᠢᠯᠭᠡ ᠶᠢ ᠢᠳᠡᠪᠬᠢᠳᠡᠢ ᠡᠷᠡᠮᠡᠯᠵᠡᠯᠡᠵᠦ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠠᠯ᠎ᠠ ᠪᠠᠷ ᠬᠢ ᠲᠤᠳᠠᠭᠤᠳᠠᠯ ᠢ ᠡᠷᠲᠡᠭᠡᠨ ᠨᠦᠬᠦᠪᠦᠷᠢᠯᠡᠨ᠎ᠡ᠃       ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠠ ᠭᠠᠳᠠᠭᠰᠢ ᠨᠡᠭᠡᠭᠡᠯᠲᠡ ᠬᠢᠬᠦ ᠶᠢ ᠪᠦᠬᠦ ᠬᠦᠴᠦᠨ ᠢᠶᠠᠷ ᠢᠶᠠᠨ ᠥᠷᠭᠡᠳᠬᠡᠨ᠎ᠡ᠃ ︽ᠬᠥᠮᠥᠨ ᠪᠦᠬᠦᠨ ᠠᠷᠠᠯᠵᠢᠶᠠᠴᠢᠨ ᠤᠷᠢᠬᠤ︾ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠳᠡᠭᠡᠳᠦ ᠱᠠᠲᠤᠨ ᠤ ᠠᠵᠤ ᠦᠢᠯᠡᠰ ᠤᠨ ᠲᠥᠷᠥ ᠶᠢᠨ ᠪᠣᠳᠣᠯᠭ᠎ᠠ᠂ ᠬᠤᠰᠢᠭᠤᠨ ᠤ ᠪᠣᠳᠠᠲᠤ ᠪᠠᠶᠢᠳᠠᠯ ᠪᠠ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢ ᠭᠦᠨᠵᠡᠭᠡᠢ ᠰᠤᠳᠤᠯᠵᠤ᠂ ᠰᠠᠨᠠᠭᠠᠴᠢᠯᠠᠭ᠎ᠠ ᠠᠴᠠ ᠪᠠᠨ ᠭᠠᠳᠠᠭᠰᠢ ᠭᠠᠷᠴᠤ᠂ ᠲᠥᠷᠦᠯ ᠵᠦᠢᠯ ᠣᠯᠬᠤ ᠤᠬᠠᠮᠰᠠᠷ ᠢᠶᠠᠨ ᠳᠡᠭᠡᠭᠰᠢᠯᠡᠬᠦᠯᠦᠨ᠂ ᠠᠷᠠᠯᠵᠢᠶᠠᠴᠢᠨ ᠤᠷᠢᠬᠤ ᠠᠵᠢᠯ ᠎ ᠤᠨ ᠲᠤᠰᠬᠠᠢ ᠲᠤᠭᠤᠶᠢᠯᠠᠩ ᠪᠠᠶᠢᠭᠤᠯᠵᠤ᠂ ᠪᠦᠬᠦᠳᠡᠭᠡᠷ ᠢᠶᠠᠨ ᠠᠷᠠᠯᠵᠢᠶᠠᠴᠢᠨ ᠤᠷᠢᠬᠤ᠂ ᠪᠥᠬᠦ ᠣᠷᠤᠨ ᠬᠡᠪᠴᠢᠶ᠎ᠡ ᠎ ᠪᠠᠷ ᠠᠷᠠᠯᠵᠢᠶᠠᠴᠢᠨ ᠤᠷᠢᠬᠤ᠂ ᠪᠦᠬᠦ ᠤᠯᠠᠷᠢᠯ ᠢᠶᠠᠷ ᠠᠷᠠᠯᠵᠢᠶᠠᠴᠢᠨ ᠤᠷᠢᠬᠤ ᠶᠢ ᠬᠡᠷᠡᠭᠵᠢᠭᠦᠯᠦᠨ᠂ ︽ᠠᠷᠠᠯᠵᠢᠶᠠᠴᠢᠨ ᠤᠷᠢᠬᠤ ᠶᠢ ᠬᠦᠰᠡᠬᠦ︾ ᠣᠪᠣᠷ ᠢᠶᠠᠷ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠰᠠᠶᠢᠲᠤᠷ ᠠᠳᠬᠤᠨ᠎ᠠ᠃ ᠪᠡᠭᠡᠵᠢᠩ ᠲᠢᠶᠠᠨᠵᠢᠨ ᠾᠧᠪᠧᠢ᠂ ᠵᠦᠵᠢᠶᠠᠩ ᠮᠦᠷᠡᠨ ᠤ ᠭᠤᠷᠪᠠᠯᠵᠢᠨ ᠬᠤᠶᠢᠭ᠂ ᠬᠦᠬᠡᠮᠦ᠋ᠷᠡᠨ ᠤ ᠭᠤᠷᠪᠠᠯᠵᠢᠨ ᠬᠤᠶᠢᠭ᠂ ᠬᠦᠬᠡᠬᠤᠲᠠ ᠪᠤᠭᠤᠲᠤ ᠤᠷᠳᠤᠰ ᠵᠡᠷᠭᠡ ᠭᠠᠵᠠᠷ ᠲᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯᠯᠠᠭ᠎ᠠ ᠥᠷᠨᠢᠬᠦᠯᠵᠦ᠂ ᠲᠢᠶᠠᠨᠵᠢᠨ ᠵᠡᠷᠭᠡ ᠭᠠᠵᠠᠷ ᠲᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠬᠡᠷᠡᠭ ᠡᠷᠬᠢᠯᠡᠬᠦ ᠭᠠᠵᠠᠷ ᠢ ᠪᠠᠶᠢᠭᠤᠯᠤᠨ᠎ᠠ᠃ ᠠᠵᠤ ᠦᠢᠯᠡᠰ ᠤᠨ ᠰᠢᠯᠵᠢᠯᠲᠡ ᠶᠢ ᠢᠳᠡᠪᠬᠢᠳᠡᠢ ᠬᠦᠯᠢᠶᠡᠨ ᠠᠪᠴᠤ᠂ ᠪᠡᠭᠡᠵᠢᠩ ᠲᠢᠶᠠᠨᠵᠢᠨ ᠾᠧᠪᠧᠢ ᠶᠢᠨ ᠲᠣᠮᠣ ᠵᠠᠬ᠎ᠠ ᠳᠡᠯᠭᠡᠭᠦᠷ ᠯᠦᠭᠡ ᠪᠥᠬᠦ ᠲᠠᠯ᠎ᠠ ᠪᠠᠷ ᠵᠤᠯᠭᠠᠭᠤᠯᠤᠨ᠂ ᠭᠦᠨᠵᠡᠭᠡᠢ ᠠᠭᠤᠰᠤᠯᠴᠠᠭᠤᠯᠬᠤ ᠶᠢ ᠲᠦᠯᠬᠢᠨ ᠠᠬᠢᠭᠤᠯᠵᠤ᠂ ᠠᠵᠠ ᠲᠤᠬᠢᠶᠠᠯ ᠢ ᠬᠦᠢᠴᠡᠳ ᠠᠰᠢᠭᠯᠠᠨ ᠬᠦᠴᠦᠯᠡᠨ ᠴᠢᠷᠮᠠᠶᠢᠨ᠎ᠠ᠃ ᠰᠦᠨᠢᠳ ᠪᠠᠷᠠᠭᠤᠨ ᠬᠤᠰᠢᠭᠤᠨ ᠤ ᠵᠢᠷᠤᠬᠡ ᠪᠠᠯᠭᠠᠰᠤᠨ ᠠᠴᠠ ᠴᠢᠭᠤᠯᠤᠯᠲᠤ ᠬᠠᠭᠠᠯᠭ᠎ᠠ ᠶᠢᠨ ᠸᠠᠨ ᠴᠢᠦᠸᠠᠨ ᠲᠤᠭᠤᠷᠢᠭ ᠬᠦᠷᠬᠦ ᠲᠡᠮᠦᠷ ᠵᠠᠮ ᠤᠨ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠰᠠᠶᠢᠲᠤᠷ ᠬᠢᠨ᠎ᠡ᠃ ᠡᠷᠢᠶᠡᠨ ᠬᠤᠲᠠ ᠶᠢᠨ ᠤᠯᠤᠰ ᠤᠨ ᠭᠤᠣᠯᠳᠠᠯᠭ᠎ᠠ ᠲᠠᠢ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠲᠤᠷᠰᠢᠯᠲᠠ ᠶᠢᠨ ᠣᠷᠣᠨ᠂ ᠤᠯᠠᠭᠠᠨᠴᠠᠪ ᠬᠤᠲᠠ ᠶᠢᠨ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠣᠷᠤᠨ ᠪᠦᠰᠡ ᠶᠢᠨ ᠪᠦᠲᠦᠭᠡᠨ ᠪᠠᠶᠢᠭᠤᠯᠤᠯᠲᠠ ᠲᠠᠢ ᠢᠳᠡᠪᠬᠢᠲᠡᠢ ᠠᠭᠤᠰᠤᠯᠴᠠᠵᠤ᠂ ᠮᠣᠩᠭᠤᠯ ᠤᠯᠤᠰ ᠯᠤᠭ᠎ᠠ ᠶᠢᠨ ᠬᠠᠮᠲᠤᠷᠠᠯᠴᠠᠭ᠎ᠠ ᠰᠣᠯᠢᠯᠴᠠᠭ᠎ᠠ ᠪᠠᠨ ᠴᠢᠩᠭᠠᠳᠬᠠᠨ᠂ ᠮᠠᠨ ᠤ ᠬᠤᠰᠢᠭᠤ ᠪᠠᠨ ᠠᠯᠬᠤᠮ ᠠᠯᠬᠤᠮ ᠢᠶᠠᠷ ︽ᠨᠢᠭᠡ ᠪᠦᠰᠡ ᠨᠢᠭᠡ ᠵᠠᠮ︾᠎ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠵᠠᠩᠭᠢᠯᠠᠭ᠎ᠠ ᠶᠢᠨ ᠴᠡᠭ ᠪᠣᠯᠭᠠᠨ ᠪᠦᠲᠦᠭᠡᠨ ᠪᠠᠶᠢᠭᠤᠯᠤᠨ᠎ᠠ᠃       ︵ᠭᠤᠷᠪᠠ︶ ᠨᠢᠭᠡᠳᠦᠯᠲᠡᠢ ᠲᠥᠯᠥᠪᠯᠡᠨ ᠨᠡᠶᠢᠳᠡ ᠳᠤᠨᠢ ᠬᠠᠷᠠᠭᠠᠯᠵᠠᠵᠤ᠂ ᠵᠥᠷᠢᠶ᠎ᠡ ᠪᠠᠨ ᠪᠠᠭᠠᠰᠬᠠᠨ᠂ ᠬᠤᠳᠠ ᠬᠥᠳᠡᠭᠡ ᠶᠢᠨ ᠵᠣᠬᠢᠴᠠᠩᠭᠤᠢ ᠬᠥᠭᠵᠢᠯᠲᠡ ᠶᠢ ᠪᠦᠬᠦ ᠬᠦᠴᠦᠨ ᠢᠶᠠᠷ ᠲᠦᠯᠬᠢᠨ ᠠᠬᠢᠭᠤᠯᠤᠨ᠎ᠠ       ᠬᠤᠲᠠ ᠪᠠᠯᠭᠠᠰᠤᠵᠢᠯᠲᠠ ᠶᠢᠨ ᠴᠢᠨᠠᠷ ᠴᠢᠨᠰᠠᠭ᠎ᠠ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ ᠥᠨᠳᠥᠷ ᠪᠦᠳᠦᠮᠵᠢᠲᠡᠢ᠂ ᠪᠠᠭᠳᠠᠭᠠᠮᠵᠢᠲᠠᠢ᠂ ᠦᠷᠬᠦᠯᠵᠢᠯᠡᠬᠦᠶᠢᠴᠡ᠂ ᠤᠶᠠᠨ ᠬᠠᠳᠠᠨ ᠴᠢᠨᠠᠷ ᠲᠠᠢ ᠪᠠᠶᠢᠬᠤ ᠪᠠᠷ ᠤᠳᠤᠷᠢᠳᠤᠮᠵᠢ ᠪᠣᠯᠭᠠᠨ᠂ ᠬᠤᠲᠠ ᠪᠠᠯᠭᠠᠰᠤ ᠶᠢ ᠵᠠᠰᠠᠨ ᠰᠢᠨᠡᠳᠭᠡᠬᠦ ᠠᠵᠢᠯᠯᠠᠭ᠎ᠠ ᠶᠢ ᠬᠡᠷᠡᠭᠵᠢᠭᠦᠯᠦᠨ᠂ ᠤᠯᠠᠨ ᠨᠡᠶᠢᠲᠡ ᠶᠢᠨ ᠦᠢᠯᠡᠴᠢᠯᠡᠭᠡᠨ ᠤ ᠬᠦᠷᠢᠶᠡᠨ ᠳᠠᠬᠢ ᠣᠷᠣᠭᠤᠯᠤᠯᠲᠠ ᠪᠠᠨ ᠨᠡᠮᠡᠭᠳᠡᠭᠦᠯᠵᠦ᠂ ᠬᠤᠲᠠ ᠪᠠᠯᠭᠠᠰᠤᠨ ᠤ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠬᠦᠯᠦᠨ᠂ ᠤᠯᠠᠨ ᠨᠡᠶᠢᠲᠡ ᠶᠢᠨ ᠦᠢᠯᠡᠴᠢᠯᠡᠭᠡᠨ ᠤ ᠬᠠᠮᠤᠷᠬᠤ ᠬᠦᠷᠢᠶ᠎ᠡ ᠬᠡᠪᠴᠢᠶ᠎ᠡ ᠶᠢ ᠥᠷᠭᠡᠳᠬᠡᠵᠦ᠂ ᠠᠷᠠᠳ ᠤᠯᠠᠨ ᠳᠤ ᠬᠤᠲᠠ ᠪᠠᠯᠭᠠᠰᠤᠵᠢᠯᠲᠠ ᠶᠢᠨ ᠬᠥᠭᠵᠢᠯᠲᠡ ᠶᠢᠨ ᠦᠷ᠎ᠡ ᠪᠦᠲᠦᠭᠡᠯ ᠢ ᠨᠡᠩ ᠲᠥᠪ ᠭᠤᠣᠯᠴᠢ ᠪᠠᠷ ᠡᠳ᠋ᠯᠡᠭᠦᠯᠦᠨ᠎ᠡ᠃ ᠰᠢᠨᠡᠪᠤᠯᠠᠭ ᠪᠠᠯᠭᠠᠰᠤᠨ ᠤ ᠬᠤᠲᠠ ᠶᠢᠨ ᠭᠠᠳᠠᠨᠠᠬᠢ ᠲᠤᠭᠤᠷᠢᠭᠤᠯ ᠵᠠᠮ ᠢ ᠪᠦᠳᠦᠭᠡᠨ ᠪᠠᠶᠢᠭᠤᠯᠵᠦ᠂ ᠲᠤᠤᠷ ᠬᠤᠭᠤᠯᠠᠢ ᠶᠢᠨ ᠢᠵᠢ ᠪᠦᠷᠢᠳᠦᠭᠰᠡᠨ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠰᠠᠶᠢᠳᠦᠷ ᠪᠡᠶᠡᠯᠡᠬᠦᠯᠦᠨ᠎ᠡ᠃ ᠳᠥᠭᠦᠮ ᠪᠦᠳᠦᠭᠦᠯᠢᠭ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠨ ᠵᠠᠰᠠᠬᠤ ᠰᠡᠬᠦᠯᠴᠢ ᠶᠢᠨ ᠬᠤᠭᠤᠴᠠᠭᠠᠨ ᠎ ᠤ ᠲᠥᠷᠥᠯ ᠵᠦᠢᠯ ᠢ ᠬᠡᠷᠡᠭᠵᠢᠬᠦᠯᠦᠨ᠂ 100 ᠡᠷᠦᠬᠡ ᠶᠢᠨ ᠭᠡᠷ ᠪᠠᠶᠢᠰᠢᠩ ᠢ ᠥᠭᠡᠷᠡᠴᠢᠯᠡᠨ ᠵᠠᠰᠠᠵᠤ᠂ 10 ᠲᠦᠮᠡᠨ ᠲᠡᠭᠰᠢ ᠳᠥᠷᠪᠡᠯᠵᠢᠨ ᠮᠧᠲᠷ ᠭᠠᠵᠠᠷ ᠢ ᠲᠠᠲᠠᠪᠤᠷᠢᠯᠠᠨ ᠨᠤᠷᠠᠭᠠᠵᠤ ᠴᠡᠪᠡᠷᠯᠡᠨ᠎ᠡ᠃ ᠰᠢᠨᠡᠪᠤᠯᠠᠭ ᠪᠠᠯᠭᠠᠰᠤᠨ ᠤ ᠲᠥᠪᠯᠡᠷᠡᠭᠦᠯᠦᠨ ᠢᠯᠴᠢ ᠬᠠᠩᠭᠠᠬᠤ ᠬᠤᠭᠤᠯᠠᠢ ᠶᠢ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠵᠦ᠂ ᠢᠯᠴᠢ ᠬᠠᠩᠭᠠᠬᠤ ᠴᠢᠨᠠᠷ ᠢ ᠳᠡᠭᠡᠭᠰᠢᠯᠡᠭᠦᠯᠦᠨ᠎ᠡ᠃ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠮᠠᠰᠢᠨ ᠢᠶᠠᠷ ᠴᠡᠪᠡᠷᠯᠡᠬᠦ ᠨᠤᠷᠮ᠎ᠠ ᠶᠢ ᠲᠡᠭᠡᠭᠰᠢᠯᠡᠬᠦᠯᠦᠨ᠎ᠡ᠃ ᠰᠢᠨᠡᠪᠤᠯᠠᠭ ᠪᠠᠯᠭᠠᠰᠤᠨ ᠤ ᠠᠮᠢᠳᠤᠷᠠᠯ ᠤᠨ ᠬᠤᠭ ᠨᠣᠪᠰᠢ ᠶᠢ ᠪᠤᠬᠢᠷᠳᠤᠯ ᠦᠭᠡᠢ ᠰᠢᠢᠳᠪᠦᠷᠢᠯᠡᠬᠦ ᠦᠢᠯᠡᠳᠪᠦᠷᠢ ᠶᠢᠨ ᠲᠥᠷᠥᠯ ᠵᠦᠢᠯ ᠢ 8 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠪᠠᠲᠤᠯᠠᠨ᠎ᠠ᠃        ᠮᠠᠯᠵᠢᠬᠤ ᠤᠷᠤᠨ ᠤ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠰᠠᠶᠢᠵᠢᠷᠠᠭᠤᠯᠤᠨ᠎ᠠ᠃ ᠬᠦᠭᠵᠢᠯᠲᠡ ᠶᠢᠨ ᠪᠣᠳᠠᠲᠤ ᠪᠠᠶᠢᠳᠠᠯ ᠢᠶᠠᠨ ᠦᠨᠳᠦᠰᠦᠯᠡᠨ᠂ ᠲᠥᠷᠥᠯ ᠵᠦᠢᠯ ᠤᠨ ᠲᠣᠬᠢᠷᠠᠭᠤᠯᠤᠯᠲᠠ ᠲᠠᠢ ᠤᠶᠠᠯᠳᠤᠭᠤᠯᠵᠤ᠂ ︽ᠬᠤᠶᠠᠷ ᠫᠧᠩ ᠰᠠᠷᠠᠪᠴᠢ ᠨᠢᠭᠡ ᠡᠪᠡᠰᠦ ᠨᠦᠭᠡᠴᠡᠯᠡᠬᠦ ᠫᠧᠩ︾᠎ ᠤᠨ ᠲᠥᠷᠥᠯ ᠵᠦᠢᠯ ᠢ ᠨᠢᠭᠡᠳᠦᠯᠲᠡᠢ ᠲᠥᠯᠦᠪᠯᠡᠨ ᠬᠡᠷᠡᠭᠵᠢᠭᠦᠯᠦᠨ᠎ᠡ᠃ 6 ᠲᠦᠭᠡᠭᠡᠯ ᠤᠰᠤᠨ ᠤ ᠢᠨᠵᠧᠨᠧᠷᠢᠩ ᠢ ᠰᠢᠨ᠎ᠡ ᠎ ᠪᠠᠷ ᠪᠠᠶᠢᠭᠤᠯᠵᠤ᠂ 30 ᠠᠮᠠᠰᠠᠷ ᠬᠤᠳᠳᠤᠭ ᠮᠠᠯᠳᠠᠵᠤ᠂ 20 ᠢᠵᠢ ᠤᠰᠤ ᠬᠠᠳᠠᠭᠠᠯᠠᠬᠤ ᠵᠣᠭᠤᠷᠢ ᠶᠢ ᠰᠢᠨ᠎ᠡ ᠪᠠᠷ ᠪᠠᠶᠢᠭᠤᠯᠵᠤ᠂ ᠮᠠᠯᠵᠢᠬᠤ ᠣᠷᠤᠨ ᠤ ᠤᠰᠤᠨ ᠤ ᠬᠠᠩᠭᠠᠯᠭ᠎ᠠ ᠶᠢᠨ ᠪᠠᠳᠤᠯᠠᠭ᠎ᠠ ᠶᠢᠨ ᠴᠢᠳᠠᠪᠦᠷᠢ ᠶᠢ ᠳᠡᠭᠡᠭᠰᠢᠯᠡᠬᠦᠯᠦᠨ᠎ᠡ᠃ ᠮᠠᠯᠵᠢᠬᠤ ᠣᠷᠤᠨ ᠳᠤ 10 ᠺᠢᠯᠣᠸᠠᠲ ᠤᠨ ᠴᠠᠬᠢᠯᠭᠠᠨ ᠬᠦᠴᠦᠨ ᠤ ᠲᠣᠣᠷ ᠢ 73.4 ᠺᠢᠯᠣᠮᠧᠲᠷ᠂ 0.4 ᠺᠢᠯᠣᠸᠠᠲ ᠤᠨ ᠴᠠᠬᠢᠯᠭᠠᠨ ᠬᠦᠴᠦᠨ ᠤ ᠲᠣᠣᠷ ᠢ 59.7 ᠺᠢᠯᠣᠮᠧᠲᠷ ᠦᠭᠡᠷᠡᠴᠢᠯᠡᠨ ᠵᠠᠰᠠᠵᠤ᠂ 162 ᠴᠠᠬᠢᠯᠭᠠᠨ ᠬᠦᠴᠦᠳᠡᠯ ᠥᠭᠡᠷᠡᠴᠢᠯᠡᠭᠴᠢ ᠶᠢ ᠤᠭᠰᠠᠷᠠᠵᠤ᠂ ᠰᠢᠨᠡᠪᠤᠯᠠᠭ ᠪᠠᠯᠭᠠᠰᠤᠨ ᠤ ᠪᠠᠷᠠᠭᠤᠨ  ᠲᠡᠭᠦᠷᠬᠡ ᠶᠢᠨ 110 ᠺᠢᠯᠣᠸᠠᠲ ᠤᠨ ᠴᠠᠬᠢᠯᠭᠠᠨ ᠳᠠᠮᠵᠢᠭᠤᠯᠬᠤ ᠬᠦᠴᠦᠳᠡᠯ ᠥᠭᠡᠷᠡᠴᠢᠯᠡᠬᠦ ᠢᠨᠵᠧᠨᠧᠷᠢᠩ ᠢ ᠪᠡᠶᠡᠯᠡᠭᠦᠯᠦᠨ᠎ᠡ᠃ ᠡᠳ᠋ ᠤᠨ ᠬᠦᠴᠦᠨ ᠪᠠ ᠲᠥᠷᠥᠯ ᠵᠦᠢᠯ ᠢ ᠡᠷᠡᠮᠡᠯᠵᠡᠯᠡᠨ ᠣᠯᠬᠤ ᠪᠠᠶᠢᠳᠠᠯ ᠢᠶᠠᠨ ᠦᠨᠳᠦᠰᠦᠯᠡᠨ᠂ C004᠎ ᠠᠴᠠ ᠰᠠᠶᠢᠬᠤᠰᠤ ᠬᠦᠷᠬᠦ ᠵᠡᠷᠭᠡ 4 ᠵᠤᠷᠪᠤᠰ ᠵᠠᠰᠠᠮᠠᠯ ᠵᠠᠮ ᠢ ᠵᠠᠰᠠᠵᠤ᠂ Y624 ᠵᠠᠮ ᠤᠨ ᠬᠤᠨᠢᠴᠢᠨ ᠬᠠᠰᠢᠶᠠᠲᠤ ᠶᠢᠨ ᠬᠡᠰᠡᠭ ᠵᠡᠷᠭᠡ 8 ᠵᠤᠷᠪᠤᠰ ᠵᠠᠰᠠᠮᠠᠯ ᠵᠠᠮ ᠢ ᠠᠷᠠᠴᠢᠯᠠᠨ ᠬᠠᠮᠠᠭᠠᠯᠠᠵᠤ᠂ G511 ᠵᠠᠰᠠᠮᠠᠯ ᠵᠠᠮ ᠤᠨ ᠬᠦᠪᠡᠭᠡᠲᠦ ᠰᠢᠷ᠎ᠠ ᠬᠤᠰᠢᠭᠤᠨ ᠤ ᠬᠡᠰᠡᠭ ᠤᠨ ᠬᠠᠭᠤᠴᠢᠨ ᠵᠠᠮ ᠢ ᠳᠠᠬᠢᠨ ᠰᠢᠨᠡᠳᠭᠡᠨ ᠵᠠᠰᠠᠬᠤ ᠲᠥᠷᠥᠯ ᠵᠦᠢᠯ ᠢ ᠬᠡᠷᠡᠭᠵᠢᠭᠦᠯᠦᠨ᠎ᠡ᠃ ᠵᠠᠮ ᠤᠨ ᠲᠠᠷᠤᠭ᠎ᠠ ᠶᠢᠨ ᠳᠥᠷᠢᠮ ᠢ ᠬᠦᠨᠵᠡᠭᠡᠢ ᠨᠠᠶᠢᠳᠠᠪᠦᠷᠢᠵᠢᠭᠤᠯᠤᠨ᠎ᠠ᠃ 4G ᠰᠠᠭᠤᠷᠢ ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠬᠦᠯᠵᠦ᠂ 5G ᠰᠠᠭᠤᠷᠢ ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ︽ᠣᠶᠤᠨᠲᠤ ᠷᠠᠳᠢᠣ᠋ ᠲᠧᠯᠸᠢᠰ︾᠎ ᠢ ᠪᠦᠷᠬᠦᠬᠦᠯᠬᠦ ᠨᠣᠷᠮ᠎ᠠ ᠶᠢ ᠳᠡᠭᠡᠭᠰᠢᠯᠡᠭᠦᠯᠦᠨ᠎ᠡ᠃ᠮᠠᠯᠵᠢᠬᠤ ᠣᠷᠣᠨ ᠤ ᠪᠥᠬᠦ ᠲᠠᠯ᠎ᠠ ᠶᠢᠨ ᠬᠦᠭᠵᠢᠯᠲᠡ ᠶᠢ ᠦᠷᠭᠦᠯᠵᠢᠯᠡᠨ ᠠᠬᠢᠭᠤᠯᠤᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽5 + 1︾ ᠬᠡᠷᠡᠭᠵᠢᠭᠦᠯᠬᠦ ᠲᠥᠰᠥᠯ ᠢ ᠬᠢᠨᠠᠮᠠᠭᠠᠢ ᠨᠠᠶᠢᠳᠠᠪᠦᠷᠢᠵᠢᠭᠤᠯᠤᠨ᠂ ᠮᠠᠯᠵᠢᠬᠤ ᠣᠷᠣᠨ ᠤ ᠣᠳᠣᠬᠢᠴᠢᠯᠠᠯᠲᠠ ᠶᠢᠨ ᠶᠡᠷᠦᠩᠬᠡᠢ ᠬᠠᠷᠠᠯᠲᠠ ᠶᠢᠨ ᠲᠣᠭᠤᠷᠢᠨ ᠳᠤ᠂ ᠮᠠᠯ ᠠᠵᠤ ᠠᠬᠤᠢ ᠮᠠᠯᠵᠢᠬᠤ ᠣᠷᠣᠨ ᠢ ᠤᠷᠢᠳᠠᠪᠠᠷ ᠬᠥᠭᠵᠢᠭᠦᠯᠬᠦ ᠶᠢ ᠪᠠᠷᠢᠮᠲᠠᠯᠠᠵᠤ᠂ ᠠᠵᠤ ᠦᠢᠯᠡᠰ ᠬᠦᠭᠵᠢᠭᠰᠡᠨ᠂ ᠠᠮᠢ ᠠᠬᠤᠢ ᠲᠠᠭᠠᠯᠠᠮᠵᠢᠲᠠᠢ᠂ ᠰᠤᠷᠲᠠᠯ ᠪᠣᠯᠪᠠᠰᠤᠨ᠂ ᠵᠠᠰᠠᠯᠲᠠ ᠪᠦᠲᠦᠮᠵᠢᠲᠡᠢ᠂ ᠠᠮᠢᠳᠤᠷᠠᠯ ᠴᠢᠨᠡᠭᠡᠯᠢᠭᠵᠢᠭᠰᠡᠨ ᠶᠡᠷᠦᠩᠬᠡᠢ ᠱᠠᠭᠠᠷᠳᠠᠯᠭ᠎ᠠ ᠶᠢ ᠨᠠᠶᠢᠳᠠᠪᠦᠷᠢᠵᠢᠭᠤᠯᠤᠨ᠂ ᠮᠠᠯᠵᠢᠬᠤ ᠣᠷᠣᠨ ᠤ ᠠᠵᠤ ᠦᠢᠯᠡᠰ᠂ ᠴᠢᠳᠠᠪᠤᠷᠢᠲᠠᠨ᠂ ᠰᠣᠶᠣᠯ᠂ ᠠᠮᠢ ᠠᠬᠤᠢ᠂ ᠵᠣᠬᠢᠶᠠᠨ ᠪᠠᠶᠢᠭᠤᠯᠤᠯᠲᠠ ᠶᠢᠨ ᠴᠡᠴᠡᠭᠯᠡᠨ ᠬᠦᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠦᠨ᠎ᠡ᠃ ︽ᠴᠠᠬᠠᠷ ᠬᠤᠨᠢ ᠪᠠ ᠴᠠᠭᠠᠨ ᠢᠳᠡᠭᠡᠨ︾᠎ ᠤ ᠠᠵᠤ ᠦᠢᠯᠡᠰ ᠢ ᠬᠦᠴᠦᠷᠭᠡᠭᠵᠢᠬᠦᠯᠵᠦ᠂ ᠲᠤᠯᠤᠭᠠᠶᠢᠯᠠᠭᠴᠢ ᠠᠵᠤ ᠠᠬᠤᠶᠢᠯᠠᠯ ᠪᠠ ᠮᠠᠯᠴᠢᠳ ᠤᠨ ᠠᠰᠢᠭ ᠲᠤᠰᠠ ᠬᠤᠯᠪᠤᠯᠳᠤᠭᠰᠠᠨ ᠲᠤᠭᠲᠠᠯᠴᠠᠭ᠎ᠠ ᠶᠢ ᠲᠡᠭᠦᠯᠳᠡᠷᠵᠢᠬᠦᠯᠵᠦ᠂ ᠮᠠᠯᠴᠢᠳ ᠤᠨ ᠣᠷᠤᠯᠭ᠎ᠠ ᠶᠢ ᠨᠡᠮᠡᠭᠳᠡᠬᠦᠯᠦᠨ᠎ᠡ᠃ ᠣᠯᠠᠨ ᠨᠡᠶᠢᠲᠡ ᠶᠢᠨ ᠦᠢᠯᠡᠴᠢᠯᠡᠭᠡᠨ ᠤ ᠬᠠᠮᠤᠷᠬᠤ ᠬᠦᠷᠢᠶ᠎ᠡ ᠬᠡᠪᠴᠢᠶ᠎ᠡ ᠶᠢ ᠦᠷᠭᠡᠳᠬᠡᠵᠦ᠂ ᠮᠠᠯᠵᠢᠬᠤ ᠣᠷᠣᠨ ᠤ ᠡᠷᠡᠭᠦᠯ ᠬᠠᠮᠠᠭᠠᠯᠠᠯ᠂ ᠰᠣᠶᠣᠯ ᠲᠠᠮᠢᠷ᠂ ᠨᠡᠶᠢᠭᠡᠮ ᠤᠨ ᠠᠰᠠᠷᠠᠮᠵᠢ ᠶᠢᠨ ᠦᠢᠯᠡᠰ ᠢ ᠠᠬᠢᠭᠤᠯᠵᠤ᠂ ᠮᠠᠯᠴᠢᠳ ᠤᠨ ᠨᠠᠰᠤᠵᠢᠯ ᠤᠨ ᠳᠠᠭᠠᠳᠬᠠᠯ ᠪᠣᠯᠣᠨ ᠡᠮ ᠡᠮᠨᠡᠯᠭᠡ ᠶᠢᠨ ᠳᠠᠭᠠᠳᠬᠠᠯ ᠳᠤ ᠤᠷᠤᠯᠴᠠᠬᠤ ᠨᠤᠷᠮ᠎ᠠ ᠶᠢ ᠳᠡᠭᠡᠭᠰᠢᠯᠡᠬᠦᠯᠦᠨ᠎ᠡ᠃ ᠠᠶᠢᠮᠠᠭ ᠤᠨ ᠲᠠᠰ ᠤᠨ 3 ᠵᠢᠱᠢᠶ᠎ᠡ ᠦᠵᠡᠭᠦᠯᠬᠦ ᠭᠠᠴᠠᠭ᠎ᠠ ᠶᠢᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠶᠢ ᠠᠬᠢᠭᠤᠯᠵᠤ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠦᠳᠡᠯᠦᠩᠬᠦᠢ ᠬᠢᠨᠠᠨ ᠬᠡᠮᠵᠢᠯᠲᠡ ᠪᠠ ᠨᠠᠷᠢᠯᠢᠭ ᠤᠨᠤᠪᠴᠢᠲᠠᠢ ᠪᠠᠷ ᠬᠠᠪᠰᠤᠷᠤᠨ ᠲᠡᠳᠬᠦᠬᠦ ᠲᠤᠭᠲᠠᠯᠴᠠᠭ᠎ᠠ ᠶᠢ ᠪᠥᠬᠦ ᠲᠠᠯ᠎ᠠ ᠪᠠᠷ ᠨᠠᠶᠢᠳᠠᠪᠦᠷᠢᠵᠢᠭᠤᠯᠤᠨ᠂ ᠬᠡᠪᠴᠢᠶᠡᠵᠢᠯ ᠤᠨ ᠴᠢᠨᠠᠷᠲᠠᠢ ᠳᠠᠬᠢᠨ ᠶᠠᠳᠠᠭᠤᠷᠠᠯ ᠡᠬᠦᠰᠬᠦ ᠦᠭᠡᠢ ᠪᠠᠶᠢᠬᠤ ᠶᠢ ᠪᠠᠲᠤ ᠰᠠᠬᠢᠨ᠎ᠠ᠃ ᠶᠠᠳᠠᠭᠤ ᠶᠢ ᠲᠡᠳᠬᠦᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠦᠷ᠎ᠡ ᠠᠰᠢᠭ ᠢ ᠎ ᠨᠢ ᠭᠦᠢᠴᠡᠳ ᠪᠠᠳᠠᠷᠠᠭᠤᠯᠤᠨ᠎ᠠ᠃       ︵ᠳᠥᠷᠪᠡ︶ ᠠᠮᠢ ᠠᠬᠤᠢ ᠶᠢ ᠲᠡᠷᠢᠭᠦᠨ ᠳᠤ ᠲᠠᠯᠪᠢᠨ᠂ ᠪᠣᠬᠢᠷᠳᠤᠯ ᠦᠭᠡᠢ ᠬᠦᠭᠵᠢᠯᠲᠡ ᠶᠢ ᠪᠠᠷᠢᠮᠲᠠᠯᠠᠨ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ  ᠲᠦᠯᠬᠢᠨ ᠠᠬᠢᠭᠤᠯᠤᠨ᠎ᠠ       ᠪᠤᠬᠢᠷᠳᠤᠯ ᠦᠭᠡᠢ ᠬᠦᠭᠵᠢᠯᠲᠡ ᠶᠢ ᠳᠠᠰᠤᠷᠠᠯᠲᠠ ᠦᠭᠡᠢ ᠠᠬᠢᠭᠤᠯᠤᠨ᠎ᠠ᠃ ᠡᠨᠧᠷᠭᠢ᠂ ᠤᠰᠤ᠂ ᠭᠠᠵᠠᠷ ᠰᠢᠷᠤᠢ᠂ ᠮᠠᠲ᠋ᠧᠷᠢᠶᠠᠯ᠂ ᠠᠭᠤᠷᠬᠠᠢ ᠶᠢᠨ ᠡᠬᠢ ᠪᠠᠶ᠋ᠯᠢᠭ ᠢ ᠠᠷᠪᠢᠯᠠᠬᠤ ᠪᠠᠷᠢᠮᠵᠢᠶ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠤᠬᠢᠷᠳᠤᠯ ᠦᠭᠡᠢ ᠲᠣᠣᠷ᠎ᠠ ᠨᠡᠭᠦᠷᠡᠰᠦᠳᠦᠷᠦ᠋ᠭᠴᠢᠲᠦ ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠵᠤ᠂ ᠠᠵᠤ ᠠᠬᠤᠢ ᠨᠡᠶᠢᠭᠡᠮ ᠤᠨ ᠪᠣᠬᠢᠷᠳᠤᠯ ᠦᠭᠡᠢ ᠲᠤᠤᠷ᠎ᠠ ᠨᠡᠭᠦᠷᠡᠰᠦᠳᠦᠷᠦ᠋ᠭᠴᠢᠲᠦ ᠬᠦᠭᠵᠢᠯᠲᠡ ᠶᠢ ᠲᠦᠯᠬᠢᠨ ᠠᠬᠢᠭᠤᠯᠤᠨ᠎ᠠ᠃ ᠡᠯ᠎ᠡ ᠲᠦᠷᠦᠯ ᠤᠨ ᠡᠬᠢ ᠪᠠᠶᠠᠯᠢᠭ ᠢ ᠠᠷᠪᠢᠯᠠᠵᠤ ᠶᠡᠷᠦᠩᠬᠡᠶᠢᠯᠡᠨ ᠠᠰᠢᠭᠯᠠᠬᠤ ᠶᠢ ᠠᠬᠢᠭᠤᠯᠤᠨ᠂ ᠨᠡᠭᠦᠷᠡᠰᠦ᠂ ᠴᠢᠯᠠᠭᠤᠨ ᠮᠠᠲ᠋ᠧᠷᠢᠶᠠᠯ ᠤᠨ ᠬᠠᠶᠠᠭᠳᠠᠮᠠᠯ ᠡᠳ᠋᠂ ᠨᠢᠦᠪᠢ ᠲᠠᠨᠲ᠋ᠠᠯ ᠤᠨ ᠦᠯᠡᠳᠡᠭᠳᠡᠯ ᠠᠭᠤᠷᠬᠠᠢ ᠵᠡᠷᠭᠡ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠨᠤᠷᠮ᠎ᠠ ᠶᠢ ᠳᠡᠭᠡᠭᠰᠢᠯᠡᠭᠦᠯᠦᠨ᠎ᠡ᠃ ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ ᠪᠣᠬᠢᠷᠳᠤᠯ ᠦᠭᠡᠢ ᠴᠠᠬᠢᠯᠭᠠᠨ ᠬᠡᠷᠡᠭᠯᠡᠬᠦ ᠶᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ᠂ ᠡᠨᠧᠷᠭᠢ ᠬᠡᠷᠡᠭᠯᠡᠬᠦ ᠲᠥᠰᠥᠪ ᠤᠨ ᠬᠠᠮᠢᠶᠠᠷᠤᠯᠲᠠ ᠶᠢ ᠴᠢᠩᠭᠠᠷᠠᠭᠤᠯᠤᠨ᠂ ᠭᠤᠣᠯᠳᠠᠯᠭ᠎ᠠ ᠲᠠᠢ ᠡᠨᠧᠷᠭᠢ ᠬᠡᠷᠡᠭᠯᠡᠬᠦ ᠨᠢᠭᠡᠴᠡ ᠶᠢᠨ ᠡᠨᠧᠷᠭᠢ ᠶᠢᠨ ᠬᠤᠷᠣᠭᠳᠠᠭᠤᠯᠤᠯ ᠢ ᠰᠦᠯᠵᠢᠶᠡᠨ ᠳᠡᠭᠡᠷ᠎ᠡ ᠬᠢᠨᠠᠨ ᠬᠡᠮᠵᠢᠬᠦ ᠶᠢ ᠲᠦᠭᠡᠮᠡᠯᠵᠢᠬᠦᠯᠵᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠪᠠ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠡᠨᠧᠷᠭᠢ ᠶᠢ ᠵᠦᠢ ᠵᠤᠬᠢᠰᠲᠠᠢ ᠬᠡᠷᠡᠭᠯᠡᠬᠦ ᠶᠢ ᠪᠠᠲᠤᠯᠠᠨ᠂ ᠠᠮᠢ ᠠᠬᠤᠢ ᠶᠢᠨ ᠨᠡᠭᠦᠷᠡᠰᠦᠲᠥ᠋ᠷᠥᠭᠴᠢ ᠶᠢ ᠬᠤᠷᠠᠮᠳᠤᠭᠤᠯᠤᠨ ᠴᠤᠭᠯᠠᠭᠤᠯᠬᠤ ᠲᠥᠷᠥᠯ ᠵᠦᠢᠯ ᠢ ᠢᠳᠡᠪᠬᠢᠲᠡᠢ ᠪᠠᠷ ᠰᠦᠪᠡᠭᠴᠢᠯᠡᠨ ᠬᠡᠷᠡᠭᠵᠢᠭᠦᠯᠵᠦ᠂ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ ᠪᠠ ᠨᠡᠭᠦᠷᠡᠰᠦᠲᠥ᠋ᠷᠥᠭᠴᠢ ᠶᠢ ᠰᠠᠭᠠᠷᠮᠭᠵᠢᠭᠤᠯᠬᠤ ᠠᠵᠢᠯ ᠢ ᠯᠠᠪᠳᠠᠭᠤᠨ ᠢᠶᠠᠷ ᠠᠬᠢᠭᠤᠯᠤᠨ᠎ᠠ᠃       ᠪᠤᠬᠢᠷᠳᠤᠯ ᠢ ᠰᠡᠷᠭᠡᠶᠢᠯᠡᠨ ᠵᠠᠰᠠᠬᠤ ᠠᠵᠢᠯ ᠢ ᠲᠠᠰᠤᠷᠠᠯᠳᠠ ᠦᠭᠡᠢ ᠴᠢᠩᠭᠠᠳᠬᠠᠨ᠎ᠠ᠃ ᠠᠭᠠᠷ ᠮᠠᠨᠳᠠᠯ ᠤᠨ ᠣᠯᠠᠨ ᠡᠬᠢᠲᠦ ᠪᠣᠬᠢᠷᠳᠤᠯ ᠢ ᠵᠠᠰᠠᠬᠤ ᠶᠢ ᠴᠢᠩᠭᠠᠳᠬᠠᠵᠤ᠂ ᠣᠯᠠᠨ ᠪᠣᠬᠢᠷᠳᠤᠯ ᠪᠣᠳᠠᠰ ᠢ ᠬᠠᠮᠵᠢᠯᠴᠠᠨ ᠡᠵᠡᠮᠳᠡᠬᠦ ᠶᠢ ᠴᠢᠩᠭᠠᠷᠠᠭᠤᠯᠤᠨ᠂ ᠪᠠᠶᠠᠨᠲᠠᠯ᠎ᠠ ᠪᠠᠯᠭᠠᠰᠤ᠂ ᠤᠩᠭᠤᠨ ᠠᠭᠤᠯᠠ ᠰᠣᠮᠣᠨ ᠤ ᠠᠯᠪᠠᠨ ᠠᠰᠠᠷ ᠪᠠ ᠰᠢᠪᠡᠭᠡᠲᠦ ᠭᠠᠴᠠᠭᠠᠨ ᠎ ᠤ ᠮᠠᠯᠴᠢᠳ ᠤᠨ 3 ᠲᠦᠮᠡᠨ ᠲᠡᠭᠰᠢ ᠳᠥᠷᠪᠡᠯᠵᠢᠨ ᠮᠧᠲᠷ ᠲᠠᠯᠠᠪᠠᠢ ᠲᠠᠢ ︽ᠨᠡᠭᠦᠷᠡᠰᠦ ᠶᠢ ᠴᠠᠬᠢᠯᠭᠠᠨ ᠢᠶᠠᠷ ᠤᠷᠤᠯᠠᠭᠤᠯᠬᠤ︾ ᠳᠤᠯᠠᠭᠠᠯᠠᠭ᠎ᠠ ᠶᠢᠨ ᠲᠥᠷᠥᠯ ᠵᠦᠢᠯ ᠢ ᠪᠡᠶᠡᠯᠡᠭᠦᠯᠦᠨ᠎ᠡ᠃ ᠪᠣᠬᠢᠷ ᠤᠰᠤ ᠶᠢ ᠰᠢᠢᠳᠪᠦᠷᠢᠯᠡᠬᠦ ᠦᠢᠯᠡᠳᠪᠦᠷᠢ ᠶᠢᠨ ᠬᠠᠶᠠᠭᠳᠠᠮᠠᠯ ᠤᠰᠤ ᠶᠢ ᠬᠦᠮᠦᠨ ᠤ ᠬᠦᠴᠦᠨ ᠢᠶᠠᠷ ᠵᠣᠬᠢᠶᠠᠮᠠᠯ ᠨᠠᠮᠤᠭ ᠭᠠᠵᠠᠷ ᠪᠤᠯᠭᠠᠨ ᠪᠠᠶᠢᠭᠤᠯᠬᠤ ᠲᠥᠷᠥᠯ ᠵᠦᠢᠯ ᠢ ᠴᠢᠨᠠᠷ ᠰᠠᠶᠢᠲᠠᠢ ᠬᠡᠷᠡᠭᠵᠢᠭᠦᠯᠵᠦ᠂ ᠤᠰᠤ ᠶᠢ ᠲᠠᠬᠢᠨ ᠠᠰᠢᠭᠯᠠᠬᠤ ᠨᠣᠷᠮ᠎ᠠ ᠶᠢ ᠳᠡᠭᠡᠭᠰᠢᠯᠡᠭᠦᠯᠦᠨ᠎ᠡ᠃ ᠡᠮᠨᠡᠯᠭᠡ ᠶᠢᠨ ᠪᠣᠬᠢᠷ ᠤᠰᠤ ᠪᠠ ᠬᠤᠭ ᠨᠣᠪᠰᠢ ᠶᠢ ᠰᠢᠢᠳᠪᠦᠷᠢᠯᠡᠬᠦ ᠠᠵᠢᠯ ᠢ ᠰᠠᠶᠢᠲᠤᠷ ᠬᠢᠵᠦ᠂ ᠮᠠᠯᠵᠢᠬᠤ ᠣᠷᠣᠨ ᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠰᠠᠶᠢᠵᠢᠷᠠᠭᠤᠯᠬᠤ ᠲᠥᠷᠥᠯ ᠵᠦᠢᠯ ᠢ ᠬᠡᠷᠡᠭᠵᠢᠬᠦᠯᠦᠨ᠂ ᠬᠦᠸᠧ ᠹᠧᠩ ᠮᠢᠨ ᠢᠦᠢ ᠮᠠᠯ ᠵᠢᠭᠦᠷᠲᠡᠨ ᠤ ᠢᠯᠭᠠᠳᠠᠰᠤ ᠶᠢ ᠡᠬᠢ ᠪᠠᠶᠠᠯᠢᠭ ᠪᠤᠯᠭᠠᠨ ᠠᠰᠢᠭᠯᠠᠬᠤ ᠶᠢ ᠪᠥᠬᠦ ᠬᠤᠰᠢᠭᠤ ᠪᠠᠷ ᠢᠶᠠᠨ ᠲᠦᠯᠬᠢᠨ ᠠᠬᠢᠭᠤᠯᠬᠤ ᠲᠥᠷᠥᠯ ᠵᠦᠢᠯ ᠢ ᠪᠠᠶᠢᠭᠤᠯᠵᠤ ᠲᠠᠭᠤᠰᠬᠠᠨ ᠠᠰᠢᠭᠯᠠᠯᠲᠠ ᠳᠤ ᠣᠷᠣᠭᠤᠯᠤᠨ᠎ᠠ᠃ 4 ᠭᠠᠴᠠᠭᠠᠨ ᠤ ᠠᠮᠢᠳᠤᠷᠡᠯ ᠤᠨ ᠪᠤᠬᠢᠷ ᠤᠰᠤ ᠶᠢ ᠰᠢᠢᠳᠪᠦᠷᠢᠯᠡᠬᠦ ᠲᠦᠭᠦᠭᠡᠷᠤᠮᠵᠢ ᠶᠢᠨ ᠪᠠᠶᠢᠭᠤᠯᠤᠯᠳᠡ ᠶᠢ ᠳᠠᠭᠤᠰᠬᠠᠨ᠎ᠠ᠃ ᠬᠤᠶᠠᠳᠤᠭᠠᠷ ᠡᠭᠡᠯᠵᠢ ᠶᠢᠨ ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠭᠰᠠᠨ ᠮᠡᠳᠡᠭᠦᠯᠦᠯᠲᠡ ᠶᠢᠨ ᠣᠨ ᠤ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠴᠢᠨᠠᠷ ᠰᠠᠶᠢᠲᠠᠢ ᠪᠡᠶᠡᠯᠡᠬᠦᠯᠦᠨ᠎ᠡ᠃       ᠰᠡᠷᠭᠦᠭᠡᠨ ᠵᠠᠰᠠᠬᠤ ᠠᠵᠢᠯ ᠢ ᠲᠠᠰᠤᠷᠠᠯᠲᠠ ᠦᠭᠡᠢ ᠲᠦᠯᠬᠢᠨ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠵᠡᠭᠦᠨ ᠬᠡᠰᠡᠭ ᠤᠨ ᠲᠠᠯ᠎ᠠ ᠨᠤᠲᠤᠭ ᠤᠨ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠲᠥᠷᠥᠯ ᠵᠦᠢᠯ ᠢ ᠬᠡᠷᠡᠭᠵᠢᠭᠦᠯᠵᠦ᠂ ᠬᠥᠮᠥᠨ ᠤ ᠬᠦᠴᠦ ᠪᠠᠷ 500 ᠮᠦ ᠣᠶᠢᠵᠢᠭᠤᠯᠵᠤ᠂ 5000 ᠮᠦ ᠠᠭᠤᠯᠠ ᠶᠢ ᠪᠢᠲᠡᠭᠦᠮᠵᠢᠯᠡᠨ ᠣᠶᠢᠵᠢᠭᠤᠯᠵᠤ᠂ 500 ᠮᠦ ᠲᠠᠴᠢᠷᠳᠠᠭᠰᠠᠨ ᠭᠠᠵᠠᠷ ᠢ ᠵᠠᠰᠠᠨ ᠰᠡᠷᠭᠦᠭᠡᠵᠦ᠂ ᠬᠥᠮᠥᠨ ᠤ ᠬᠦᠴᠦ ᠪᠠᠷ 6000 ᠮᠦ ᠡᠪᠡᠰᠦ ᠳᠠᠷᠢᠨ᠎ᠠ᠃ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠬᠡᠬᠦ ᠬᠤᠭᠤᠴᠠᠭᠠᠨ ᠳᠠᠬᠢ ᠪᠡᠯᠴᠢᠭᠡᠷᠯᠡᠬᠦᠯᠬᠦ ᠶᠢ ᠲᠥᠷ ᠵᠤᠭᠰᠤᠭᠠᠬᠤ ᠠᠵᠢᠯ ᠢ ᠴᠢᠨᠠᠷ ᠰᠠᠶᠢᠲᠠᠢ ᠪᠡᠶᠡᠯᠡᠭᠦᠯᠵᠦ᠂ ᠰᠢᠨ᠎ᠡ ᠨᠢᠭᠡ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠢ ᠶᠢᠨ ᠨᠦᠬᠦᠪᠦᠷᠢᠯᠡᠨ ᠱᠠᠩᠨᠠᠬᠤ ᠲᠥᠷᠥ ᠶᠢᠨ ᠪᠣᠳᠣᠯᠭ᠎ᠠ ᠶᠢ ᠬᠢᠨᠠᠮᠠᠭᠠᠢ ᠨᠠᠶᠢᠳᠠᠪᠦᠷᠢᠵᠢᠭᠤᠯᠤᠨ᠎ᠠ᠃ ᠣᠶ ᠰᠢᠭᠤᠢ ᠨᠤᠲᠤᠭ ᠪᠡᠯᠴᠢᠭᠡᠷ ᠤᠨ ᠬᠦᠨᠦᠭᠡᠯᠲᠦ ᠪᠣᠳᠠᠰ ᠢ 70 ᠲᠦᠮᠡᠨ ᠮᠦ ᠰᠡᠷᠭᠡᠶᠢᠯᠡᠨ ᠵᠠᠰᠠᠨ᠎ᠠ᠃ ᠦᠶᠡᠷ ᠤᠨ ᠭᠤᠤ ᠶᠢ ᠵᠠᠰᠠᠬᠤ᠂ ᠵᠢᠵᠢᠭ ᠰᠠᠪᠠ ᠤᠷᠤᠰᠬᠠᠯ ᠢ ᠵᠠᠰᠠᠬᠤ᠂ ᠬᠦᠢᠲᠡᠨ ᠭᠤᠣᠯ ᠤᠨ ᠰᠡᠭᠦᠵᠢ ᠭᠠᠴᠠᠭᠠᠨ ᠤ ᠬᠡᠰᠡᠭ ᠎ ᠤᠨ ᠦᠶᠡᠷ ᠢ ᠰᠡᠷᠭᠡᠶᠢᠯᠡᠬᠦ ᠢᠨᠵᠧᠨᠧᠷᠢᠩ ᠵᠡᠷᠭᠡ ᠲᠥᠷᠥᠯ ᠵᠦᠢᠯ ᠢ ᠬᠡᠷᠡᠭᠵᠢᠭᠦᠯᠦᠨ᠎ᠡ᠃ ᠵᠠᠳᠠᠭᠠᠢ ᠠᠭᠤᠷᠬᠠᠢ ᠶᠢᠨ ᠤᠷᠤᠨ ᠤ ᠣᠷᠴᠢᠨ ᠠᠬᠤᠢ ᠶᠢ ᠵᠠᠰᠠᠨ ᠰᠠᠶᠢᠵᠢᠷᠠᠭᠤᠯᠬᠤ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠨ᠎ᠡ᠃ ᠲᠡᠦᠬᠡᠨ ᠬᠠᠶᠠᠭᠳᠠᠮᠠᠯ ᠠᠭᠤᠷᠬᠠᠢ ᠶᠢᠨ ᠨᠦᠬᠡ ᠶᠢ ᠵᠠᠰᠠᠨ ᠰᠠᠶᠢᠵᠢᠷᠠᠭᠤᠯᠬᠤ ᠲᠥᠷᠥᠯ ᠵᠦᠢᠯ ᠤᠨ ᠰᠡᠬᠦᠯᠴᠢ ᠶᠢᠨ ᠠᠵᠢᠯ ᠢ ᠴᠢᠨᠠᠷ ᠰᠠᠶᠢᠲᠠᠢ ᠪᠡᠶᠡᠯᠡᠭᠦᠯᠦᠨ᠎ᠡ᠃        ᠬᠠᠤᠯᠢ ᠬᠡᠷᠡᠭᠵᠢᠬᠦᠯᠬᠦ ᠬᠢᠨᠠᠨ ᠬᠠᠮᠢᠶᠠᠷᠤᠯᠲᠠ ᠶᠢ ᠲᠠᠰᠤᠷᠠᠯᠲᠠ ᠦᠭᠡᠢ ᠴᠢᠩᠭᠠᠳᠬᠠᠨ᠎ᠠ᠃ ᠠᠵᠤ ᠠᠬᠤᠢ ᠶᠢᠨ ᠪᠦᠲᠦᠴᠡ ᠳᠤ ᠲᠣᠬᠢᠷᠠᠭᠤᠯᠤᠯᠲᠠ ᠬᠢᠬᠦ᠂ ᠠᠵᠤ ᠦᠢᠯᠡᠰ ᠤᠨ ᠬᠥᠭᠵᠢᠯᠲᠡ ᠶᠢ ᠲᠥᠯᠥᠪᠵᠢᠭᠦᠯᠬᠦ᠂ ᠬᠤᠲᠠ ᠪᠠᠯᠭᠠᠰᠤᠵᠢᠯᠲᠠ ᠶᠢ ᠲᠦᠯᠬᠢᠨ ᠠᠬᠢᠭᠤᠯᠬᠤ ᠳᠤᠮᠳᠠ ︽ᠭᠤᠷᠪᠠᠨ ᠣᠷᠤᠨ ᠭᠤᠷᠪᠠᠨ ᠱᠣᠭᠤᠮ︾᠎ ᠢ ᠵᠠᠭᠠᠭᠯᠠᠨ ᠲᠣᠭᠲᠠᠭᠠᠭᠰᠠᠨ ᠦᠷ᠎ᠡ ᠪᠦᠲᠦᠭᠡᠯ ᠢ ᠴᠢᠩᠭ᠎ᠠ ᠬᠡᠷᠡᠭᠵᠢᠭᠦᠯᠦᠨ᠎ᠡ᠃ ᠪᠦᠲᠦᠭᠡᠨ ᠪᠠᠶᠢᠭᠤᠯᠤᠯᠲᠠ ᠶᠢᠨ ᠲᠥᠷᠦᠯ ᠵᠦᠢᠯ ᠤᠨ ᠠᠮᠢ ᠠᠬᠤᠢ ᠶᠢᠨ ᠣᠷᠴᠢᠨ ᠲᠤᠭᠤᠷᠢᠨ ᠢ ᠬᠠᠮᠠᠭᠠᠯᠬᠤ ︽ᠭᠤᠷᠪᠠ ᠶᠢ ᠬᠠᠮᠲᠤ ᠳᠤᠨᠢ ᠬᠢᠨᠠᠨ ᠪᠠᠶᠢᠴᠠᠭᠠᠬᠤ︾ ᠬᠠᠮᠢᠶᠠᠷᠤᠯᠲᠠ ᠶᠢ ᠴᠢᠩᠭᠠᠳᠬᠠᠨ᠎ᠠ᠃ ᠭᠤᠣᠯ ᠤᠨ ᠳᠠᠷᠤᠭ᠎ᠠ᠂ ᠤᠢ ᠰᠢᠭᠤᠢ ᠨᠤᠲᠤᠭ ᠪᠡᠯᠴᠢᠭᠡᠷ ᠤᠨ ᠳᠠᠷᠤᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠲᠠᠭᠠᠭᠤᠯᠢ ᠣᠳᠣᠨ ᠵᠢᠷᠤᠭ ᠢᠶᠠᠷ ᠬᠠᠤᠯᠢ ᠬᠡᠷᠡᠭᠵᠢᠬᠦᠯᠵᠦ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠭᠰᠡᠨ ᠠᠵᠢᠯᠯᠠᠭ᠎ᠠ ᠶᠢ ᠢᠯᠡᠴᠢᠯᠡᠨ ᠮᠡᠳᠡᠬᠦᠯᠬᠦ ᠶᠢ ᠱᠠᠩᠨᠠᠨ ᠬᠥᠬᠢᠭᠦᠯᠬᠦ ᠳᠦᠷᠢᠮ ᠢ ᠲᠡᠭᠦᠯᠳᠡᠷᠵᠢᠭᠦᠯᠦᠨ᠂ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠭᠰᠡᠨ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃       ︵ᠲᠠᠪᠤ︶ ᠦᠨᠳᠦᠰᠦᠨ ᠵᠦᠢᠯ ᠢ ᠪᠠᠲᠤᠯᠠᠬᠤ ᠶᠢ ᠴᠢᠬᠤᠯᠠᠴᠢᠯᠠᠨ᠂ ᠴᠢᠳᠠᠯ ᠤᠨ ᠢᠶᠠᠨ ᠬᠢᠷᠢ ᠪᠠᠷ ᠠᠬᠢᠭᠤᠯᠵᠤ ᠂ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠲᠠᠰᠤᠷᠠᠯᠳᠠ ᠦᠭᠡᠢ ᠳᠡᠭᠡᠭᠰᠢᠯᠡᠬᠦᠯᠦᠨ᠎ᠡ       ᠠᠵᠢᠯ ᠣᠯᠭᠤᠯᠲᠠ ᠶᠢ ᠦᠷᠭᠦᠯᠵᠢᠯᠡᠨ ᠲᠤᠭᠲᠠᠪᠤᠷᠢᠵᠢᠭᠤᠯᠤᠨ ᠥᠷᠭᠡᠳᠬᠡᠨ᠎ᠡ᠃ ᠠᠵᠢᠯ ᠤᠯᠭᠤᠯᠲᠠ ᠶᠢ ᠲᠡᠷᠢᠭᠦᠨ ᠳᠤ ᠲᠠᠯᠪᠢᠬᠤ ᠲᠥᠷᠥ ᠶᠢᠨ ᠪᠣᠳᠣᠯᠭ᠎ᠠ ᠶᠢ ᠪᠤᠳᠠᠳᠠᠶᠢᠵᠢᠭᠤᠯᠤᠨ ᠨᠠᠶᠢᠳᠠᠪᠤᠷᠢᠵᠢᠭᠤᠯᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠬᠤᠲᠠ ᠤᠷᠤᠭᠰᠠᠨ ᠮᠠᠯᠴᠢᠳ᠂ ᠴᠡᠷᠢᠭ ᠠᠴᠠ ᠬᠠᠯᠠᠭᠳᠠᠭᠰᠠᠳ᠂ ᠬᠤᠲᠠ ᠪᠠᠯᠭᠠᠰᠤᠨ ᠤ ᠠᠵᠢᠯ ᠠᠯᠳᠠᠭᠰᠠᠳ ᠵᠡᠷᠭᠡ ᠭᠤᠣᠯᠳᠠᠯᠭ᠎ᠠ ᠲᠠᠢ ᠬᠦᠮᠦᠰ ᠤᠨ ᠠᠵᠢᠯ ᠣᠯᠭᠤᠯᠲᠠ ᠶᠢ ᠰᠠᠶᠢᠲᠤᠷ ᠬᠢᠨ᠎ᠡ ᠃ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠤᠯᠪᠠᠰᠤᠷᠠᠯ ᠢ 500 ᠬᠥᠮᠥᠨ ᠤᠳᠠᠭ᠎ᠠ ᠥᠷᠨᠢᠭᠦᠯᠵᠦ᠂ 1000 ᠬᠤᠪᠢ ᠠᠵᠢᠯ ᠤᠨ ᠪᠠᠶᠢᠷᠢ ᠭᠠᠷᠭᠠᠨ᠂ 400 ᠬᠤᠳᠠ ᠪᠠᠯᠭᠠᠰᠤᠨ ᠤ ᠬᠦᠮᠦᠰ ᠲᠤ ᠰᠢᠨ᠎ᠡ ᠪᠠᠷ ᠠᠵᠢᠯ ᠣᠯᠭᠤᠵᠤ᠂ 80 ᠨᠡᠷ᠎ᠡ ᠠᠵᠢᠯ ᠣᠯᠬᠤ ᠳᠤ ᠬᠦᠴᠢᠷᠲᠡᠢ ᠬᠦᠮᠦᠰ ᠲᠤ ᠠᠵᠢᠯ ᠣᠯᠭᠤᠨ᠂ 200 ᠨᠡᠷ᠎ᠡ ᠠᠵᠢᠯ ᠠᠯᠳᠠᠭᠰᠠᠳ ᠲᠤ ᠲᠠᠬᠢᠨ ᠠᠵᠢᠯ ᠤᠯᠭᠤᠨ᠎ᠡ᠃ ᠠᠳᠠᠯ ᠦᠢᠯᠡᠰ ᠪᠤᠰᠬᠠᠬᠤ ᠶᠢ ᠲᠡᠳᠬᠦᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠦᠢᠯᠡᠰ ᠪᠤᠰᠬᠠᠬᠤ ᠬᠦᠷᠢᠶᠡᠯᠡᠩ ᠤᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠪᠠ ᠨᠦᠬᠦᠪᠦᠷᠢ ᠶᠢᠨ ᠲᠥᠷᠥ ᠶᠢᠨ ᠪᠣᠳᠣᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠎ᠠ᠃ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠪᠠᠲᠤᠯᠠᠬᠤ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠨ᠎ᠡ᠃       ᠰᠤᠷᠭᠠᠨ ᠬᠥᠮᠦᠵᠢᠯ ᠤᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠦᠨ᠎ᠡ᠃ ᠤᠯᠤᠰ ᠤᠨ ᠬᠤᠰᠢᠭᠤ ᠰᠢᠶᠠᠨ ᠤ ᠬᠡᠪᠴᠢᠶᠡᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠯᠲᠡ ᠶᠢ ᠦᠨᠡᠯᠡᠨ ᠰᠢᠯᠭᠠᠬᠤ ᠠᠵᠢᠯ ᠢ ᠴᠢᠨᠠᠷ ᠰᠠᠶᠢᠲᠠᠢ ᠪᠡᠶᠡᠯᠡᠭᠦᠯᠵᠦ᠂ ᠡᠯ᠎ᠡ ᠲᠥᠷᠥᠯ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠢ ᠬᠥᠭᠵᠢᠯᠲᠡ ᠶᠢ ᠨᠢᠭᠡᠳᠦᠯᠲᠡᠢ  ᠲᠥᠯᠦᠪᠯᠡᠨ ᠠᠬᠢᠭᠤᠯᠵᠤ᠂ ᠮᠣᠷᠠᠯ ᠢ ᠲᠡᠭᠡᠳᠦᠯᠡᠨ᠂ ᠬᠥᠮᠥᠨ ᠢ ᠬᠥᠮᠥᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠤᠨ᠂ ᠰᠤᠷᠤᠭᠴᠢᠳ ᠤᠨ ᠪᠥᠬᠦ ᠲᠠᠯ᠎ᠠ ᠪᠠᠷ ᠬᠥᠭᠵᠢᠬᠦ ᠪᠠ ᠡᠷᠡᠭᠦᠯ ᠢᠶᠠᠷ ᠦᠰᠦᠨ ᠪᠣᠶᠢᠵᠢᠬᠤ ᠶᠢ ᠠᠬᠢᠭᠤᠯᠤᠨ᠎ᠠ᠃ ᠰᠤᠷᠭᠠᠭᠤᠯᠢ ᠡᠷᠭᠢᠯᠡᠬᠦ ᠵᠠᠭᠪᠤᠷ᠂ ᠬᠠᠮᠢᠶᠠᠷᠤᠯᠲᠠ ᠶᠢᠨ ᠪᠠᠶᠢᠭᠤᠯᠤᠯ᠂ ᠪᠠᠲᠤᠯᠠᠭ᠎ᠠ ᠶᠢᠨ ᠲᠤᠭᠲᠠᠯᠴᠠᠭ᠎ᠠ ᠶᠢᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ ᠰᠤᠷᠭᠠᠭᠤᠯᠢ ᠶᠢᠨ ᠵᠠᠬᠢᠷᠤᠯ᠂ ᠪᠠᠭᠰᠢ ᠶᠢ ᠤᠷᠮᠠᠰᠢᠭᠤᠯᠤᠨ ᠵᠤᠷᠢᠭᠵᠢᠭᠤᠯᠬᠤ ᠲᠤᠭᠲᠠᠯᠴᠠᠭ᠎ᠠ ᠶᠢ ᠲᠡᠭᠦᠯᠳᠡᠷᠵᠢᠭᠦᠯᠵᠦ᠂ ᠨᠠᠷᠠᠲᠤ ᠪᠠᠭᠰᠢ᠂ ᠨᠠᠷᠠᠲᠤ ᠰᠤᠷᠭᠠᠭᠤᠯᠢ ᠶᠢᠨ ᠵᠠᠬᠢᠷᠤᠯ ᠢ ᠬᠥᠮᠥᠵᠢᠭᠦᠯᠬᠦ ᠠᠵᠢᠯ ᠢ ᠰᠠᠶᠢᠲᠤᠷ ᠠᠳᠬᠤᠵᠤ᠂ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠨ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠴᠢᠨᠠᠷ ᠴᠢᠨᠰᠠᠭ᠎ᠠ ᠶᠢ ᠯᠠᠪᠳᠠᠭᠤᠨ ᠢᠶᠠᠷ ᠳᠡᠭᠡᠭᠰᠢᠯᠡᠭᠦᠯᠦᠨ᠎ᠡ᠃ ᠬᠥᠳᠡᠯᠮᠦᠷᠢ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠢ ᠪᠠᠶᠢᠭᠤᠯᠵᠤ ᠂ ᠣᠶᠤᠨᠲᠤ ᠰᠤᠷᠭᠠᠭᠤᠯᠢ ᠶᠢᠨ ᠬᠦᠷᠢᠶᠡᠨ ᠤ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠤᠨ᠎ᠠ᠃       ᠡᠮ ᠡᠮᠨᠡᠯᠭᠡ ᠶᠢᠨ ᠦᠢᠯᠡᠴᠢᠯᠡᠭᠡᠨ ᠤ ᠪᠠᠲᠤᠯᠠᠭ᠎ᠠ ᠶᠢ ᠦᠷᠬᠦᠯᠵᠢᠯᠡᠨ ᠰᠠᠶᠢᠵᠢᠷᠠᠭᠤᠯᠤᠨ᠎ᠠ᠃ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠮ ᠡᠮᠨᠡᠯᠭᠡ ᠶᠢᠨ ᠳᠠᠭᠠᠳᠬᠠᠯ᠂ ᠡᠮᠴᠢᠯᠡᠭᠡᠨ ᠤ ᠬᠠᠮᠳᠤᠷᠠᠭᠰᠠᠨ ᠬᠦᠭᠵᠢᠯᠲᠡ ᠶᠢ ᠠᠬᠢᠭᠤᠯᠤᠨ᠂ ᠣᠷᠣᠨ ᠪᠦᠰᠡ ᠶᠢᠨ ᠡᠮᠴᠢᠯᠡᠭᠡᠨ ᠤ ᠬᠤᠯᠪᠣᠭᠠᠲᠤ ᠴᠣᠭᠴᠠ᠂ ᠬᠤᠰᠢᠭᠤᠨ ᠳᠣᠲᠣᠷᠠᠬᠢ ᠨᠢᠭᠲᠠᠷᠠᠭᠰᠠᠨ ᠬᠡᠯᠪᠡᠷᠢ ᠶᠢᠨ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠵᠤ᠂ ᠡᠮᠴᠢᠯᠡᠭᠡᠨ ᠤ ᠶᠠᠰᠤ ᠴᠢᠨᠠᠷ ᠤᠨ ᠬᠠᠮᠢᠶᠠᠷᠤᠯᠲᠠ ᠶᠢ ᠴᠢᠩᠭᠠᠳᠬᠠᠨ᠂ ᠡᠮᠴᠢᠯᠡᠭᠡᠨ ᠤ ᠦᠢᠯᠡᠴᠢᠯᠡᠭᠡ ᠶᠢᠨ ᠬᠢᠷᠢ ᠲᠥᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠰᠢᠨ᠎ᠡ ᠱᠠᠲᠤ ᠦᠶ᠎ᠡ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠲᠥᠷᠦᠯ ᠤᠨ ᠠᠷᠭ᠎ᠠ ᠬᠡᠮᠵᠢᠶ᠎ᠡ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠣᠯᠠᠨ ᠲᠦᠮᠡᠨ ᠤ ᠡᠪᠡᠳᠴᠢᠨ ᠦᠵᠡᠬᠦᠯᠵᠦ ᠡᠮ ᠬᠡᠷᠡᠭᠯᠡᠬᠦ ᠶᠢ ᠪᠠᠲᠤᠯᠠᠨ᠂ ᠨᠠᠰᠤᠲᠠᠶᠢᠴᠤᠳ ᠪᠠ ᠬᠠᠭᠤᠴᠢᠨ ᠠᠷᠬᠠᠭ ᠡᠪᠡᠳᠴᠢᠨ ᠲᠠᠢ ᠬᠦᠮᠦᠰ ᠤᠨ ᠡᠪᠡᠳᠴᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠵᠤ᠂ ᠡᠷᠡᠭᠦᠯ ᠮᠡᠨᠳᠦ ᠶᠢ ᠪᠠᠲᠤᠯᠠᠬᠤ ᠪᠠ ᠬᠦᠨᠳᠦ ᠡᠪᠡᠳᠴᠢᠨ ᠢ ᠰᠡᠷᠭᠡᠶᠢᠯᠡᠨ᠎ᠡ ᠃ ᠬᠤᠰᠢᠭᠤ ᠠᠷᠠᠳ ᠤᠨ ᠡᠮᠨᠡᠯᠭᠡ ᠶᠢᠨ ᠬᠤᠷᠢᠶᠠᠨ ᠤ ᠪᠠᠷᠢᠮᠵᠢᠶ᠎ᠠ ᠶᠢ ᠳᠡᠭᠡᠭᠰᠢᠯᠡᠬᠦᠯᠦᠨ᠂ ᠴᠢᠳᠠᠮᠵᠢ ᠪᠠᠨ ᠦᠷᠭᠡᠳᠬᠡᠬᠦ ᠪᠠᠶᠢᠭᠤᠯᠤᠯᠲᠠ ᠶᠢ ᠴᠢᠩᠭᠠᠳᠬᠠᠵᠤ᠂ ᠴᠢᠰᠤ ᠨᠡᠪᠴᠢᠭᠦᠯᠦᠨ ᠢᠯᠭᠠᠷᠠᠭᠤᠯᠬᠤ ᠲᠠᠰᠤᠭ ᠢ ᠪᠠᠶᠢᠭᠤᠯᠵᠤ ᠳᠠᠭᠤᠰᠬᠠᠨ᠎ᠠ᠃ ᠮᠤᠩᠭᠤᠯ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠮᠡᠷᠭᠡᠵᠢᠯ ᠤᠨ ᠠᠰᠠᠷ ᠢ ᠪᠠᠶᠢᠭᠤᠯᠵᠤ ᠲᠠᠭᠤᠰᠬᠠᠨ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠵᠤ᠂ ᠴᠢᠳᠠᠮᠵᠢ ᠪᠠᠷ ᠨᠡᠯᠢᠶᠡᠳ ᠪᠦᠷᠢᠨ ᠲᠡᠭᠦᠯᠳᠡᠷ ᠦᠨᠳᠦᠰᠦᠲᠡᠨ ᠤ ᠡᠮ ᠡᠮᠨᠡᠯᠭᠡ ᠡᠷᠡᠬᠦᠯᠵᠢᠯ ᠤᠨ ᠦᠢᠯᠡᠴᠢᠯᠡᠭᠡᠨ ᠤ ᠰᠠᠭᠤᠷᠢᠨ ᠭᠠᠵᠠᠷ ᠢ ᠪᠠᠶᠢᠭᠤᠯᠤᠨ᠎ᠠ᠃ ᠱᠠᠲᠤ ᠬᠤᠪᠢᠶᠠᠨ ᠣᠨᠣᠰᠢᠯᠠᠨ ᠡᠮᠨᠡᠬᠦ ᠶᠢ ᠢᠳᠡᠪᠬᠢᠲᠡᠢ ᠠᠬᠢᠭᠤᠯᠵᠤ᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠬᠤᠷᠢᠶᠠᠨ ᠤ ᠡᠪᠡᠳᠴᠢᠨ ᠢ ᠰᠡᠷᠭᠡᠶᠢᠯᠡᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠦᠨᠳᠦ ᠠᠷᠬᠠᠭ ᠡᠪᠡᠳᠴᠢᠨ ᠤ ᠡᠷᠡᠭᠦᠯ ᠮᠡᠨᠳᠦ ᠶᠢᠨ ᠬᠠᠮᠢᠶᠠᠷᠤᠯᠲᠠ ᠶᠢ ᠴᠢᠩᠭᠠᠳᠬᠠᠨ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠪᠠ ᠡᠷᠡᠬᠦᠯ ᠮᠡᠨᠳᠦ ᠶᠢᠨ ᠮᠡᠳᠡᠯᠭᠡ ᠶᠢᠨ ᠲᠦᠭᠡᠮᠡᠯᠵᠢᠬᠦᠯᠦᠯᠲᠡ᠂ ᠪᠦᠬᠦ ᠠᠷᠠᠳ ᠢᠶᠠᠷ ᠢᠶᠠᠨ ᠪᠡᠶ᠎ᠡ  ᠴᠢᠬᠢᠷᠠᠭᠵᠢᠭᠤᠯᠬᠤ ᠬᠦᠳᠡᠯᠭᠡᠭᠡᠨ ᠵᠡᠷᠭᠡ ᠶᠢ ᠭᠦᠨᠵᠡᠭᠡᠢ ᠥᠷᠨᠢᠭᠦᠯᠵᠦ᠂ ᠪᠦᠬᠦ ᠠᠷᠠᠳ ᠢᠶᠠᠷ ᠢᠶᠠᠨ ᠪᠡᠶ᠎ᠡ ᠴᠢᠬᠢᠷᠠᠭᠵᠢᠭᠤᠯᠬᠤ ᠬᠦᠳᠡᠯᠭᠡᠭᠡᠨ ᠤ ᠲᠠᠯᠠᠪᠤᠷ ᠪᠠᠶᠢᠭᠤᠯᠵᠤ᠂ ᠨᠠᠰᠤᠳᠠᠶᠢᠴᠦᠳ ᠤᠨ ᠪᠡᠶ᠎ᠡ ᠎ ᠶᠢᠨ ᠲᠠᠮᠢᠷ ᠤᠨ ᠨᠡᠶᠢᠭᠡᠮᠯᠢᠭ ᠤᠨ ᠦᠢᠯᠡᠰ ᠤᠨ ᠬᠦᠭᠵᠢᠯᠲᠡ ᠶᠢ ᠳᠡᠮᠵᠢᠵᠦ᠂ ᠡᠷᠡᠭᠦᠯ ᠡᠩᠭᠡ ᠬᠦᠪᠡᠭᠡᠲᠦ ᠰᠢᠷ᠎ᠠ ᠬᠤᠰᠢᠭᠤᠨ ᠤ  ᠪᠠᠶᠢᠭᠤᠯᠤᠯᠲᠠ ᠶᠢ ᠠᠬᠢᠭᠤᠯᠤᠨ᠎ᠠ᠃       ᠨᠡᠶᠢᠭᠡᠮ ᠤᠨ ᠪᠠᠲᠤᠯᠠᠭ᠎ᠠ ᠶᠢᠨ ᠳᠦᠷᠢᠮ ᠢ ᠦᠷᠭᠦᠯᠵᠢᠯᠡᠨ ᠲᠡᠭᠦᠯᠳᠡᠷᠵᠢᠭᠦᠯᠦᠨ᠎ᠡ᠃ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ᠂ ᠡᠮ ᠡᠮᠨᠡᠯᠭᠡ ᠶᠢᠨ ᠳᠠᠭᠠᠳᠬᠠᠯ ᠳᠤ ᠣᠷᠤᠯᠴᠠᠬᠤ ᠨᠤᠷᠮ᠎ᠠ ᠶᠢ ᠳᠡᠭᠡᠭᠰᠢᠯᠡᠭᠦᠯᠵᠦ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠲᠠᠭᠠᠳᠬᠠᠯ ᠪᠠ ᠬᠦᠨᠳᠦ ᠡᠪᠡᠳᠴᠢᠨ ᠤ ᠲᠠᠭᠠᠳᠬᠠᠯ ᠤᠨ ᠪᠠᠲᠤᠯᠠᠭ᠎ᠠ ᠶᠢᠨ ᠬᠢᠷᠢ ᠲᠥᠪᠰᠢᠨ ᠢ ᠳᠡᠭᠡᠭᠰᠢᠯᠡᠬᠦᠯᠵᠦ᠂ ᠮᠤᠵᠢ ᠠᠯᠤᠰᠯᠠᠨ ᠤᠨᠳᠤᠤ ᠭᠠᠵᠠᠷ ᠲᠤ ᠡᠪᠡᠳᠴᠢᠨ ᠦᠵᠡᠬᠦᠯᠦᠭᠰᠡᠨ ᠵᠠᠷᠤᠳᠠᠯ ᠢ ᠰᠢᠭᠤᠳ ᠳᠠᠩᠰᠠ ᠴᠠᠶᠢᠷᠠᠭᠤᠯᠵᠤ ᠪᠤᠯᠬᠤ ᠲᠥᠷᠦ ᠶᠢᠨ ᠪᠣᠳᠣᠯᠭ᠎ᠠ ᠶᠢ ᠬᠡᠷᠡᠭᠵᠢᠬᠦᠯᠦᠨ᠎ᠡ᠃ ᠨᠡᠶᠢᠭᠡᠮ ᠤᠨ ᠠᠪᠤᠷᠠᠨ ᠲᠤᠰᠠᠯᠠᠬᠤ ᠡᠬᠢ ᠪᠠᠶᠠᠯᠢᠭ ᠢ ᠨᠢᠭᠡᠳᠦᠯᠲᠡᠢ ᠲᠥᠯᠦᠪᠵᠢᠬᠦᠯᠬᠦ ᠶᠢ ᠴᠢᠩᠭᠠᠳᠬᠠᠨ᠂ ᠠᠷᠠᠳ ᠤᠨ ᠠᠮᠢᠳᠤᠷᠠᠯ ᠤᠨ ᠠᠪᠤᠷᠠᠨ ᠲᠤᠰᠠᠯᠠᠬᠤ ᠡᠷᠴᠢᠮ ᠢᠶᠠᠨ ᠥᠷᠬᠦᠯᠵᠢᠯᠡᠨ ᠴᠢᠩᠭᠠᠷᠠᠭᠤᠯᠵᠤ᠂ ᠬᠢᠵᠢᠭ ᠭᠡᠮ᠂ ᠭᠠᠩ ᠭᠠᠮᠰᠢᠭ ᠠᠴᠠ ᠪᠤᠯᠵᠤ ᠠᠮᠢᠳᠤᠷᠠᠯ ᠨᠢ ᠬᠦᠴᠢᠷᠲᠡᠢ ᠪᠣᠯᠤᠭᠰᠠᠨ ᠤᠯᠠᠨ ᠲᠦᠮᠡᠨ ᠪᠠ ᠨᠠᠰᠤᠳᠠᠶᠢᠴᠤᠳ᠂ ᠵᠡᠮᠳᠡᠭᠴᠦᠳ ᠪᠠ ᠬᠦᠨᠳᠦ ᠡᠪᠡᠳᠴᠢᠲᠡᠨ ᠵᠡᠷᠭᠡ ᠭᠤᠤᠯᠳᠠᠯᠭ᠎ᠠ ᠎ ᠲᠠᠢ ᠬᠦᠮᠦᠰ ᠤᠨ ᠦᠨᠳᠦᠰᠦᠨ ᠠᠮᠢᠳᠤᠷᠠᠯ ᠢ ᠰᠠᠶᠢᠲᠤᠷ ᠪᠠᠲᠤᠯᠠᠨ᠎ᠠ᠃ ᠨᠡᠶᠢᠭᠡᠮ ᠲᠣᠭᠤᠷᠢᠭ ᠤᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠬᠥᠮᠥᠨ ᠠᠮᠠ ᠶᠢᠨ ᠨᠠᠰᠤᠵᠢᠯᠲᠠ ᠶᠢ ᠢᠳᠡᠪᠬᠢᠲᠡᠢ ᠠᠷᠭᠠᠴᠠᠭᠠᠨ᠂ ᠭᠡᠷ ᠪᠦᠯᠢ ᠶᠢᠨ ᠠᠰᠠᠷᠠᠮᠵᠢ ᠪᠠ ᠨᠡᠶᠢᠭᠡᠮ ᠲᠣᠭᠤᠷᠢᠭ ᠤᠨ ᠪᠠᠶᠢᠭᠤᠯᠤᠮᠵᠢ ᠶᠢᠨ ᠠᠰᠠᠷᠠᠮᠵᠢ ᠶᠢ ᠬᠠᠷᠢᠯᠴᠠᠨ ᠵᠣᠬᠢᠴᠠᠭᠤᠯᠬᠤ᠂ ᠡᠷᠡᠬᠦᠯᠵᠢᠯ ᠪᠡᠶ᠎ᠡ ᠰᠣᠪᠢᠯᠠᠯᠲᠠ ᠶᠢ ᠬᠠᠷᠢᠯᠴᠠᠨ ᠤᠶᠠᠯᠳᠤᠭᠤᠯᠭᠰᠠᠨ ᠨᠠᠰᠤᠳᠠᠶᠢᠴᠦᠳ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠎ᠡ᠃       ︵ᠵᠢᠷᠭᠤᠭ᠎ᠠ︶ ᠬᠥᠳᠡᠯᠭᠡᠭᠴᠢ ᠬᠦᠴᠦᠨ ᠢ ᠢᠳᠡᠪᠬᠢᠵᠢᠬᠦᠯᠦᠨ᠂ ᠬᠦᠴᠦᠨ ᠴᠢᠳᠠᠯ ᠢᠶᠠᠨ ᠨᠢᠭᠲᠠᠷᠠᠭᠤᠯᠵᠤ᠂ ᠨᠡᠶᠢᠭᠡᠮ ᠤᠨ ᠡᠶ᠎ᠡ ᠵᠣᠬᠢᠴᠠᠯ ᠪᠠ ᠠᠮᠤᠷ ᠲᠣᠭᠲᠠᠭᠤᠨ ᠢ ᠪᠠᠲᠤᠯᠠᠨ᠎ᠠ        ᠨᠡᠶᠢᠭᠡᠮ ᠤᠨ ᠪᠣᠯᠪᠠᠰᠤᠨ ᠤ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠬᠦᠯᠦᠨ᠎ᠡ᠃ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢᠨ ᠤᠬᠠᠭᠤᠯᠭ᠎ᠠ ᠬᠥᠮᠦᠵᠢᠯ ᠢ ᠭᠦᠨᠵᠡᠭᠡᠢ ᠥᠷᠨᠢᠭᠦᠯᠦᠨ᠎ᠡ᠃ ᠡᠬᠡ ᠣᠷᠣᠨᠴᠢ ᠦᠵᠡᠯ᠂ ᠨᠡᠶᠢᠲᠡᠴᠢ ᠦᠵᠡᠯ᠂ ᠨᠡᠶᠢᠭᠡᠮ ᠵᠢᠷᠤᠮ ᠤᠨ ᠬᠥᠮᠦᠵᠢᠯ ᠢ ᠬᠦᠨᠵᠡᠭᠡᠶᠢᠷᠡᠬᠦᠯᠦᠨ᠂ ᠬᠥᠳᠡᠯᠮᠦᠷᠢ ᠶᠢᠨ ᠵᠣᠷᠢᠭ ᠰᠠᠨᠠᠭ᠎ᠠ᠂ ᠲᠡᠮᠡᠴᠡᠯ ᠤᠨ ᠵᠣᠷᠢᠭ ᠰᠠᠨᠠᠭ᠎ᠠ᠂ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ᠂ ᠡᠭᠦᠳᠦᠨ ᠪᠦᠲᠦᠭᠡᠬᠦ ᠵᠣᠷᠢᠭ ᠰᠠᠨᠠᠭ᠎ᠠ᠂ ᠠᠵᠢᠯᠴᠢ ᠠᠷᠪᠢᠴᠢ ᠵᠣᠷᠢᠭ ᠰᠠᠨᠠᠭ᠎ᠠ ᠵᠡᠷᠭᠡ ᠳᠤᠮᠳᠠᠳᠤ ᠶᠢᠨ ᠤᠯᠠᠮᠵᠢᠯᠠᠯᠲᠤ ᠰᠤᠷᠲᠠᠯ ᠢ ᠵᠠᠯᠭᠠᠮᠵᠢᠯᠠᠨ ᠪᠠᠳᠠᠷᠠᠭᠤᠯᠵᠤ᠂ ᠡᠯ᠎ᠡ ᠦᠨᠳᠦᠰᠦᠲᠡᠨ ᠤ ᠠᠷᠠᠳ ᠲᠦᠮᠡᠨ ᠤ ᠢᠳᠡᠭᠡᠯ ᠬᠦᠰᠡᠯ᠂ ᠦᠷᠳᠡᠭ ᠤᠨ ᠦᠵᠡᠯᠲᠡ᠂ ᠶᠣᠰᠣ ᠰᠤᠷᠳᠠᠬᠤᠨ ᠤ ᠣᠶᠢᠯᠠᠭᠠᠭᠳᠠᠬᠤᠨ ᠤ ᠲᠠᠯ᠎ᠠ ᠪᠠᠷ ᠨᠡᠩ ᠢᠯᠡᠬᠦᠦ ᠨᠢᠭᠲᠠᠷᠠᠨ ᠪᠦᠯᠬᠦᠮᠳᠡᠬᠦ ᠶᠢ ᠠᠬᠢᠭᠤᠯᠤᠨ᠎ᠠ᠃ ᠰᠢᠨᠵᠢᠯᠡᠭᠡ ᠮᠡᠷᠭᠡᠵᠢᠯ ᠢ ᠲᠦᠭᠡᠮᠡᠯᠵᠢᠭᠦᠯᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠂ ᠪᠦᠬᠦ ᠠᠷᠠᠳ ᠢᠶᠠᠷ ᠢᠶᠠᠨ ᠨᠣᠮ ᠤᠩᠰᠢᠬᠤ ᠶᠢ ᠲᠦᠭᠡᠮᠡᠯᠵᠢᠯᠡᠬᠦᠯᠵᠦ᠂ ᠰᠤᠷᠤᠯᠴᠠᠬᠤ ᠮᠠᠶ᠋ᠢᠭ ᠤᠨ ᠨᠡᠶᠢᠭᠡᠮ ᠢ ᠪᠠᠶᠢᠭᠤᠯᠤᠨ᠎ᠠ᠃        ᠤᠯᠠᠨ ᠲᠦᠮᠡᠨ ᠤ ᠤᠶᠤᠨ ᠰᠠᠨᠠᠭᠠᠨ ᠤ ᠰᠣᠶᠣᠯ ᠤᠨ ᠠᠮᠢᠳᠤᠷᠠᠯ ᠢ ᠪᠦᠬᠦ ᠲᠠᠯ᠎ᠠ ᠪᠠᠷ ᠪᠠᠶᠠᠯᠢᠭᠵᠢᠭᠤᠯᠤᠨ᠎ᠠ ᠃ ᠰᠤᠶᠤᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠤᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠰᠤᠮᠤ ᠪᠠᠯᠭᠠᠰᠤᠨ ᠤ ᠶᠡᠷᠦᠩᠬᠡᠶᠢᠯᠡᠭᠰᠡᠨ ᠰᠣᠶᠣᠯ ᠤᠨ ᠥᠷᠲᠡᠭᠡ᠂ ᠲᠠᠯ᠎ᠠ ᠨᠤᠲᠤᠭ ᠤᠨ ᠨᠣᠮ ᠤᠨ ᠥᠷᠥᠭᠡ ᠵᠡᠷᠭᠡ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠤᠨ ᠦᠢᠯᠡᠳᠦᠯ ᠢ ᠬᠦᠢᠴᠡᠳ ᠪᠠᠳᠠᠷᠠᠭᠤᠯᠤᠨ᠂ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠲᠤᠭᠲᠠᠯᠴᠠᠭ᠎ᠠ ᠶᠢ ᠤᠯᠠᠮ ᠲᠡᠭᠦᠯᠳᠡᠷᠵᠢᠭᠦᠯᠦᠨ᠎ᠡ᠃ ᠤᠯᠠᠭᠠᠨᠮᠥ᠋ᠴᠢᠷ ᠤᠨ ᠦᠢᠯᠡᠰ ᠤᠨ ᠴᠡᠴᠡᠭᠯᠡᠨ ᠬᠦᠭᠵᠢᠯᠲᠡ ᠶᠢ ᠠᠬᠢᠭᠤᠯᠤᠨ᠂ ᠰᠣᠳᠣᠨ ᠪᠦᠲᠦᠭᠡᠯ ᠭᠠᠷᠭᠠᠬᠤ ᠶᠢ ᠢᠯᠡᠬᠦᠭᠡᠨ ᠵᠣᠷᠢᠭᠵᠢᠭᠤᠯᠤᠨ᠎ᠠ᠃ ᠲᠡᠦᠬᠡ ᠶᠢᠨ ᠳᠤᠷᠠᠰᠬᠠᠯᠲᠤ ᠪᠤᠳᠠᠰ ᠢ ᠬᠠᠮᠠᠭᠠᠯᠠᠨ ᠠᠰᠢᠭᠯᠠᠬᠤ ᠪᠠ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠵᠠᠯᠭᠠᠮᠵᠢᠯᠠᠬᠤ ᠠᠵᠢᠯ ᠢ ᠴᠢᠩᠭᠠᠳᠬᠠᠨ᠂ ᠪᠣᠳᠠᠰ ᠤᠨ ᠪᠤᠰᠤ ᠰᠣᠶᠣᠯ ᠤᠨ ᠥᠪ ᠤᠨ ᠦᠵᠡᠰᠬᠦᠯᠡᠩ ᠤᠨ ᠣᠷᠳᠣᠨ ᠤ ᠪᠠᠶᠢᠭᠤᠯᠤᠯᠲᠠ ᠶᠢ ᠲᠦᠯᠬᠢᠨ ᠠᠬᠢᠭᠤᠯᠦᠨ᠎ᠡ᠃         ︽ᠬᠤᠶᠠᠷ ᠢ ᠬᠦᠷᠢᠶᠡᠯᠡᠬᠦ︾ ᠠᠵᠢᠯ ᠢ ᠪᠥᠬᠦ ᠲᠠᠯ᠎ᠠ ᠪᠠᠷ ᠴᠢᠩᠭᠠᠳᠬᠠᠨ᠎ᠠ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠠᠷᠠᠳ ᠤᠨ ᠠᠭᠠᠷ ᠤᠨ ᠰᠡᠷᠭᠡᠶᠢᠯᠡᠯᠲᠡ ᠪᠠ ᠬᠤᠶᠠᠷ ᠢ ᠬᠦᠷᠢᠶᠡᠯᠡᠨ ᠬᠠᠮᠲᠤᠪᠠᠷ ᠪᠠᠶᠢᠭᠤᠯᠬᠤ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠢ ᠬᠦᠷᠢᠶᠡᠯᠡᠬᠦ ᠵᠢᠱᠢᠶᠡᠴᠢ ᠬᠤᠰᠢᠭᠤ︾᠎ ᠶᠢᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠪᠠᠷᠢᠮᠵᠢᠶᠠᠵᠢᠭᠰᠠᠨ ᠪᠦᠲᠦᠭᠡᠨ ᠪᠠᠶᠢᠭᠤᠯᠤᠯᠲᠠ ᠶᠢᠨ ︽ᠲᠠᠪᠤ ᠶᠢ ᠪᠦᠷᠢᠳᠦᠭᠦᠯᠬᠦ︾ ᠱᠠᠭᠠᠷᠳᠠᠯᠭ᠎ᠠ ᠶᠣᠰᠣᠭᠠᠷ᠂ ᠡᠯ᠎ᠡ ᠰᠤᠮᠤ ᠪᠠᠯᠭᠠᠰᠤᠨ ᠤ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ ᠶᠢ ᠲᠠᠰ ᠳᠡᠪᠰᠢᠭᠦᠯᠦᠨ ᠥᠭᠡᠷᠡᠴᠢᠯᠡᠵᠦ᠂ ︽ᠴᠡᠷᠢᠭ ᠠᠴᠠ ᠬᠠᠯᠠᠭᠳᠠᠭᠰᠠᠳ ᠤᠨ ᠭᠡᠷ ᠪᠦᠯᠢ︾᠎ ᠶᠢ ᠪᠠᠶᠢᠭᠤᠯᠤᠨ᠎ᠠ᠃ ᠦᠢᠯᠡᠴᠢᠯᠡᠭᠡ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠦᠵᠡᠯ ᠰᠠᠨᠠᠭ᠎ᠠ ᠤᠯᠤᠰ ᠲᠦᠷᠦ ᠶᠢᠨ ᠪᠠᠶᠢᠭᠤᠯᠤᠯᠲᠠ᠂ ᠣᠨᠴᠠ ᠬᠠᠷᠠᠭᠠᠯᠵᠠᠨ ᠲᠥᠪᠬᠢᠨᠡᠭᠦᠯᠬᠦ᠂ ᠠᠵᠢᠯ ᠣᠯᠭᠤᠵᠤ ᠦᠢᠯᠡᠰ ᠴᠣᠭᠴᠠᠯᠠᠬᠤ᠂ ᠬᠠᠪᠰᠤᠷᠤᠨ ᠲᠡᠳᠬᠦᠵᠦ ᠠᠪᠤᠷᠠᠨ ᠲᠤᠰᠠᠯᠠᠬᠤ᠂ ᠰᠠᠶᠢᠰᠢᠶᠠᠨ ᠬᠥᠬᠢᠭᠦᠯᠵᠦ ᠤᠬᠠᠭᠤᠯᠬᠤ ᠵᠡᠷᠭᠡ ᠠᠵᠢᠯ ᠢ ᠨᠢᠭᠡᠳᠦᠯᠲᠡᠢ ᠲᠥᠯᠦᠪᠵᠢᠬᠦᠯᠦᠨ ᠰᠠᠶᠢᠲᠤᠷ ᠬᠢᠨ᠎ᠡ᠃       ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ᠃ ᠠᠶᠤᠯᠬᠦᠢ ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠠᠶᠤᠯᠭᠦᠢ ᠦᠢᠯᠡᠳᠪᠦᠷᠢᠯᠡᠯ ᠤᠨ ᠠᠶᠤᠯ ᠲᠦᠭᠰᠢᠭᠦᠷᠢ ᠶᠢ ᠲᠤᠰᠬᠠᠢ ᠴᠡᠭᠴᠡᠯᠡᠨ ᠵᠠᠰᠠᠬᠤ ᠶᠢ ᠠᠬᠢᠭᠤᠯᠤᠨ᠂ ᠭᠤᠣᠯᠳᠠᠯᠭ᠎ᠠ ᠲᠠᠢ ᠠᠵᠢᠯ ᠲᠦᠷᠦᠯ᠂ ᠭᠤᠣᠯᠳᠠᠯᠭ᠎ᠠ ᠲᠠᠢ ᠬᠦᠷᠢᠶ᠎ᠡ ᠬᠡᠪᠴᠢᠶᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠡᠯ᠎ᠡ ᠲᠦᠷᠦᠯ ᠤᠨ ᠠᠮᠤᠷ ᠲᠦᠪᠰᠢᠨ ᠤ ᠭᠡᠮ ᠰᠣᠭᠤᠭ ᠢ  ᠪᠦᠳᠦᠮᠵᠢᠳᠡᠢ ᠠᠷᠢᠯᠭᠠᠵᠤ᠂ ᠣᠨᠴᠠ ᠶᠡᠭᠡ ᠬᠡᠷᠡᠭ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠨ᠎ᠠ᠃ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠪᠠ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠂ ᠪᠠᠴᠢᠮ ᠪᠠᠶᠢᠳᠠᠯ ᠢ ᠠᠷᠭᠠᠴᠠᠭᠠᠬᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠵᠢᠴᠢ ᠪᠠᠴᠢᠮ ᠪᠠᠶᠢᠳᠠᠯ ᠢ ᠠᠷᠭᠠᠴᠠᠭᠠᠨ ᠵᠢᠯᠤᠭᠤᠳᠬᠤ ᠲᠠᠪᠴᠠᠩ᠂ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠲᠠᠯᠪᠢᠬᠤ ᠣᠶᠤᠨᠲᠤ ᠲᠠᠪᠴᠠᠩ ᠤᠨ ᠲᠥᠷᠦᠯ ᠵᠦᠢᠯ ᠢ ᠬᠡᠷᠡᠭᠵᠢᠭᠦᠯᠵᠦ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠡᠩᠨᠡᠭᠡᠨ ᠤ  ᠲᠤᠰᠬᠠᠶᠢᠵᠢᠭᠰᠠᠨ ᠬᠢᠷᠢ ᠲᠦᠪᠰᠢᠨ ᠢ ᠳᠡᠭᠡᠭᠰᠢᠯᠡᠬᠦᠯᠦᠨ᠂ ᠭᠠᠮᠰᠢᠭ ᠢ ᠰᠡᠷᠭᠡᠶᠢᠯᠡᠬᠦ ᠭᠠᠮᠰᠢᠭ ᠠᠴᠠ ᠠᠪᠤᠷᠠᠬᠤ ᠪᠠ ᠭᠡᠨᠡᠳᠲᠡ ᠡᠬᠦᠰᠬᠦ ᠬᠡᠷᠡᠭ ᠠᠳᠡᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ ᠨᠡᠮᠡᠭᠳᠡᠭᠦᠯᠦᠨ᠎ᠡ᠃       ᠨᠡᠶᠢᠭᠡᠮ ᠤᠨ ᠵᠠᠰᠠᠯᠲᠠ ᠶᠢ ᠪᠦᠬᠦ ᠲᠠᠯ᠎ᠠ ᠪᠠᠷ ᠰᠢᠨᠡᠴᠢᠯᠡᠬᠦ ᠪᠠ ᠴᠢᠩᠭᠠᠳᠬᠠᠨ᠎ᠠ᠃ ᠬᠠᠤᠯᠢ ᠶᠣᠰᠣᠭᠠᠷ ᠬᠤᠰᠢᠭᠤ ᠪᠠᠨ ᠵᠠᠰᠠᠬᠤ ᠡᠯ᠎ᠡ ᠲᠥᠷᠦᠯ ᠤᠨ ᠠᠵᠢᠯ ᠤᠨ ᠳᠦᠷᠢᠮ ᠢ ᠲᠡᠬᠦᠯᠳᠡᠷᠵᠢᠬᠦᠯᠦᠨ᠂ ᠨᠠᠢᠮᠠᠳᠤᠭᠠᠷ ᠲᠠᠪᠤᠨ ᠵᠢᠯ ᠤᠨ ᠬᠠᠤᠯᠢ ᠴᠠᠭᠠᠵᠠ ᠶᠢ ᠲᠦᠭᠡᠮᠡᠯᠵᠢᠭᠦᠯᠬᠦ ᠠᠵᠢᠯ ᠢ ᠠᠬᠢᠭᠤᠯᠵᠤ᠂ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠎ᠡ᠃ ᠰᠢᠨ᠎ᠡ ᠴᠠᠭ ᠦᠶ᠎ᠡ ᠶᠢᠨ ︽ᠹᠧᠩ ᠴᠢᠶᠤᠤ ᠶᠢᠨ ᠲᠤᠷᠰᠢᠯᠭ᠎ᠠ︾᠎ ᠶᠢ ᠰᠤᠷᠤᠯᠴᠠᠨ ᠲᠦᠭᠡᠮᠡᠯᠵᠢᠬᠦᠯᠵᠦ᠂ ᠨᠢᠭᠡ ᠴᠣᠭᠴᠠᠵᠢᠭᠤᠯᠤᠭᠰᠠᠨ ᠰᠤᠷᠢᠯᠲᠠ ᠶᠢ ᠠᠵᠢᠯᠯᠠᠭᠤᠯᠬᠤ ᠲᠤᠭᠲᠠᠯᠴᠠᠭ᠎ᠠ ᠶᠢ ᠪᠠᠶᠢᠭᠤᠯᠤᠨ᠂ ᠬᠠᠤᠯᠢ ᠴᠠᠭᠠᠵᠠ ᠶᠢᠨ ᠰᠠᠯᠪᠦᠷᠢ ᠶᠢᠨ ᠲᠦᠷᠢᠮᠵᠢᠭᠰᠡᠨ ᠪᠠᠶᠢᠭᠤᠯᠤᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢ ᠥᠷᠨᠢᠭᠦᠯᠵᠦ᠂ ᠵᠠᠬᠢᠳᠠᠯ ᠰᠣᠷᠪᠤᠯᠵᠢᠯᠠᠭ᠎ᠠ ᠶᠢᠨ ᠬᠠᠤᠯᠢᠵᠢᠭᠰᠠᠨ ᠪᠠᠶᠢᠭᠤᠯᠤᠯᠲᠠ ᠶᠢ ᠠᠬᠢᠭᠤᠯᠤᠨ᠂ ᠵᠥᠷᠢᠴᠡᠯ ᠵᠢᠭᠤᠷᠠᠭᠠᠨ ᠢ ᠴᠠᠭ ᠲᠤᠬᠠᠢ ᠳᠤᠨᠢ ᠡᠶᠡᠳᠡᠬᠦᠯᠦᠨ ᠰᠢᠢᠳᠪᠦᠷᠢᠯᠡᠨ᠎ᠡ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠤᠨ᠂ ᠡᠷᠡᠮᠡᠭᠡᠶᠢᠯᠡᠨ ᠳᠠᠪᠰᠢᠭᠰᠠᠨ ᠰᠢᠨ᠎ᠡ ᠴᠠᠭ ᠦᠶ᠎ᠡ ᠶᠢᠨ ᠭᠤᠣᠯ ᠤᠷᠤᠰᠬᠠᠯᠲᠤ ᠦᠵᠡᠯ ᠰᠠᠨᠠᠭ᠎ᠠ ᠶᠠᠷᠢᠶ᠎ᠠ ᠬᠡᠯᠡᠯᠴᠡᠭᠡ ᠶᠢ ᠪᠠᠳᠤᠵᠢᠭᠤᠯᠤᠨ᠎ᠠ᠃ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠳᠤ ᠲᠦᠬᠦᠮ ᠦᠵᠡᠬᠦᠯᠬᠦ ᠤᠳᠠᠰᠤ ᠪᠠᠷ ᠲᠤᠰᠬᠠᠭᠰᠠᠨ ᠠᠷᠠᠳ ᠣᠯᠠᠨ ᠤ ᠭᠤᠶᠤᠴᠢᠯᠠᠯ᠂ ᠬᠦᠰᠡᠯ ᠱᠠᠭᠠᠷᠳᠠᠯᠭ᠎ᠠ ᠳᠤ ᠴᠠᠭ ᠲᠤᠬᠠᠢ ᠳᠤᠨᠢ ᠬᠠᠷᠢᠭᠤᠯᠲᠠ ᠥᠭᠴᠦ ᠰᠢᠢᠳᠪᠦᠷᠢᠯᠡᠨ᠎ᠡ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯ ᠢ ᠪᠠᠶᠢᠩᠭᠤ ᠥᠷᠨᠢᠬᠦᠯᠦᠨ᠂ ᠬᠤᠯᠠᠭᠠᠶᠢᠯᠠᠬᠤ᠂ ᠪᠤᠯᠢᠶᠠᠬᠤ᠂ ᠮᠡᠬᠡᠯᠡᠬᠦ᠂ ᠱᠠᠯᠢᠭ ᠵᠠᠪᠬᠠᠢ᠂ ᠵᠣᠭᠤᠰ ᠨᠠᠭᠠᠳᠬᠤ᠂ ᠬᠤᠣᠷᠲᠤ ᠡᠳ᠋ ᠠᠷᠠᠯᠵᠢᠶᠠᠯᠠᠬᠤ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠵᠠᠯᠬᠠᠭᠠᠨ ᠰᠢᠢᠳᠭᠡᠵᠦ᠂ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ᠂ ᠳᠠᠮᠵᠢᠭᠤᠯᠤᠨ ᠪᠣᠷᠣᠯᠠᠭᠤᠯᠬᠤ ᠵᠡᠷᠭᠡ ᠠᠵᠤ ᠠᠬᠤᠢ ᠶᠢᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠤᠪᠢ ᠬᠥᠮᠥᠨ ᠤ ᠮᠡᠳᠡᠭᠡ ᠵᠠᠩᠭᠢ ᠳᠤ ᠲᠣᠷ᠎ᠠ ᠎ ᠪᠠᠷ ᠬᠠᠯᠳᠠᠬᠤ ᠵᠡᠷᠭᠡ ᠶᠠᠯᠠᠲᠤ ᠠᠵᠢᠯᠯᠠᠭ᠎ᠠ ᠶᠢ ᠴᠡᠭᠴᠡᠯᠡᠨ ᠵᠠᠰᠠᠵᠤ᠂ ᠠᠷᠠᠳ ᠤᠯᠠᠨ ᠤ ᠠᠮᠤᠷ ᠲᠦᠪᠰᠢᠨ ᠤ ᠮᠡᠳᠡᠷᠡᠮᠵᠢ ᠶᠢ ᠳᠡᠭᠡᠭᠰᠢᠯᠡᠭᠦᠯᠦᠨ᠎ᠡ᠃ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠤᠭᠲᠠᠯᠴᠠᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ 2 ᠪᠠᠷᠢᠮᠵᠢᠶᠠᠵᠢᠭᠰᠠᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠰᠠᠯᠪᠦᠷᠢ ᠶᠢ ᠪᠠᠶᠢᠭᠤᠯᠵᠤ᠂ ᠠᠷᠠᠳ ᠣᠯᠠᠨ ᠤ ᠢᠳᠡᠭᠡᠨ ᠤ ᠵᠦᠢᠯᠡᠰ ᠡᠮ ᠤᠨ ᠵᠦᠢᠯᠡᠰ ᠤᠨ ᠠᠮᠤᠷ ᠲᠦᠪᠰᠢᠨ ᠢ ᠦᠨᠡᠨᠬᠦ ᠪᠠᠲᠤᠯᠠᠨ᠎ᠠ᠃ ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠠᠵᠢᠯ ᠢ ᠥᠨᠳᠥᠷ ᠪᠠᠷᠢᠮᠵᠢᠶ᠎ᠠ ᠪᠠᠷ ᠰᠠᠶᠢᠲᠤᠷ ᠠᠳᠬᠤᠨ᠎ᠠ᠃ ᠨᠡᠶᠢᠲᠡ ᠶᠢᠨ ᠠᠰᠠᠷᠠᠮᠵᠢ ᠪᠠ ᠨᠢᠭᠦᠯᠡᠰᠦᠩᠭᠦᠢ ᠦᠢᠯᠡᠰ ᠢ ᠢᠳᠡᠪᠬᠢᠲᠡᠢ ᠬᠥᠭᠵᠢᠭᠦᠯᠦᠨ᠎ᠡ᠃ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠵᠡᠷᠭᠡ ᠤᠯᠠᠨ ᠲᠦᠮᠡᠨᠴᠢ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠢ ᠲᠡᠮᠵᠢᠵᠤ᠂ ᠰᠠᠶᠢᠨ ᠳᠤᠷᠠᠴᠤᠳ ᠵᠡᠷᠭᠡ ᠨᠡᠶᠢᠭᠡᠮ ᠤᠨ ᠬᠦᠴᠦᠨ ᠤ ᠦᠢᠯᠡᠳᠦᠯ ᠢ ᠬᠦᠢᠴᠡᠳ ᠪᠠᠳᠠᠷᠠᠭᠤᠯᠤᠨ᠎ᠠ᠃ ᠡᠮᠡᠭᠲᠡᠶᠢᠴᠦᠳ᠂ ᠬᠡᠦᠬᠡᠳ᠂ ᠨᠠᠰᠤᠲᠠᠶᠢᠴᠤᠳ ᠪᠠ ᠵᠡᠮᠳᠡᠭᠴᠦᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃        ᠦᠨᠳᠦᠰᠦᠲᠡᠨ ᠤ ᠠᠵᠢᠯ ᠢ ᠪᠦᠬᠦ ᠲᠠᠯ᠎ᠠ ᠪᠠᠷ ᠴᠢᠩᠭᠠᠳᠬᠠᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠵᠢᠯᠣᠭᠤᠳᠤᠮᠵᠢ ᠪᠣᠯᠭᠠᠨ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠠᠵᠢᠯ ᠢ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ︽ᠨᠠᠢᠮᠠ ᠶᠢ ᠠᠬᠢᠭᠤᠯᠬᠤ︾ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠡᠯ᠎ᠡ ᠦᠨᠳᠦᠰᠦᠳᠡᠨ ᠤ ᠬᠠᠷᠢᠯᠴᠠᠭ᠎ᠠ ᠶᠠᠪᠤᠯᠴᠠᠭ᠎ᠠ ᠶᠢ ᠠᠬᠢᠭᠤᠯᠤᠨ᠎ᠠ᠃ ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢᠨ ᠬᠠᠤᠯᠢ ᠪᠠᠷ ᠵᠠᠰᠠᠬᠤ ᠬᠢᠷᠢ ᠲᠦᠪᠰᠢᠨ ᠢ ᠳᠡᠭᠡᠭᠰᠢᠯᠡᠭᠦᠯᠵᠦ᠂ ᠡᠯ᠎ᠡ ᠦᠨᠳᠦᠰᠦᠳᠡᠨ ᠤ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃        ︵ᠲᠤᠯᠤᠭ᠎ᠠ︶ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠨ᠂ ᠪᠣᠳᠠᠲᠠᠢ ᠶᠢ ᠡᠷᠬᠢᠮᠯᠡᠵᠦ᠂ ᠠᠷᠠᠳ ᠲᠦᠮᠡᠨ ᠳᠤ ᠮᠡᠳᠡᠷᠡᠭᠳᠡᠭᠰᠡᠨ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠤᠨ᠎ᠠ       ᠤᠯᠤᠰ ᠲᠦᠷᠦ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠨ᠎ᠠ᠃  ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠤ᠂ ︽ᠬᠤᠶᠠᠷ ᠢ ᠲᠣᠭᠲᠠᠭᠠᠬᠤ︾᠎ ᠶᠢ ᠡᠷᠡᠰ ᠬᠠᠮᠠᠭᠠᠯᠠᠵᠤ᠂ ︽ᠲᠦᠷᠪᠡᠨ ᠤᠬᠠᠮᠰᠠᠷ︾᠎ ᠢ ᠴᠢᠩᠭᠠᠳᠬᠠᠨ᠂ ︽ᠲᠦᠷᠪᠡᠨ ᠢᠲᠡᠭᠡᠯ︾᠎ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠬᠦᠯᠦᠨ᠂ ᠤᠯᠤᠰ ᠲᠦᠷᠦ ᠶᠢᠨ ᠵᠣᠭᠰᠣᠯᠲᠠ᠂ ᠤᠯᠤᠰ ᠲᠦᠷᠦ ᠶᠢᠨ ᠴᠢᠭᠯᠡᠯ᠂ ᠤᠯᠤᠰ ᠲᠥᠷᠦ ᠶᠢᠨ ᠵᠠᠷᠴᠢᠮ ᠪᠠ ᠤᠯᠤᠰ ᠲᠥᠷᠦ ᠶᠢᠨ ᠵᠠᠮ ᠱᠣᠭᠤᠮ ᠤᠨ ᠲᠠᠯ᠎ᠠ ᠪᠠᠷ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠶᠢ ᠪᠠᠲᠤᠯᠠᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠣᠶᠤᠨ ᠢᠶᠠᠨ ᠵᠡᠪᠰᠡᠭᠯᠡᠵᠦ᠂ ᠳᠡᠭᠡᠳᠦ ᠱᠠᠲᠤᠨ ᠤ ᠴᠢᠭᠯᠡᠯᠲᠡ ᠲᠦᠷᠦ ᠶᠢᠨ ᠪᠣᠳᠣᠯᠭ᠎ᠠ ᠶᠢ ᠣᠨᠣᠪᠴᠢᠲᠠᠢ ᠡᠵᠡᠮᠰᠢᠵᠦ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ᠂ ᠬᠤᠰᠢᠭᠤ ᠨᠠᠮ ᠤᠨ ᠬᠤᠷᠢᠶᠠᠨ ᠤ ᠡᠯ᠎ᠡ ᠲᠥᠷᠦᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠤᠶᠢᠪᠢᠰᠢ ᠦᠭᠡᠢ ᠨᠠᠶᠢᠳᠠᠪᠤᠷᠢᠵᠢᠭᠤᠯᠬᠤ ᠶᠢ ᠪᠠᠲᠤᠯᠠᠨ᠎ᠠ᠃       ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠢᠮᠠᠭᠲᠠ ᠪᠠᠷᠢᠮᠲᠠᠯᠠᠨ᠎ᠠ᠃ ᠬᠠᠤᠯᠢᠵᠢᠭᠰᠠᠨ ᠵᠠᠰᠠᠭ ᠤᠨ ᠪᠠᠶᠢᠭᠤᠯᠤᠯᠲᠠ ᠶᠢ ᠠᠬᠢᠭᠤᠯᠵᠤ᠂ ᠵᠠᠰᠠᠭ ᠤᠨ ᠣᠷᠳᠣᠨ ᠤ ᠪᠦᠬᠦ ᠠᠵᠢᠯ ᠢ ᠬᠠᠤᠯᠢ ᠶᠤᠰᠤᠭᠠᠷ ᠴᠢᠩᠭ᠎ᠠ ᠵᠠᠰᠠᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶᠠᠨ ᠤ ᠬᠠᠤᠯᠢ ᠴᠠᠭᠠᠵᠠ ᠶᠢᠨ ᠬᠢᠨᠠᠯᠲᠠ ᠪᠠ ᠠᠵᠢᠯ ᠤᠨ ᠬᠢᠨᠠᠯᠲᠠ ᠶᠢ ᠬᠠᠤᠯᠢ ᠶᠤᠰᠤᠭᠠᠷ ᠬᠦᠯᠢᠶᠡᠵᠦ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠪᠠ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠨ ᠠᠪᠴᠤ᠂ ᠨᠡᠶᠢᠭᠡᠮ ᠤᠨ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠦᠬᠦ ᠲᠠᠯ᠎ᠠ ᠪᠠᠷ ᠬᠡᠷᠡᠭᠵᠢᠬᠦᠯᠦᠨ᠂ ᠡᠷᠬᠡ ᠶᠢ ᠢᠯᠡ ᠪᠠᠷ  ᠬᠡᠷᠡᠭᠵᠢᠬᠦᠯᠦᠨ᠎ᠡ᠃ ᠬᠢᠨᠠᠨ ᠪᠣᠳᠣᠯᠲᠠ ᠶᠢᠨ ᠬᠢᠨᠠᠯᠲᠠ ᠶᠢ ᠴᠢᠩᠭᠠᠳᠬᠠᠨ᠎ᠠ᠃ ︽ᠭᠤᠷᠪᠠᠨ ᠴᠢᠬᠤᠯᠠ ᠨᠢᠭᠡ ᠲᠤᠮᠤ︾ ᠬᠠᠮᠲᠤ ᠪᠠᠷ ᠬᠡᠷᠡᠭ ᠵᠥᠪᠯᠡᠵᠦ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠦᠷᠢᠮ ᠢ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨᠴᠢ᠂ ᠠᠷᠠᠳᠴᠢᠯᠠᠯ ᠢᠶᠠᠷ᠂ ᠬᠠᠤᠯᠢ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠦᠨᠡᠨ ᠬᠦ ᠪᠠᠲᠤᠯᠠᠨ᠎ᠠ᠃ ᠬᠠᠤᠯᠢ ᠲᠣᠭᠲᠠᠭᠠᠯ ᠶᠣᠰᠣᠭᠠᠷ ᠬᠢᠭᠰᠡᠨ ᠠᠮᠠᠯᠠᠯᠲᠠ ᠪᠠᠨ ᠪᠡᠶᠡᠯᠡᠭᠦᠯᠵᠦ᠂ ᠨᠡᠶᠢᠭᠡᠮ ᠤᠨ ᠢᠳᠡᠭᠡᠮᠵᠢ ᠪᠠ ᠬᠡᠷᠡᠭᠵᠢᠬᠦᠯᠬᠦ ᠬᠦᠴᠦᠨ ᠢᠶᠠᠨ ᠨᠡᠮᠡᠭᠳᠡᠬᠦᠯᠦᠨ᠎ᠡ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠳᠦᠷᠢᠮ ᠪᠠ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠡᠷᠡᠰ ᠪᠠᠶᠢᠴᠠᠭᠠᠨ ᠰᠢᠢᠳᠪᠦᠷᠢᠯᠡᠵᠦ᠂ ᠲᠥᠪ ᠭᠤᠥᠯᠴᠢ ᠪᠤᠰᠤ ᠪᠣᠯᠪᠠᠰᠤᠨ ᠪᠤᠰᠤ ᠦᠵᠡᠭᠳᠡᠯ ᠢ ᠡᠷᠡᠰ ᠴᠢᠩᠭ᠎ᠠ ᠴᠡᠭᠴᠡᠯᠡᠨ ᠵᠠᠰᠠᠨ᠎ᠡ᠃       ᠨᠠᠮ ᠤᠨ ᠰᠤᠷᠲᠠᠯ ᠪᠠ ᠴᠢᠬᠡᠴᠢ ᠵᠠᠰᠠᠭ ᠤᠨ ᠪᠠᠶᠢᠭᠤᠯᠤᠯᠲᠠ ᠶᠢ ᠭᠦᠨᠵᠡᠭᠡᠢ ᠲᠦᠯᠬᠢᠨ ᠠᠬᠢᠭᠤᠯᠤᠨ᠎ᠠ᠃ ᠨᠠᠮ ᠤᠨ ᠲᠥᠪ ᠬᠤᠷᠢᠶᠠᠨ ᠤ ︽ᠨᠠᠢᠮᠠᠨ ᠵᠤᠷᠪᠤᠰ ᠲᠣᠭᠲᠠᠭᠠᠯ︾ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠲᠦᠷᠪᠡᠨ ᠰᠤᠷᠲᠠᠯ︾᠎ ᠢ ᠵᠠᠯᠠᠷᠠᠭᠤᠯᠬᠤ ᠶᠢ ᠤᠷᠳᠤ ᠬᠤᠭᠤᠴᠠᠭ᠎ᠠ ᠪᠠᠷ ᠪᠠᠷᠢᠮᠲᠠᠯᠠᠨ᠎ᠠ᠃ ᠠᠯᠪᠠᠯᠠᠬᠤ ᠭᠡᠷ ᠪᠠᠶᠢᠰᠢᠩ ᠤᠨ ᠬᠡᠷᠡᠭᠯᠡᠭᠡ ᠶᠢ ᠲᠥᠷᠢᠮᠵᠢᠬᠦᠯᠦᠨ᠂ ᠪᠥᠬᠦ ᠬᠤᠰᠢᠭᠤᠨ ᠤ ᠠᠯᠪᠠᠨ ᠤ ᠲᠡᠷᠭᠡ ᠶᠢ ᠲᠥᠪᠯᠡᠷᠡᠭᠦᠯᠦᠨ ᠨᠢᠭᠡᠳᠦᠯᠲᠡᠢ ᠬᠠᠮᠢᠶᠠᠷᠬᠤ ᠶᠢ ᠪᠡᠶᠡᠯᠡᠭᠦᠯᠵᠦ᠂ ᠠᠷᠪᠢᠯᠠᠨ ᠭᠠᠮᠨᠠᠬᠤ ᠬᠡᠯᠪᠡᠷᠢ ᠶᠢᠨ ᠪᠠᠶᠢᠭᠤᠯᠭ᠎ᠠ ᠶᠢ ᠡᠭᠦᠳᠦᠨ ᠪᠠᠶᠢᠭᠤᠯᠬᠤ ᠶᠢ ᠦᠷᠭᠦᠯᠵᠢᠯᠡᠨ ᠠᠬᠢᠭᠤᠯᠤᠨ᠎ᠠ᠃ ᠠᠷᠪᠢᠯᠠᠨ ᠭᠠᠮᠨᠠᠬᠤ ᠦᠵᠡᠯ ᠰᠠᠨᠠᠭ᠎ᠠ ᠶᠢ ᠪᠤᠢ ᠪᠣᠯᠭᠠᠵᠤ᠂ ︽ᠭᠤᠷᠪᠠᠨ ᠵᠦᠢᠯ ᠤᠨ ᠠᠯᠪᠠᠨ ᠤ ᠵᠠᠷᠤᠳᠠᠯ︾ ᠪᠠ ᠡᠩ ᠤᠨ ᠴᠢᠨᠠᠷᠲᠠᠢ ᠵᠠᠷᠤᠯᠭ᠎ᠠ ᠶᠢ ᠴᠢᠩᠭ᠎ᠠ ᠬᠢᠵᠠᠭᠠᠷᠯᠠᠨ᠎ᠠ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠦᠷᠢ ᠥᠭᠴᠡᠭᠡ ᠪᠠ ᠣᠨ ᠤ ᠥᠷᠢ ᠥᠭᠴᠡᠭᠡ ᠶᠢ ᠠᠷᠢᠯᠭᠠᠬᠤ ᠡᠭᠦᠷᠭᠡ ᠶᠢ ᠪᠡᠶᠡᠯᠡᠭᠦᠯᠵᠦ᠂ ᠥᠷᠢ ᠥᠭᠴᠡᠭᠡᠨ ᠤ ᠬᠡᠮᠵᠢᠶ᠎ᠡ ᠪᠠ ᠠᠶᠤᠯ ᠲᠦᠭᠰᠢᠭᠦᠷᠢ ᠶᠢ ᠪᠠᠭᠠᠰᠬᠠᠨ᠎ᠠ᠃ ᠺᠠᠳ᠋ᠷ ᠢ ᠬᠠᠶᠢᠷᠠᠯᠠᠨ ᠬᠠᠯᠠᠮᠵᠢᠯᠠᠵᠤ᠂ ᠤᠷᠮᠠᠰᠢᠭᠤᠯᠤᠨ ᠬᠢᠵᠠᠭᠠᠠᠷᠯᠠᠠᠬᠤ ᠪᠠ ᠲᠤᠰᠢᠶᠠᠯ ᠢᠶᠠᠨ ᠬᠦᠢᠴᠡᠳᠭᠡᠪᠡᠯ ᠬᠠᠷᠢᠭᠤᠴᠠᠯᠭ᠎ᠠ ᠠᠴᠠ ᠬᠡᠯᠳᠦᠷᠢᠬᠦᠯᠬᠦ ᠲᠤᠭᠲᠠᠯᠴᠠᠭ᠎ᠠ ᠶᠢ ᠲᠡᠬᠦᠯᠳᠡᠷᠵᠢᠬᠦᠯᠦᠨ᠂ ᠬᠠᠷᠢᠭᠤᠴᠠᠯᠭ᠎ᠠ ᠡᠬᠦᠷᠭᠡᠯᠡᠵᠦ᠂ ᠵᠤᠷᠢᠭᠲᠠᠢ ᠠᠵᠢᠯᠯᠠᠭᠰᠠᠳ ᠢ ᠪᠦᠬᠦ ᠬᠦᠴᠦᠨ ᠢᠶᠠᠷ ᠳᠡᠮᠵᠢᠨ᠎ᠡ᠃ ᠲᠡᠰᠪᠦᠷᠢ ᠬᠠᠳᠠᠭᠤᠵᠢᠯᠲᠠᠢ ᠲᠡᠮᠡᠴᠡᠬᠦ ᠡᠷᠬᠢᠮ ᠰᠤᠷᠳᠠᠯ ᠢ ᠦᠷᠬᠦᠯᠵᠢᠯᠡᠨ ᠪᠠᠲᠠᠷᠭᠤᠯᠤᠨ᠎ᠠ᠃ ᠰᠤᠷᠲᠠᠯ ᠴᠢᠬᠡᠴᠢ᠂ ᠣᠪᠣᠷ ᠲᠥᠪ᠂ ᠪᠣᠳᠠᠲᠠᠢ ᠶᠢ ᠡᠷᠬᠢᠮᠯᠡᠵᠦ᠂ ᠴᠢᠷᠮᠠᠶᠢᠨ ᠠᠵᠢᠯᠯᠠᠬᠤ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠪᠤᠢ ᠪᠣᠯᠭᠠᠨ᠎ᠠ᠃        ᠣᠪᠤᠷ ᠰᠤᠷᠲᠠᠯ ᠤᠨ ᠪᠠᠶᠢᠭᠤᠯᠤᠯᠲᠠ ᠶᠢ ᠬᠠᠯᠠᠨ ᠰᠠᠶᠢᠵᠢᠷᠠᠭᠤᠯᠬᠤ ᠪᠠ ᠴᠢᠩᠭᠠᠳᠬᠠᠨ᠎ᠠ᠃ ︽ᠪᠢ ᠬᠦᠮᠦᠨ ᠎ ᠢ ᠬᠦᠷᠬᠦ ᠦᠭᠡᠢ︾᠂ ︽ᠬᠦᠭᠵᠢᠬᠦᠯᠬᠦ ᠶᠢ ᠲᠡᠩᠳᠡᠬᠦᠦ ᠶᠠᠭᠠᠷᠠᠬᠤ ᠬᠡᠷᠡᠭ ᠦᠭᠡᠢ︾᠂ ︽ᠶᠠᠪᠤᠴᠠ ᠶᠢ ᠴᠢᠬᠤᠯᠠᠴᠢᠯᠠᠨ᠂ ᠦᠷ᠎ᠡ ᠳ᠋ᠥᠩ ᠢ ᠤᠮᠳᠤᠭᠠᠶᠢᠯᠠᠬᠤ︾᠂ ︽ᠵᠣᠷ ᠦᠭᠡᠢ ᠪᠣᠯ ᠡᠮ ᠥᠭᠴᠦ ᠴᠢᠳᠠᠬᠤ ᠦᠭᠡᠢ︾᠂ ︽ᠨᠢᠳᠦᠨ ᠡᠮᠦᠨᠡᠬᠢ ᠪᠠᠨ ᠯᠠ ᠬᠠᠷᠠᠵᠤ᠂ ᠠᠯᠤᠰ ᠤᠨ ᠪᠤᠳᠣᠯᠭ᠎ᠠ ᠦᠭᠡᠢ︾᠂ ︽ᠨᠠᠷᠢᠨ ᠵᠦᠢᠯᠡᠰ ᠢ ᠤᠮᠳᠤᠭᠠᠶᠢᠯᠠᠨ᠂ ᠪᠠᠷᠤᠭ ᠲᠥᠯᠦᠪ ᠥᠩᠭᠡᠷᠡᠬᠡᠬᠦ︾᠂ ︽ᠦᠢᠯᠡᠳᠪᠦᠷᠢᠯᠡᠯ ᠢ ᠴᠢᠬᠤᠯᠠᠴᠢᠯᠠᠨ᠂ ᠡᠵᠡᠩᠨᠡᠯᠲᠡ ᠶᠢ ᠤᠮᠳᠤᠭᠠᠶᠢᠯᠠᠬᠤ︾ ᠵᠡᠷᠭᠡ ᠦᠵᠡᠯᠲᠡ ᠪᠣᠳᠣᠯ ᠢ ᠡᠷᠡᠰ ᠲᠡᠪᠴᠢᠵᠤ᠂ ᠬᠦᠪᠡᠭᠡᠳᠦ ᠰᠢᠷ᠎ᠡ ᠬᠤᠰᠢᠭᠤᠨ ᠤ ᠵᠤᠷᠢᠭ ᠰᠠᠨᠠᠭ᠎ᠠ ᠶᠢ ᠤᠯᠠᠮᠵᠢᠯᠡᠨ ᠪᠠᠳᠠᠷᠠᠭᠤᠯᠵᠦ᠂ ᠮᠠᠩᠯᠠᠢ ᠳᠤ ᠨᠢ ᠭᠠᠷᠴᠦ᠂ ᠲᠡᠷᠢᠬᠦᠨ ᠤ ᠬᠢ ᠶᠢ ᠡᠭᠦᠳᠬᠦ ᠪᠠᠷᠢᠮᠵᠢᠶ᠎ᠡ ᠪᠠᠷ ᠠᠵᠢᠯ ᠤᠨ ᠨᠠᠶᠢᠳᠠᠪᠦᠷᠢᠵᠢᠭᠤᠯᠤᠯᠳᠡ ᠶᠢ ᠴᠢᠩᠭ᠎ᠠ ᠠᠳᠬᠤᠨ᠎ᠡ᠃       ᠲᠥᠯᠥᠭᠡᠯᠡᠭᠴᠢᠳ ᠠ᠋︕ ᠭᠠᠭᠴᠠ ᠬᠦ ᠬᠠᠳᠠᠭᠤᠵᠢᠯᠲᠠᠢ ᠲᠡᠮᠡᠴᠡᠵᠦ᠂ ᠰᠢᠨᠲᠠᠷᠠᠰᠢ ᠦᠭᠡᠢ ᠵᠢᠳᠬᠦᠪᠡᠯ ᠰᠠᠶ᠋ᠢ ᠴᠠᠭ ᠦᠶ᠎ᠡ ᠪᠠ ᠠᠷᠠᠳ ᠲᠦᠮᠡᠨ ᠤ ᠬᠦᠰᠡᠯ ᠱᠠᠭᠠᠷᠳᠠᠯᠭ᠎ᠠ ᠲᠠᠢ ᠨᠡᠶᠢᠴᠡᠵᠦ ᠴᠢᠳᠠᠨ᠎ᠠ︕ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠬᠠᠷᠢᠭᠤᠴᠠᠯᠭᠠᠲᠤ ᠤᠬᠠᠮᠰᠠᠷ ᠢᠶᠠᠨ ᠴᠢᠩᠭᠠᠳᠬᠠᠨ᠂ ᠢᠲᠡᠭᠡᠯ ᠵᠣᠷᠢᠭ ᠢᠶᠠᠨ ᠪᠠᠲᠤᠳᠬᠠᠵᠤ᠂ ᠨᠢᠭᠡ ᠰᠡᠳᠬᠢᠯ ᠨᠢᠭᠡ ᠵᠣᠷᠢᠭ ᠢᠶᠠᠷ ᠡᠷᠡᠯᠬᠡᠭᠯᠡᠨ ᠤᠷᠤᠭᠰᠢᠯᠠᠵᠤ᠂ ᠰᠢᠯᠢᠳᠡᠭ ᠬᠢᠷᠢ ᠪᠦᠲᠦᠮᠵᠢ ᠶᠢ ᠲᠠᠬᠢᠨᠳᠡ ᠡᠭᠦᠳᠴᠦ᠂ ᠪᠠᠶᠠᠨ ᠴᠢᠨᠡᠭᠡᠯᠢᠭ ᠪᠣᠯᠪᠠᠰᠤᠨ ᠦᠵᠡᠰᠬᠦᠯᠡᠩᠲᠦ ᠰᠠᠶᠢᠬᠠᠨ ᠵᠣᠯ ᠵᠢᠷᠭᠠᠯᠲᠤ ᠨᠡᠶᠢᠭᠡᠮ ᠵᠢᠷᠤᠮ ᠤᠨ ᠣᠳᠣᠬᠢᠴᠢᠯᠠᠭᠰᠠᠨ ᠬᠥᠪᠡᠭᠡᠲᠦ ᠰᠢᠷ᠎ᠠ ᠬᠤᠰᠢᠭᠤ ᠶᠢ ᠡᠷᠲᠡ ᠨᠢᠭᠡᠨ ᠡᠳᠦᠷ ᠪᠠᠶᠢᠭᠤᠯᠤᠨ ᠴᠣᠭᠴᠠᠯᠠᠬᠤ ᠎ ᠳᠤ ᠪᠠᠲᠤ ᠪᠠᠬᠢ ᠰᠠᠭᠤᠷᠢ ᠶᠢ ᠲᠠᠯᠪᠢᠶ᠎ᠠ᠃ 
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号