2023 ᠤᠨ ᠤ 1 ᠰᠠᠷ᠎ᠠ ᠶᠢᠨ 2 ᠤ ᠡᠳᠤᠷ ᠤᠨ ᠬᠦᠪᠡᠭᠡᠲᠦ ᠰᠢᠷ᠎ᠠ ᠬᠤᠰᠢᠭᠤᠨ ᠤ ᠠᠷᠪᠠᠨ | ᠵᠢᠷᠭᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠤᠳᠠᠭᠠᠨ ᠤ | ᠬᠤᠷᠠᠯᠳᠣᠭᠠᠨ ᠳᠡᠭᠡᠷ᠎ᠡ | ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠯᠢ ᠵᠢᠶᠠᠨ | ᠴᠢᠶᠠᠩ | | | ᠲᠦᠯᠦᠭᠡᠯᠡᠭᠴᠢᠳ ᠡ᠄ | ᠣᠳᠣ ᠪᠢ᠂ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠵᠦ᠂ ᠶᠡᠭᠡ ᠬᠤᠷᠠᠯ ᠳᠤ | ᠠᠵᠢᠯ ᠤᠨ ᠢᠯᠡᠳᠬᠡᠯ ᠬᠢᠶ᠎ᠡ᠂ ᠬᠢᠨᠠᠨ ᠵᠥᠪᠯᠡᠮᠦ᠃ ᠤᠯᠣᠰ ᠲᠦᠷᠥ ᠶᠢᠨ ᠵᠦᠪᠯᠡᠯᠭᠡᠨ ᠤ ᠬᠡᠰᠢᠭᠦᠳ ᠪᠤᠯᠤᠨ | ᠬᠤᠷᠠᠯ ᠳᠤ ᠰᠣᠯᠠ ᠣᠷᠣᠯᠴᠠᠭᠰᠠᠨ ᠨᠦᠭᠦᠳ ᠠᠴᠠ ᠰᠠᠨᠠᠯ ᠢᠶᠠᠨ ᠳᠣᠷᠠᠳᠬᠤ ᠶᠢ ᠬᠦᠰᠡᠶ᠎ᠠ︕ | ᠨᠢᠭᠡ᠂ 2022 ᠣᠨ ᠤ ᠠᠵᠢᠯ ᠤᠨ ᠡᠷᠬᠢᠴᠡᠬᠦᠯᠦᠯ | ᠥᠩᠭᠡᠷᠡᠭᠰᠡᠨ ᠨᠢᠭᠡ ᠵᠢᠯ ᠪᠣᠯ ᠲᠣᠰ ᠬᠤᠭᠤᠴᠠᠭᠠᠨ ᠤ ᠵᠠᠰᠠᠭ ᠤᠨ ᠣᠷᠳᠣᠨ ᠤ ᠬᠠᠤᠯᠢ ᠶᠣᠰᠣᠭᠠᠷ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠭᠰᠡᠨ ᠠᠩᠬᠠᠨ ᠤ ᠵᠢᠯ᠂ ᠮᠦᠨᠴᠦ ᠶᠡᠷᠦ ᠪᠤᠰᠤ ᠶᠢᠨ ᠣᠨᠴᠠᠭᠠᠢ ᠨᠢᠭᠡ ᠵᠢᠯ ᠪᠣᠯᠬᠤ | ᠶᠤᠮ᠃ ᠪᠡᠷᠬᠡ ᠪᠤᠳᠤᠯᠢᠶᠠᠨᠲᠠᠢ ᠠᠵᠤ ᠠᠬᠤᠢ ᠶᠢᠨ ᠪᠠᠶᠢᠳᠠᠯ᠂ ᠢᠯᠠᠩᠭᠤᠶ᠎ᠠ ᠰᠢᠨ᠎ᠡ ᠲᠢᠳᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠬᠦᠨᠳᠦ ᠬᠡᠴᠡᠭᠦᠦ ᠪᠠᠶᠢᠳᠠᠯ ᠤᠨ ᠲᠣᠤᠷ᠎ᠠ᠂ ᠬᠤᠰᠢᠭᠤ ᠵᠠᠰᠠᠭ ᠤᠨ ᠣᠷᠳᠣᠨ ᠨᠢ | ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠠ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ | ᠳᠣᠣᠷ᠎ᠠ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ | ᠬᠢᠨᠠᠯᠲᠠ ᠳᠡᠮᠵᠢᠯᠭᠡ ᠳᠣᠣᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ | ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠮᠵᠢ ᠪᠣᠯᠭᠠᠨ᠂ ᠨᠠᠮ ᠤᠨ ᠠᠷᠪᠠ ᠶᠢᠰᠦᠳᠦᠭᠡᠷ ᠶᠡᠭᠡ | ᠬᠤᠷᠠᠯ᠂ ᠠᠷᠪᠠ ᠶᠢᠰᠦᠳᠦᠭᠡᠷ ᠬᠤᠭᠤᠴᠠᠭᠠᠨ ᠤ ᠡᠯ᠎ᠡ ᠪᠦᠭᠦᠳᠡ ᠬᠤᠷᠠᠯᠳᠤᠭᠠᠨ ᠪᠠ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ | ᠮᠣᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ | ᠨᠠᠶᠢᠳᠠᠪᠦᠷᠢᠵᠢᠭᠤᠯᠤᠨ᠂ ᠳᠣᠭᠲᠠᠭᠤᠨ ᠤ ᠳᠤᠮᠳᠠ ᠯᠠᠪᠳᠠᠭᠤᠨ ᠤᠷᠤᠭᠰᠢᠯᠠᠬᠤ ᠠᠵᠢᠯ ᠤᠨ ᠶᠡᠷᠦᠩᠬᠡᠢ ᠬᠥᠭ ᠠᠶᠢᠵᠢᠮ | ᠪᠠ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠰᠢᠨ᠎ᠡ | ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠬᠦᠢᠴᠡᠳ᠂ | ᠵᠥᠪ ᠤᠨᠤᠪᠴᠢᠲᠠᠢ᠂ ᠪᠦᠬᠦ ᠲᠠᠯ᠎ᠠ ᠪᠠᠷ ᠲᠤᠤᠱᠯᠠᠭᠤᠯᠵᠤ᠂ ᠰᠢᠨ᠎ᠡ ᠬᠦᠭᠵᠢᠯᠲᠡ ᠶᠢᠨ ᠪᠠᠶᠢᠷᠢᠯᠠᠭᠤᠯᠤᠯᠳ᠋ᠨ ᠳᠤ | ᠢᠳᠡᠪᠬᠢᠳᠡᠢ ᠦᠢᠯᠡᠴᠢᠯᠡᠬᠦ ᠪᠠ ᠠᠭᠤᠰᠤᠯᠴᠠᠨ᠂ ᠠᠮᠢ ᠠᠬᠤᠢ ᠶᠢ ᠲᠡᠷᠢᠭᠦᠨ ᠳᠤ ᠲᠠᠯᠪᠢᠨ᠂ ᠪᠣᠬᠢᠷᠳᠤᠯ ᠦᠭᠡᠢ | ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ | ᠦᠭᠡᠢ ᠵᠠᠮᠨᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ | ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠵᠢᠯ ᠤᠨ ᠡᠬᠢᠨ ᠳᠤ ᠲᠣᠭᠲᠠᠭᠠᠭᠰᠠᠨ ᠡᠯ᠎ᠡ ᠲᠥᠷᠦᠯ ᠤᠨ ᠬᠠᠷᠠᠯᠲᠠ | ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠪᠡ᠃ | ︵ᠨᠢᠭᠡ︶ ᠠᠵᠤ ᠠᠬᠤᠢ ᠶᠢᠨ ᠡᠷᠬᠢᠯᠲᠡ ᠶᠢ ᠵᠤᠬᠢᠰᠲᠠᠢ ᠬᠡᠪᠴᠢᠶᠡᠨ ᠳᠤ ᠪᠠᠶᠢᠯᠭᠠᠬᠤ ᠶᠢ ᠪᠠᠲᠤᠯᠠᠪᠠ᠃ | ᠣᠷᠣᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠵᠢᠱᠢᠯᠲᠡ ᠪᠠᠷ 1.0% ᠪᠠᠷ ᠨᠡᠮᠡᠭᠳᠡᠪᠡ᠃ ᠵᠢᠯ ᠤᠨ | ᠡᠬᠢᠨ ᠳᠤ ᠲᠣᠬᠢᠷᠠᠭᠤᠯᠤᠭᠰᠠᠨ 41 ᠭᠤᠣᠯᠳᠠᠯᠭ᠎ᠠ ᠲᠠᠢ ᠲᠥᠷᠦᠯ ᠵᠦᠢᠯ ᠪᠦᠬᠦᠨ ᠢᠶᠠᠷ ᠢᠶᠠᠨ ᠠᠵᠢᠯ ᠡᠬᠢᠯᠡᠵᠦ᠂ 9. | 7 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠤᠯᠲᠠ ᠶᠢ ᠪᠡᠶᠡᠯᠡᠬᠦᠯᠵᠦ᠂ ᠵᠢᠯ ᠤᠨ ᠡᠬᠢᠨ ᠳᠤ ᠲᠤᠭᠲᠠᠭᠠᠭᠰᠠᠨ | ᠡᠬᠦᠷᠭᠡ ᠶᠢ 112.8% ᠪᠠᠷ ᠪᠡᠶᠡᠯᠡᠬᠦᠯᠪᠡ᠃ ᠵᠠᠬ᠎ᠠ ᠳᠡᠯᠭᠡᠭᠦᠷ ᠤᠨ ᠭᠤᠣᠯ ᠴᠣᠭᠴᠠ ᠰᠢᠨ᠎ᠡ ᠪᠠᠷ 464 ᠨᠡᠮᠡᠭᠳᠡᠨ | ᠂ ᠨᠡᠶᠢᠭᠡᠮ ᠤᠨ ᠬᠡᠷᠡᠭᠯᠡᠭᠡᠨ ᠤ ᠪᠤᠳᠠᠰ ᠤᠨ ᠵᠢᠵᠢᠭᠯᠡᠨ ᠪᠤᠷᠤᠯᠠᠭᠤᠯᠤᠭᠰᠠᠨ ᠶᠡᠷᠦᠩᠬᠡᠢ ᠥᠷᠲᠡᠭ ᠵᠢᠱᠢᠯᠲᠡ ᠪᠠᠷ 3.35 | ᠳ᠋ᠦᠩᠰᠢᠭᠤᠷ ᠲᠥᠭᠦᠷᠢᠭ ᠲᠤ ᠬᠦᠷᠴᠦ᠂ 0.1% ᠪᠠᠷ ᠨᠡᠮᠡᠭᠳᠡᠪᠡ᠃ ᠨᠡᠮᠡᠭᠳᠡᠯ ᠦᠷᠳᠡᠭ ᠤᠨ ᠭᠠᠶᠢᠯᠢ ᠶᠢᠨ | ᠦᠯᠡᠳᠡᠭᠳᠡᠯ ᠢ ᠪᠤᠴᠠᠭᠠᠵᠤ ᠲᠦᠯᠦᠬᠦ ᠵᠡᠷᠭᠡ ᠡᠯᠧᠮᠧᠨ᠋ᠲ ᠠᠴᠠ ᠪᠤᠯᠵᠤ᠂ ᠡᠩ ᠤᠨ ᠤᠯᠠᠨ ᠨᠡᠶᠢᠲᠡ ᠶᠢᠨ ᠡᠳ᠋ ᠤᠨ | ᠵᠠᠰᠠᠭ ᠤᠨ ᠲᠥᠰᠥᠪ ᠤᠨ ᠣᠷᠣᠯᠭ᠎ᠠ 1.85 ᠳ᠋ᠦᠩᠰᠢᠭᠤᠷ ᠲᠥᠭᠦᠷᠢᠭ ᠪᠡᠶᠡᠯᠡᠬᠦᠯᠵᠦ᠂ 11.4% ᠪᠠᠷ ᠨᠡᠮᠡᠭᠳᠡᠪᠡ︔ | ᠡᠩ ᠤᠨ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠥᠪ ᠤᠨ ᠵᠠᠷᠤᠯᠭ᠎ᠠ 10.3 ᠳ᠋ᠦᠩᠰᠢᠭᠤᠷ ᠲᠥᠭᠦᠷᠢᠭ | ᠪᠡᠶᠡᠯᠡᠬᠦᠯᠵᠦ᠂ 6.7% ᠪᠠᠷ ᠨᠡᠮᠡᠭᠳᠡᠵᠦ᠂ ᠦᠨᠳᠦᠰᠦᠨ ᠠᠷᠠᠳ ᠤᠨ ᠠᠮᠢᠳᠤᠷᠠᠯ᠂ ᠴᠠᠯᠢᠩ ᠪᠠ ᠡᠷᠬᠢᠯᠲᠡ ᠶᠢ | ᠪᠠᠲᠤᠯᠠᠪᠠ︔ 5797 ᠲᠥᠮᠡᠨ ᠲᠥᠭᠦᠷᠢᠭ ᠤᠨ ᠵᠠᠰᠠᠭ ᠤᠨ ᠴᠢᠨᠠᠷᠲᠠᠢ ᠥᠷᠢ ᠥᠭᠴᠡᠭᠡ ᠶᠢ ᠴᠡᠪᠡᠷᠯᠡᠵᠦ᠂ ᠳᠤᠮᠳᠠ | ᠵᠢᠵᠢᠭ ᠠᠵᠤ ᠠᠬᠤᠶᠢᠯᠠᠯ ᠤᠨ 2993 ᠲᠦᠮᠡᠨ ᠲᠥᠭᠦᠷᠢᠭ ᠤᠨ ᠥᠷᠢ ᠥᠭᠴᠡᠭᠡ ᠶᠢ ᠪᠤᠴᠠᠭᠠᠵᠤ᠂ ᠣᠨ ᠤ | ᠡᠬᠦᠷᠭᠡ ᠪᠠᠨ ᠪᠡᠶᠡᠯᠡᠬᠦᠯᠪᠡ᠃ ᠬᠤᠳᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ | ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠣᠭᠲᠠᠭᠤᠨ ᠢᠶᠠᠷ ᠨᠡᠮᠡᠭᠳᠡᠪᠡ᠃ | ︵ᠬᠤᠶᠠᠷ︶ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ᠂ ᠲᠠᠰ ᠳᠡᠪᠰᠢᠬᠦ ᠠᠬᠢᠴᠠ ᠶᠢ | ᠲᠦᠷᠭᠡᠳᠬᠡᠪᠡ᠃ ᠮᠠᠯ ᠠᠵᠤ ᠠᠬᠤᠢ ᠶᠢᠨ ᠰᠠᠭᠤᠷᠢ ᠶᠢ ᠦᠷᠬᠦᠯᠵᠢᠯᠡᠨ ᠪᠠᠬᠢᠵᠢᠬᠦᠯᠪᠡ᠃ 20.6 ᠲᠦᠮᠡᠨ | ᠲᠤᠯᠤᠭᠠᠢ ᠲᠥᠯ ᠲᠤᠰᠴᠤ᠂ ᠣᠨᠳᠣᠷᠣᠯᠲᠠ ᠶᠢᠨ ᠨᠣᠷᠮ᠎ᠠ 99.9% ᠳᠤ ᠬᠦᠷᠴᠦ᠂ ᠮᠠᠯ ᠤᠨ ᠭᠠᠷᠭᠠᠯᠲᠠ 19.7 | ᠲᠥᠮᠡᠨ ᠲᠤᠯᠤᠭᠠᠢ ᠳᠤ ᠬᠦᠷᠪᠡ᠃ 2.6 ᠲᠦᠮᠡᠨ ᠲᠣᠯᠣᠭᠠᠢ ᠦᠬᠡᠷ ᠤᠨ ᠡᠭᠦᠯᠳᠡᠷ ᠰᠠᠶᠢᠵᠢᠷᠠᠭᠤᠯᠵᠦ᠂ 700 | ᠲᠣᠯᠣᠭᠠᠢ ᠰᠢᠯᠢᠳᠡᠭ ᠡᠭᠦᠯᠳᠡᠷ ᠤᠨ ᠮᠢᠬᠠᠨ ᠤ ᠦᠬᠡᠷ ᠢ ᠣᠷᠣᠭᠤᠯᠤᠨ ᠠᠪᠴᠢᠷᠠᠵᠤ᠂ ᠰᠢᠮᠧᠨ᠋ᠲᠷ ᠦᠬᠡᠷ ᠤᠨ | ᠭᠤᠣᠯᠳᠠᠯᠭᠠᠲᠤ ᠰᠦᠷᠦᠭ ᠪᠤᠶᠢᠵᠢᠭᠤᠯᠤᠭᠰᠠᠠᠨ ᠡᠷᠦᠬᠡ 18 ᠪᠣᠯᠵᠤ᠂ ᠬᠤᠸᠠ ᠰᠢ ᠦᠭᠡᠷ ᠤᠨ ᠡᠬᠦᠯᠳᠡᠷ ᠤᠨ | ᠪᠣᠶᠢᠵᠢᠭᠤᠯᠤᠯᠲᠠ ᠶᠢ ᠲᠤᠭᠲᠠᠭᠠᠬᠤ ᠠᠵᠢᠯ ᠢ ᠪᠡᠶᠡᠯᠡᠬᠦᠯᠪᠡ᠃ ᠴᠠᠬᠠᠷ ᠬᠤᠨᠢᠨ ᠤ ᠭᠤᠣᠯᠳᠠᠯᠭᠠᠲᠤ ᠰᠦᠷᠦᠭ | ᠪᠤᠶᠢᠵᠢᠭᠤᠯᠤᠭᠰᠠᠠᠨ ᠡᠷᠦᠬᠡ 213 ᠪᠣᠯᠵᠤ᠂ ᠡᠪᠦᠯᠵᠢᠬᠦ ᠮᠠᠯ ᠤᠨ ᠲᠤᠭ᠎ᠠ 21.5 ᠲᠥᠮᠡᠨ ᠲᠤᠯᠤᠭᠠᠢ ᠳᠤ ᠬᠦᠷᠪᠡ᠃ | ᠴᠠᠬᠠᠷ ᠬᠤᠨᠢᠨ ᠤ ᠦᠷ᠎ᠡ ᠶᠢᠨ ᠮᠠᠯ ᠤᠨ ᠲᠠᠯᠠᠪᠠᠢ ᠨᠢ ᠥᠪᠡᠷᠲᠡᠭᠡᠨ ᠵᠠᠰᠠᠬᠤ ᠣᠷᠤᠨ ᠤ ᠲᠡᠰ ᠤᠨ ᠡᠬᠦᠯᠳᠡᠷ | ᠪᠤᠶᠢᠵᠢᠭᠤᠯᠬᠤ ᠲᠠᠯᠠᠪᠠᠢ ᠪᠠᠷ ᠨᠤᠲᠠᠯᠠᠨ ᠲᠤᠭᠲᠠᠭᠠᠭᠳᠠᠵᠤ᠂ ᠴᠠᠬᠠᠷ ᠬᠤᠨᠢᠨ ᠤ ᠠᠵᠤ ᠦᠢᠯᠡᠰ ᠤᠨ ᠶᠡᠭᠡ ᠳ᠋ᠡᠶᠢᠲ᠋ᠠ | ᠶᠢᠨ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠬᠤ ᠢᠨᠵᠧᠨᠧᠷᠢᠩ ᠢ ᠪᠡᠶᠡᠯᠡᠬᠦᠯᠪᠡ᠃ 1500 ᠮᠦ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠢ ᠪᠠᠶᠢᠭᠤᠯᠵᠤ᠂ 1 ᠲᠦᠮᠡᠨ ᠮᠦ ᠮᠣᠷᠢᠨ ᠲᠡᠰᠭᠢ ᠲᠠᠷᠢᠵᠤ ᠪᠤᠶᠢᠵᠢᠭᠤᠯᠬᠤ | ᠰᠠᠭᠤᠷᠢᠨ ᠭᠠᠵᠠᠷ ᠪᠠ 50 ᠮᠦ ᠮᠣᠷᠢᠨ ᠲᠡᠰᠭᠢ ᠶᠢᠨ ᠴᠢᠬᠢ ᠪᠣᠶᠢᠵᠢᠭᠤᠯᠬᠤ ᠰᠠᠭᠤᠷᠢᠨ ᠭᠠᠵᠠᠷ ᠢ ᠦᠷᠭᠦᠯᠵᠢᠯᠡᠨ | ᠪᠠᠶᠢᠭᠤᠯᠪᠠ᠃ 7 ᠰᠠᠭᠠᠯᠢ ᠶᠢᠨ ᠦᠨᠢᠶᠡᠨ ᠤ ᠳᠤᠮᠳᠠ ᠵᠢᠵᠢᠭ ᠮᠠᠯᠵᠢᠯ ᠤᠨ ᠲᠠᠯᠠᠪᠠᠶ ᠶᠢ ᠲᠠᠰ ᠳᠡᠪᠰᠢᠭᠦᠯᠦᠨ | ᠥᠭᠡᠷᠡᠴᠢᠯᠡᠵᠦ᠂ 4 ᠪᠠᠷᠢᠮᠵᠢᠶᠠᠵᠢᠭᠰᠠᠨ ᠴᠠᠭᠠᠨ ᠢᠳᠡᠭᠡᠨ ᠤ ᠭᠠᠷ ᠦᠢᠯᠡᠳᠬᠡᠯ ᠤᠨ ᠭᠠᠵᠠᠷ ᠢ ᠪᠠᠶᠢᠭᠤᠯᠵᠤ᠂ 9 | ᠴᠠᠭᠠᠨ ᠢᠳᠡᠭᠡᠨ ᠤ ᠭᠠᠷ ᠦᠢᠯᠡᠳᠭᠡᠯ ᠤᠨ ᠭᠠᠵᠠᠷ ᠨᠢ ᠴᠠᠭᠠᠨ ᠢᠳᠡᠭᠡᠨ ᠤ ᠠᠵᠤ ᠦᠢᠯᠡᠰ ᠤᠨ ᠬᠦᠷᠢᠶᠡᠯᠡᠩ ᠳᠤ | ᠰᠢᠨ᠎ᠡ ᠪᠠᠷ ᠨᠡᠬᠦᠨ ᠤᠷᠤᠵᠤ᠂ 2 ᠴᠠᠭᠠᠨ ᠢᠳᠡᠭᠡᠨ ᠤ ᠭᠠᠷ ᠦᠢᠯᠡᠳᠭᠡᠯ ᠤᠨ ᠭᠠᠵᠠᠷ ᠨᠢ ᠰᠢᠯᠢ ᠶᠢᠨ ᠭᠤᠣᠯ ᠤᠨ | ᠬᠤᠷᠤᠳ ᠤᠨ ᠭᠠᠵᠠᠷ ᠤᠷᠤᠨ ᠤ ᠨᠡᠶᠢᠲᠡᠯᠢᠭ ᠨᠡᠷᠡᠲᠦ ᠲᠡᠮᠳᠡᠭᠳᠦ ᠪᠠ ᠭᠠᠵᠠᠷ ᠵᠦᠢ ᠶᠢᠨ ᠵᠢᠭᠠᠯᠲᠠ ᠶᠢᠨ | ᠬᠡᠷᠡᠴᠢᠯᠡᠭᠡᠨ ᠤ ᠲᠠᠸᠠᠷ ᠤᠨ ᠲᠡᠮᠳᠡᠭ ᠤᠨ ᠬᠢᠷᠢ ᠬᠡᠮ ᠤᠨ ᠡᠷᠬᠡ ᠶᠢ ᠤᠷᠢᠳᠴᠢᠯᠠᠨ ᠣᠯᠵᠤ᠂ ᠴᠠᠭᠠᠨ ᠢᠳᠡᠭᠡᠨ ᠤ | ᠰᠢᠯᠭᠠᠨ ᠪᠠᠶᠢᠴᠠᠭᠠᠯᠲᠠ ᠶᠢᠨ ᠲᠥᠪ ᠨᠢ CMA ᠵᠥᠪᠰᠢᠶᠡᠷᠡᠯ ᠤᠨ ᠬᠢᠷᠢ ᠬᠡᠮ ᠢ ᠬᠦᠷᠲᠡᠪᠡ᠃ ᠠᠭᠤᠯᠠᠨᠲᠤ ᠭᠡᠷ | ᠪᠦᠯᠢ ᠶᠢᠨ ᠮᠠᠯᠵᠢᠯ ᠤᠨ ᠲᠠᠯᠠᠪᠠᠢ ᠨᠢ ᠠᠶᠢᠮᠠᠭ ᠤᠨ ᠲᠡᠰ ᠤᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠭᠡ | ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠢᠶᠠᠷ ᠦᠨᠡᠯᠡᠨ ᠲᠤᠭᠲᠠᠭᠠᠭᠳᠠᠪᠠ᠃ ᠳ᠋ᠠ ᠳ᠋ᠢ ᠠᠮᠢᠳᠤ | ᠪᠤᠳᠠᠰ ᠤᠨ ᠺᠤᠮᠫᠠᠨᠢ ᠨᠢ ᠠᠶᠢᠮᠠᠭ ᠤᠨ ᠲᠡᠰ ᠤᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠭᠰᠡᠨ | ᠲᠤᠯᠤᠭᠠᠶᠢᠯᠠᠭᠴᠢ ᠠᠵᠤ ᠠᠬᠤᠶᠢᠯᠠᠯ ᠢᠶᠠᠷ ᠦᠨᠡᠯᠡᠭᠳᠡᠪᠡ᠃ 31 ᠭᠡᠷ ᠪᠦᠯᠢ ᠶᠢᠨ ᠮᠠᠯᠵᠢᠯ ᠤᠨ ᠲᠠᠯᠠᠪᠠᠶ ᠶᠢ | ᠰᠢᠨ᠎ᠡ ᠪᠠᠷ ᠨᠤᠲᠠᠯᠠᠨ ᠳᠣᠭᠲᠠᠭᠠᠵᠤ᠂ 10 ᠬᠤᠰᠢᠭᠤ ᠲᠠᠰ ᠤᠨ ᠵᠢᠱᠢᠶ᠎ᠡ ᠦᠵᠡᠭᠦᠯᠬᠦ ᠭᠡᠷ ᠪᠦᠯᠢ ᠶᠢᠨ ᠮᠠᠯᠵᠢᠯ ᠤᠨ | ᠲᠠᠯᠠᠪᠠᠶ᠂ 2 ᠬᠤᠰᠢᠭᠤ ᠲᠠᠰ ᠤᠨ ᠵᠢᠱᠢᠶ᠎ᠡ ᠦᠵᠡᠭᠦᠯᠬᠦ ᠬᠤᠷᠰᠢᠶᠠᠵᠢᠯ ᠢ ᠡᠬᠦᠳᠦᠨ ᠪᠠᠶᠢᠭᠤᠯᠪᠠ᠃ ᠠᠵᠤ | ᠦᠢᠯᠡᠳᠪᠦᠷᠢ ᠶᠢᠨ ᠠᠵᠤ ᠠᠬᠤᠢ ᠲᠤᠭᠲᠠᠭᠤᠨ ᠢᠶᠠᠷ ᠬᠦᠭᠵᠢᠪᠡ᠃ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ | ᠦᠢᠯᠡᠳᠬᠦᠨ ᠤ ᠥᠷᠲᠡᠭ ᠨᠢ ᠵᠢᠱᠢᠯᠲᠡ ᠪᠠᠷ 15.8 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠠᠴᠠ 6% ᠪᠠᠷ ᠨᠡᠮᠡᠭᠳᠡᠪᠡ᠃ 21 ᠳ᠋ᠦᠩᠰᠢᠭᠤᠷ ᠺᠢᠯᠣᠸᠠᠲ ᠴᠠᠭ ᠴᠠᠬᠢᠯᠭᠠᠨ ᠭᠠᠷᠭᠠᠵᠤ᠂ 65 | ᠲᠦᠮᠡᠨ ᠲᠣᠨ ᠨᠡᠭᠦᠷᠡᠰᠦ ᠦᠢᠯᠡᠳᠪᠦᠷᠢᠯᠡᠵᠦ᠂ 3.2 ᠲᠦᠮᠡᠨ ᠲᠣᠨ ᠲᠦᠭᠦᠬᠡᠢ ᠴᠢᠯᠠᠭᠤᠨ ᠲᠣᠰᠣ ᠪᠣᠷᠣᠯᠠᠭᠤᠯᠵᠤ᠂ | 150 ᠲᠦᠮᠡᠨ ᠲᠡᠭᠰᠢ ᠳᠥᠷᠪᠡᠯᠵᠢᠨ ᠮᠧᠲᠷ ᠴᠢᠯᠠᠭᠤᠨ ᠮᠠᠲ᠋ᠧᠷᠢᠶᠠᠯ ᠦᠢᠯᠡᠳᠪᠦᠷᠢᠯᠡᠵᠦ᠂ ᠦᠢᠯᠡᠳᠬᠦᠨ ᠤ ᠥᠷᠳᠡᠭ | ᠨᠢ ᠴᠦᠮ ᠨᠡᠮᠡᠭᠳᠡᠪᠡ᠃ ᠨᠢᠦᠪᠢ ᠲᠠᠨᠲ᠋ᠠᠯ ᠤᠨ ᠠᠭᠤᠷᠬᠠᠢ ᠶᠢᠨ ᠮᠠᠯᠲᠠᠵᠤ ᠰᠣᠩᠭᠤᠬᠤ ᠲᠥᠷᠦᠯ ᠵᠦᠢᠯ᠂ ᠯᠢᠲ᠋ᠢ ᠶᠢᠨ | ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠲᠥᠷᠦᠯ ᠵᠦᠢᠯ ᠤᠷᠤᠭᠰᠢᠲᠠᠢ ᠶᠠᠪᠤᠭᠳᠠᠪᠠ᠃ ᠤᠯᠤᠰ ᠤᠨ | ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢᠨ ᠡᠭᠦᠷᠭᠡ ᠶᠢ | ᠪᠡᠶᠡᠯᠡᠬᠦᠯᠪᠡ᠃ ᠰᠢᠶᠧ ᠰᠢᠨ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠠᠵᠤ ᠠᠬᠤᠶᠢᠯᠠᠯ ᠨᠢ ᠠᠮᠵᠢᠯᠲᠠᠲᠠᠢ ᠪᠠᠷ | ᠪᠠᠷᠢᠮᠵᠢᠶ᠎ᠠ ᠳᠠᠪᠠᠪᠠ᠃ ᠨᠡᠭᠡᠭᠡᠨ ᠬᠥᠭᠵᠢᠭᠦᠯᠬᠦ ᠲᠤᠭᠤᠷᠢᠭ ᠤᠨ ᠬᠡᠷᠡᠭ ᠤᠨ ᠵᠢᠱᠢᠶ᠎ᠡ ᠪᠠᠷ ᠬᠠᠯᠠᠨ ᠰᠠᠶᠢᠵᠢᠷᠠᠭᠤᠯᠬᠤ | ᠠᠵᠢᠯ ᠢ ᠴᠢᠨᠠᠷ ᠰᠠᠶᠢᠲᠠᠢ ᠪᠡᠶᠡᠯᠡᠭᠦᠯᠪᠡ᠃ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠡᠷᠡᠬᠦᠯ ᠢᠶᠠᠷ ᠬᠦᠭᠵᠢᠪᠡ᠃ | ᠡᠯᠧᠺᠲᠷᠣᠨ ᠬᠤᠳᠠᠯᠳᠤᠭᠠᠨ ᠤ ᠶᠠᠪᠤᠳᠠᠯ ᠢ ᠮᠠᠯᠵᠢᠬᠤ ᠣᠷᠣᠨ ᠳᠤ ᠣᠷᠣᠭᠤᠯᠬᠤ ᠶᠡᠷᠦᠩᠬᠡᠶᠢᠯᠡᠭᠰᠡᠨ ᠵᠢᠱᠢᠶ᠎ᠡ | ᠦᠵᠡᠭᠦᠯᠬᠦ ᠬᠤᠰᠢᠭᠤ ᠶᠢ ᠪᠠᠶᠢᠭᠤᠯᠬᠤ ᠲᠥᠷᠥᠯ ᠵᠦᠢᠯ ᠢ ᠯᠠᠪᠳᠠᠭᠤᠨ ᠠᠬᠢᠭᠤᠯᠵᠤ᠂ ᠭᠤᠷᠪᠠᠳᠤᠭᠠᠷ ᠳᠡᠰ ᠤᠨ | ᠪᠠᠷᠠᠭᠠᠨ ᠤ ᠬᠦᠢᠯᠭᠡᠭᠡ ᠶᠢᠨ ᠰᠢᠰᠲ᠋ᠧᠮ ᠨᠢ ᠮᠠᠯᠵᠢᠬᠤ ᠣᠷᠣᠨ ᠤ 60 ᠭᠠᠴᠠᠭ᠎ᠠ ᠶᠢ ᠬᠠᠮᠤᠷᠴᠦ᠂ 330 ᠬᠥᠮᠥᠨ | ᠤᠳᠠᠭᠠᠨ ᠤ ᠡᠯᠧᠺᠲᠷᠣᠨ ᠬᠤᠳᠠᠯᠳᠤᠭᠠᠨ ᠤ ᠪᠤᠯᠪᠠᠰᠤᠷᠠᠯ ᠡᠷᠬᠢᠯᠡᠪᠡ᠃ ᠢᠲᠡᠭᠡᠮᠵᠢᠲᠦ ᠵᠢᠭᠡᠯᠡᠯᠭᠡ ᠶᠢᠨ ᠪᠦᠲᠦᠴᠡ ᠶᠢ | ᠦᠷᠭᠦᠯᠵᠢᠯᠡᠨ ᠰᠠᠶᠢᠵᠢᠷᠠᠭᠤᠯᠤᠨ᠂ ᠪᠣᠳᠠᠲᠤ ᠴᠣᠭᠴᠠ ᠶᠢᠨ ᠠᠵᠤ ᠠᠬᠤᠢ ᠶᠢᠨ ᠬᠥᠭᠵᠢᠯᠲᠡ ᠳᠤ ᠦᠢᠯᠡᠴᠢᠯᠡᠬᠦ | ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠬᠦᠯᠵᠦ᠂ ᠮᠥᠩᠭᠦᠨ ᠭᠦᠢᠯᠭᠡᠭᠡᠨ ᠤ ᠬᠦᠷᠢᠶᠡᠨ ᠳᠠᠬᠢ ᠲᠤᠰᠬᠠᠢ | ᠴᠡᠭᠴᠡᠯᠡᠨ ᠵᠠᠰᠠᠬᠤ ᠠᠵᠢᠯ ᠢ ᠴᠢᠨᠠᠷ ᠰᠠᠶᠢᠲᠠᠢ ᠪᠡᠶᠡᠯᠡᠬᠦᠯᠪᠡ᠃ ᠠᠰᠤᠷᠤ ᠰᠣᠶᠣᠯ ᠠᠮᠢ ᠠᠬᠤᠢ ᠶᠢᠨ | ᠬᠠᠮᠠᠭᠠᠯᠠᠯᠲᠠ ᠶᠢᠨ ᠲᠣᠭᠤᠷᠢᠭ ᠪᠠ ᠪᠣᠳᠠᠰ ᠤᠨ ᠪᠤᠰᠤ ᠰᠣᠶᠣᠯ ᠤᠨ ᠥᠪ ᠤᠨ ᠨᠤᠲᠤᠭ ᠤᠨ ᠪᠠᠶᠢᠭᠤᠯᠤᠯᠲᠠ ᠶᠢ | ᠦᠷᠭᠦᠯᠵᠢᠯᠡᠨ ᠠᠬᠢᠭᠤᠯᠵᠤ᠂ ︽ᠴᠢᠭᠤᠯᠤᠯᠲᠦ ᠬᠠᠭᠠᠯᠭ᠎ᠠ ᠠᠴᠠ ᠶᠡᠭᠡ ᠬᠦᠷᠢᠶ᠎ᠡ ᠬᠦᠷᠬᠦ ᠵᠠᠮ︾ ᠤᠯᠠᠭ᠎ᠠ | ᠥᠷᠲᠡᠭᠡ ᠶᠢᠨ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠭᠦᠨᠵᠡᠭᠡᠢ ᠠᠭᠤᠳᠠᠯᠵᠤ᠂ ᠰᠣᠶᠣᠯ ᠵᠢᠭᠤᠯᠴᠢᠯᠠᠯ ᠤᠨ | ᠤᠬᠠᠭᠤᠯᠭ᠎ᠠ ᠶᠢᠨ ᠬᠦᠴᠦᠯᠡᠴᠡ ᠶᠢ ᠴᠢᠩᠭᠠᠳᠬᠠᠪᠠ᠃ ᠬᠤᠳᠠᠯᠳᠤᠭ᠎ᠠ ᠳᠡᠯᠭᠡᠬᠦᠷ᠂ ᠢᠳᠡᠭᠡᠨ ᠤᠮᠳᠠᠭᠠᠨ᠂ ᠪᠠᠭᠤᠳᠠᠯ | ᠵᠡᠷᠭᠡ ᠤᠯᠠᠮᠵᠢᠯᠠᠯᠲᠤ ᠦᠢᠯᠡᠴᠢᠯᠡᠭᠡᠨ ᠤ ᠦᠢᠯᠡᠰ ᠡᠮᠬᠢ ᠵᠢᠷᠤᠮ ᠲᠠᠢ ᠬᠥᠭᠵᠢᠪᠡ᠃ ᠰᠦᠯᠵᠢᠶᠡᠨ ᠣᠳᠣᠨ ᠢ | ᠵᠣᠬᠢᠶᠠᠨ ᠪᠠᠶᠢᠭᠤᠯᠵᠤ᠂ ᠪᠦᠬᠦ ᠠᠶᠢᠮᠠᠭ ᠤᠨ ᠰᠦᠯᠵᠢᠶᠡᠨ ᠣᠳᠣᠨ ᠤ ᠤᠷᠤᠯᠳᠤᠭᠠᠨ ᠳᠤ ᠢᠳᠡᠪᠬᠢᠳᠡᠢ ᠤᠷᠤᠯᠴᠠᠵᠤ᠂ | ᠡᠯᠧᠺᠲᠷᠣᠨ ᠬᠤᠳᠠᠯᠳᠤᠭᠠᠨ ᠤ ᠰᠢᠨ᠎ᠡ ᠬᠦᠭᠵᠢᠯᠲᠡ ᠶᠢ ᠠᠬᠢᠭᠤᠯᠪᠠ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ | ᠠᠵᠢᠯ ᠠᠩᠬ᠎ᠠ ᠠᠯᠬᠤᠮ ᠦᠷ᠎ᠡ ᠪᠦᠳᠦᠮᠵᠢ ᠤᠯᠪᠠ᠃ ︽ᠬᠥᠪᠡᠭᠡᠲᠦ ᠰᠢᠷ᠎ᠠ ᠬᠤᠰᠢᠭᠤᠨ ᠤ ᠠᠷᠠᠯᠵᠢᠶᠠᠴᠢᠨ ᠤᠷᠢᠵᠤ | ᠪᠡᠯᠡ ᠣᠷᠣᠭᠤᠯᠬᠤ ᠶᠢ ᠱᠠᠩᠨᠠᠨ ᠬᠦᠬᠢᠬᠦᠯᠬᠦ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠳᠠᠷᠤᠮᠠᠯᠯᠠᠨ ᠲᠠᠷᠬᠠᠭᠠᠵᠤ᠂ | ᠭᠤᠣᠯᠳᠠᠯᠭ᠎ᠠ ᠲᠠᠢ ᠬᠦᠷᠢᠶ᠎ᠡ ᠴᠠᠷ᠎ᠠ ᠳᠠᠬᠢ ᠠᠷᠠᠯᠵᠢᠶᠠᠴᠢᠨ ᠤᠷᠢᠵᠤ ᠪᠡᠯᠡ ᠣᠷᠣᠭᠤᠯᠬᠤ 169 ᠲᠥᠷᠥᠯ ᠵᠦᠢᠯ ᠢ | ᠡᠮᠬᠢᠯᠡᠨ ᠭᠠᠷᠭᠠᠵᠤ᠂ ᠪᠡᠭᠡᠵᠢᠩ᠂ ᠲᠢᠶᠠᠨᠵᠢᠨ᠂ ᠡᠾᠧᠪᠸᠢ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ᠂ | ᠬᠥᠬᠡᠬᠤᠲᠠ᠂ ᠪᠤᠭᠤᠲᠤ᠂ ᠣᠷᠳᠤᠰ ᠵᠡᠷᠭᠡ ᠭᠠᠵᠠᠷ ᠣᠷᠣᠨ ᠳᠤ ᠬᠦᠷᠴᠦ᠂ 11 ᠲᠥᠷᠥᠯ ᠵᠦᠢᠯ ᠤᠨ ᠬᠡᠯᠡᠯᠴᠡᠭᠡᠷ | ᠲᠣᠭᠲᠠᠨ᠂ 31ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠤᠯᠲᠠ ᠶᠢᠨ ᠭᠡᠷ᠎ᠡ ᠲᠤᠭᠲᠠᠵᠤ᠂ ᠭᠦᠸᠧ ᠹᠧᠩ ᠮᠢᠨ | ᠢᠦᠢ ᠮᠠᠯ ᠵᠢᠭᠦᠷᠲᠡᠨ ᠤ ᠢᠯᠭᠠᠲᠠᠰᠤ ᠶᠢ ᠡᠬᠢ ᠪᠠᠶᠠᠯᠢᠭ ᠪᠤᠯᠭᠠᠨ ᠠᠰᠢᠭᠯᠠᠬᠤ ᠲᠥᠷᠦᠯ ᠵᠦᠢᠯ ᠪᠠ ᠮᠡᠨᠳᠦ | ᠰᠢᠨᠵᠢᠯᠡᠭᠡ ᠮᠡᠷᠭᠡᠵᠢᠯ ᠠᠷᠠᠯᠵᠢᠶᠠᠨ ᠤ ᠬᠢᠵᠠᠭᠠᠷᠲᠤ ᠺᠣᠮᠫᠠᠨᠢ ᠶᠢᠨ ︽ᠪᠣᠷᠵᠢᠬᠢᠨ︾ ᠰᠢᠨᠵᠢᠯᠡᠭᠡ ᠮᠡᠷᠭᠡᠵᠢᠯ ᠤᠨ | ᠬᠦᠷᠢᠶᠡᠯᠡᠩ ᠤᠨ ᠪᠦᠳᠦᠭᠡᠨ ᠪᠠᠶᠢᠭᠤᠯᠤᠯᠲᠠ ᠶᠢᠨ ᠲᠥᠷᠦᠯ ᠵᠦᠢᠯ ᠤᠨ ᠠᠵᠢᠯ ᠡᠬᠢᠯᠡᠵᠦ᠂ ᠯᠢᠨ ᠢ ᠬᠢᠮᠢ ᠶᠢᠨ | ᠠᠵᠤ ᠦᠢᠯᠡᠳᠪᠦᠷᠢ ᠶᠢᠨ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠬᠠᠲᠠᠭᠤ | ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠲᠥᠷᠦᠯ ᠵᠦᠢᠯ᠂ ᠯᠢᠦᠢ ᠵᠥᠩ ᠡᠨᠧᠷᠭᠢ ᠯᠢᠲ᠋ᠢ ᠴᠡᠨᠡᠭ | ᠵᠢᠴᠢ ᠴᠠᠬᠢᠯᠭᠠᠨ ᠬᠠᠳᠠᠭᠠᠯᠠᠬᠤ ᠪᠦᠬᠦ ᠠᠵᠤ ᠦᠢᠯᠡᠰ ᠤᠨ ᠬᠡᠯᠬᠢᠶᠡᠵᠢᠯ ᠤᠨ ᠰᠠᠭᠤᠷᠢᠨ ᠭᠠᠵᠠᠷ᠂ ᠷᠥᠩ ᠹᠧᠩ | ᠢᠳᠡᠭᠡᠨ ᠤ ᠰᠢᠷ᠎ᠠ ᠲᠣᠰᠣ ᠶᠢ ᠨᠠᠷᠢᠯᠢᠭ ᠡᠳ᠋ᠰᠢᠬᠦᠯᠦᠨ ᠪᠤᠯᠪᠠᠰᠤᠷᠠᠭᠤᠯᠬᠤ ᠲᠥᠷᠦᠯ ᠵᠦᠢᠯ ᠤᠨ ᠡᠮᠦᠨᠡᠬᠢ | ᠬᠤᠭᠤᠴᠠᠭᠠᠨ ᠤ ᠠᠵᠢᠯ ᠤᠷᠤᠭᠰᠢᠲᠠᠢ ᠶᠠᠪᠤᠭᠳᠠᠪᠠ᠃ | ︵ᠭᠤᠷᠪᠠ︶ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠤᠯᠠᠮ ᠰᠢᠯᠢᠳᠡᠭᠵᠢᠬᠦᠯᠪᠡ᠃ ︽ᠬᠥᠪᠡᠭᠡᠲᠦ | ᠰᠢᠷ᠎ᠠ ᠬᠤᠰᠢᠭᠤᠨ ᠤ ᠨᠡᠩ ᠰᠢᠯᠢᠳᠡᠭ ᠬᠤᠳᠠᠯᠳᠤᠭ᠎ᠠ ᠡᠷᠬᠢᠯᠡᠬᠦ ᠣᠷᠴᠢᠨ ᠢᠶᠠᠷ ᠵᠠᠬ᠎ᠠ ᠳᠡᠯᠭᠡᠭᠦᠷ ᠤᠨ ᠭᠤᠣᠯ | ᠴᠣᠭᠴᠠ ᠳᠤ ᠦᠢᠯᠡᠴᠢᠯᠡᠬᠦ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠲᠠᠷᠬᠠᠭᠠᠵᠤ᠂ ︽ᠨᠢᠭᠡ ᠴᠣᠩᠬᠤ ᠪᠠᠷ | ᠭᠥᠯᠢᠶᠡᠨ ᠠᠪᠴᠤ᠂ ᠲᠥᠪᠯᠡᠷᠡᠭᠦᠯᠦᠨ ᠦᠢᠯᠡᠴᠢᠯᠡᠬᠦ︾ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ 42 ᠰᠠᠯᠠᠭ᠎ᠠ ᠮᠥᠴᠢᠷ ᠨᠡᠭᠦᠨ ᠣᠷᠤᠵᠤ᠂ 1653 | ᠦᠢᠯᠡᠴᠢᠯᠡᠭᠡᠨ ᠤ ᠵᠦᠢᠯᠡᠰ ᠢ ᠲᠢᠩᠬᠢᠮ ᠳᠤ ᠣᠷᠤᠭᠤᠯᠤᠨ᠂ ᠲᠤᠳᠠᠭᠤᠳᠠᠯ ᠢ ᠭᠥᠯᠢᠶᠡᠨ ᠠᠪᠴᠤ ᠰᠢᠢᠳᠪᠦᠷᠢᠯᠡᠬᠦ᠂ | ᠠᠮᠠᠯᠠᠯᠲᠠ ᠪᠠᠨ ᠮᠡᠳᠡᠭᠳᠡᠬᠦ ᠵᠡᠷᠭᠡ ᠠᠷᠠᠳ ᠲᠤ ᠲᠥᠬᠦᠮ ᠦᠵᠡᠭᠦᠯᠬᠦ ᠠᠷᠭ᠎ᠠ ᠬᠡᠮᠵᠢᠶ᠎ᠡ ᠶᠢ ᠬᠡᠷᠡᠭᠵᠢᠬᠦᠯᠪᠡ᠃ ︽ | ᠡᠭᠦᠯᠡᠨ ᠬᠠᠮᠳᠤᠷᠠᠯᠴᠠᠭ᠎ᠠ︾ ᠬᠤᠯᠪᠤᠭᠠᠯᠠᠯ ᠳᠤ ᠢᠳᠡᠪᠬᠢᠳᠡᠢ ᠤᠷᠤᠯᠴᠠᠵᠤ᠂ 26 ᠮᠤᠵᠢ ᠣᠷᠣᠨ ᠤ 500 ᠭᠠᠷᠤᠢ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠠᠢ ᠬᠠᠮᠲᠤᠷᠠᠯᠴᠠᠭᠠᠨ ᠤ ᠬᠡᠯᠡᠯᠴᠡᠭᠡᠷ ᠲᠤᠭᠲᠠᠪᠠ᠃ 140 | ᠬᠥᠮᠥᠨ ᠢᠶᠠᠷ ᠪᠦᠷᠢᠯᠳᠦᠭᠰᠡᠨ ᠦᠨᠳᠦᠰᠦᠨ ᠱᠠᠲᠤᠨ ᠤ ᠬᠠᠪᠰᠤᠷᠴᠤ ᠣᠷᠣᠯᠠᠨ ᠭᠦᠢᠴᠡᠳᠬᠡᠬᠦ ᠡᠩᠨᠡᠭᠡ ᠶᠢ ᠵᠣᠬᠢᠶᠠᠨ | ᠪᠠᠶᠢᠭᠤᠯᠵᠤ᠂ ︽ᠭᠤᠯᠳᠤ ᠪᠠᠷ ᠭᠤᠷᠪᠠᠨ ᠱᠠᠲᠤ ᠬᠤᠯᠪᠤᠭᠠᠯᠠᠨ ᠬᠥᠳᠡᠯᠦᠯᠴᠡᠬᠦ᠂ ᠬᠥᠨᠳᠡᠯᠡᠨ ᠢᠶᠠᠷ ᠰᠠᠯᠠᠭ᠎ᠠ ᠮᠥᠴᠢᠷ | ᠬᠠᠮᠵᠢᠯᠴᠠᠬᠤ︾ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠪᠦᠳᠦᠴᠡ ᠶᠢ | ᠪᠦᠷᠢᠯᠳᠦᠬᠦᠯᠪᠡ᠃ ᠨᠢᠷᠠᠢ ᠬᠡᠦᠬᠡᠳ᠂ ᠨᠠᠰᠤ ᠨᠦᠭᠴᠢᠭᠰᠡᠳ ᠤᠨ ᠬᠤᠶᠢᠳᠦᠬᠢ ᠤᠴᠢᠷ᠂ ᠣᠷᠤᠭᠯᠠᠬᠤ᠂ ᠬᠡᠦᠬᠡᠳ | ᠠᠪᠬᠤ ᠵᠡᠷᠭᠡ ᠠᠵᠤ ᠠᠬᠤᠶᠢᠯᠠᠯ ᠪᠠ ᠬᠤᠪᠢ ᠬᠥᠮᠥᠨ ᠤ ᠠᠮᠢ ᠨᠠᠰᠤᠨ ᠳᠤ ᠬᠤᠯᠪᠤᠭᠳᠠᠬᠤ 116 ᠦᠢᠯᠡᠴᠢᠯᠡᠭᠡᠨ ᠤ | ᠵᠦᠢᠯᠡᠰ ᠤᠨ 510 ᠬᠡᠷᠡᠭ ᠶᠠᠪᠤᠳᠠᠯ ᠢ ︽ᠨᠢᠭᠡ ᠯᠡ ᠤᠳᠠᠭ᠎ᠠ ᠳᠤ ᠭᠦᠢᠴᠡᠳᠬᠡᠬᠦ︾ ᠶᠢ ᠪᠡᠶᠡᠯᠡᠭᠦᠯᠵᠦ᠂ ᠵᠠᠬ᠎ᠠ | ᠳᠡᠯᠭᠡᠭᠦᠷ ᠤᠨ ᠭᠤᠣᠯ ᠴᠣᠭᠴᠠ ᠪᠠ ᠣᠯᠠᠨ ᠲᠦᠮᠡᠨ ᠤ 15.2 ᠲᠦᠮᠡᠨ ᠬᠤᠪᠢ ᠣᠴᠢᠷ ᠶᠠᠪᠤᠳᠠᠯ ᠢ | ᠰᠢᠢᠳᠪᠦᠷᠢᠯᠡᠪᠡ᠃ ᠨᠡᠶᠢᠲᠡ 93 ᠲᠥᠷᠥᠯ ᠤᠨ ᠡᠯᠧᠺᠲᠷᠣᠨ ᠭᠡᠷᠡᠴᠢ ᠦᠨᠡᠮᠯᠡᠯ ᠢ ᠬᠦᠯᠢᠶᠡᠨ ᠠᠪᠴᠤ᠂ 3.3 | ᠲᠦᠮᠡᠨ ᠵᠤᠷᠪᠤᠰ ᠭᠡᠷᠡᠴᠢ ᠦᠨᠡᠮᠯᠡᠯ ᠤᠨ ᠲᠤᠭ᠎ᠠ ᠪᠠᠷᠢᠮᠲᠠ ᠶᠢ ᠴᠣᠭᠯᠠᠭᠤᠯᠤᠨ᠂ ᠲᠠᠮᠠᠭ᠎ᠠ ᠶᠢᠨ ᠡᠯᠧᠺᠲᠷᠥᠨᠵᠢᠭᠰᠡᠨ | ᠨᠣᠷᠮ᠎ᠠ 100% ᠳᠤ ᠬᠥᠷᠪᠡ᠃ ︽ᠮᠧᠩ ᠰᠦ᠋ ᠪᠠᠨ︾ APP ᠤᠨ 9 ᠲᠥᠷᠦᠯ ᠤᠨ ᠠᠷᠠᠳ ᠲᠤ ᠲᠥᠬᠦᠮ | ᠦᠵᠡᠭᠦᠯᠬᠦ ᠬᠡᠷᠡᠭᠯᠡᠯᠲᠡ ᠶᠢᠨ ᠵᠦᠢᠯᠡᠰ ᠢ ᠨᠡᠭᠡᠭᠡᠨ ᠠᠰᠢᠭᠯᠠᠵᠤ᠂ ᠨᠡᠶᠢᠲᠡ 661 ᠵᠠᠬ᠎ᠠ ᠳᠡᠯᠭᠡᠭᠦᠷ ᠤᠨ ᠭᠤᠣᠯ | ᠴᠣᠭᠴᠠ ᠶᠢ ︽ᠥᠪᠥᠷ ᠮᠣᠩᠭᠤᠯ ᠤᠨ ᠠᠵᠤ ᠠᠬᠤᠶᠢᠯᠠᠯ ᠰᠠᠭᠠᠳ ᠦᠭᠡᠢ ᠨᠡᠪᠲᠡᠷᠡᠬᠦ︾ ᠠᠷᠠᠳ ᠠᠴᠠ ᠡᠵᠡᠩᠨᠡᠭᠰᠡᠨ | ᠠᠵᠤ ᠠᠬᠤᠶᠢᠯᠠᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠳᠤ ᠳᠠᠩᠰᠠᠯᠠᠭᠤᠯᠪᠠ᠃ ᠥᠪᠡᠷᠲᠡᠭᠡᠨ ᠵᠠᠰᠠᠬᠤ | ᠣᠷᠣᠨ ᠤ ᠲᠠᠰ ᠤᠨ 7 ᠵᠢᠱᠢᠶᠡᠴᠢ ᠦᠨᠡᠨᠴᠢ ᠢᠲᠡᠭᠡᠮᠵᠢᠲᠦ ᠠᠵᠤ ᠠᠬᠤᠶᠢᠯᠠᠯ ᠢ ᠠᠮᠵᠢᠯᠲᠠ ᠲᠠᠢ ᠡᠷᠡᠮᠡᠯᠵᠡᠯᠡᠨ | ᠮᠡᠳᠡᠬᠦᠯᠪᠡ᠃ ᠪᠠᠷᠢᠮᠵᠢᠶᠠᠵᠢᠭᠤᠯᠤᠭᠰᠠᠨ ᠳᠠᠭᠠᠭᠠᠴᠢᠯᠠᠯᠲᠠ ᠰᠢᠯᠭᠠᠷᠠᠭᠤᠯᠬᠤ ᠲᠠᠯᠠᠪᠤᠷ ᠢ ᠥᠭᠡᠷᠡᠴᠢᠯᠡᠨ ᠪᠠᠶᠢᠭᠤᠯᠵᠤ | ᠠᠰᠢᠭᠯᠠᠯᠲᠠ ᠳᠤ ᠣᠷᠣᠭᠤᠯᠵᠤ᠂ ᠵᠠᠰᠠᠭ ᠤᠨ ᠣᠷᠳᠣᠨ ᠤ ᠪᠡᠯᠡ ᠣᠷᠣᠭᠤᠯᠵᠤ ᠪᠦᠲᠦᠭᠡᠨ ᠪᠠᠶᠢᠭᠤᠯᠬᠤ ᠢᠨᠵᠧᠨᠧᠷᠢᠩ | ᠵᠢᠴᠢ ᠵᠠᠰᠠᠭ ᠤᠨ ᠣᠷᠳᠣᠨ ᠤ ᠬᠤᠳᠠᠯᠳᠤᠨ ᠠᠪᠬᠤ ᠲᠥᠷᠥᠯ ᠵᠦᠢᠯ ᠢ ᠴᠥᠮ ᠬᠤᠰᠢᠭᠤᠨ ᠤ ᠲᠣᠰ ᠱᠠᠲᠤᠨ ᠳᠤ | ᠳᠠᠭᠠᠭᠠᠴᠢᠯᠠᠯᠲᠠ ᠰᠢᠯᠭᠠᠷᠠᠭᠤᠯᠬᠤ ᠠᠵᠢᠯ ᠢ ᠪᠡᠶᠡᠯᠡᠬᠦᠯᠪᠡ᠃ | ︵ᠳᠥᠷᠪᠡ︶ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠤᠯᠠᠮ ᠪᠠᠬᠢᠵᠢᠬᠦᠯᠪᠡ᠃ ︽ | ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ | ᠪᠠᠶᠢᠭᠤᠯᠬᠤ ᠲᠥᠯᠦᠪᠵᠢᠭᠦᠯᠭᠡ︾ ᠶᠢ ᠳᠠᠷᠤᠮᠠᠯᠯᠠᠨ ᠬᠡᠷᠡᠭᠵᠢᠭᠦᠯᠵᠦ᠂ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠠᠵᠢᠯ ᠢ ᠪᠥᠬᠦ ᠲᠠᠯ᠎ᠠ ᠪᠠᠷ | ᠲᠥᠯᠦᠪᠯᠡᠨ ᠠᠬᠢᠭᠤᠯᠪᠠ᠃ ︽ᠭᠤᠷᠪᠠᠨ ᠣᠷᠣᠨ ᠭᠤᠷᠪᠠᠨ ᠱᠤᠭᠤᠮ︾ ᠢ ᠵᠠᠭᠠᠭᠯᠠᠨ ᠲᠣᠭᠲᠠᠭᠠᠬᠤ ᠠᠵᠢᠯ ᠢ | ᠪᠡᠶᠡᠯᠡᠭᠦᠯᠵᠦ᠂ ᠵᠠᠭᠠᠭᠯᠠᠨ ᠲᠣᠭᠲᠠᠭᠠᠭᠰᠠᠨ ᠦᠷ᠎ᠡ ᠪᠦᠲᠦᠭᠡᠯ ᠨᠢ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ | ᠬᠢᠨᠠᠨ ᠲᠤᠭᠲᠠᠭᠠᠯᠲᠠ ᠪᠠᠷ ᠳᠠᠮᠵᠢᠨ ᠠᠰᠢᠭᠯᠠᠯᠲᠠ ᠳᠤ ᠣᠷᠤᠵᠤ᠂ ᠪᠥᠬᠦ ᠬᠤᠰᠢᠭᠤᠨ ᠤ ᠤᠯᠤᠰ ᠤᠨ ᠭᠠᠵᠠᠷ | ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢ ᠨᠠᠶᠢᠷᠠᠭᠤᠯᠵᠤ ᠳᠠᠭᠤᠰᠬᠠᠨ᠂ ︽ᠭᠤᠷᠪᠠᠨ ᠱᠤᠭᠤᠮ ᠨᠢᠭᠡ | ᠳᠠᠩᠰᠠ︾ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠠᠵᠢᠯ ᠢ ᠯᠠᠪᠳᠠᠭᠤᠨ ᠠᠬᠢᠭᠤᠯᠪᠠ᠃ ᠭᠤᠣᠯ ᠤᠨ ᠳᠠᠷᠤᠭ᠎ᠠ᠂ | ᠤᠢ ᠰᠢᠭᠤᠢ ᠨᠤᠲᠤᠭ ᠪᠡᠯᠴᠢᠭᠡᠷ ᠤᠨ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠪᠠ᠃ ᠥᠪᠦᠷ | ᠮᠣᠩᠭᠤᠯ ᠤᠨ ᠥᠨᠳᠦᠷᠯᠢᠭ ᠤᠨ ᠠᠮᠢ ᠠᠬᠤᠢ ᠶᠢ ᠬᠠᠮᠠᠭᠠᠯᠠᠬᠤ ᠪᠠ ᠵᠠᠰᠠᠨ ᠰᠡᠷᠭᠦᠭᠡᠬᠦ ᠢᠨᠵᠧᠨᠧᠷᠢᠩ ᠢ | ᠬᠡᠷᠡᠭᠵᠢᠬᠦᠯᠵᠦ᠂ 15 ᠲᠡᠭᠰᠢ ᠳᠥᠷᠪᠡᠯᠵᠢᠨ ᠺᠢᠯᠣᠮᠧᠲᠷ ᠵᠢᠵᠢᠭ ᠰᠠᠪᠠ ᠤᠷᠤᠰᠬᠠᠯ ᠢ ᠶᠡᠷᠦᠩᠬᠡᠶᠢᠯᠡᠨ ᠵᠠᠰᠠᠵᠤ᠂ 90 | ᠤᠰᠤᠨ ᠰᠣᠷᠪᠤᠯᠵᠢ ᠶᠢᠨ ᠢᠨᠵᠧᠨᠧᠷᠢᠩ ᠢ ᠰᠢᠨ᠎ᠡ ᠪᠠᠷ ᠪᠠᠶᠢᠭᠤᠯᠵᠤ᠂ 2.6 ᠲᠦᠮᠡᠨ ᠮᠦ ᠣᠶ ᠰᠢᠭᠤᠢ ᠶᠢᠨ | ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠬᠦᠯᠵᠦ᠂ 1 ᠲᠦᠮᠡᠨ ᠮᠦ ᠣᠶ ᠰᠢᠭᠤᠢ ᠶᠢᠨ | ᠤᠷᠭᠤᠮᠠᠯ ᠤᠨ ᠬᠤᠴᠢᠯᠭ᠎ᠠ ᠶᠢ ᠰᠡᠷᠭᠦᠬᠡᠨ᠂ ᠠᠮᠢ ᠠᠬᠤᠢ ᠶᠢ ᠰᠡᠷᠭᠦᠭᠡᠨ ᠵᠠᠰᠠᠬᠤ ᠲᠥᠷᠦᠯ ᠵᠦᠢᠯ ᠢ 7 ᠲᠦᠮᠡᠨ ᠮᠦ | ᠬᠡᠷᠡᠭᠵᠢᠬᠦᠯᠪᠡ᠃ 40 ᠲᠦᠮᠡᠨ ᠰᠠᠭᠤᠷᠢ ᠠᠯᠪᠠᠨ ᠵᠢᠷᠤᠮ ᠤᠨ ᠮᠣᠳᠣ ᠲᠠᠷᠢᠪᠠ᠃ ᠦᠨᠳᠦᠰᠦᠨ ᠨᠤᠲᠤᠭ | ᠪᠡᠯᠴᠢᠭᠡᠷ ᠢ ᠵᠠᠭᠠᠭᠯᠠᠨ ᠲᠣᠭᠲᠠᠭᠠᠵᠤ ᠲᠣᠬᠢᠷᠠᠭᠤᠯᠬᠤ ᠠᠵᠢᠯ ᠢ ᠴᠢᠨᠠᠷ ᠰᠠᠶᠢᠲᠠᠢ ᠪᠡᠶᠡᠯᠡᠭᠦᠯᠪᠡ᠃ ᠬᠠᠪᠤᠷ ᠤᠨ | ᠤᠯᠠᠷᠢᠯ ᠤᠨ ᠪᠡᠯᠴᠢᠭᠡᠷ ᠰᠡᠷᠭᠦᠬᠡᠬᠦ ᠬᠤᠭᠤᠴᠠᠭᠠᠨ ᠳᠠᠬᠢ ᠪᠡᠯᠴᠢᠭᠡᠷᠯᠡᠭᠦᠯᠬᠦ ᠶᠢ ᠲᠦᠷ ᠵᠣᠭᠰᠤᠭᠠᠬᠤ ᠠᠵᠢᠯ ᠢ | ᠪᠡᠶᠡᠯᠡᠬᠦᠯᠪᠡ᠃ ᠰᠡᠬᠦᠵᠢ ᠶᠢᠨ ᠭᠤᠣᠯ ᠭᠠᠴᠠᠭᠠᠨ ᠤ ᠬᠡᠰᠡᠭ ᠤᠨ ᠦᠶᠡᠷ ᠢ ᠰᠡᠷᠭᠡᠶᠢᠯᠡᠬᠦ ᠢᠨᠵᠧᠨᠧᠷᠢᠩ ᠤᠨ ᠭᠤᠣᠯ | ᠪᠦᠳᠦᠴᠡ ᠶᠢ ᠪᠠᠶᠢᠭᠤᠯᠵᠤ ᠲᠠᠭᠤᠰᠬᠪᠠ᠃ 25 ᠨᠡᠭᠡᠭᠡᠨ ᠠᠰᠢᠭᠯᠠᠬᠤ ᠬᠤᠭᠤᠴᠠᠭᠠᠨ ᠳᠠᠭᠠᠨ ᠪᠠᠶᠢᠭ᠎ᠠ | ᠠᠭᠤᠷᠬᠠᠢ ᠶᠢᠨ ᠦᠢᠯᠡᠰ 3089 ᠲᠦᠮᠡᠨ ᠲᠥᠭᠦᠷᠢᠭ ᠤᠨ ᠪᠡᠯᠡ ᠣᠷᠣᠭᠤᠯᠤᠨ᠂ 0.99 ᠲᠡᠭᠰᠢ ᠳᠥᠷᠪᠡᠯᠵᠢᠨ | ᠺᠢᠯᠣᠮᠧᠲᠷ ᠠᠭᠤᠷᠬᠠᠢ ᠶᠢᠨ ᠣᠷᠤᠨ ᠢ ᠴᠡᠭᠴᠡᠯᠡᠨ ᠰᠠᠶᠢᠵᠢᠷᠠᠭᠤᠯᠪᠠ︔ ᠨᠡᠭᠡᠭᠡᠨ ᠠᠰᠢᠭᠯᠠᠬᠤ ᠬᠤᠭᠤᠴᠠᠭ᠎ᠠ ᠠᠴᠠ | ᠬᠡᠳᠦᠷᠡᠭᠰᠡᠨ ᠠᠭᠤᠷᠬᠠᠢ ᠮᠠᠯᠲᠠᠬᠤ ᠡᠷᠬᠡ ᠲᠠᠢ 2 ᠠᠭᠤᠷᠬᠠᠢ ᠶᠢ ᠴᠡᠭᠴᠡᠯᠡᠨ ᠰᠠᠶᠢᠵᠢᠷᠠᠭᠤᠯᠪᠠ᠃ ᠨᠤᠲᠤᠭ ᠪᠡᠯᠴᠢᠭᠡᠷ | ᠣᠶᠢᠲᠤ ᠭᠠᠵᠠᠷ ᠢ ᠡᠪᠳᠡᠵᠦ ᠬᠠᠤᠯᠢ ᠵᠥᠷᠢᠴᠡᠭᠰᠡᠨ ᠠᠰᠠᠭᠤᠳᠠᠯ ᠢ ᠲᠤᠰᠬᠠᠢ ᠲᠥᠷᠦᠯ ᠢᠶᠠᠷ ᠴᠡᠭᠴᠡᠯᠡᠨ | ᠰᠠᠶᠢᠵᠢᠷᠠᠭᠤᠯᠬᠤ ᠠᠵᠢᠯᠯᠠᠭ᠎ᠠ ᠳᠤ ᠬᠤᠯᠪᠤᠭᠳᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ ᠳ᠋ᠦᠩ ᠯᠢᠨ | ᠺᠣᠮᠫᠠᠨᠢ ᠶᠢᠨ ᠶᠤᠸᠠᠨ ᠯᠢᠨ ᠨᠡᠭᠦᠷᠡᠰᠦᠨ ᠠᠭᠤᠷᠬᠠᠢ ᠶᠢᠨ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ | ᠪᠠᠶᠢᠭᠤᠯᠤᠯᠲᠠ ᠶᠢᠨ ︽ᠡᠷᠬᠢᠨ ᠬᠠᠷᠠᠬᠤ︾ ᠠᠵᠢᠯᠯᠠᠭ᠎ᠠ ᠠᠴᠠ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ᠂ ᠪᠠᠷᠢᠯᠭ᠎ᠠ ᠳᠤ ᠬᠡᠷᠡᠭᠯᠡᠬᠦ ᠬᠠᠶᠢᠷ ᠴᠢᠯᠠᠭᠤᠨ ᠤ ᠠᠭᠤᠷᠬᠠᠢ ᠶᠢᠨ ᠬᠠᠤᠯᠢ ᠵᠥᠷᠢᠴᠡᠭᠰᠡᠨ | ᠠᠵᠢᠯᠯᠠᠭ᠎ᠠ ᠶᠢ ᠲᠤᠰᠬᠠᠢ ᠴᠡᠭᠴᠡᠯᠡᠨ ᠰᠠᠶᠢᠵᠢᠷᠠᠭᠤᠯᠬᠤ ᠠᠵᠢᠯ ᠢ ᠪᠦᠬᠦᠨ ᠢ ᠴᠢᠨᠠᠷ ᠰᠠᠶᠢᠲᠠᠢ ᠪᠡᠶᠡᠯᠡᠬᠦᠯᠵᠦ᠂ ᠬᠠᠤᠯᠢ | ᠵᠥᠷᠢᠴᠡᠨ ᠭᠠᠵᠠᠷ ᠬᠡᠷᠡᠭᠯᠡᠬᠦ ᠶᠢ ︽ᠡᠷᠬᠢᠨ ᠬᠠᠷᠠᠬᠤ︾ ᠲᠤᠰᠬᠠᠢ ᠴᠡᠭᠴᠡᠯᠡᠨ ᠰᠠᠶᠢᠵᠢᠷᠠᠭᠤᠯᠬᠤ ᠠᠵᠢᠯ ᠢ 92.3% | ᠪᠠᠷ ᠪᠡᠶᠡᠯᠡᠭᠦᠯᠪᠡ᠃ 2022 ᠣᠨ ᠤ ᠲᠡᠦᠬᠡᠨ ᠬᠠᠶᠠᠭᠳᠠᠮᠠᠯ ᠠᠭᠤᠷᠬᠠᠢ ᠶᠢᠨ ᠨᠦᠬᠡ ᠶᠢᠨ ᠭᠠᠵᠠᠷ ᠰᠢᠨᠵᠢᠯᠡᠭᠡᠨ ᠤ | ᠣᠷᠴᠢᠨ ᠲᠣᠭᠤᠷᠢᠨ ᠤ ᠵᠠᠰᠠᠯᠲᠠ ᠶᠢᠨ ᠲᠥᠷᠥᠯ ᠵᠦᠢᠯ ᠤᠨ ᠪᠠᠷᠢᠯᠭ᠎ᠠ ᠶᠢᠨ ᠠᠵᠢᠯ ᠢ ᠪᠦᠬᠦᠨ ᠢ ᠳᠠᠭᠤᠰᠬᠠᠪᠠ᠃ | GDP ᠶᠢᠨ ᠨᠢᠭᠡᠴᠢ ᠡᠨᠧᠷᠭᠢ ᠶᠢᠨ ᠬᠤᠷᠣᠭᠳᠠᠭᠤᠯᠤᠯ ᠤᠨ ᠬᠦᠴᠦᠯᠡᠴᠡ ᠵᠢᠱᠢᠯᠲᠡ ᠪᠠᠷ 6.0% ᠪᠠᠷ ᠪᠠᠭᠤᠷᠠᠪᠠ᠃ | 18 ᠠᠷᠪᠢᠯᠠᠨ ᠭᠠᠮᠨᠠᠬᠤ ᠬᠡᠯᠪᠡᠷᠢ ᠶᠢᠨ ᠪᠠᠶᠢᠭᠤᠯᠭ᠎ᠠ ᠨᠢᠭᠡᠴᠡ ᠶᠢ ᠡᠭᠦᠳᠦᠨ ᠪᠠᠶᠢᠭᠤᠯᠪᠠ᠃ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠬᠠᠮᠢᠶᠠᠷᠤᠭᠴᠢ ᠶᠢᠨ ᠦᠢᠯᠡᠴᠢᠯᠡᠭᠡᠨ ᠤ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠵᠦ᠂ | ᠪᠥᠬᠦ ᠠᠶᠢᠮᠠᠭ ᠲᠤ ᠠᠩᠬᠠᠳᠠᠭᠴᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠮᠢᠶᠠᠷᠤᠭᠴᠢ ᠶᠢᠨ ᠲᠤᠷᠰᠢᠯᠲᠠ ᠶᠢᠨ | ᠬᠤᠰᠢᠭᠤ ᠪᠣᠯᠪᠠ᠃ 3694.4 ᠲᠦᠮᠡᠨ ᠲᠦᠬᠦᠷᠢᠭ ᠤᠨ ᠲᠡᠭᠡᠳᠦ ᠱᠠᠳᠤᠨ ᠤ ᠠᠮᠢ ᠠᠬᠤᠢ ᠶᠢᠨ ᠬᠠᠮᠠᠭᠠᠯᠠᠯᠲᠠ | ᠶᠢᠨ ᠲᠤᠰᠬᠠᠢ ᠪᠡᠯᠡ ᠮᠦᠩᠬᠦ ᠶᠢ ᠲᠡᠮᠡᠴᠡᠨ ᠣᠯᠵᠤ᠂ ᠪᠦᠬᠦ ᠠᠶᠢᠮᠠᠭ ᠤᠨ ᠪᠡᠯᠡ ᠮᠦᠩᠬᠦᠨ ᠤ ᠶᠡᠷᠦᠩᠬᠡᠢ ᠬᠡᠮᠵᠢᠶ᠎ᠡ | ᠶᠢᠨ 66.8% ᠶᠢ ᠡᠵᠡᠯᠡᠵᠦ᠂ ᠲᠤᠤᠷ᠎ᠠ ᠨᠡᠬᠦᠷᠡᠰᠦᠳᠦᠷᠦ᠋ᠭᠴᠢᠲᠦ ᠨᠡᠶᠢᠭᠡᠮ ᠲᠤᠭᠤᠷᠢᠭ ᠤᠨ ᠲᠤᠷᠰᠢᠯᠲᠠ ᠶᠢᠨ ᠴᠡᠭ | ᠪᠠ 4 ᠭᠠᠴᠠᠭᠠᠨ ᠤ ᠠᠠᠮᠢᠳᠤᠷᠠᠯ ᠤᠨ ᠪᠤᠬᠢᠷ ᠤᠰᠤ ᠶᠢ ᠰᠢᠢᠳᠪᠦᠷᠢᠯᠡᠬᠦ ᠲᠦᠬᠦᠭᠡᠷᠦᠮᠵᠢ ᠶᠢᠨ ᠲᠥᠷᠦᠯ ᠵᠦᠢᠯ ᠢ | ᠪᠠᠶᠢᠭᠤᠯᠵᠤ᠂ ᠰᠢᠨᠡᠪᠤᠯᠠᠭ ᠪᠠᠯᠭᠠᠰᠤᠨ ᠤ ᠭᠤᠷᠪᠠᠳᠤᠭᠠᠷ ᠤᠰᠤᠨ ᠰᠤᠷᠪᠤᠯᠵᠢ ᠶᠢᠨ ᠪᠠᠷᠢᠮᠵᠢᠶ᠎ᠠ ᠳᠤ ᠬᠦᠷᠭᠡᠬᠦ | ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠨᠢ ᠪᠥᠬᠦ ᠪᠠᠷᠢᠯᠭ᠎ᠠ ᠶᠢᠨ ᠶᠡᠷᠦᠩᠬᠡᠢ ᠬᠡᠮᠵᠢᠶᠡᠨ ᠤ 85% ᠶᠢ | ᠪᠡᠶᠡᠯᠡᠬᠦᠯᠵᠦ᠂ ᠪᠣᠬᠢᠷ ᠤᠰᠤ ᠶᠢ ᠰᠢᠢᠳᠪᠦᠷᠢᠯᠡᠬᠦ ᠦᠢᠯᠡᠳᠪᠦᠷᠢ ᠶᠢᠨ ᠬᠠᠶᠠᠭᠳᠠᠮᠠᠯ ᠤᠰᠤ ᠶᠢ ᠬᠦᠮᠦᠨ ᠤ | ᠬᠦᠴᠦᠨ ᠢᠶᠠᠷ ᠨᠠᠮᠤᠭ ᠭᠠᠵᠠᠷ ᠪᠤᠯᠭᠠᠨ ᠪᠠᠶᠢᠭᠤᠯᠬᠤ ᠲᠥᠷᠦᠯ ᠵᠦᠢᠯ ᠪᠠ ᠨᠡᠭᠦᠷᠡᠰᠦ ᠶᠢ ᠴᠠᠬᠢᠯᠭᠠᠨ ᠢᠶᠠᠷ | ᠤᠷᠤᠯᠠᠭᠤᠯᠬᠤ ᠲᠥᠷᠦᠯ ᠵᠦᠢᠯ ᠤᠷᠤᠭᠰᠢᠲᠠᠢ ᠶᠠᠪᠤᠭᠳᠠᠪᠠ᠃ ᠠᠭᠠᠷ ᠤᠨ ᠰᠢᠯᠢᠳᠡᠭᠵᠢᠯ ᠤᠨ ᠨᠤᠷᠮ᠎ᠠ 94.% ᠳᠤ | ᠬᠦᠷᠪᠡ᠃ ᠬᠤᠲᠠ ᠪᠠᠯᠭᠠᠰᠤᠨ ᠤ ᠪᠣᠬᠢᠷ ᠤᠰᠤ ᠶᠢ ᠰᠢᠢᠳᠪᠦᠷᠢᠯᠡᠭᠰᠡᠨ ᠨᠣᠷᠮ᠎ᠠ 99.1% ᠳᠤ ᠬᠦᠷᠴᠦ᠂ | ᠬᠠᠶᠠᠭᠳᠠᠮᠠᠯ ᠤᠰᠤ ᠶᠢ ᠳᠠᠬᠢᠨ ᠠᠰᠢᠭᠯᠠᠭᠰᠠᠨ ᠨᠣᠷᠮ᠎ᠠ 66% ᠳᠤ ᠬᠦᠷᠪᠡ᠃ ᠬᠤᠲᠠ ᠪᠠᠯᠭᠠᠰᠤᠨ ᠤ | ᠠᠮᠢᠳᠤᠷᠠᠯ ᠤᠨ ᠬᠤᠭ ᠨᠣᠪᠰᠢ ᠶᠢ ᠪᠣᠬᠢᠷᠳᠤᠯ ᠦᠭᠡᠢ ᠰᠢᠢᠳᠪᠦᠷᠢᠯᠡᠭᠰᠡᠨ ᠨᠣᠷᠮ᠎ᠠ 96% ᠳᠤ ᠬᠦᠷᠪᠡ᠃ 2000 | ᠪᠣᠰᠤᠭ᠎ᠠ ᠳᠥᠷᠪᠡᠯᠵᠢᠨ ᠮᠧᠲᠷ ᠤᠨ ᠬᠤᠭᠤᠯᠠᠨ ᠭᠡᠷ ᠤᠨ ᠬᠤᠭ ᠨᠣᠪᠰᠢ ᠶᠢᠨ ᠰᠢᠩᠭᠡᠬᠦ ᠶᠢ ᠰᠡᠷᠭᠡᠶᠢᠯᠡᠬᠦ | ᠴᠦᠬᠦᠷᠦᠮ ᠢ ᠪᠠᠶᠢᠭᠤᠯᠪᠠ᠃ 4 ᠮᠠᠯᠵᠢᠬᠤ ᠤᠷᠤᠨ ᠤ ᠨᠡᠶᠢᠭᠡᠮᠴᠢᠯᠡᠭᠰᠡᠨ ᠦᠢᠯᠡᠴᠢᠯᠡᠭᠡᠨ ᠤ ᠠᠩᠭᠢ ᠪᠠᠶᠢᠭᠤᠯᠵᠤ᠂ | ᠪᠦᠬᠦ ᠬᠤᠰᠢᠭᠤᠨ ᠤ 60 ᠭᠠᠴᠠᠭᠠᠨ ᠳᠤ ᠨᠡᠶᠢᠭᠡᠮᠴᠢᠯᠡᠭᠰᠡᠨ ᠦᠢᠯᠡᠴᠢᠯᠡᠭᠡ ᠶᠢ ᠪᠦᠷᠬᠦᠬᠦᠯᠵᠦ᠂ ᠭᠠᠴᠠᠭᠠᠨ ᠤ | ᠠᠮᠢᠳᠤᠷᠠᠯ ᠤᠨ ᠬᠤᠭ ᠨᠣᠪᠰᠢ ᠶᠢ ᠪᠤᠬᠢᠷᠳᠤᠯ ᠦᠭᠡᠢ ᠰᠢᠢᠳᠪᠦᠷᠢᠯᠡᠭᠰᠡᠨ ᠪᠦᠷᠬᠦᠴᠡ ᠶᠢᠨ ᠨᠣᠷᠮ᠎ᠠ 45% ᠳᠤ | ᠬᠦᠷᠪᠡ᠃ ᠬᠤᠶᠠᠳᠤᠭᠠᠷ ᠡᠭᠡᠯᠵᠢ ᠶᠢᠨ ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠬᠢᠨᠠᠨ ᠪᠠᠶᠢᠴᠠᠭᠠᠯᠲᠠ ᠶᠢᠨ ᠮᠡᠳᠡᠭᠦᠯᠦᠯᠲᠡ ᠠᠴᠠ 13 ᠵᠦᠢᠯ ᠤᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ | ᠭᠥᠯᠢᠶᠡᠨ ᠠᠪᠴᠤ᠂ 8 ᠠᠰᠠᠭᠤᠳᠠᠯ ᠢ ᠨᠢᠭᠡᠨᠲᠡ ᠴᠡᠭᠴᠡᠯᠡᠨ ᠰᠠᠶᠢᠵᠢᠷᠠᠭᠤᠯᠵᠦ᠂ 5 ᠠᠰᠠᠭᠤᠳᠠᠯ ᠤᠨ ᠴᠡᠭᠴᠡᠯᠡᠯᠲᠡ | ᠶᠢ ᠶᠠᠭ ᠢᠳᠡᠪᠬᠢᠳᠡᠢ ᠠᠬᠢᠭᠤᠯᠵᠤ ᠪᠠᠶᠢᠨ᠎ᠠ᠃ | ︵ᠲᠠᠪᠤ︶ ᠬᠤᠲᠠ ᠬᠥᠳᠡᠭᠡ ᠶᠢᠨ ᠪᠠᠶᠢᠭᠤᠯᠤᠯᠲᠠ ᠶᠢ ᠨᠢᠭᠡᠳᠦᠯᠲᠡᠢ ᠲᠥᠯᠦᠪᠵᠢᠬᠦᠯᠦᠨ ᠠᠬᠢᠭᠤᠯᠪᠠ᠃ | ᠬᠦᠪᠡᠭᠡᠲᠦ ᠰᠢᠷ᠎ᠠ ᠬᠤᠰᠢᠭᠤᠨ ᠤ ᠰᠣᠳᠣᠨ ᠰᠠᠭᠤᠭᠠᠯᠢ ᠠᠷᠠᠳ ᠤᠨ ᠲᠣᠭᠤᠷᠢᠭ ᠤᠨ ᠳᠥᠭᠦᠮ ᠪᠦᠳᠦᠭᠦᠯᠢᠭ ᠣᠷᠣᠨ | ᠰᠠᠭᠤᠴᠠ ᠶᠢᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠲᠥᠷᠥᠯ ᠵᠦᠢᠯ ᠢ ᠦᠷᠭᠦᠯᠵᠢᠯᠡᠨ ᠪᠠᠶᠢᠭᠤᠯᠵᠤ᠂ ᠪᠤᠴᠠᠭᠠᠨ | ᠲᠥᠪᠬᠢᠨᠡᠬᠦᠯᠬᠦ ᠭᠡᠷ ᠪᠠᠶᠢᠰᠢᠩ ᠢ ᠪᠠᠶᠢᠭᠤᠯᠵᠤ ᠲᠠᠭᠤᠰᠬᠠᠪᠠ᠃ ᠶᠠᠩ ᠭᠤᠸᠠᠩ ᠰᠠᠭᠤᠭᠠᠯᠢ ᠠᠷᠠᠳ ᠤᠨ | ᠲᠣᠭᠤᠷᠢᠭ ᠤᠨ ᠰᠠᠭᠤᠷᠢ ᠲᠦᠭᠦᠭᠡᠷᠦᠮᠵᠢ ᠶᠢ ᠦᠭᠡᠷᠡᠴᠢᠯᠡᠨ ᠰᠠᠶᠢᠵᠢᠷᠠᠭᠤᠯᠬᠤ ᠲᠥᠷᠦᠯ ᠵᠦᠢᠯ ᠢ ᠬᠡᠷᠡᠭᠵᠢᠬᠦᠯᠪᠡ᠃ | ᠥᠯᠥ ᠬᠥᠳᠡᠯᠬᠦ ᠬᠥᠷᠥᠩᠭᠡ ᠶᠢᠨ ᠲᠡᠦᠬᠡᠨ ᠠᠴᠠ ᠦᠯᠡᠳᠡᠭᠳᠡᠵᠦ ᠢᠷᠡᠭᠰᠡᠨ ︽ᠦᠨᠡᠮᠯᠡᠯ ᠠᠪᠬᠤ ᠳᠤ ᠬᠦᠴᠢᠷᠲᠡᠢ︾ | ᠠᠰᠠᠭᠤᠳᠠᠯ ᠢ ᠰᠢᠢᠳᠪᠦᠷᠢᠯᠡᠪᠡ᠃ ᠰᠢᠨᠡᠪᠤᠯᠠᠭ ᠪᠠᠯᠭᠠᠰᠤᠨ ᠤ ᠦᠶᠡᠷ ᠢ ᠰᠡᠷᠭᠡᠶᠢᠯᠡᠵᠦ ᠤᠰᠤ ᠵᠠᠯᠠᠬᠤ | ᠢᠨᠵᠧᠨᠧᠷᠢᠩ ᠤᠨ ᠨᠢᠭᠡᠳᠦᠭᠡᠷ ᠬᠤᠭᠤᠴᠠᠭᠠᠨ ᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠤᠷᠤᠭᠰᠢᠲᠠᠢ | ᠳᠠᠭᠤᠰᠬᠠᠵᠤ᠂ ᠬᠤᠲᠠ ᠶᠢᠨ ᠭᠠᠳᠠᠨᠠᠬᠢ ᠲᠤᠭᠤᠷᠢᠭᠤᠯ ᠵᠠᠮ ᠵᠢᠴᠢ ᠲᠣᠣᠷ ᠬᠤᠭᠤᠯᠠᠢ ᠶᠢᠨ ᠢᠵᠢ ᠪᠦᠷᠢᠳᠦᠭᠰᠡᠨ | ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠂ ᠪᠣᠬᠢᠷ ᠤᠰᠤᠨ ᠤ ᠲᠣᠣᠷ | ᠬᠤᠭᠤᠯᠠᠢ ᠶᠢ ᠥᠷᠭᠡᠳᠬᠡᠨ ᠪᠠᠶᠢᠭᠤᠯᠬᠤ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢ ᠡᠬᠢᠯᠡᠭᠦᠯᠪᠡ᠃ 1400 | ᠲᠦᠮᠡᠨ ᠲᠦᠬᠦᠷᠢᠭ ᠤᠨ ᠪᠡᠯᠡ ᠤᠷᠤᠭᠤᠯᠤᠨ᠂ ᠢᠯᠴᠢ ᠰᠣᠯᠢᠬᠤ ᠥᠷᠲᠡᠭᠡ ᠶᠢ ᠰᠢᠨ᠎ᠡ ᠪᠠᠷ ᠪᠠᠶᠢᠭᠤᠯᠵᠤ᠂ 6.8 | ᠺᠢᠯᠤᠮᠧᠲᠷ ᠢᠯᠴᠢ ᠬᠠᠩᠭᠠᠬᠤ ᠲᠤᠤᠷ ᠬᠤᠭᠤᠯᠠᠢ ᠶᠢ ᠦᠷᠭᠡᠳᠬᠡᠨ ᠵᠠᠰᠠᠪᠠ᠃ 30 ᠲᠦᠮᠡᠨ ᠲᠡᠭᠰᠢ ᠳᠥᠷᠪᠡᠯᠵᠢᠨ | ᠮᠧᠲᠷ ᠴᠡᠴᠡᠷᠯᠢᠭ ᠢ ᠨᠤᠭᠤᠭᠠᠷᠠᠭᠤᠯᠬᠤ ᠪᠠ ᠠᠷᠠᠴᠢᠯᠠᠨ ᠬᠠᠮᠠᠭᠠᠯᠠᠵᠤ᠂ 320 ᠵᠡᠭᠡᠯᠢ ᠶᠢᠨ ᠳ᠋ᠧᠩ ᠢ ᠰᠣᠯᠢᠪᠠ᠃ 2. | 5 ᠲᠦᠮᠡᠨ ᠲᠡᠭᠰᠢ ᠳᠥᠷᠪᠡᠯᠵᠢᠨ ᠮᠧᠲᠷ ᠪᠠᠷᠢᠮᠵᠢᠶᠠᠵᠢᠭᠤᠯᠤᠭᠰᠠᠨ ᠫᠧᠩ ᠰᠠᠷᠠᠪᠴᠢ᠂ 0.24 ᠲᠦᠮᠡᠨ ᠲᠡᠭᠰᠢ | ᠳᠥᠷᠪᠡᠯᠵᠢᠨ ᠮᠧᠲᠷ ᠡᠪᠡᠰᠦ ᠨᠦᠭᠡᠴᠡᠯᠡᠬᠦ ᠫᠧᠩ᠂ 0.1 ᠲᠦᠮᠡᠨ ᠪᠣᠰᠤᠭ᠎ᠠ ᠳᠥᠷᠪᠡᠯᠵᠢᠨ ᠮᠧᠲᠷ ᠨᠤᠭᠤᠭᠠᠨ | ᠲᠠᠷᠤᠰᠢ ᠶᠢᠨ ᠵᠣᠭᠤᠷᠢ ᠶᠢ ᠰᠢᠨ᠎ᠡ ᠪᠠᠷ ᠪᠠᠶᠢᠭᠤᠯᠪᠠ᠃ ᠮᠠᠯᠵᠢᠬᠤ ᠣᠷᠣᠨ ᠳᠤ 16 ᠲᠦᠭᠡᠭᠡᠯ ᠤᠰᠤᠨ ᠤ | ᠢᠨᠵᠧᠨᠧᠷᠢᠩ ᠢ ᠰᠢᠨ᠎ᠡ ᠪᠠᠷ ᠪᠠᠶᠢᠭᠤᠯᠵᠤ᠂ 9 ᠲᠦᠭᠡᠭᠡᠯ ᠤᠰᠤᠨ ᠤ ᠢᠨᠵᠧᠨᠧᠷᠢᠩ ᠢ ᠰᠡᠯᠪᠢᠨ ᠵᠠᠰᠠᠵᠤ᠂2230 | ᠬᠥᠮᠥᠨ ᠤ ᠣᠣᠭᠤᠬᠤ ᠤᠰᠤᠨ ᠤ ᠠᠰᠠᠭᠤᠳᠠᠯ ᠢ ᠰᠢᠢᠳᠪᠦᠷᠢᠯᠡᠪᠡ᠃ 10 ᠺᠢᠯᠣᠸᠠᠲ ᠤᠨ ᠴᠠᠬᠢᠯᠭᠠᠨ ᠲᠣᠣᠷ | ᠬᠤᠭᠤᠯᠠᠢ ᠶᠢ 87.4 ᠺᠢᠯᠣᠮᠧᠲᠷ᠂ 0.4 ᠺᠢᠯᠣᠸᠠᠲ ᠤᠨ ᠴᠠᠬᠢᠯᠭᠠᠨ ᠲᠣᠣᠷ ᠬᠤᠭᠤᠯᠠᠢ ᠶᠢ 66.6 ᠺᠢᠯᠣᠮᠧᠲᠷ | ᠥᠭᠡᠷᠡᠴᠢᠯᠡᠨ ᠪᠠᠶᠢᠭᠤᠯᠵᠤ᠂ 152 ᠰᠠᠤᠷᠢ ᠴᠠᠬᠢᠯᠭᠠᠨ ᠬᠦᠴᠦᠳᠡᠯ ᠥᠭᠡᠷᠡᠴᠢᠯᠡᠭᠴᠢ ᠶᠢ ᠦᠭᠡᠷᠡᠴᠢᠯᠡᠨ ᠵᠠᠰᠠᠵᠤ᠂ | ᠮᠠᠯᠵᠢᠬᠤ ᠣᠷᠤᠨ ᠤ ᠴᠠᠬᠢᠯᠭᠠᠨ ᠲᠣᠣᠷ ᠤᠨ ᠲᠤᠭᠲᠠᠭᠤᠨ ᠪᠠᠶᠢᠳᠠᠯ ᠢ ᠤᠯᠠᠮ ᠨᠢᠭᠡ ᠠᠯᠬᠤᠮ ᠳᠡᠭᠡᠭᠰᠢᠯᠡᠬᠦᠯᠪᠡ᠃ | ᠪᠠᠷᠠᠭᠤᠨ ᠲᠡᠬᠦᠷᠭᠡ ᠶᠢᠨ 110 ᠺᠢᠯᠣᠸᠠᠲ ᠤᠨ ᠴᠠᠬᠢᠯᠭᠠᠨ ᠬᠦᠴᠦᠳᠡᠯ ᠥᠭᠡᠷᠡᠴᠢᠯᠡᠬᠦ ᠥᠷᠲᠡᠭᠡ ᠶᠢᠨ ᠢᠨᠵᠧᠨᠧᠷᠢᠩ | ᠤᠨ ᠭᠤᠣᠯ ᠲᠤᠤᠷ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠬᠦᠯᠪᠡ᠃ ᠵᠢᠢ ᠲᠦᠩ ᠴᠠᠬᠢᠯᠭᠠᠨᠵᠢᠭᠤᠯᠤᠭᠰᠠᠨ ᠲᠡᠮᠦᠷ | ᠵᠠᠮ ᠤᠨ ᠥᠭᠡᠷᠡᠴᠢᠯᠡᠯᠲᠡ ᠶᠢᠨ ᠭᠠᠳᠠᠷ ᠴᠠᠬᠢᠯᠭᠠᠨ ᠬᠠᠩᠭᠠᠬᠤ ᠢᠨᠵᠧᠨᠧᠷᠢᠩ ᠤᠨ ᠮᠠᠨ ᠤ ᠬᠤᠰᠢᠭᠤᠨ ᠳᠤ ᠪᠠᠶᠢᠭ᠎ᠠ | ᠬᠡᠰᠡᠭ ᠤᠨ ᠢᠨᠵᠧᠨᠧᠷᠢᠩ ᠢ ᠪᠦᠬᠦᠨ ᠢ ᠪᠠᠶᠢᠭᠤᠯᠵᠤ ᠲᠠᠭᠤᠰᠬᠠᠪᠠ᠃ 10 ᠵᠤᠷᠪᠤᠰ ᠮᠠᠯᠵᠢᠬᠤ ᠣᠷᠣᠨ ᠤ ᠵᠠᠰᠠᠮᠠᠯ | ᠵᠠᠮ ᠢ 65.5 ᠺᠢᠯᠣᠮᠧᠲᠷ ᠰᠢᠨ᠎ᠡ ᠪᠠᠷ ᠵᠠᠰᠠᠭᠰᠠᠨ ᠪᠠ ᠦᠭᠡᠷᠡᠴᠢᠯᠡᠨ ᠵᠠᠰᠠᠵᠤ᠂ 7 ᠵᠤᠷᠪᠤᠰ ᠵᠠᠰᠠᠮᠠᠯ ᠵᠠᠮ ᠢ 32.9 | ᠺᠢᠯᠣᠮᠧᠲᠷ ᠠᠷᠠᠴᠢᠯᠠᠨ ᠬᠠᠮᠠᠭᠠᠠᠯᠠᠵᠤ᠂ ᠦᠶᠡᠷ ᠲᠤ ᠡᠪᠳᠡᠭᠳᠡᠭᠰᠡᠨ 13 ᠭᠡᠰᠡᠭ ᠵᠠᠮ ᠢ ᠵᠠᠰᠠᠵᠤ᠂ ᠮᠠᠯᠴᠢᠳ ᠤᠨ | ᠶᠠᠪᠤᠵᠤ ᠰᠠᠭᠤᠬᠤ ᠨᠦᠬᠦᠴᠡᠯ ᠨᠡᠩ ᠳᠥᠭᠦᠮ ᠲᠦᠲᠡ ᠪᠣᠯᠪᠠ᠃ ᠮᠠᠯᠵᠢᠬᠤ ᠣᠷᠣᠨ ᠤ 101 ᠡᠷᠦᠬᠡ ᠶᠢᠨ | ᠠᠰᠠᠭᠤᠳᠠᠯ ᠲᠠᠢ ᠵᠣᠷᠯᠣᠩ ᠢ ᠴᠡᠭᠴᠡᠯᠡᠨ ᠰᠠᠶᠢᠵᠢᠷᠠᠭᠤᠯᠬᠤ ᠪᠠ ︽ᠡᠷᠬᠢᠨ ᠬᠠᠷᠠᠬᠤ︾ ᠠᠵᠢᠯ ᠢ ᠪᠡᠶᠡᠯᠡᠭᠦᠯᠵᠦ᠂ | 234 ᠡᠷᠦᠬᠡ ᠶᠢᠨ ᠵᠣᠷᠯᠣᠩ ᠢ ᠰᠢᠨ᠎ᠡ ᠪᠠᠷ ᠪᠠᠶᠢᠭᠤᠯᠪᠠ᠃ ᠴᠠᠭᠠᠨ ᠲᠡᠷᠡᠰᠦ᠂ ᠳᠠᠪᠤᠰᠤᠨ ᠭᠤᠣᠯ ᠵᠡᠷᠭᠡ 2 | ᠠᠶᠢᠮᠠᠭ ᠤᠨ ᠱᠠᠳᠤᠨ ᠤ ᠵᠢᠱᠢᠶ᠎ᠡ ᠦᠵᠡᠭᠦᠯᠬᠦ ᠭᠠᠴᠠᠭ᠎ᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠲᠦᠯᠬᠢᠨ | ᠠᠬᠢᠭᠤᠯᠪᠠ᠃ ᠮᠠᠯᠵᠢᠬᠤ ᠣᠷᠤᠨ ᠤ 136 ᠡᠷᠦᠬᠡ ᠳᠤ ᠪᠠᠶᠢᠰᠢᠩ ᠤᠨ ᠨᠠᠷᠠᠪᠴᠢ ᠪᠠᠷᠢᠬᠤ ᠲᠥᠷᠦᠯ ᠵᠦᠢᠯ ᠢ | ᠬᠡᠷᠡᠭᠵᠢᠬᠦᠯᠪᠡ᠃ 6 ᠭᠤᠣᠯᠳᠠᠯᠭᠠᠲᠤ ᠭᠠᠴᠠᠭᠠᠨ ᠳᠤ ᠮᠠᠯᠵᠢᠬᠤ ᠣᠷᠤᠨ ᠤ ᠣᠷᠤᠰᠢᠨ ᠰᠠᠭᠤᠬᠤ ᠣᠷᠴᠢᠨ | ᠲᠤᠭᠤᠷᠢᠨ ᠢ ᠴᠡᠭᠴᠡᠯᠡᠨ ᠰᠠᠶᠢᠵᠢᠷᠠᠭᠤᠯᠬᠤ ᠬᠠᠰᠢᠶ᠎ᠠ ᠰᠡᠷᠡᠯᠵᠢ ᠶᠢᠨ ᠪᠦᠳᠦᠭᠡᠨ ᠪᠠᠶᠢᠭᠤᠯᠤᠯᠲᠠ ᠶᠢᠨ ᠲᠥᠷᠦᠯ ᠵᠦᠢᠯ | ᠪᠠ ᠲᠡᠮᠦᠷ ᠬᠦᠷᠢᠶ᠎ᠡ ᠬᠠᠰᠢᠶ᠎ᠠ ᠶᠢᠨ ᠲᠥᠷᠦᠯ ᠵᠦᠢᠯ ᠢ ᠤᠷᠢᠳᠠᠪᠡᠷ ᠲᠤᠷᠰᠢᠨ ᠬᠡᠷᠡᠭᠵᠢᠬᠦᠯᠵᠦ᠂ ᠮᠠᠯᠴᠢᠳ ᠢ | ᠦᠢᠯᠡᠳᠪᠦᠷᠢᠯᠡᠯ ᠠᠮᠢᠳᠤᠷᠠᠯ ᠤᠨ ᠲᠤᠭᠤᠷᠢᠭ ᠢᠶᠠᠨ ᠵᠦᠢ ᠵᠤᠬᠢᠰᠲᠠᠢ ᠬᠤᠪᠢᠶᠠᠷᠢᠯᠠᠬᠤ ᠶᠢ ᠠᠬᠢᠭᠤᠯᠪᠠ᠃ | ︵ᠵᠢᠷᠭᠤᠭ᠎ᠠ︶ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠦᠷᠭᠦᠯᠵᠢᠯᠡᠨ ᠴᠢᠩᠭᠠᠳᠬᠠᠪᠠ᠃ ᠠᠵᠢᠯ | ᠮᠡᠷᠭᠡᠵᠢᠯ ᠤᠨ ᠤᠷ᠎ᠠ ᠮᠡᠷᠭᠡᠰᠢᠯ ᠤᠨ ᠪᠣᠯᠪᠠᠰᠤᠷᠠᠯ ᠢ 28 ᠬᠤᠭᠤᠴᠠᠭ᠎ᠠ ᠡᠷᠬᠢᠯᠡᠨ᠂ ︽ᠠᠵᠢᠯ ᠣᠯᠭᠤᠯᠲᠠ ᠳᠤ | ᠲᠤᠰᠠᠯᠠᠬᠤ ᠰᠠᠷ᠎ᠠ︾ ᠶᠢᠨ ᠠᠵᠢᠯᠯᠠᠭ᠎ᠠ᠂ ︽ᠬᠠᠪᠤᠷ ᠤᠨ ᠤᠯᠠᠷᠢᠯ ᠤᠨ ᠠᠵᠢᠯᠲᠠᠨ ᠡᠯᠰᠡᠬᠦ ᠴᠤᠭᠯᠠᠭᠠᠨ︾ ᠢ | ᠵᠣᠬᠢᠶᠠᠨ ᠪᠠᠶᠢᠭᠤᠯᠵᠦ᠂ ᠬᠤᠲᠠ ᠪᠠᠯᠭᠠᠰᠤᠨ ᠤ 611 ᠬᠥᠮᠥᠨ ᠳᠤ ᠰᠢᠨ᠎ᠡ ᠪᠠᠷ ᠠᠵᠢᠯ ᠣᠯᠭᠤᠨ᠂ 370 ᠨᠡᠷ᠎ᠡ | ᠶᠠᠳᠠᠭᠤ ᠠᠴᠠ ᠠᠩᠭᠢᠵᠢᠷᠠᠭᠰᠠᠨ ᠬᠥᠳᠡᠯᠮᠦᠷᠢ ᠬᠦᠴᠦᠨ ᠢ ᠰᠢᠯᠵᠢᠭᠦᠯᠦᠨ ᠠᠵᠢᠯ ᠣᠯᠭᠤᠵᠣ᠂ ᠬᠤᠰᠢᠭᠤᠨ ᠤ 61 | ᠨᠡᠷ᠎ᠡ ᠦᠢᠯᠡᠰ ᠪᠤᠰᠬᠠᠭᠴᠢᠳ ᠲᠤ 1119 ᠲᠦᠮᠡᠨ ᠲᠥᠭᠦᠷᠢᠭ ᠤᠨ ᠠᠳᠠᠯ ᠦᠢᠯᠡᠰ ᠪᠤᠰᠬᠠᠬᠤ ᠵᠢᠭᠡᠯᠡᠯᠭᠡ | ᠣᠯᠭᠤᠪᠡ᠃ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠤᠭᠰᠠᠨ ᠦᠷ᠎ᠡ ᠪᠦᠳᠦᠭᠡᠯ ᠢ ᠪᠠᠬᠢᠵᠢᠬᠦᠯᠬᠦ ᠪᠠ | ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ 40 ᠲᠥᠷᠥᠯ ᠵᠦᠢᠯ ᠢ | ᠬᠡᠷᠡᠭᠵᠢᠬᠦᠯᠦᠨ᠂ ᠪᠦᠬᠦ ᠠᠵᠢᠯ ᠤᠨ 97.5% ᠶᠢ ᠲᠠᠭᠤᠰᠬᠠᠪᠠ᠃1439.2 ᠲᠦᠮᠡᠨ ᠲᠥᠭᠦᠷᠢᠭ ᠤᠨ | ᠶᠠᠳᠠᠭᠤ ᠶᠢ ᠲᠡᠳᠬᠦᠬᠦ ᠪᠠᠭ᠎ᠠ ᠬᠡᠮᠵᠢᠶᠡᠨ ᠤ ᠵᠢᠭᠡᠯᠡᠯᠭᠡ ᠣᠯᠭᠤᠵᠤ᠂ 2123 ᠬᠥᠮᠥᠨ ᠤ ᠬᠥᠮᠥᠨ ᠪᠦᠷᠢ ᠳᠤ 80 | ᠲᠥᠭᠦᠷᠢᠭ ᠤᠨ ᠶᠠᠳᠠᠭᠤᠷᠠᠬᠤ ᠶᠢ ᠰᠡᠷᠭᠡᠶᠢᠯᠡᠬᠦ ᠳᠠᠭᠠᠳᠬᠠᠯ ᠢ ᠤᠷᠤᠯᠠᠨ ᠲᠤᠰᠢᠶᠠᠵᠤ᠂ ᠮᠠᠯᠵᠢᠬᠤ ᠣᠷᠣᠨ ᠤ 11 | ᠡᠷᠦᠬᠡ ᠶᠢᠨ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠪᠠ᠃ ᠬᠠᠮᠤᠭ ᠨᠠᠭᠠᠲᠤ ᠵᠠᠬ᠎ᠠ ᠶᠢᠨ | ᠠᠮᠢᠳᠤᠷᠠᠯ ᠤᠨ ᠪᠠᠲᠤᠯᠠᠭ᠎ᠠ᠂ ᠣᠨᠴᠠ ᠬᠦᠴᠢᠷᠳᠡᠯᠲᠡᠢ ᠬᠥᠮᠥᠰ ᠤᠨ ᠨᠥᠬᠦᠪᠦᠷᠢ᠂ ᠵᠡᠮᠳᠡᠭᠴᠦᠳ ᠤᠨ ᠬᠤᠶᠠᠷ | ᠲᠥᠷᠦᠯ ᠤᠨ ᠨᠦᠬᠦᠪᠦᠷᠢ᠂ ᠭᠡᠷ ᠲᠦᠷᠢᠶᠡᠰᠦᠯᠡᠬᠦ ᠨᠦᠬᠦᠪᠦᠷᠢ ᠵᠡᠷᠭᠡ ᠠᠷᠠᠳ ᠤᠨ ᠠᠮᠢᠳᠤᠷᠠᠯ ᠤᠨ ᠠᠪᠤᠷᠠᠨ | ᠲᠤᠰᠠᠯᠠᠬᠤ ᠪᠡᠯᠡ ᠮᠦᠩᠬᠦ 1730 ᠲᠦᠮᠡᠨ ᠲᠦᠬᠦᠷᠢᠭ ᠪᠠᠭᠤᠯᠭᠠᠵᠤ᠂ ᠠᠵᠤ ᠠᠬᠤᠶᠢᠯᠠᠯ ᠤᠨ ᠠᠵᠢᠯᠲᠠᠨ | ᠠᠵᠢᠯᠴᠢᠨ ᠤ ᠨᠠᠰᠤᠵᠢᠯ ᠤᠨ ᠳᠠᠭᠠᠳᠬᠠᠯ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ | ᠳᠠᠭᠠᠳᠬᠠᠠᠯ᠂ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ᠂ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠣᠷᠤᠯᠴᠠᠬᠤ ᠨᠣᠷᠮ᠎ᠠ ᠶᠢ ᠤᠯᠠᠮ ᠨᠢᠭᠡ | ᠠᠯᠬᠤᠮ ᠳᠡᠭᠡᠭᠰᠢᠯᠡᠭᠦᠯᠪᠡ᠃ ᠬᠠᠰᠢᠶᠠᠲᠤ ᠨᠡᠶᠢᠭᠡᠮ ᠲᠣᠭᠤᠷᠢᠭ᠂ ᠴᠡᠩᠭᠡᠯ ᠨᠡᠶᠢᠭᠡᠮ ᠲᠣᠭᠤᠷᠢᠭ ᠲᠤ | ᠨᠠᠰᠤᠲᠠᠶᠢᠴᠤᠳ ᠢ ᠠᠰᠠᠷᠠᠨ ᠰᠣᠪᠢᠯᠠᠬᠤ ᠦᠢᠯᠡᠴᠢᠯᠡᠭᠡᠨ ᠤ ᠥᠷᠲᠡᠭᠡ ᠶᠢ ᠪᠠᠶᠢᠭᠤᠯᠪᠠ᠃ ᠦᠷᠢ ᠥᠭᠴᠡᠭᠡ ᠶᠢ | ᠴᠡᠪᠡᠷᠯᠡᠨ᠂ ᠴᠠᠯᠢᠩ ᠢ ᠪᠠᠲᠤᠯᠠᠬᠤ ᠠᠵᠢᠯ ᠢ ᠰᠠᠶᠢᠳᠤᠷ ᠬᠢᠵᠤ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠲᠤ | ᠴᠠᠯᠢᠩ ᠥᠷᠢᠲᠦᠵᠦ ᠤᠳᠠᠭᠠᠰᠢᠷᠠᠭᠤᠯᠤᠭᠰᠠᠨ ᠪᠠᠶᠢᠳᠠᠯ ᠡᠭᠦᠰᠦᠭᠰᠡᠨ ᠦᠭᠡᠢ᠃ 4844 ᠲᠣᠨ ᠳᠤᠯᠠᠭᠠᠯᠭ᠎ᠠ ᠶᠢ | ᠪᠠᠲᠤᠯᠠᠬᠤ ᠴᠢᠨᠠᠷ ᠰᠠᠶᠢᠲᠠᠢ ᠨᠡᠭᠦᠷᠡᠰᠦ ᠲᠡᠭᠡᠭᠡᠪᠦᠷᠢᠯᠡᠨ ᠠᠪᠴᠢᠷᠠᠵᠤ᠂ ᠬᠤᠲᠠ ᠬᠦᠳᠡᠭᠡ ᠶᠢᠨ 3028 ᠡᠷᠦᠬᠡ | ᠳᠤ ᠠᠰᠢᠭ ᠬᠦᠷᠲᠡᠭᠡᠪᠡ᠃ | ︵ᠳᠣᠯᠤᠭ᠎ᠠ︶ ᠨᠡᠶᠢᠭᠡᠮ ᠤᠨ ᠠᠵᠢᠯ ᠦᠢᠯᠡᠰ ᠲᠡᠩᠴᠡᠭᠦᠷᠢᠲᠡᠢ ᠬᠦᠭᠵᠢᠪᠡ᠃ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠱᠠᠲᠤᠨ ᠤ ᠰᠤᠷᠤᠭᠴᠢᠳ ᠤᠨ ᠬᠡᠪ ᠴᠢᠨᠠᠷ ᠤᠨ ᠰᠤᠷᠭᠠᠨ ᠬᠥᠮᠦᠵᠢᠯ ᠤᠨ ᠬᠢᠷᠢ ᠲᠥᠪᠰᠢᠨ ᠢ | ᠳᠡᠭᠡᠭᠰᠢᠯᠡᠬᠦᠯᠵᠦ᠂ ᠤᠯᠤᠰ ᠤᠨ ᠬᠤᠰᠢᠭᠤ ᠰᠢᠶᠠᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠢ | ᠬᠥᠭᠵᠢᠯᠲᠡ ᠶᠢ ᠦᠨᠡᠯᠡᠨ ᠵᠢᠱᠢᠬᠦ ᠡᠯ᠎ᠡ ᠲᠥᠷᠦᠯ ᠤᠨ ᠪᠡᠯᠡᠳᠬᠡᠯ ᠠᠵᠢᠯ ᠢ ᠴᠢᠨᠠᠷ ᠰᠠᠶᠢᠲᠠᠢ ᠪᠡᠶᠡᠯᠡᠬᠦᠯᠪᠡ᠃ | ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ 19 ᠨᠡᠷ᠎ᠡ ᠪᠠᠭᠰᠢ ᠨᠦᠬᠦᠵᠦ ᠡᠯᠰᠡᠪᠡ᠃ | ᠬᠤᠶᠠᠳᠤᠭᠠᠷ ᠬᠡᠦᠬᠡᠳ ᠤᠨ ᠴᠡᠴᠡᠷᠯᠢᠭ ᠤᠨ ᠰᠤᠷᠭᠠᠭᠤᠯᠢ ᠶᠢᠨ ᠬᠦᠷᠢᠶ᠎ᠡ ᠶᠢᠨ ᠦᠷᠭᠡᠳᠭᠡᠨ ᠪᠠᠶᠢᠭᠤᠯᠤᠯᠲᠠ᠂ | ᠬᠤᠶᠠᠳᠤᠭᠠᠷ ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠣᠷᠳᠣᠨ ᠪᠠ ᠶᠡᠷᠦᠩᠬᠡᠶᠢᠯᠡᠭᠰᠡᠨ ᠥᠨᠳᠥᠷ ᠵᠡᠷᠭᠡ ᠶᠢᠨ | ᠳᠤᠮᠳᠠᠳᠤ ᠰᠤᠷᠭᠠᠭᠤᠯᠢ ᠶᠢᠨ ᠲᠤᠷᠰᠢᠯᠲᠠ ᠶᠢᠨ ᠠᠰᠠᠷ ᠢ ᠪᠠᠶᠢᠭᠤᠯᠵᠤ ᠲᠠᠭᠤᠰᠬᠠᠨ ᠠᠰᠢᠭᠯᠠᠯᠲᠠ ᠳᠤ ᠤᠷᠤᠭᠤᠯᠪᠠ᠃ | ᠨᠠᠢᠮᠠᠨ ᠮᠤᠵᠢ ᠣᠷᠣᠨ ᠤ ᠬᠤᠶᠠᠳᠤᠭᠠᠷ ᠬᠤᠭᠤᠴᠠᠭᠠᠨ ᠤ ︽ᠠᠰᠤᠷᠤ ᠬᠤᠨᠳᠠᠭᠠᠲᠤ︾ ᠴᠠᠬᠠᠷ ᠠᠷᠠᠳ ᠤᠨ | ᠲᠠᠭᠤᠨ ᠤ ᠤᠷᠤᠯᠳᠤᠭᠠᠨ᠂ ᠬᠤᠶᠠᠳᠤᠭᠠᠷ ᠬᠤᠭᠤᠴᠠᠭᠠᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠠᠮᠢᠷ ᠤᠨ | ᠬᠦᠳᠡᠯᠭᠡᠭᠡᠨ᠂ ᠵᠢᠷᠭᠤᠳᠤᠭᠠᠷ ᠬᠤᠭᠤᠴᠠᠭᠠᠨ ᠤ ᠠᠯᠲᠠᠨ ᠨᠠᠮᠤᠷ ᠲᠠᠯ᠎ᠠ ᠨᠤᠲᠤᠭ ᠤᠨ ᠡᠯᠪᠡᠭ ᠬᠤᠷᠢᠶᠠᠯᠲᠠ ᠶᠢᠨ ᠨᠠᠶᠢᠷ | ᠵᠢᠴᠢ ᠨᠠᠢᠮᠠᠳᠤᠭᠠᠷ ᠬᠤᠭᠤᠴᠠᠭᠠᠨ ᠤ ᠴᠠᠬᠠᠷ ᠬᠤᠨᠢᠨ ᠤ ᠨᠠᠶᠢᠷ ᠢ ᠠᠮᠵᠢᠯᠲᠠ ᠲᠠᠢ ᠡᠷᠭᠢᠯᠡᠪᠡ᠃ ︽ᠠᠰᠣᠷᠤ ᠶᠢᠨ | ᠳᠠᠶᠢᠯᠠᠯᠭ᠎ᠠ ᠶᠢᠨ ᠲᠠᠭᠤᠤ︾ ︽ᠶᠤᠳᠪᠠᠢ ᠠᠰᠤᠷᠤ︾ ᠨᠢ ᠪᠥᠬᠦ ᠣᠷᠣᠨ ᠤ ᠤᠯᠠᠭᠠᠨᠮᠥ᠋ᠴᠢᠷ ᠤᠨ ᠤᠤᠭᠠᠯ | ᠰᠣᠩᠭᠤᠳᠠᠭ ᠪᠦᠲᠦᠭᠡᠯ ᠢ ᠤᠯᠠᠮᠵᠢᠯᠠᠨ ᠵᠠᠯᠭᠠᠮᠵᠢᠯᠠᠬᠤ ᠢᠨᠵᠧᠨᠧᠷᠢᠩ ᠳᠤ ᠰᠣᠩᠭᠤᠭᠳᠠᠨ ᠤᠷᠤᠪᠠ᠃ 10 ᠨᠤᠮ | ᠤᠨ ᠰᠠᠩ ᠤᠨ ᠨᠡᠬᠦᠳᠡᠯ ᠦᠢᠯᠡᠴᠢᠯᠡᠭᠡᠨ ᠤ ᠴᠡᠭ ᠪᠠᠶᠢᠭᠤᠯᠪᠠ᠃ ᠰᠣᠶᠣᠯ ᠢ ᠲᠦᠮᠡᠨ ᠡᠷᠦᠬᠡ ᠳᠤ ᠬᠦᠷᠭᠡᠬᠦ | ᠠᠵᠢᠯᠯᠠᠭ᠎ᠠ ᠶᠢ 100 ᠭᠠᠷᠤᠢ ᠲᠠᠯᠠᠪᠠᠢ ᠤᠳᠠᠭ᠎ᠠ ᠥᠷᠨᠢᠭᠦᠯᠪᠡ᠃ ᠪᠥᠬᠦ ᠣᠷᠣᠨ ᠤ ᠠᠷᠪᠠᠳᠤᠭᠠᠷ ᠬᠤᠭᠤᠴᠠᠭᠠᠨ ᠤ | 25 ᠨᠠᠰᠤᠨ ᠠᠴᠠ ᠳᠣᠷᠣᠭᠰᠢᠬᠢ ᠵᠠᠯᠠᠭᠤ ᠪᠦᠭᠡᠴᠦᠳ ᠤᠨ ᠤᠯᠠᠮᠵᠢᠯᠠᠯᠲᠤ ᠪᠠᠷᠢᠯᠳᠤᠭᠠᠨ ᠳᠤ ᠬᠠᠮᠲᠤ ᠨᠢᠭᠡᠴᠡ ᠶᠢᠨ | ᠲᠡᠷᠢᠬᠦᠨ ᠤ ᠰᠢᠯᠢᠳᠡᠭ ᠦᠷ᠎ᠡ ᠪᠦᠳᠦᠮᠵᠢ ᠣᠯᠪᠠ᠃ ᠣᠶᠤᠨ ᠤ ᠪᠤᠯᠪᠠᠰᠤᠨ ᠤ ︽ᠵᠢᠷᠭᠤᠭᠠᠨ ᠶᠡᠭᠡ︾ ᠡᠬᠦᠳᠦᠨ | ᠪᠠᠶᠢᠭᠤᠯᠤᠯᠲᠠ ᠰᠢᠨ᠎ᠡ ᠦᠷ᠎ᠡ ᠪᠦᠳᠦᠮᠵᠢ ᠣᠯᠵᠤ᠂ ᠥᠪᠡᠷᠲᠡᠭᠡᠨ ᠵᠠᠰᠠᠬᠤ ᠣᠷᠤᠨ ᠤ ᠪᠤᠯᠪᠠᠰᠤᠨ ᠬᠤᠰᠢᠭᠤᠨ ᠤ | ᠬᠢᠷᠢ ᠬᠡᠮ ᠢ ᠰᠡᠷᠭᠦᠬᠡᠵᠤ᠂ 1 ᠠᠶᠢᠮᠠᠭ ᠤᠨ ᠲᠡᠰ ᠤᠨ ᠪᠤᠯᠪᠠᠰᠤᠨ ᠰᠣᠮᠣ ᠪᠠᠯᠭᠠᠰᠤ᠂ 11 ᠠᠶᠢᠮᠠᠭ ᠤᠨ ᠲᠡᠰ ᠤᠨ | ᠪᠤᠯᠪᠠᠰᠤᠨ ᠭᠠᠴᠠᠭ᠎ᠠ᠂ 1 ᠠᠶᠢᠮᠠᠭ ᠤᠨ ᠲᠡᠰ ᠤᠨ ᠪᠤᠯᠪᠠᠰᠤᠨ ᠪᠠᠶᠢᠭᠤᠯᠭ᠎ᠠ ᠨᠢᠭᠡᠴᠡ᠂ 4 ᠠᠶᠢᠮᠠᠭ ᠤᠨ ᠲᠡᠰ ᠤᠨ | ᠪᠤᠯᠪᠠᠰᠤᠨ ᠭᠡᠷ ᠪᠦᠯᠢ ᠶᠢ ᠪᠠᠶᠢᠭᠤᠯᠪᠠ᠃ ᠠᠷᠠᠳ ᠤᠨ ᠡᠮᠨᠡᠯᠭᠡ ᠶᠢᠨ ᠬᠤᠷᠢᠶ᠎ᠠ᠂ ᠮᠣᠩᠭᠤᠯ ᠡᠮᠨᠡᠯᠭᠡ ᠶᠢᠨ ᠬᠤᠷᠢᠶ᠎ᠠ | ᠨᠢ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠴᠢᠨᠠᠷ ᠰᠠᠶᠢᠲᠠᠢ ᠬᠥᠭᠵᠢᠯᠲᠡ ᠶᠢᠨ ᠲᠤᠷᠰᠢᠯᠲᠠ ᠶᠢᠨ | ᠴᠡᠭ ᠤᠨ ᠠᠵᠢᠯ ᠢ ᠥᠷᠨᠢᠬᠦᠯᠵᠦ᠂ ᠰᠢᠨ᠎ᠡ ᠪᠠᠷ ᠪᠠᠶᠢᠭᠤᠯᠤᠭᠰᠠᠨ ᠮᠤᠩᠭᠤᠯ ᠡᠮᠨᠡᠯᠭᠡ ᠶᠢᠨ ᠬᠤᠷᠢᠶᠠᠨ ᠤ | ᠡᠮᠴᠢᠯᠡᠭᠡᠨ ᠤ ᠮᠡᠷᠭᠡᠵᠢᠯ ᠤᠨ ᠠᠰᠠᠷ ᠤᠨ ᠲᠥᠷᠦᠯ ᠵᠦᠢᠯ ᠪᠠ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠲᠥᠪ ᠤᠨ ᠶᠡᠷᠦᠩᠬᠡᠶᠢᠯᠡᠭᠰᠡᠨ ᠠᠰᠠᠷ ᠢ ᠦᠭᠡᠷᠡᠴᠢᠯᠡᠨ ᠵᠠᠰᠠᠬᠤ ᠲᠥᠷᠦᠯ ᠵᠦᠢᠯ ᠤᠨ ᠭᠤᠣᠯ | ᠴᠣᠭᠴᠠ ᠶᠢᠨ ᠪᠦᠳᠦᠴᠡ ᠶᠢ ᠪᠠᠶᠢᠭᠤᠯᠵᠤ ᠳᠠᠭᠤᠰᠬᠠᠨ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ | ᠬᠡᠭᠡᠷ᠎ᠡ ᠭᠠᠳᠠᠨ᠎ᠠ ᠬᠤᠯᠤᠭᠠᠨ᠎ᠠ ᠬᠢᠵᠢᠭ ᠢ ᠬᠢᠨᠠᠨ ᠬᠡᠮᠵᠢᠬᠦ ᠦᠷᠳᠡᠭᠡ᠂ ᠠᠷᠠᠳ ᠤᠨ ᠡᠮᠨᠡᠯᠭᠡ ᠶᠢᠨ ᠬᠤᠷᠢᠶᠠᠨ ᠤ | ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠲᠣᠭᠤᠷᠢᠭ ᠢ ᠥᠭᠡᠷᠡᠴᠢᠯᠡᠨ ᠪᠠᠶᠢᠭᠤᠯᠵᠤ ᠠᠰᠢᠭᠯᠠᠯᠲᠠ ᠳᠤ | ᠣᠷᠣᠭᠤᠯᠪᠠ᠃ ᠪᠦᠬᠦ ᠬᠤᠰᠢᠭᠤᠨ ᠤ ᠦᠷᠭᠡᠨ ᠣᠯᠠᠨ ᠺᠠᠳ᠋ᠷ ᠠᠵᠢᠯᠲᠠᠨ᠂ ᠠᠷᠠᠳ ᠲᠦᠮᠡᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠡᠯ᠎ᠡ ᠲᠥᠷᠦᠯ ᠤᠨ ᠠᠷᠭ᠎ᠠ ᠬᠡᠮᠵᠢᠶ᠎ᠡ ᠶᠢ ᠬᠢᠨᠠᠮᠠᠭᠠᠢ ᠨᠠᠶᠢᠳᠠᠪᠦᠷᠢᠵᠢᠭᠤᠯᠵᠤ᠂ ᠰᠢᠷᠭᠠᠭᠤ | ᠲᠡᠮᠡᠴᠡᠵᠦ᠂ ᠰᠢᠨ᠎ᠡ ᠲᠢᠳᠢᠮᠯᠢᠭ ᠸᠢᠷᠦ᠋ᠰ ᠤᠨ ᠬᠢᠵᠢᠭ ᠤᠨ ᠪᠠᠶᠢᠳᠠᠯ ᠢ ᠪᠦᠳᠦᠮᠵᠢᠳᠡᠢ ᠠᠷᠭᠠᠴᠠᠭᠠᠪᠠ᠃ 65 ᠨᠠᠰᠤᠨ | ᠠᠴᠠ ᠳᠡᠭᠡᠭᠰᠢᠬᠢ ᠨᠠᠰᠤᠳᠠᠶᠢᠴᠤᠳ ᠲᠤ ᠦᠨᠳᠦᠰᠦᠨ ᠡᠮ ᠡᠮᠨᠡᠯᠭᠡ ᠶᠢᠨ ᠦᠢᠯᠡᠴᠢᠯᠡᠭᠡ ᠬᠠᠩᠭᠠᠵᠤ᠂ 410 ᠨᠡᠷ᠎ᠡ | ᠬᠠᠭᠤᠴᠢᠨ ᠠᠷᠬᠠᠭ ᠡᠪᠡᠳᠴᠢᠨ ᠲᠠᠢ ᠭᠤᠣᠯᠳᠠᠯᠭ᠎ᠠ ᠲᠠᠢ ᠨᠠᠰᠤᠳᠠᠶᠢᠴᠦᠳ ᠲᠤ ᠡᠮ ᠡᠮᠴᠢᠯᠡᠭᠡ ᠬᠦᠷᠭᠡᠬᠦ | ᠦᠢᠯᠡᠴᠢᠯᠡᠭᠡ ᠬᠠᠩᠭᠠᠨ᠂ ᠬᠦᠨᠳᠦ ᠡᠪᠡᠳᠴᠢᠨ ᠣᠯᠬᠤ ᠶᠢ ᠪᠦᠳᠦᠮᠵᠢᠳᠡᠢ ᠰᠡᠷᠭᠡᠶᠢᠯᠡᠪᠡ᠃ ᠬᠤᠯᠤᠭᠠᠨ᠎ᠠ ᠶᠢᠨ | ᠬᠢᠵᠢᠭ ᠢ ᠰᠡᠷᠭᠡᠶᠢᠯᠡᠨ ᠡᠵᠡᠮᠳᠡᠬᠦ ᠪᠠ ᠪᠤᠰᠤᠳ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠢ | ᠨᠢᠭᠡᠳᠦᠯᠲᠡᠢ ᠲᠥᠯᠦᠪᠵᠢᠬᠦᠯᠦᠨ ᠰᠠᠶᠢᠲᠤᠷ ᠬᠢᠪᠡ᠃ ᠮᠠᠯᠴᠢᠳ ᠤᠨ ᠤᠳᠠᠭᠠᠨ ᠴᠢᠨᠠᠷᠲᠠᠢ ᠡᠪᠡᠳᠴᠢᠨ ᠤ | ᠦᠢᠯᠡᠴᠢᠯᠡᠭᠡ ᠶᠢ ᠳᠡᠭᠡᠭᠰᠢᠯᠡᠭᠦᠯᠬᠦ ᠲᠥᠷᠥᠯ ᠵᠦᠢᠯ ᠢᠶᠠᠷ ᠪᠥᠬᠦ ᠬᠤᠰᠢᠭᠤᠨ ᠤ 1956 ᠴᠢᠰᠤᠨ ᠳᠠᠷᠤᠯᠲᠠ ᠥᠨᠳᠥᠷ | ᠡᠪᠡᠳᠴᠢᠲᠡᠨ ᠳᠤ ᠠᠰᠢᠭ ᠬᠦᠷᠳᠡᠭᠡᠪᠠ᠃ 651 ᠨᠡᠷ᠎ᠡ ᠴᠡᠷᠢᠭ ᠠᠴᠠ ᠬᠠᠯᠠᠭᠳᠠᠭᠰᠠᠳ ᠲᠤ ᠬᠠᠷᠠᠭᠠᠯᠵᠠᠯ ᠤᠨ | ᠦᠨᠡᠮᠯᠡᠯ ᠣᠯᠭᠤᠵᠤ᠂ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠬᠥᠰᠢᠶ᠎ᠡ ᠶᠢ ᠵᠠᠰᠠᠨ ᠰᠡᠯᠪᠢᠪᠡ᠃ | ᠪᠣᠭᠳᠠ ᠶᠢᠨ ᠭᠤᠣᠯ᠂ ᠤᠯᠠᠭᠠᠨᠲᠤᠭ ᠤᠨ ᠤᠯᠤᠰ ᠤᠨ ᠴᠠᠭ ᠠᠭᠤᠷ ᠤᠨ ᠠᠵᠢᠭᠯᠠᠯᠲᠠ ᠶᠢᠨ ᠥᠷᠲᠡᠭᠡ ᠶᠢ ᠲᠠᠰ | ᠳᠡᠪᠰᠢᠭᠦᠯᠦᠨ ᠪᠠᠶᠢᠭᠤᠯᠪᠠ᠃ ᠤᠷᠤᠰᠢᠭᠤᠯᠭ᠎ᠠ ᠶᠢᠨ ᠦᠭᠡᠷᠡᠴᠢᠯᠡᠯᠲᠡ ᠶᠢ ᠲᠦᠷᠭᠡᠳᠬᠡᠵᠦ᠂ ᠨᠡᠶᠢᠲᠡ ᠶᠢᠨ ᠤᠩᠭᠤᠨ | ᠪᠠ ᠣᠷᠣᠰᠢᠭᠤᠯᠭ᠎ᠠ ᠶᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠦᠯ ᠵᠦᠢᠯ ᠢ ᠪᠠᠶᠢᠭᠤᠯᠵᠤ ᠲᠠᠭᠤᠰᠬᠠᠪᠠ᠃ | | ︵ᠨᠠᠢᠮᠠ︶ ᠨᠡᠶᠢᠭᠡᠮ ᠤᠨ ᠪᠠᠶᠢᠳᠠᠯ ᠡᠶ᠎ᠡ ᠵᠣᠬᠢᠴᠠᠯ ᠲᠠᠢ ᠪᠥᠭᠡᠳ ᠲᠣᠭᠲᠠᠭᠤᠨ ᠬᠦᠭᠵᠢᠪᠡ᠃ ︽ᠪᠥᠬᠦ | ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ︾ ᠶᠢ ᠡᠭᠦᠳᠦᠨ | ᠪᠠᠶᠢᠭᠤᠯᠬᠤ ᠠᠵᠢᠯ ᠢ ᠪᠥᠬᠦ ᠲᠠᠯ᠎ᠠ ᠪᠠᠷ ᠠᠬᠢᠭᠤᠯᠵᠤ᠂ 1 ᠥᠪᠡᠷᠲᠡᠭᠡᠨ ᠵᠠᠰᠠᠬᠤ ᠣᠷᠣᠨ ᠤ ᠲᠡᠰ ᠤᠨ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ ᠨᠡᠶᠢᠲᠡ᠂ 1 ᠪᠥᠬᠦ ᠣᠷᠣᠨ ᠤ ᠳᠣᠯᠣᠳᠤᠭᠠᠷ | ᠪᠦᠯᠦᠭ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠡ᠂ 2 ᠠᠶᠢᠮᠠᠭ ᠤᠨ ᠲᠡᠰ ᠤᠨ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ ᠨᠡᠶᠢᠲᠡ ᠶᠢ ᠪᠠᠶᠢᠭᠤᠯᠵᠤ᠂ 2 ᠬᠦᠮᠦᠨ ᠪᠦᠬᠦ | ᠠᠶᠢᠮᠠᠭ ᠤᠨ ᠦᠨᠳᠦᠰᠦᠳᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠤᠪᠢ ᠬᠦᠮᠦᠨ ᠢᠶᠠᠷ ᠴᠣᠯᠠᠯᠠᠭᠳᠠᠪᠠ᠃ | 〈ᠬᠡᠨ ᠬᠠᠤᠯᠢ ᠬᠡᠷᠡᠭᠵᠢᠭᠦᠯᠪᠡᠯ ᠲᠡᠷᠡ ᠬᠠᠤᠯᠢ ᠲᠦᠭᠡᠮᠡᠯᠵᠢᠭᠦᠯᠬᠦ〉ᠬᠠᠤᠯᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ | ᠳᠦᠷᠢᠮ ᠤᠨ ᠨᠠᠷᠢᠨ ᠲᠠᠩᠰᠠ ᠶᠢ ᠪᠥᠬᠦ ᠲᠠᠯ᠎ᠠ ᠪᠠᠷ ᠬᠡᠷᠡᠭᠵᠢᠬᠦᠯᠦᠨ᠂ ︽ᠬᠠᠤᠯᠢ ᠴᠠᠭᠠᠵᠠ ᠶᠢᠨ ᠵᠢᠷᠭᠤᠭ᠎ᠠ ᠶᠢ | ᠠᠬᠢᠭᠤᠯᠬᠤ︾ ᠠᠵᠢᠯᠯᠠᠭ᠎ᠠ ᠶᠢ ᠴᠢᠨᠠᠷ ᠰᠠᠶᠢᠲᠠᠢ ᠥᠷᠨᠢᠬᠦᠯᠪᠡ᠃ ᠵᠥᠷᠢᠴᠡᠯ ᠵᠢᠭᠤᠷᠠᠭᠠᠨ ᠢ ᠡᠶᠡᠳᠡᠭᠦᠯᠦᠨ | ᠰᠢᠢᠳᠪᠦᠷᠢᠯᠡᠬᠦ ᠲᠥᠪ ᠢ ᠪᠠᠶᠢᠭᠤᠯᠤᠨ᠂ ᠨᠡᠶᠢᠭᠡᠮ ᠤᠨ ᠵᠠᠰᠠᠯᠲᠠ ᠶᠢᠨ ᠭᠤᠷᠪᠠᠨ ᠱᠠᠲᠤ ᠪᠠᠷ ᠳᠠᠭᠠᠭᠠᠴᠢᠯᠠᠨ | ᠬᠤᠯᠪᠤᠭᠠᠯᠠᠵᠤ᠂ ᠲᠠᠪᠤᠨ ᠱᠠᠲᠤ ᠪᠠᠷ ᠦᠢᠯᠡᠴᠢᠯᠡᠬᠦ ᠲᠣᠣᠷᠴᠢᠯᠠᠭᠰᠠᠨ ᠰᠢᠰᠲ᠋ᠧᠮ ᠢ ᠰᠢᠯᠢᠳᠡᠭᠵᠢᠬᠦᠯᠦᠨ᠂ 283 | ᠬᠤᠪᠢ ᠵᠥᠷᠢᠴᠡᠯ ᠵᠢᠭᠤᠷᠠᠭᠠᠨ ᠢ ᠡᠶᠡᠳᠡᠭᠦᠯᠵᠦ᠂ ᠡᠶᠡᠳᠡᠬᠦᠯᠦᠨ ᠰᠢᠢᠳᠪᠦᠷᠢᠯᠡᠭᠰᠡᠨ ᠨᠣᠷᠮ᠎ᠠ 97% ᠳᠤ ᠬᠦᠷᠪᠡ᠃ | ︽ᠳᠠᠷᠤᠭᠳᠠᠮᠠᠯ ᠬᠡᠷᠡᠭ ᠢ ᠰᠢᠢᠳᠪᠦᠷᠢᠯᠡᠬᠦ᠂ ᠵᠠᠬᠢᠳᠠᠯ ᠰᠣᠷᠪᠤᠯᠵᠢᠯᠠᠭ᠎ᠠ ᠶᠢ ᠴᠡᠭᠴᠡᠯᠡᠬᠦ᠂ ᠲᠣᠭᠲᠠᠭᠤᠨ ᠪᠠᠶᠢᠳᠠᠯ ᠢ | ᠠᠬᠢᠭᠤᠯᠬᠤ︾ ᠲᠤᠰᠬᠠᠢ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ 7 ᠬᠤᠪᠢ ᠵᠠᠬᠢᠳᠠᠯ | ᠰᠣᠷᠪᠤᠯᠵᠢᠯᠠᠭ᠎ᠠ ᠶᠢᠨ ᠠᠰᠠᠭᠤᠳᠠᠯ ᠢ ᠪᠦᠬᠦᠨ ᠢ ᠰᠢᠢᠳᠪᠦᠷᠢᠯᠡᠪᠡ᠃ ᠬᠠᠤᠯᠢ ᠵᠥᠷᠢᠴᠡᠭᠰᠡᠨ ᠡᠯ᠎ᠡ ᠵᠦᠢᠯ ᠤᠨ ᠶᠠᠯᠠᠲᠤ | ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠳᠡᠯᠪᠡᠷᠡᠬᠦ ᠠᠶᠤᠯ ᠲᠠᠢ ᠡᠳ᠋ ᠪᠣᠳᠠᠰ ᠤᠨ ᠬᠠᠮᠢᠶᠠᠷᠤᠯᠲᠠ ᠶᠢ | ᠴᠢᠩᠭᠠᠳᠬᠠᠨ᠂ ᠵᠠᠮ ᠬᠠᠷᠢᠯᠴᠠᠭᠠᠨ ᠤ ᠡᠮᠬᠢ ᠲᠢᠭᠯᠢᠮ ᠢ ᠴᠡᠭᠴᠡᠯᠡᠨ ᠵᠠᠰᠠᠵᠤ᠂ ᠨᠡᠶᠢᠭᠡᠮ ᠤᠨ ᠡᠶ᠎ᠡ ᠵᠣᠬᠢᠴᠠᠯ ᠪᠠ | ᠲᠣᠭᠲᠠᠭᠤᠨ ᠪᠠᠶᠢᠳᠠᠯ ᠢ ᠪᠠᠲᠤᠯᠠᠪᠠ᠃ ᠵᠠᠯᠭᠠᠪᠠᠷ ᠲᠠᠪᠤᠨ ᠵᠢᠯ ᠠᠮᠢᠨ ᠬᠡᠷᠡᠭ ᠭᠠᠷᠤᠭᠰᠠᠨ ᠦᠭᠡᠢ᠃ ︽ᠠᠮᠤᠭᠤᠯᠠᠩ | ᠬᠤᠲᠠ︾ ᠶᠢᠨ ᠲᠥᠷᠦᠯ ᠵᠦᠢᠯ ᠨᠢ ᠦᠨᠡᠯᠡᠨ ᠰᠢᠯᠭᠠᠯᠲᠠ ᠶᠢ ᠦᠩᠭᠡᠷᠡᠭᠡᠵᠦ᠂ ︽ᠣᠶᠤᠨᠲᠤ ᠳᠣᠲᠣᠭᠠᠳᠤ ᠶᠢ | ᠬᠠᠮᠠᠭᠠᠯᠠᠬᠤ︾ ᠪᠠᠶᠢᠭᠤᠯᠤᠯᠲᠠ ᠶᠢ ᠲᠦᠷᠭᠡᠳᠬᠡᠨ ᠠᠬᠢᠭᠤᠯᠪᠠ᠃ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠪᠠᠶᠢᠳᠠᠯ ᠢ | ᠳᠡᠭᠡᠳᠦ ᠬᠡᠮᠵᠢᠶ᠎ᠡ ᠪᠠᠷ ᠠᠩᠬᠠᠷᠴᠤ᠂ ᠲᠣᠣᠷᠴᠢᠯᠠᠭᠰᠠᠨ ᠬᠠᠮᠢᠶᠠᠷᠤᠯᠲᠠ ᠡᠵᠡᠮᠳᠡᠯ ᠢ ᠴᠢᠩᠭᠠᠳᠬᠠᠪᠠ᠃ 12345 | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠤᠲᠠᠰᠤ ᠶᠢ ᠰᠠᠶᠢᠲᠤᠷ ᠠᠵᠢᠯᠯᠠᠭᠤᠯᠤᠨ᠂ ᠠᠵᠤ ᠠᠬᠤᠶᠢᠯᠠᠯ᠂ ᠤᠯᠠᠨ | ᠲᠦᠮᠡᠨ ᠤ ᠬᠦᠰᠡᠯ ᠱᠠᠭᠠᠷᠳᠠᠯᠭ᠎ᠠ ᠳᠤ ᠴᠠᠭ ᠲᠤᠬᠠᠢ ᠳᠤᠨᠢ ᠬᠠᠷᠢᠭᠤᠯᠲᠠ ᠥᠭᠬᠦ ᠶᠢ ᠪᠠᠲᠤᠯᠠᠪᠠ᠃ ᠠᠶᠤᠯᠭᠦᠢ | ᠦᠢᠯᠡᠳᠪᠦᠷᠢᠯᠡᠯ ᠢ ᠲᠤᠰᠬᠠᠢ ᠴᠡᠭᠴᠡᠯᠡᠨ ᠰᠠᠶᠢᠵᠢᠷᠠᠭᠤᠯᠬᠤ ᠭᠤᠷᠪᠠᠨ ᠵᠢᠯ ᠤᠨ ᠠᠵᠢᠯᠯᠠᠭ᠎ᠠ ᠶᠢ ᠯᠠᠪᠳᠠᠭᠤᠨ | ᠠᠬᠢᠭᠤᠯᠵᠤ᠂ 2022 ᠣᠨ ᠤ ᠨᠠᠮ ᠵᠠᠰᠠᠭ ᠤᠨ ᠤᠳᠤᠷᠢᠳᠬᠤ ᠺᠠᠳ᠋ᠷ ᠤᠨ ᠠᠶᠤᠯᠬᠦᠢ ᠦᠢᠯᠡᠳᠪᠦᠷᠢᠯᠡᠯ ᠤᠨ ᠡᠭᠦᠷᠭᠡ | ᠬᠠᠷᠢᠭᠤᠴᠠᠯᠭ᠎ᠠ ᠶᠢᠨ ᠨᠠᠷᠢᠨ ᠳᠠᠩᠰᠠ ᠶᠢ ᠳᠠᠷᠤᠮᠠᠯᠯᠠᠨ ᠲᠠᠷᠬᠠᠭᠠᠵᠤ᠂ ︽ᠬᠥᠪᠡᠭᠡᠲᠦ ᠰᠢᠷ᠎ᠠ ᠬᠤᠰᠢᠭᠤᠨ ᠤ ᠡᠯ᠎ᠡ | ᠰᠠᠯᠠᠭ᠎ᠠ ᠮᠥᠴᠢᠷ ᠪᠣᠯᠣᠨ ᠪᠠᠶᠢᠭᠤᠯᠭ᠎ᠠ ᠨᠢᠭᠡᠴᠡ ᠶᠢᠨ ᠠᠶᠤᠯᠬᠦᠢ ᠦᠢᠯᠡᠳᠪᠦᠷᠢᠯᠡᠯ ᠤᠨ ᠠᠵᠢᠯ ᠤᠨ ᠡᠭᠦᠷᠭᠡ | ᠬᠠᠷᠢᠭᠤᠴᠠᠯᠭ᠎ᠠ ᠶᠢᠨ ᠬᠤᠪᠢᠶᠠᠷᠢᠯᠠᠯ︾ ᠳᠤ ᠵᠠᠰᠠᠪᠤᠷᠢ ᠣᠷᠤᠭᠤᠯᠤᠨ᠂ ︽1+N︾ ᠬᠠᠤᠯᠢ ᠬᠡᠷᠡᠭᠵᠢᠭᠦᠯᠬᠦ | ᠲᠣᠭᠲᠠᠴᠠ ᠶᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠠᠰᠠᠭᠤᠳᠠᠯ ᠤᠨ ᠬᠡᠮ ᠰᠤᠭᠤᠭ ᠲᠤ ᠡᠬᠡ ᠲᠠᠩᠰᠠ | ᠪᠠᠶᠢᠭᠤᠯᠤᠨ᠂ ᠴᠡᠭᠴᠡᠯᠡᠨ ᠰᠠᠶᠢᠵᠢᠷᠠᠭᠤᠯᠬᠤ ᠶᠢ ᠠᠩᠬᠠᠷᠴᠤ᠂ ᠪᠠᠶᠠᠨᠲᠠᠯ᠎ᠠ ᠶᠡᠷᠦᠩᠬᠡᠶᠢᠯᠡᠭᠰᠡᠨ ᠪᠠᠴᠢᠮ ᠪᠠᠶᠢᠳᠠᠯ ᠢ | ᠠᠷᠭᠠᠴᠠᠭᠠᠬᠤ ᠪᠠ ᠭᠠᠯ ᠤᠨᠲᠠᠷᠠᠭᠠᠬᠤ ᠠᠪᠤᠷᠠᠨ ᠲᠤᠰᠠᠯᠠᠬᠤ ᠠᠩᠭᠢ ᠶᠢ ᠵᠣᠬᠢᠶᠠᠨ ᠪᠠᠶᠢᠭᠤᠯᠵᠤ᠂ ᠠᠶᠤᠯᠬᠦᠢ | ᠦᠢᠯᠡᠳᠪᠦᠷᠢᠯᠡᠯ ᠤᠨ ᠪᠠᠶᠢᠳᠠᠯ ᠤᠨ ᠲᠤᠭᠲᠠᠭᠤᠨ ᠢ ᠪᠠᠲᠤᠯᠠᠪᠠ᠃ ᠥᠪᠡᠷᠰᠡᠳ ᠢᠶᠠᠨ ᠪᠠᠷᠢᠭᠰᠠᠨ ᠭᠡᠷ ᠪᠠᠶᠢᠰᠢᠩ ᠤᠨ | ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠴᠢᠨᠠᠷ | ᠰᠠᠶᠢᠲᠠᠢ ᠪᠡᠶᠡᠯᠡᠭᠦᠯᠪᠡ᠃ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠨ | ᠂ ᠲᠤᠰᠬᠠᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠶᠠᠰᠤ ᠴᠢᠨᠠᠷ ᠢᠶᠠᠷ ᠬᠤᠰᠢᠭᠤ ᠪᠠᠨ | ᠬᠦᠴᠦᠷᠬᠡᠭᠵᠢᠭᠦᠯᠬᠦ ᠠᠵᠢᠯᠯᠠᠭ᠎ᠠ ᠶᠢ ᠠᠬᠢᠭᠤᠯᠵᠤ᠂ ᠴᠢᠨᠠᠷ ᠰᠠᠶᠢᠲᠠᠢ ᠬᠡᠷᠡᠭᠯᠡᠭᠡᠨ ᠤ ᠣᠷᠴᠢᠨ ᠲᠣᠭᠤᠷᠢᠨ ᠢ ᠪᠣᠶ | ᠪᠣᠯᠭᠠᠪᠠ᠃ ᠢᠳᠡᠭᠡᠨ ᠤ ᠦᠢᠯᠡᠰ ᠤᠨ ᠠᠵᠢᠯ ᠲᠥᠷᠦᠯ ᠤᠨ ︽ᠬᠤᠶᠠᠷ ᠬᠠᠷᠢᠭᠤᠴᠠᠯᠭ᠎ᠠ︾ ᠶᠢᠨ ᠪᠦᠷᠢᠨ | ᠬᠠᠮᠤᠷᠠᠭᠰᠠᠨ ᠠᠩᠬᠠᠨ ᠤ ᠡᠭᠡᠯᠵᠢ ᠶᠢᠨ ᠱᠠᠭᠠᠷᠳᠠᠨ ᠵᠢᠯᠤᠭᠤᠳᠤᠯᠭ᠎ᠠ ᠶᠢ ᠬᠦᠢᠴᠡᠳᠭᠡᠵᠦ᠂ ᠢᠳᠡᠭᠡᠨ ᠤ ᠵᠦᠢᠯᠡᠰ | ᠡᠮ ᠤᠨ ᠵᠦᠢᠯᠡᠰ ᠤᠨ ᠠᠮᠤᠷ ᠲᠥᠪᠰᠢᠨ ᠤ ᠪᠠᠶᠢᠴᠠᠭᠠᠯᠲᠠ ᠶᠢ ᠭᠦᠨᠵᠡᠭᠡᠢ ᠥᠷᠨᠢᠭᠦᠯᠵᠦ᠂ ᠪᠠᠶᠢᠴᠠᠭᠠᠬᠤ ᠤᠳᠠᠭ᠎ᠠ | ᠲᠠᠪᠳᠠᠮᠵᠢ ᠪᠠᠨ ᠨᠡᠮᠡᠭᠳᠡᠬᠦᠯᠦᠨ᠂ ᠤᠯᠠᠨ ᠲᠦᠮᠡᠨ ᠤ ᠢᠳᠡᠭᠡᠨ ᠤᠮᠳᠠᠭᠠᠨ ᠡᠮ ᠤᠨ ᠵᠦᠢᠯᠡᠰ ᠤᠨ ᠠᠮᠤᠷ ᠲᠦᠪᠰᠢᠨ ᠢ | ᠦᠨᠡᠨᠬᠦ ᠪᠠᠲᠤᠯᠠᠪᠠ᠃ | ︵ᠶᠢᠰᠦ︶ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠪᠠ᠃ | ᠲᠥᠪ ᠤᠨ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠤᠯᠤᠰ ᠲᠥᠷᠥ ᠶᠢᠨ ᠰᠠᠬᠢᠯᠭ᠎ᠠ ᠪᠠᠲᠤ ᠪᠠ ᠳᠦᠷᠢᠮ | ᠲᠤᠭᠲᠠᠭᠠᠯ ᠢ ᠴᠢᠩᠭ᠎ᠠ ᠰᠠᠬᠢᠪᠠ᠃ ᠨᠠᠮ ᠤᠨ ᠰᠤᠷᠲᠠᠯ ᠪᠠ ᠴᠢᠬᠡᠴᠢ ᠵᠠᠰᠠᠭ ᠤᠨ ᠪᠠᠶᠢᠭᠤᠯᠤᠯᠲᠠ ᠶᠢᠨ ᠭᠤᠣᠯ | ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠲᠥᠪ ᠤᠨ ︽ᠨᠠᠢᠮᠠᠨ ᠵᠤᠷᠪᠤᠰ ᠲᠣᠭᠲᠠᠭᠠᠯ︾ | ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠪᠠ ᠡᠯ᠎ᠡ ᠬᠤᠯᠪᠤᠭᠳᠠᠯ ᠪᠦᠬᠦᠢ ᠲᠣᠭᠲᠠᠭᠠᠯ ᠢ ᠬᠢᠨᠠᠮᠠᠭᠠᠢ | ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠰᠢᠰᠲ᠋ᠧᠮ ᠤᠨ ᠴᠢᠭᠡᠴᠢ ᠵᠠᠰᠠᠭ ᠤᠨ ᠪᠠᠶᠢᠭᠤᠯᠤᠯᠲᠠ ᠶᠢ ᠯᠠᠪᠳᠠᠭᠤᠨ | ᠪᠠᠲᠤᠲᠠᠢ ᠠᠬᠢᠭᠤᠯᠪᠠ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠨᠢᠭᠡᠳᠦᠯᠲᠡᠢ ᠲᠥᠯᠦᠪᠵᠢᠬᠦᠯᠦᠨ | ᠠᠬᠢᠭᠤᠯᠪᠠ᠃ ︽ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠠᠪᠤᠴᠠ ᠶᠢᠨ | ᠲᠣᠭᠲᠠᠭᠠᠯ︾ ᠢ ᠴᠢᠩᠭ᠎ᠠ ᠬᠡᠷᠡᠭᠵᠢᠬᠦᠯᠪᠡ᠃ ᠬᠢᠨᠠᠨ ᠪᠣᠳᠣᠯᠳᠠ ᠶᠢᠨ ᠬᠢᠨᠠᠯᠲᠠ ᠲᠠᠯᠪᠢᠬᠤ ᠶᠢ ᠲᠠᠰᠤᠷᠠᠯᠲᠠ ᠦᠭᠡᠢ | ᠴᠢᠩᠭᠠᠳᠬᠠᠨ᠂ 13 ᠬᠢᠨᠠᠨ ᠪᠤᠲᠤᠯᠲᠠ ᠶᠢᠨ ᠲᠥᠷᠥᠯ ᠵᠦᠢᠯ ᠢ ᠪᠡᠶᠡᠯᠡᠭᠦᠯᠪᠡ᠃ ᠬᠤᠰᠢᠭᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶᠠᠨ ᠤ ᠬᠠᠤᠯᠢ ᠴᠠᠭᠠᠵᠠ ᠶᠢᠨ ᠬᠢᠨᠠᠯᠲᠠ ᠪᠠ | ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠭᠥᠯᠢᠶᠡᠨ ᠠᠪᠴᠤ᠂ | ᠠᠷᠠᠳ ᠤᠨ ᠲᠥᠯᠥᠭᠡᠯᠡᠭᠴᠢᠳ ᠤᠨ ᠰᠠᠨᠠᠯ ᠲᠤᠷᠠᠳᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ | ᠰᠠᠨᠠᠯ ᠵᠥᠪᠯᠡᠯᠭᠡ ᠶᠢ ᠲᠤᠭᠲᠠᠭᠰᠠᠨ ᠬᠤᠭᠤᠴᠠᠭᠠᠨ ᠳᠤ ᠪᠦᠬᠦᠨ ᠢ ᠰᠢᠢᠳᠪᠦᠷᠢᠯᠡᠪᠡ᠃ | ᠲᠦᠯᠦᠭᠡᠯᠡᠭᠴᠢᠳ ᠡ︕ ᠥᠩᠭᠡᠷᠡᠭᠰᠡᠨ ᠨᠢᠭᠡ ᠵᠢᠯ ᠳᠤ᠂ ᠠᠵᠤ ᠠᠬᠤᠢ ᠳᠤ ᠲᠤᠯᠭᠠᠷᠠᠭᠰᠠᠨ ᠬᠠᠲᠠᠭᠤ | ᠰᠢᠯᠭᠠᠯᠲᠠ᠂ ᠰᠢᠨ᠎ᠡ ᠲᠢᠳᠢᠮᠯᠢᠭ ᠠᠭᠤᠰᠬᠢᠨ ᠥᠷᠪᠢᠰᠦᠯ ᠤᠨ ᠬᠢᠵᠢᠭ ᠤᠨ ᠪᠠᠶᠢᠳᠠᠯ ᠤᠨ ᠬᠦᠴᠦᠲᠡᠢ ᠳᠠᠭᠠᠷᠢᠯᠲᠠ ᠪᠠ | ᠥᠭᠡᠷᠡᠴᠢᠯᠡᠯᠲᠡ ᠬᠥᠭᠵᠢᠯᠲᠡ ᠶᠢᠨ ᠬᠦᠨᠳᠦ ᠪᠡᠷᠭᠡ ᠡᠬᠦᠷᠭᠡ ᠶᠢᠨ ᠡᠮᠦᠨ᠎ᠡ᠂ ᠪᠢᠳᠡ ᠬᠦᠴᠢᠷ ᠪᠡᠷᠬᠡ ᠶᠢ ᠰᠥᠷᠦᠨ | ᠡᠷᠡᠮᠡᠬᠡᠶᠢᠯᠡᠨ ᠤᠷᠤᠭᠰᠢᠯᠠᠵᠤ᠂ ᠡᠯ᠎ᠡ ᠠᠵᠢᠯ ᠦᠢᠯᠡᠰ ᠤᠨ ᠰᠢᠨ᠎ᠡ ᠲᠠᠪᠰᠢᠯᠲᠠ ᠶᠢ ᠠᠬᠢᠭᠤᠯᠪᠠ᠃ ︽ᠲᠠᠪᠤ ᠶᠢ | ᠲᠤᠶᠢᠯᠪᠦᠷᠢᠲᠠᠢ ᠪᠠᠶᠢᠴᠠᠭᠠᠬᠤ︾ ᠠᠵᠢᠯᠯᠠᠭ᠎ᠠ ᠶᠢ ᠭᠦᠨᠵᠡᠭᠡᠢ ᠥᠷᠨᠢᠬᠦᠯᠦᠨ᠂ ᠵᠠᠷᠢᠮ ᠠᠵᠤ ᠠᠬᠤᠢ ᠶᠢᠨ ᠬᠦᠷᠢᠶᠡᠨ ᠳᠤ | ᠬᠢ ᠤᠷᠳᠤ ᠬᠤᠭᠤᠴᠠᠭ᠎ᠠ ᠪᠠᠷ ᠣᠷᠣᠰᠢᠵᠤ ᠪᠠᠶᠢᠭᠰᠠᠨ ᠰᠤᠯᠠ ᠬᠠᠶᠠᠭᠳᠠᠵᠤ ᠦᠷ᠎ᠡ ᠠᠰᠢᠭ ᠳᠣᠣᠷ᠎ᠠ᠂ ᠪᠦᠷᠢᠯᠭᠡᠨ | ᠰᠦᠢᠳᠭᠡᠵᠦ ᠪᠠᠶᠢᠭ᠎ᠠ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠪᠡ︔ ᠴᠢᠯᠠᠭᠤᠨ ᠮᠠᠲ᠋ᠧᠷᠢᠶᠠᠯ ᠤᠨ ᠠᠭᠤᠷᠬᠠᠢ ᠶᠢ | ᠴᠣᠮᠬᠠᠳᠬᠠᠨ ᠨᠡᠶᠢᠯᠡᠭᠦᠯᠬᠦ ᠪᠠ ᠴᠢᠯᠠᠭᠤᠨ ᠲᠣᠰᠣᠨ ᠤ ᠣᠷᠣᠨ ᠲᠤᠭᠤᠷᠢᠭ ᠢ ᠴᠡᠭᠴᠡᠯᠡᠬᠦ ᠠᠵᠢᠯ ᠢ ᠨᠢᠭᠡᠳᠦᠯᠲᠡᠢ | ᠲᠥᠯᠦᠪᠵᠢᠬᠦᠯᠦᠨ ᠠᠬᠢᠭᠤᠯᠵᠤ᠂ ᠴᠢᠯᠠᠭᠤᠨ ᠮᠠᠲ᠋ᠧᠷᠢᠶᠠᠯ ᠤᠨ ᠠᠵᠤ ᠦᠢᠯᠡᠰ᠂ ᠲᠣᠰᠣ ᠬᠡᠢ ᠶᠢᠨ ᠡᠬᠢ ᠪᠠᠶᠠᠯᠢᠭ ᠢ | ᠬᠠᠶᠢᠨ ᠰᠢᠨᠵᠢᠯᠡᠵᠦ ᠨᠡᠭᠡᠭᠡᠨ ᠬᠥᠭᠵᠢᠭᠦᠯᠬᠦ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠪᠠ︔ | ᠯᠢᠲ᠋ᠢ ᠶᠢᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠲᠦᠷᠦᠯ ᠵᠦᠢᠯ ᠪᠠ ᠸᠣᠯᠹᠷᠠᠮ ᠪᠢᠰᠮᠦ᠋ᠲ ᠮᠥᠩᠭᠦ ᠤᠯᠠᠨ | ᠲᠡᠮᠦᠷᠯᠢᠭ ᠤᠨ ᠠᠭᠤᠷᠬᠠᠢ ᠶᠢᠨ ᠬᠠᠶᠢᠨ ᠰᠢᠨᠵᠢᠯᠡᠯᠲᠡ ᠠᠴᠠ ᠨᠡᠭᠡᠭᠡᠨ ᠠᠰᠢᠭᠯᠠᠬᠤ ᠤᠷᠤᠭᠤ ᠰᠢᠯᠵᠢᠬᠦᠯᠬᠦ ᠠᠵᠢᠯ ᠢ | ᠬᠦᠴᠦᠲᠡᠢ ᠲᠦᠯᠬᠢᠨ ᠠᠬᠢᠭᠤᠯᠵᠤ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠳᠤ ᠯᠤᠲᠤ ᠶᠡᠭᠡ ᠬᠦᠳᠡᠯᠭᠡᠭᠴᠢ | ᠬᠦᠴᠦᠨ ᠨᠡᠮᠡᠷᠢᠯᠡᠪᠡ︔ ᠠᠷᠠᠳ ᠤᠨ ᠠᠮᠢᠳᠤᠷᠠᠯ ᠤᠨ ᠬᠦᠷᠢᠶᠡᠨ ᠳᠤ 6.7 ᠳ᠋ᠥᠩᠰᠢᠭᠤᠷ ᠲᠦᠬᠦᠷᠢᠭ ᠪᠡᠯᠡ | ᠤᠷᠤᠭᠤᠯᠤᠨ᠂ ᠡᠩ ᠤᠨ ᠣᠯᠠᠨ ᠨᠡᠶᠢᠲᠡ ᠶᠢᠨ ᠲᠦᠰᠦᠪ ᠤᠨ ᠵᠠᠷᠤᠯᠭ᠎ᠠ ᠶᠢᠨ 65% ᠶᠢ ᠡᠵᠡᠯᠡᠵᠦ᠂ ᠠᠷᠠᠳ ᠤᠨ | ᠠᠮᠢᠳᠤᠷᠠᠯ ᠤᠨ ᠠᠵᠠ ᠵᠢᠷᠭᠠᠯᠲᠤ ᠲᠥᠷᠦᠭᠳᠡᠯ ᠢ ᠲᠠᠰᠤᠷᠠᠯᠲᠠ ᠦᠭᠡᠢ ᠨᠡᠮᠡᠭᠳᠡᠬᠦᠯᠪᠡ᠃ ᠡᠳᠡᠭᠡᠷ ᠠᠮᠵᠢᠯᠲᠠ ᠶᠢ | ᠣᠯᠤᠭᠰᠠᠨ ᠶᠠᠪᠤᠳᠠᠯ ᠪᠣᠯ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠠ ᠬᠤᠰᠢᠭᠤ ᠨᠠᠮ ᠤᠨ ᠬᠤᠷᠢᠶᠠᠨ ᠤ ᠵᠥᠪ | ᠤᠨᠤᠪᠴᠢᠲᠠᠢ ᠤᠳᠤᠷᠢᠳᠤᠯᠭ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠦ ᠶᠢᠨ | ᠵᠥᠪᠯᠡᠯᠭᠡᠨ ᠤ ᠪᠠᠲᠤ ᠴᠢᠩᠭ᠎ᠠ ᠬᠢᠨᠠᠯᠲᠠ ᠵᠢᠴᠢ ᠪᠦᠬᠦ ᠬᠤᠰᠢᠭᠤᠨ ᠤ ᠡᠯ᠎ᠡ ᠦᠨᠳᠦᠰᠦᠲᠡᠨ ᠤ ᠺᠠᠳ᠋ᠷ ᠣᠯᠠᠨ | ᠲᠦᠮᠡᠨ ᠤ ᠬᠠᠮᠳᠤᠪᠠᠷ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠪᠣᠯᠬᠤ ᠶᠤᠮ᠃ ᠠᠳᠡ ᠪᠢ ᠬᠤᠰᠢᠭᠤ | ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠵᠦ᠂ ᠬᠥᠪᠡᠭᠡᠲᠦ ᠰᠢᠷ᠎ᠠ ᠬᠤᠰᠢᠭᠤᠨ ᠤ ᠠᠵᠤ ᠠᠬᠤᠢ ᠨᠡᠶᠢᠭᠡᠮ ᠤᠨ | ᠬᠥᠭᠵᠢᠯᠲᠡ ᠳᠤ ᠠᠷᠭ᠎ᠠ ᠪᠣᠳᠣᠯᠭ᠎ᠠ ᠰᠦᠪᠡᠭᠴᠢᠯᠡᠨ᠂ ᠬᠦᠴᠦᠨ ᠴᠢᠳᠠᠯ ᠢᠶᠠᠨ ᠡᠷᠬᠦᠭᠰᠡᠨ ᠡᠯ᠎ᠡ ᠲᠥᠯᠥᠭᠡᠯᠡᠭᠴᠢᠳ᠂ | ᠭᠡᠰᠢᠭᠦᠳ ᠵᠢᠴᠢ ᠪᠦᠬᠦ ᠬᠤᠰᠢᠭᠤᠨ ᠤ ᠡᠯ᠎ᠡ ᠠᠵᠢᠯ ᠤᠨ ᠹᠷᠣᠨᠲ ᠲᠤ ᠭᠠᠪᠰᠢᠭᠠᠶᠢᠯᠠᠨ ᠲᠡᠮᠡᠴᠡᠵᠦ ᠪᠠᠶᠢᠭ᠎ᠠ ᠦᠷᠭᠡᠨ | ᠣᠯᠠᠨ ᠺᠠᠳ᠋ᠷ ᠠᠵᠢᠯᠳᠠᠨ ᠠᠵᠢᠯᠴᠢᠳ ᠪᠠ ᠡᠯ᠎ᠡ ᠦᠨᠳᠦᠰᠦᠳᠡᠨ ᠤ ᠠᠷᠠᠳ ᠲᠥᠮᠡᠨ᠂ ᠬᠦᠪᠡᠭᠡᠲᠦ ᠰᠢᠷ᠎ᠠ | ᠬᠤᠰᠢᠭᠤᠨ ᠤ ᠬᠦᠭᠵᠢᠯᠲᠡ ᠶᠢ ᠬᠠᠯᠠᠮᠵᠢᠯᠠᠨ ᠳᠡᠮᠵᠢᠵᠤ ᠢᠷᠡᠭᠰᠡᠨ ᠨᠡᠶᠢᠭᠡᠮ ᠤᠨ ᠡᠯ᠎ᠡ ᠡᠳᠡᠭᠡᠳ ᠤᠨ ᠬᠢᠨ ᠳᠤ ᠴᠢᠩ | ᠰᠡᠳᠬᠢᠯ ᠤᠨ ᠲᠠᠯᠠᠷᠬᠠᠯ ᠪᠠ ᠬᠠᠮᠤᠭ ᠤᠨ ᠲᠡᠭᠡᠳᠦ ᠬᠦᠨᠳᠦᠳᠭᠡᠯ ᠲᠡᠪᠰᠢᠬᠦᠯᠦᠶ᠎ᠡ︕ | ᠪᠢᠳᠡ ᠠᠮᠵᠢᠯᠲᠠ ᠪᠠᠨ ᠣᠯᠵᠤ ᠬᠠᠷᠠᠬᠤ ᠶᠢᠨ ᠳᠠᠭᠠᠤ ᠳᠤ᠂ ᠪᠦᠭᠦ ᠬᠤᠰᠢᠭᠤᠨ ᠤ ᠠᠵᠤ ᠠᠬᠤᠢ | ᠨᠡᠶᠢᠭᠡᠮ ᠤᠨ ᠬᠥᠭᠵᠢᠯᠲᠡ ᠳᠤ ᠲᠤᠯᠭᠠᠷᠠᠵᠤ ᠪᠠᠶᠢᠭ᠎ᠠ ᠮᠠᠰᠢ ᠤᠯᠠᠨ ᠬᠦᠴᠢᠷᠳᠡᠯ ᠪᠠ ᠠᠰᠠᠭᠤᠳᠠᠯ ᠢ ᠰᠡᠷᠭᠡᠭ ᠢᠶᠠᠷ | ᠲᠠᠨᠢᠬᠤ ᠬᠡᠷᠡᠭᠳᠡᠢ᠃ ᠪᠥᠬᠦ ᠬᠤᠰᠢᠭᠤᠨ ᠤ ᠠᠵᠤ ᠠᠬᠤᠢ ᠶᠢᠨ ᠨᠡᠮᠡᠭᠳᠡᠯ ᠪᠠᠭ᠎ᠠ᠂ ᠪᠦᠳᠦᠴᠡ ᠰᠢᠯᠢᠳᠡᠭᠵᠢᠭᠡ ᠦᠭᠡᠢ᠂ | ᠲᠡᠰ ᠲᠠᠪᠬᠤᠷᠭ᠎ᠠ ᠲᠣᠣᠷ᠎ᠠ ᠪᠠᠶᠢᠬᠤ ᠵᠡᠷᠭᠡ ᠳᠤᠲᠠᠭᠳᠠᠯ ᠮᠦᠨ ᠯᠠ ᠤᠷᠤᠰᠢᠭᠰᠠᠭᠠᠷ ᠪᠤᠢ︔ ᠮᠠᠯ ᠤᠨ ᠠᠰᠢᠭ | ᠰᠢᠮ᠎ᠡ ᠶᠢᠨ ᠪᠦᠳᠦᠭᠡᠭᠳᠡᠬᠦᠨ ᠢ ᠨᠠᠷᠢᠯᠢᠭ ᠡᠳ᠋ᠰᠢᠭᠦᠯᠦᠨ ᠪᠣᠯᠪᠠᠰᠤᠷᠠᠭᠤᠯᠬᠤ ᠴᠢᠳᠠᠪᠤᠷᠢ ᠲᠤᠲᠠᠮᠠᠭ᠂ ᠠᠵᠤ | ᠦᠢᠯᠡᠳᠪᠦᠷᠢ ᠶᠢᠨ ᠪᠦᠲᠦᠴᠡ ᠲᠠᠩ ᠴᠤᠯᠭᠤᠢ᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ | ᠬᠥᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠲᠤᠤᠷ᠎ᠠ ᠪᠠᠶᠢᠭᠰᠠᠭᠠᠷ᠃ ᠠᠷᠠᠳ ᠠᠴᠠ ᠡᠵᠡᠩᠨᠡᠭᠰᠡᠨ ᠠᠵᠤ | ᠠᠬᠤᠶᠢᠯᠠᠯ ᠪᠣᠯᠣᠨ ᠵᠢᠵᠢᠭ ᠪᠠᠭ᠎ᠠ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠷᠭ᠎ᠠ | ᠬᠡᠮᠵᠢᠶ᠎ᠡ ᠨᠢ ᠬᠠᠨᠳᠤᠯᠭᠠᠲᠤ ᠴᠢᠨᠠᠷ ᠢᠶᠠᠷ ᠴᠢᠩᠭ᠎ᠠ ᠪᠢᠰᠢ᠂ ᠡᠵᠡᠩᠨᠡᠯᠲᠡ ᠶᠢᠨ ᠣᠷᠴᠢᠨ ᠲᠣᠭᠤᠷᠢᠨ ᠨᠢ ᠵᠠᠬ᠎ᠠ | ᠳᠡᠯᠭᠡᠭᠦᠷ ᠤᠨ ᠭᠤᠣᠯ ᠴᠣᠭᠴᠠ ᠶᠢᠨ ᠬᠦᠰᠡᠯ ᠱᠠᠭᠠᠷᠳᠠᠯᠭ᠎ᠠ ᠯᠤᠭ᠎ᠠ ᠵᠣᠬᠢᠬᠤ ᠵᠥᠷᠢᠶ᠎ᠡ ᠣᠷᠤᠰᠢᠭᠰᠠᠭᠠᠷ᠃ ᠡᠳ᠋ ᠤᠨ | ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠮᠠᠰᠢ ᠲᠣᠪᠣᠶᠢᠮ᠎ᠠ ᠪᠣᠯᠵᠤ᠂ ᠰᠠᠭᠤᠷᠢ ᠪᠦᠳᠦᠭᠡᠨ | ᠪᠠᠶᠢᠭᠤᠯᠤᠯᠲᠠ ᠶᠢᠨ ᠪᠡᠯᠡ ᠤᠷᠤᠭᠤᠯᠤᠯᠲᠠ ᠶᠢᠨ ᠲᠠᠯ᠎ᠠ ᠪᠠᠷ ᠬᠦᠷᠦᠯᠴᠡᠬᠦ ᠦᠭᠡᠢ ᠪᠠᠶᠢᠵᠤ᠂ ᠣᠯᠠᠨ ᠲᠦᠮᠡᠨ ᠤ | ᠠᠵᠢᠯ ᠣᠯᠭᠤᠯᠲᠠ᠂ ᠰᠤᠷᠭᠠᠨ ᠬᠥᠮᠦᠵᠢᠯ᠂ ᠡᠮ ᠡᠮᠨᠡᠯᠭᠡ᠂ ᠬᠡᠦᠬᠡᠳ ᠤᠨ ᠠᠰᠠᠷᠠᠮᠵᠢ᠂ ᠨᠠᠰᠤᠳᠠᠶᠢᠴᠤᠳ ᠤᠨ | ᠠᠰᠠᠷᠠᠮᠵᠢ ᠵᠡᠷᠭᠡ ᠲᠠᠯ᠎ᠠ ᠪᠠᠷ ᠪᠠᠰᠠ ᠣᠯᠠᠨ ᠠᠷᠪᠢᠨ ᠠᠰᠠᠭᠤᠳᠠᠯ ᠣᠷᠤᠰᠢᠵᠤ ᠪᠠᠶᠢᠨ᠎ᠠ᠃ ᠡᠭᠦᠨ ᠤ ᠬᠠᠮᠲᠤ ︽12 | · 3︾ ᠤ ᠬᠢᠵᠢᠭ ᠤᠨ ᠪᠠᠶᠢᠳᠠᠯ ᠢ ᠠᠷᠭᠠᠴᠠᠭᠠᠨ ᠰᠢᠢᠳᠪᠦᠷᠢᠯᠡᠭᠰᠡᠨ ᠪᠠᠶᠢᠳᠠᠯ ᠠᠴᠠ ᠵᠠᠷᠢᠮ ᠵᠠᠰᠠᠭ ᠤᠨ ᠣᠷᠳᠣᠨ ᠤ | ᠪᠠᠶᠢᠭᠤᠯᠭ᠎ᠠ ᠶᠢᠨ ᠬᠤᠭᠤᠷᠤᠨᠳᠠᠬᠢ ᠵᠤᠬᠢᠴᠠᠭᠤᠯᠭ᠎ᠠ ᠬᠠᠮᠵᠢᠯᠴᠠᠭ᠎ᠠ ᠬᠦᠷᠦᠯᠴᠡᠬᠦ ᠦᠭᠡᠢ᠂ ᠠᠵᠢᠯ ᠤᠨ ᠬᠦᠴᠦᠨ | ᠪᠠᠭᠤᠷᠠᠢ ᠵᠡᠷᠭᠡ ᠠᠰᠠᠭᠤᠳᠠᠯ ᠤᠳ ᠢᠯᠡᠷᠡᠪᠡ᠃ ᠡᠳᠡᠭᠡᠷ ᠠᠰᠠᠭᠤᠳᠠᠯ ᠢ ᠡᠷᠬᠡᠪᠰᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠨ ᠦᠵᠡᠵᠦ᠂ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ᠃ | ᠬᠤᠶᠠᠷ᠂ 2023 ᠣᠨ ᠤ ᠭᠤᠣᠯ ᠪᠣᠯᠬᠤ ᠠᠵᠢᠯ ᠤᠨ ᠪᠠᠶᠢᠷᠢᠯᠠᠭᠤᠯᠤᠯᠲᠠ | 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ | ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ᠂ ᠮᠦᠨᠴᠦ ᠪᠥᠬᠦ ᠬᠤᠰᠢᠭᠤᠨ ᠤ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠠᠷᠠᠯᠲᠠ ᠶᠢ ᠴᠢᠨᠠᠷ ᠰᠠᠶᠢᠲᠠᠢ ᠪᠡᠶᠡᠯᠡᠭᠦᠯᠵᠦ᠂ ᠨᠡᠶᠢᠭᠡᠮ | ᠵᠢᠷᠤᠮ ᠤᠨ ᠣᠳᠣᠬᠢᠴᠢᠯᠠᠭᠰᠠᠨ ᠬᠥᠪᠡᠭᠡᠲᠦ ᠰᠢᠷ᠎ᠠ ᠬᠤᠰᠢᠭᠤ ᠶᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ | ᠵᠠᠩᠭᠢᠯᠠᠭ᠎ᠠ ᠶᠢᠨ ᠵᠢᠯ ᠪᠣᠯᠣᠨ᠎ᠠ᠃ ᠥᠨᠦ ᠵᠢᠯ ᠤᠨ ᠠᠵᠤ ᠠᠬᠤᠢ ᠨᠡᠶᠢᠭᠡᠮ ᠤᠨ ᠡᠯ᠎ᠡ ᠲᠥᠷᠦᠯ ᠤᠨ ᠠᠵᠢᠯ ᠢᠶᠠᠨ | ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠪᠥᠬᠦ ᠬᠤᠰᠢᠭᠤᠨ ᠤ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠶᠡᠷᠦᠩᠬᠡᠢ ᠰᠡᠳᠬᠢᠴᠡ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ᠂ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ | ᠨᠠᠶᠢᠳᠠᠪᠦᠷᠢᠵᠢᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ | ᠡᠭᠦᠷᠭᠡ ᠶᠢᠨ ᠲᠣᠭᠤᠷᠢᠨ ᠳᠤ᠂ ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠬᠤ᠂ ᠲᠣᠭᠲᠠᠭᠤᠨ ᠤ ᠳᠤᠮᠳᠠ | ᠯᠠᠪᠳᠠᠭᠤᠨ ᠤᠷᠤᠭᠰᠢᠯᠠᠬᠤ ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ | ᠦᠵᠡᠯᠲᠡ ᠶᠢᠨ ᠣᠶᠢᠯᠠᠭᠠᠭᠳᠠᠬᠤᠨ ᠢ ᠪᠦᠷᠢᠨ ᠬᠦᠢᠴᠡᠳ᠂ ᠵᠥᠪ ᠤᠨᠤᠪᠴᠢᠲᠠᠢ᠂ ᠪᠦᠬᠦ ᠲᠠᠯ᠎ᠠ ᠪᠠᠷ ᠲᠤᠤᠱᠯᠠᠭᠤᠯᠤᠨ | ᠂ ᠰᠢᠨ᠎ᠡ ᠬᠦᠭᠵᠢᠯᠲᠡ ᠶᠢᠨ ᠪᠠᠶᠢᠷᠢᠯᠠᠭᠤᠯᠤᠯᠲᠠ ᠳᠤ ᠪᠦᠬᠦ ᠲᠠᠯ᠎ᠠ ᠪᠠᠷ ᠠᠭᠤᠰᠤᠯᠴᠠᠵᠤ᠂ ᠴᠢᠨᠠᠷ ᠰᠠᠶᠢᠲᠠᠢ | ᠬᠥᠭᠵᠢᠯᠲᠡ ᠶᠢ ᠴᠢᠷᠮᠠᠶᠢᠨ ᠠᠬᠢᠭᠤᠯᠵᠤ᠂ ᠬᠦᠭᠵᠢᠯᠲᠡ ᠪᠠ ᠠᠮᠤᠷ ᠲᠥᠪᠰᠢᠨ ᠢ ᠨᠢᠭᠡᠳᠦᠯᠳᠡᠢ ᠲᠥᠯᠦᠪᠵᠢᠬᠦᠯᠦᠨ᠂ | ᠦᠭᠡᠷᠡᠴᠢᠯᠡᠯᠲᠡ ᠨᠡᠭᠡᠭᠡᠯᠲᠡ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠵᠤ᠂ ᠵᠠᠬ᠎ᠠ ᠳᠡᠯᠭᠡᠬᠦᠷ ᠤᠨ ᠢᠲᠡᠭᠡᠯ ᠢ ᠶᠡᠬᠡᠪᠡᠷ | ᠡᠷᠴᠢᠯᠡᠨ᠂ ᠨᠡᠮᠡᠭᠳᠡᠯ ᠢ ᠲᠤᠭᠲᠠᠪᠤᠷᠢᠵᠢᠭᠤᠯᠬᠤ᠂ ᠠᠵᠢᠯ ᠣᠯᠭᠤᠯᠲᠠ ᠶᠢ ᠲᠤᠭᠲᠠᠪᠤᠷᠢᠵᠢᠭᠤᠯᠬᠤ᠂ ᠪᠤᠳᠠᠰ ᠤᠨ | ᠦᠨ᠎ᠡ ᠶᠢ ᠲᠤᠭᠲᠠᠪᠤᠷᠢᠵᠢᠭᠤᠯᠬᠤ ᠶᠢ ᠰᠠᠶᠢᠲᠤᠷ ᠪᠡᠶᠡᠯᠡᠬᠦᠯᠵᠦ᠂ ᠬᠦᠨᠳᠦ ᠶᠡᠭᠡ ᠠᠶᠤᠯ ᠲᠦᠭᠰᠢᠬᠦᠷᠢ ᠶᠢ | ᠪᠦᠳᠦᠮᠵᠢᠳᠡᠢ ᠰᠡᠷᠭᠡᠶᠢᠯᠡᠨ ᠰᠢᠢᠳᠪᠦᠷᠢᠯᠡᠵᠦ᠂ ᠠᠵᠤ ᠠᠬᠤᠢ ᠶᠢᠨ ᠡᠷᠬᠢᠯᠲᠡ ᠶᠢ ᠪᠦᠬᠦ ᠲᠠᠯ᠎ᠠ ᠪᠠᠷ ᠰᠠᠶᠢᠵᠢᠷᠠᠭᠤᠯᠤᠨ᠂ | ᠴᠢᠨᠠᠷ ᠢ ᠪᠦᠳᠦᠮᠵᠢᠳᠡᠢ ᠲᠡᠭᠡᠭᠰᠢᠯᠡᠬᠦᠯᠬᠦ ᠪᠠ ᠬᠡᠮᠵᠢᠭᠳᠡᠯ ᠢ ᠵᠤᠬᠢᠰᠲᠠᠢ ᠨᠡᠮᠡᠭᠳᠡᠬᠦᠯᠬᠦ ᠶᠢ ᠪᠡᠶᠡᠯᠡᠬᠦᠯᠦᠨ᠂ ᠨᠡᠶᠢᠭᠡᠮ | ᠵᠢᠷᠤᠮᠲᠤ ᠤᠳᠤᠬᠢᠴᠢᠯᠠᠭᠰᠠᠨ ᠬᠦᠪᠡᠭᠡᠲᠦ ᠰᠢᠷ᠎ᠠ ᠬᠤᠰᠢᠭᠤ ᠶᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠳᠤ ᠰᠠᠶᠢᠨ | ᠰᠠᠶᠢᠬᠠᠨ ᠡᠬᠢᠯᠡᠯᠲᠡ ᠶᠢ ᠪᠤᠢ ᠪᠤᠯᠭᠠᠨ᠎ᠠ᠃ ᠲᠡᠮᠡᠴᠡᠬᠦ ᠭᠤᠣᠯ ᠬᠠᠷᠠᠯᠲᠠ ᠪᠣᠯ᠄ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠢ ᠦᠷᠳᠡᠭ ᠢ 6.2% ᠣᠷᠴᠢᠮ ᠨᠡᠮᠡᠭᠳᠡᠭᠦᠯᠦᠨ᠎ᠡ︔ ᠬᠡᠪᠴᠢᠶᠡᠵᠢᠯ ᠠᠴᠠ ᠳᠡᠭᠡᠭᠰᠢᠬᠢ | ᠠᠵᠤ ᠦᠢᠯᠡᠳᠪᠦᠷᠢ ᠶᠢᠨ ᠨᠡᠮᠡᠭᠳᠡᠯ ᠥᠷᠳᠡᠭ ᠢ 7.0% ᠣᠷᠴᠢᠮ ᠨᠡᠮᠡᠭᠳᠡᠬᠦᠯᠦᠨ᠎ᠡ︔ ᠡᠩ ᠤᠨ ᠣᠯᠠᠨ | ᠨᠡᠶᠢᠲᠡ ᠶᠢᠨ ᠡᠳ᠋ ᠤᠨ ᠵᠠᠰᠠᠭ ᠤᠨ ᠲᠥᠰᠥᠪ ᠤᠨ ᠣᠷᠣᠯᠭ᠎ᠠ ᠶᠢ 1.87 ᠳ᠋ᠦᠩᠰᠢᠭᠤᠷ ᠲᠥᠭᠦᠷᠢᠭ ᠪᠡᠶᠡᠯᠡᠬᠦᠯᠦᠨ᠎ᠡ︔ | ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 11% ᠣᠷᠴᠢᠮ ᠨᠡᠮᠡᠭᠳᠡᠬᠦᠯᠦᠨ᠎ᠡ︔ ᠪᠦᠬᠦ ᠨᠡᠶᠢᠭᠡᠮ ᠤᠨ | ᠬᠡᠷᠡᠭᠯᠡᠭᠡᠨ ᠤ ᠪᠤᠳᠠᠰ ᠢ ᠵᠢᠵᠢᠭᠯᠡᠨ ᠪᠤᠷᠤᠯᠠᠭᠤᠯᠬᠤ ᠶᠡᠷᠦᠩᠬᠡᠢ ᠥᠷᠲᠡᠭ ᠢ 2% ᠣᠷᠴᠢᠮ ᠨᠡᠮᠡᠭᠳᠡᠬᠦᠯᠦᠨ᠎ᠡ︔ | ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ | ᠣᠷᠣᠯᠭ᠎ᠠ ᠶᠢᠨ ᠲᠤᠭᠲᠠᠭᠤᠨ ᠨᠡᠮᠡᠭᠳᠡᠯ ᠢ ᠪᠠᠲᠤᠯᠠᠨ᠎ᠠ︔ ᠬᠤᠲᠠ ᠪᠠᠯᠭᠠᠰᠤᠨ ᠤ ᠪᠠᠶᠢᠴᠠᠭᠠᠭᠰᠠᠨ ᠠᠵᠢᠯ ᠠᠯᠲᠠᠯᠲᠠ | ᠶᠢᠨ ᠨᠣᠷᠮ᠎ᠠ ᠶᠢ 6.0% ᠳᠤᠳᠤᠷ᠎ᠠ ᠬᠢᠵᠠᠭᠠᠷᠯᠠᠨ᠎ᠠ᠃ ᠲᠣᠭᠲᠠᠭᠠᠭᠰᠠᠨ ᠬᠠᠷᠠᠯᠲᠠ ᠡᠭᠦᠷᠭᠡ ᠶᠢᠨ ᠲᠤᠭᠤᠷᠢᠨ ᠳᠤ᠂ | ᠳᠣᠣᠷᠠᠬᠢ ᠲᠤᠯᠤᠭᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ᠃ | ︵ᠨᠢᠭᠡ︶ ᠶᠠᠰᠤ ᠴᠢᠨᠠᠷ ᠢ ᠴᠢᠬᠤᠯᠠᠴᠢᠯᠠᠨ᠂ ᠦᠷ᠎ᠡ ᠠᠰᠢᠭ ᠢ ᠳᠡᠭᠡᠭᠰᠢᠯᠡᠬᠦᠯᠵᠦ᠂ ᠠᠵᠤ ᠦᠢᠯᠡᠰ ᠤᠨ | ᠰᠢᠰᠲ᠋ᠧᠮᠵᠢᠭᠰᠡᠨ ᠪᠠᠶᠢᠭᠤᠯᠤᠯᠲᠠ ᠶᠢ ᠲᠠᠰᠤᠷᠠᠯᠳᠠ ᠦᠭᠡᠢ ᠲᠡᠬᠦᠯᠳᠡᠷᠵᠢᠬᠦᠯᠦᠨ᠎ᠡ | ᠮᠠᠯ ᠠᠵᠤ ᠠᠬᠤᠢ ᠶᠢᠨ ᠴᠢᠨᠠᠷ ᠢ ᠳᠡᠭᠡᠭᠰᠢᠯᠡᠬᠦᠯᠦᠨ ᠦᠷ᠎ᠡ ᠠᠰᠢᠭ ᠢ ᠨᠡᠮᠡᠭᠳᠡᠬᠦᠯᠬᠦ ᠶᠢ ᠠᠬᠢᠭᠤᠯᠤᠨ᠎ᠠ᠃ | ᠡᠯ᠎ᠡ ᠲᠥᠷᠦᠯ ᠤᠨ ᠲᠥᠷᠦᠯ ᠵᠦᠢᠯ᠂ ᠪᠡᠯᠡ ᠮᠥᠩᠭᠦ ᠶᠢ ᠡᠮᠬᠢᠯᠡᠨ ᠨᠡᠶᠢᠯᠡᠭᠦᠯᠵᠦ᠂ ᠮᠠᠯ ᠠᠵᠤ ᠠᠬᠤᠢ ᠶᠢᠨ ᠴᠢᠨᠠᠷ | ᠰᠠᠶᠢᠲᠠᠢ ᠥᠨᠳᠥᠷ ᠦᠷ᠎ᠡ ᠠᠰᠢᠭᠲᠤ ᠬᠥᠭᠵᠢᠯᠲᠡ ᠶᠢ ᠠᠬᠢᠭᠤᠯᠬᠤ ᠢᠨᠵᠧᠨᠧᠷᠢᠩ ᠢ ᠬᠡᠷᠡᠭᠵᠢᠭᠦᠯᠦᠨ᠂ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠲᠠᠰᠤᠷᠠᠯᠲᠠ ᠦᠭᠡᠢ | ᠭᠦᠨᠵᠡᠭᠡᠶᠢᠷᠡᠭᠦᠯᠵᠦ᠂ ᠴᠡᠪᠡᠷ ᠡᠬᠦᠯᠳᠡᠷ ᠢ ᠪᠤᠵᠠᠭᠠᠶᠢᠷᠠᠭᠤᠯᠬᠤ ᠪᠠ ᠰᠢᠯᠢᠳᠡᠭ ᠡᠭᠦᠯᠳᠡᠷ ᠢ ᠪᠣᠶᠢᠵᠢᠭᠤᠯᠤᠨ | ᠦᠷᠡᠵᠢᠭᠦᠯᠬᠦ ᠠᠵᠢᠯ ᠢ ᠰᠠᠶᠢᠲᠤᠷ ᠠᠳᠬᠤᠵᠤ᠂ ᠰᠢᠯᠢᠳᠡᠭ ᠡᠭᠦᠯᠳᠡᠷ ᠤᠨ ᠮᠢᠬᠠᠨ ᠤ ᠦᠬᠡᠷ᠂ ᠰᠠᠭᠠᠯᠢ ᠶᠢᠨ ᠦᠨᠢᠶ᠎ᠡ | ᠪᠠ ᠴᠠᠬᠠᠷ ᠬᠤᠨᠢ ᠲᠡᠵᠢᠭᠡᠨ ᠦᠷᠡᠵᠢᠭᠦᠯᠬᠦ ᠣᠷᠣᠨ ᠪᠦᠰᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠂ | ᠡᠪᠡᠰᠦ ᠪᠤᠷᠳᠤᠭᠠᠨ ᠤ ᠪᠠᠲᠤᠯᠠᠭ᠎ᠠ ᠶᠢᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠬᠦᠯᠵᠦ᠂ ᠮᠠᠯ ᠤᠨ ᠲᠤᠭ᠎ᠠ | ᠲᠤᠯᠤᠭᠠᠢ ᠶᠢ ᠴᠢᠬᠤᠯᠠᠴᠢᠯᠠᠬᠤ ᠠᠴᠠ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠳᠠᠰᠢ ᠬᠤᠪᠢᠷᠠᠭᠤᠯᠬᠤ ᠶᠢ ᠠᠬᠢᠭᠤᠯᠤᠨ᠎ᠠ | ᠃ ᠰᠠᠭᠠᠯᠢ ᠶᠢᠨ ᠦᠨᠢᠶᠡᠨ ᠤ ᠳᠤᠮᠳᠠ ᠵᠢᠵᠢᠭ ᠬᠡᠪᠴᠢᠶᠡᠵᠢᠯ ᠤᠨ ᠲᠡᠵᠢᠭᠡᠨ ᠦᠷᠡᠵᠢᠭᠦᠯᠬᠦ ᠲᠣᠭᠤᠷᠢᠭ ᠢ | ᠥᠭᠡᠷᠡᠴᠢᠯᠡᠨ ᠳᠡᠰ ᠲᠡᠪᠰᠢᠬᠦᠯᠬᠦ ᠢᠨᠵᠧᠨᠧᠷᠢᠩ ᠢ ᠪᠡᠶᠡᠯᠡᠭᠦᠯᠵᠦ᠂ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ | ᠡᠷᠦᠬᠡ ᠶᠢ ᠳᠠᠶᠢᠴᠢᠯᠠᠨ᠂ ᠦᠢᠯᠡᠳᠪᠦᠷᠢᠯᠡᠬᠦ᠂ ᠪᠤᠯᠪᠠᠰᠤᠷᠠᠭᠤᠯᠬᠤ᠂ ᠪᠣᠷᠣᠯᠠᠭᠤᠯᠬᠤ ᠶᠢ ᠨᠢᠭᠡ ᠴᠣᠭᠴᠠᠵᠢᠭᠤᠯᠤᠭᠰᠠᠨ | ᠪᠠᠷᠢᠮᠵᠢᠶᠠᠵᠢᠭᠰᠠᠨ ᠴᠢᠭᠯᠡᠯ ᠲᠠᠶᠢᠰᠢ ᠬᠥᠭᠵᠢᠭᠦᠯᠦᠨ᠎ᠡ︔ ᠰᠦᠨ ᠤ ᠦᠢᠯᠡᠰ ᠢ ᠬᠥᠭᠵᠢᠭᠦᠯᠦᠨ ᠮᠠᠨᠳᠤᠭᠤᠯᠬᠤ | ᠲᠥᠷᠥᠯ ᠵᠦᠢᠯ ᠢ ᠬᠡᠷᠡᠭᠵᠢᠬᠦᠯᠦᠨ᠂ ᠪᠠᠷᠢᠮᠵᠢᠶᠠᠵᠢᠭᠰᠠᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ | ᠵᠠᠬ᠎ᠠ ᠳᠡᠯᠭᠡᠭᠦᠷ ᠢ ᠦᠷᠭᠡᠳᠬᠡᠨ ᠨᠡᠭᠡᠭᠡᠵᠦ᠂ ᠠᠶᠤᠯ ᠲᠦᠭᠰᠢᠬᠦᠷᠢ ᠶᠢ ᠰᠡᠷᠭᠡᠶᠢᠯᠡᠬᠦ ᠴᠢᠳᠠᠪᠦᠷᠢ ᠪᠠᠨ ᠦᠷᠬᠦᠯᠵᠢᠯᠡᠨ | ᠲᠡᠭᠡᠭᠰᠢᠯᠡᠬᠦᠯᠦᠨ᠎ᠡ᠃ ᠴᠠᠬᠠᠷ ᠬᠤᠨᠢᠨ ᠤ ᠪᠦᠬᠦ ᠠᠵᠤ ᠦᠢᠯᠡᠰ ᠤᠨ ᠬᠡᠯᠬᠢᠶᠡᠵᠢᠯ ᠢ ᠳᠡᠭᠡᠭᠰᠢᠯᠡᠬᠦᠯᠬᠦ ᠲᠥᠷᠥᠯ ᠵᠦᠢᠯ | ᠢ ᠲᠦᠯᠬᠢᠨ ᠠᠬᠢᠭᠤᠯᠵᠤ᠂ ᠦᠷ᠎ᠡ ᠶᠢᠨ ᠮᠠᠯ ᠤᠨ ᠲᠠᠯᠠᠪᠠᠶ᠂ ᠭᠤᠣᠯᠳᠠᠯᠭᠠᠲᠤ ᠰᠦᠷᠦᠭ᠂ ᠭᠡᠷ ᠪᠦᠯᠢ ᠶᠢᠨ | ᠮᠠᠯᠵᠢᠯ ᠤᠨ ᠲᠠᠯᠠᠪᠠᠶ᠂ ᠲᠤᠰᠬᠠᠢ ᠬᠤᠷᠰᠢᠶᠠᠵᠢᠯ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠴᠠᠬᠠᠷ | ᠬᠤᠨᠢ ᠲᠡᠵᠢᠭᠡᠨ ᠦᠷᠡᠵᠢᠭᠦᠯᠬᠦ ᠬᠡᠪᠴᠢᠶ᠎ᠡ ᠶᠢ ᠥᠷᠭᠡᠳᠬᠡᠨ᠂ ᠨᠠᠷᠢᠯᠢᠭᠵᠢᠭᠤᠯᠤᠭᠰᠠᠨ ᠲᠡᠵᠢᠭᠡᠨ ᠦᠷᠡᠵᠢᠬᠦᠯᠬᠦ ᠬᠢᠷᠢ | ᠲᠥᠪᠰᠢᠨ ᠢ ᠲᠡᠭᠡᠭᠰᠢᠯᠡᠬᠦᠯᠦᠨ᠎ᠡ᠃ ᠬᠦᠨᠳᠡᠯᠡᠨ ᠭᠠᠴᠠᠭᠠᠨ ᠤ ᠴᠠᠬᠠᠷ ᠬᠤᠨᠢ ᠶᠢ ᠲᠥᠪᠯᠡᠷᠡᠬᠦᠯᠦᠨ ᠲᠡᠵᠢᠭᠡᠨ | ᠦᠷᠡᠵᠢᠬᠦᠯᠬᠦ ᠬᠠᠮᠳᠤ ᠶᠢᠨ ᠠᠵᠤ ᠠᠬᠤᠢ ᠶᠢᠨ ᠲᠥᠷᠦᠯ ᠵᠦᠢᠯ ᠢ ᠬᠡᠷᠡᠭᠵᠢᠬᠦᠯᠬᠦ ᠶᠢᠨ ᠬᠠᠮᠳᠤ ᠲᠤᠷᠰᠢᠯᠭ᠎ᠠ | ᠲᠦᠭᠡᠮᠡᠯᠵᠢᠬᠦᠯᠦᠨ᠎ᠡ᠃ ᠰᠢᠨᠵᠢᠯᠡᠭᠡ ᠮᠡᠷᠭᠡᠵᠢᠯ ᠢᠶᠠᠷ ᠮᠠᠯ ᠠᠵᠤ ᠠᠬᠤᠢ ᠶᠢ ᠬᠦᠭᠵᠢᠬᠦᠯᠬᠦ ᠶᠢ ᠠᠬᠢᠭᠤᠯᠵᠤ᠂ ᠴᠠᠬᠠᠷ | ᠬᠤᠨᠢᠨ ᠤ ᠢᠬᠢᠷᠡᠯᠡᠬᠦ ᠨᠣᠷᠮ᠎ᠠ ᠶᠢ ᠲᠡᠭᠡᠭᠰᠢᠯᠡᠬᠦᠯᠦᠨ᠎ᠡ᠃ ᠴᠠᠬᠠᠷ ᠬᠤᠨᠢᠨ ᠤ ᠤᠯᠤᠰ ᠤᠨ ᠭᠤᠤᠯᠳᠠᠯᠭ᠎ᠠ ᠲᠠᠢ | ᠦᠷᠡᠵᠢᠬᠦᠯᠦᠨ ᠪᠤᠶᠢᠵᠢᠭᠤᠯᠬᠤ ᠲᠠᠯᠠᠪᠠᠢ ᠶᠢ ᠦᠷᠬᠦᠯᠵᠢᠯᠡᠨ ᠡᠷᠡᠮᠡᠯᠵᠡᠯᠡᠨ ᠮᠡᠳᠡᠬᠦᠯᠦᠨ᠎ᠡ᠃ ᠴᠢᠨᠠᠷ ᠰᠠᠶᠢᠲᠠᠢ | ᠰᠢᠯᠢᠳᠡᠭ ᠡᠭᠦᠯᠳᠡᠷ ᠤᠨ ᠮᠢᠬᠠᠨ ᠤ ᠦᠬᠡᠷ ᠤᠨ ᠭᠤᠣᠯᠳᠠᠯᠭᠠᠲᠤ ᠰᠦᠷᠦᠭ ᠤᠨ ᠪᠦᠳᠦᠭᠡᠨ ᠪᠠᠶᠢᠭᠤᠯᠤᠯᠲᠠ ᠶᠢ | ᠰᠠᠶᠢᠲᠤᠷ ᠠᠳᠬᠤᠵᠤ᠂ ᠬᠤᠸᠠ ᠰᠢ ᠦᠬᠡᠷ ᠢ ᠲᠡᠵᠢᠭᠡᠨ ᠦᠷᠡᠵᠢᠬᠦᠯᠬᠦ ᠠᠵᠢᠯ ᠢ ᠠᠬᠢᠭᠤᠯᠤᠨ᠂ ᠰᠢᠯᠢᠳᠡᠭ ᠡᠬᠦᠯᠳᠡᠷ | ᠤᠨ ᠮᠢᠬᠠᠨ ᠤ ᠦᠬᠡᠷ ᠤᠨ ᠲᠤᠭ᠎ᠠ ᠶᠢ 3 ᠲᠦᠮᠡ ᠳᠤ ᠬᠦᠷᠭᠡᠬᠦ ᠶᠢ ᠦᠨᠡᠨᠬᠦ ᠪᠠᠲᠤᠯᠠᠵᠤ᠂ ᠰᠢᠯᠢᠳᠡᠭ ᠡᠭᠦᠯᠳᠡᠷ ᠤᠨ | ᠮᠢᠬᠠᠨ ᠤ ᠦᠬᠡᠷ ᠤᠨ ᠢᠴᠡᠭᠡᠯ ᠦᠷ᠎ᠡ ᠶᠢᠨ ᠬᠡᠬᠡᠯᠳᠦᠬᠦᠯᠭᠡ ᠶᠢᠨ ᠮᠡᠷᠭᠡᠵᠢᠯ ᠵᠢᠴᠢ ᠬᠡᠬᠡᠯ ᠲᠤᠭᠲᠠᠭᠠᠬᠤ ᠶᠢ | ᠲᠦᠭᠡᠮᠡᠯᠵᠢᠬᠦᠯᠬᠦ ᠵᠢᠱᠢᠶ᠎ᠡ ᠦᠵᠡᠭᠦᠯᠬᠦ ᠲᠥᠷᠥᠯ ᠵᠦᠢᠯ ᠢ ᠪᠡᠶᠡᠯᠡᠭᠦᠯᠦᠨ᠎ᠡ᠃ ᠤᠯᠤᠰ ᠤᠨ ᠲᠠᠷᠢᠶᠠᠯᠠᠩ ᠤᠨ ᠠᠵᠤ | ᠦᠢᠯᠡᠰ ᠤᠨ ᠬᠦᠴᠦᠷᠬᠡᠭ ᠬᠤᠰᠢᠭᠤ ᠶᠢ ᠡᠭᠦᠳᠦᠨ ᠪᠠᠶᠢᠭᠤᠯᠬᠤ ᠲᠥᠷᠥᠯ ᠵᠦᠢᠯ ᠢ ᠲᠡᠮᠡᠴᠡᠨ ᠣᠯᠵᠤ᠂ ᠮᠠᠯ ᠤᠨ | ᠠᠰᠢᠭ ᠰᠢᠮ᠎ᠡ ᠶᠢᠨ ᠪᠦᠲᠦᠭᠡᠭᠳᠡᠬᠦᠨ ᠢ ᠨᠠᠷᠢᠯᠢᠭ ᠡᠳ᠋ᠰᠢᠬᠦᠯᠦᠨ ᠪᠤᠯᠪᠠᠰᠤᠷᠠᠭᠤᠯᠬᠤ ᠠᠵᠤ ᠠᠬᠤᠶᠢᠯᠠᠯ ᠢ ᠣᠷᠣᠭᠤᠯᠤᠨ | ᠠᠪᠴᠢᠷᠠᠵᠤ᠂ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠪᠥᠬᠦ ᠠᠵᠤ ᠦᠢᠯᠡᠰ ᠤᠨ ᠬᠡᠯᠬᠢᠶᠡᠵᠢᠯ ᠤᠨ | ᠪᠠᠶᠢᠭᠤᠯᠤᠯᠲᠠ ᠶᠢ ᠴᠢᠩᠭᠠᠳᠬᠠᠨ᠂ ᠴᠢᠨᠠᠷ ᠰᠠᠶᠢᠨ ᠪᠥᠭᠡᠳ ᠦᠨ᠎ᠡ ᠬᠠᠩᠰᠢ ᠥᠨᠳᠦᠷ ᠪᠠᠶᠢᠬᠤ ᠶᠢ ᠪᠡᠶᠡᠯᠡᠬᠦᠯᠦᠨ᠎ᠡ᠃ | | ᠠᠵᠤ ᠦᠢᠯᠡᠳᠪᠦᠷᠢ ᠶᠢ ᠰᠢᠯᠢᠳᠡᠭᠵᠢᠬᠦᠯᠦᠨ ᠲᠡᠰ ᠲᠡᠪᠰᠢᠬᠦᠯᠬᠦ ᠶᠢ ᠲᠦᠯᠬᠢᠨ ᠠᠬᠢᠭᠤᠯᠤᠨ᠎ᠠ᠃ ᠮᠧᠩ ᠶᠢᠨ | ᠠᠭᠤᠷᠬᠠᠢ ᠶᠢᠨ ᠦᠢᠯᠡᠰ ᠤᠨ ᠨᠢᠦᠪᠢ ᠲᠠᠨᠲ᠋ᠠᠯ ᠤᠨ ᠠᠭᠤᠷᠬᠠᠢ ᠶᠢᠨ ᠮᠠᠯᠲᠠᠵᠤ ᠰᠣᠩᠭᠤᠬᠤ ᠲᠥᠷᠦᠯ ᠵᠦᠢᠯ ᠪᠠ ᠭᠠᠨ | ᠹᠧᠩ ᠯᠢᠲ᠋ᠢ ᠶᠢᠨ ᠦᠢᠯᠡᠰ ᠤᠨ ᠯᠢᠲ᠋ᠢ ᠶᠢᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ᠢ | ᠲᠦᠯᠬᠢᠨ ᠠᠬᠢᠭᠤᠯᠵᠤ᠂ ᠵᠢᠯ ᠤᠨ ᠳᠣᠲᠣᠷ᠎ᠠ ᠪᠠᠶᠢᠭᠤᠯᠵᠤ ᠲᠠᠭᠤᠰᠬᠠᠨ ᠠᠰᠢᠭᠯᠠᠯᠲᠠ ᠳᠤ ᠣᠷᠣᠭᠤᠯᠬᠤ ᠶᠢ | ᠪᠠᠲᠤᠯᠠᠨ᠎ᠠ᠃ ᠨᠢᠦᠪᠢ᠂ ᠲᠠᠨᠲ᠋ᠠᠯ ᠵᠡᠷᠭᠡ ᠰᠢᠨ᠎ᠡ ᠮᠠᠲ᠋ᠧᠷᠢᠶᠠᠯ ᠤᠨ ᠠᠵᠤ ᠦᠢᠯᠡᠰ ᠢ ᠪᠣᠶᠢᠵᠢᠭᠤᠯᠤᠨ ᠬᠦᠭᠵᠢᠬᠦᠯᠵᠦ᠂ | ᠲᠠᠨᠲ᠋ᠠᠯ ᠤᠨ ᠡᠬᠢ ᠪᠠᠶᠠᠯᠢᠭ ᠢ ᠰᠣᠳᠣᠯᠣᠨ ᠨᠡᠭᠡᠭᠡᠬᠦ ᠲᠥᠪ ᠪᠠᠶᠢᠭᠤᠯᠤᠨ᠎ᠠ᠃ ᠲᠡᠭᠡᠳᠦ ᠱᠠᠳᠣᠨ ᠤ ᠳᠡᠮᠵᠢᠯᠭᠡ ᠶᠢ | ᠲᠡᠮᠡᠴᠡᠨ ᠣᠯᠵᠤ᠂ 100 ᠲᠦᠮᠡᠨ ᠺᠢᠯᠣᠸᠠᠲ ᠤᠨ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠰᠠᠭᠤᠷᠢᠨ | ᠭᠠᠵᠠᠷ ᠤᠨ ᠲᠥᠷᠥᠯ ᠵᠦᠢᠯ ᠢ ᠲᠦᠷᠭᠡᠬᠡᠨ ᠨᠠᠶᠢᠳᠠᠪᠤᠷᠢᠵᠢᠭᠤᠯᠤᠨ ᠪᠦᠲᠦᠭᠡᠨ ᠪᠠᠶᠢᠭᠤᠯᠵᠤ᠂ 200 ᠲᠦᠮᠡᠨ | ᠺᠢᠯᠣᠸᠠᠲ ᠤᠨ ᠰᠠᠯᠬᠢ ᠢᠯᠴᠢ ᠶᠢᠨ ᠰᠢᠨ᠎ᠡ ᠡᠨᠧᠷᠭᠢ ᠶᠢᠨ ᠠᠵᠤ ᠦᠢᠯᠡᠰ ᠤᠨ ᠰᠠᠭᠤᠷᠢᠨ ᠭᠠᠵᠠᠷ ᠤᠨ ᠪᠦᠲᠦᠭᠡᠨ | ᠪᠠᠶᠢᠭᠤᠯᠤᠯᠲᠠ ᠶᠢᠨ ᠬᠠᠷᠠᠯᠲᠠ ᠪᠠᠨ ᠡᠷᠲᠡᠬᠡᠨ ᠪᠡᠶᠡᠯᠡᠬᠦᠯᠦᠨ᠎ᠡ᠃ ᠣᠲᠣ ᠶᠢᠨ ᠪᠠᠶᠢᠭ᠎ᠠ ᠰᠢᠨ᠎ᠡ ᠡᠨᠧᠷᠭᠢ ᠶᠢᠨ | ᠲᠥᠷᠥᠯ ᠵᠦᠢᠯ ᠤᠨ ᠲᠣᠭᠲᠠᠭᠤᠨ ᠦᠢᠯᠡᠳᠪᠦᠷᠢᠯᠡᠯ ᠢ ᠪᠠᠲᠤᠯᠠᠵᠤ᠂ 24 ᠳ᠋ᠦᠩᠰᠢᠭᠤᠷ ᠺᠢᠯᠣᠸᠠᠲ ᠴᠠᠭ ᠴᠠᠬᠢᠯᠭᠠᠨ | ᠭᠠᠷᠭᠠᠬᠤ ᠪᠠᠷ ᠴᠢᠷᠮᠠᠶᠢᠨ᠎ᠠ᠃ ᠵᠦᠩ ᠭᠤᠸᠠᠩ ᠡᠨᠧᠷᠭᠢ ᠬᠠᠳᠠᠭᠠᠯᠠᠬᠤ ᠪᠠ ᠯᠢᠦᠢ ᠵᠥᠩ ᠡᠨᠧᠷᠭᠢ ᠶᠢᠨ ᠯᠢᠲ᠋ᠢ ᠴᠡᠨᠡᠭ | ᠵᠢᠴᠢ ᠡᠨᠧᠷᠭᠢ ᠬᠠᠳᠠᠭᠠᠯᠠᠬᠤ ᠪᠦᠬᠦ ᠠᠵᠤ ᠦᠢᠯᠡᠰ ᠤᠨ ᠬᠡᠯᠬᠢᠶᠡᠵᠢᠯ ᠤᠨ ᠰᠠᠭᠤᠷᠢᠨ ᠭᠠᠵᠠᠷ ᠤᠨ ᠲᠥᠷᠦᠯ ᠵᠦᠢᠯ | ᠤᠨ ᠡᠮᠦᠨᠡᠬᠢ ᠬᠤᠭᠤᠴᠠᠭᠠᠨ ᠤ ᠠᠵᠢᠯ ᠢ ᠲᠦᠷᠭᠡᠳᠭᠡᠨ ᠠᠬᠢᠭᠤᠯᠵᠤ᠂ ᠳᠡᠭᠡᠷ᠎ᠡ ᠬᠠᠭᠠᠰ ᠵᠢᠯ ᠳᠤ ᠠᠵᠢᠯ ᠡᠬᠢᠯᠡᠬᠦᠯᠬᠦ | ᠪᠠᠷ ᠴᠢᠷᠮᠠᠶᠢᠨ᠎ᠠ᠃ ᠴᠠᠬᠢᠯᠭᠠᠨ ᠴᠡᠨᠡᠭ ᠤᠨ ᠠᠷᠭ᠎ᠠ ᠲᠤᠶᠢᠯ ᠤᠨ ᠮᠠᠲ᠋ᠧᠷᠢᠶᠠᠯ᠂ ᠯᠢᠲ᠋ᠢ ᠶᠢᠨ ᠭᠢᠯᠲᠠᠭᠠᠨᠠᠭᠤᠷ ᠤᠨ | ᠳᠠᠭᠠᠯᠲᠠ ᠬᠦᠳᠡᠷ ᠤᠨ ᠺᠠᠯᠢ ᠨᠠᠲᠷᠢ ᠶᠢᠨ ᠵᠤᠩᠰᠢ ᠵᠢᠴᠢ ᠠᠭᠤᠷᠬᠠᠢ ᠦᠢᠯᠡᠳᠪᠦᠷᠢ ᠶᠢᠨ ᠬᠠᠲᠠᠭᠤ ᠪᠡᠶᠡᠲᠦ | ᠬᠠᠶᠠᠭᠳᠠᠮᠠᠯ ᠪᠣᠳᠠᠰ ᠲᠤ ᠲᠦᠰᠢᠭᠯᠡᠨ᠂ ᠢᠯᠴᠢ ᠬᠡᠷᠡᠯ ᠤᠨ ᠴᠡᠪᠡᠷ ᠡᠨᠧᠷᠭᠢ ᠶᠢ ᠠᠰᠢᠭᠯᠠᠨ᠂ ᠴᠠᠬᠢᠯᠭᠠᠨ ᠴᠡᠨᠡᠭ | ᠦᠶᠯᠡᠳᠬᠦ᠂ ᠡᠨᠧᠷᠭᠢ ᠬᠠᠳᠠᠭᠠᠯᠠᠬᠤ ᠵᠢᠴᠢ ᠱᠠᠯᠠ ᠲᠤᠭᠤᠰᠬ᠎ᠠ ᠵᠡᠷᠭᠡ ᠳᠠᠭᠠᠯᠳᠤᠭᠤᠯᠤᠯ ᠲᠥᠷᠥᠯ ᠵᠦᠢᠯ ᠢ | ᠣᠷᠣᠭᠤᠯᠤᠨ ᠠᠪᠴᠢᠷᠠᠬᠤ ᠶᠢ ᠢᠳᠡᠪᠬᠢᠲᠡᠢ ᠪᠠᠷ ᠰᠦᠪᠡᠭᠴᠢᠯᠡᠨ᠂ ᠠᠭᠤᠷᠬᠠᠢ ᠶᠢᠨ ᠭᠠᠷᠤᠯᠲᠠ ᠶᠢ ᠨᠠᠷᠢᠯᠢᠭ | ᠡᠳ᠋ᠰᠢᠬᠦᠯᠦᠨ ᠪᠤᠯᠪᠠᠰᠤᠷᠠᠭᠤᠯᠬᠤ ᠵᠢᠴᠢ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ | ︱ᠢᠯᠴᠢ ᠭᠡᠷᠡᠯ ᠤᠨ ᠴᠡᠪᠡᠷ ᠡᠨᠧᠷᠭᠢ ᠪᠠᠷ ᠴᠠᠬᠢᠯᠭᠠᠨ ᠬᠠᠩᠭᠠᠬᠤ ︱ᠡᠨᠧᠷᠭᠢ ᠬᠠᠳᠠᠭᠠᠯᠠᠬᠤ ︱ᠪᠤᠬᠢᠷᠳᠤᠯ ᠦᠬᠡᠢ | ᠴᠠᠬᠢᠯᠭᠠᠨ ᠦᠢᠯᠡᠳᠬᠦᠨ ᠬᠢᠬᠦ ᠵᠡᠷᠭᠡ ᠪᠥᠬᠦ ᠠᠵᠤ ᠦᠢᠯᠡᠰ ᠤᠨ ᠣᠷᠴᠢᠯ ᠬᠡᠯᠪᠡᠷᠢᠲᠦ ᠠᠵᠤ ᠠᠬᠤᠢ ᠶᠢᠨ ᠬᠡᠯᠬᠢᠶ᠎ᠡ ᠶᠢ | ᠴᠣᠭᠴᠠᠯᠠᠨ ᠪᠠᠶᠢᠭᠤᠯᠤᠨ᠎ᠠ᠃ ᠳ᠋ᠦᠩ ᠯᠢᠨ ᠨᠡᠭᠦᠷᠡᠰᠦᠨ ᠠᠭᠤᠷᠬᠠᠢ ᠶᠢᠨ ᠨᠦᠬᠡᠴᠡ ᠶᠢ ᠨᠡᠮᠡᠭᠳᠡᠭᠦᠯᠬᠦ ᠠᠵᠢᠯ ᠢ | ᠢᠳᠡᠪᠬᠢᠲᠡᠢ ᠲᠦᠯᠬᠢᠨ ᠠᠬᠢᠭᠤᠯᠵᠤ᠂ ᠠᠭᠤᠷᠬᠠᠢ ᠶᠢᠨ ᠦᠢᠯᠡᠰ ᠤᠨ ᠤᠶᠤᠨᠴᠢᠯᠠᠭᠰᠠᠨ ᠪᠦᠲᠦᠭᠡᠨ ᠪᠠᠶᠢᠭᠤᠯᠤᠯᠲᠠ ᠶᠢ | ᠦᠷᠭᠦᠯᠵᠢᠯᠡᠨ ᠴᠢᠩᠭᠠᠳᠬᠠᠵᠤ᠂ ᠨᠡᠭᠦᠷᠡᠰᠦᠨ ᠤ ᠭᠠᠷᠤᠯᠲᠠ ᠶᠢ ᠲᠣᠭᠲᠠᠪᠤᠷᠢᠵᠢᠭᠤᠯᠤᠨ᠂ ᠠᠵᠤ ᠠᠬᠤᠶᠢᠯᠠᠯ ᠢ | ᠰᠣᠳᠣᠯᠣᠨ ᠨᠡᠭᠡᠭᠡᠬᠦ ᠲᠠᠯ᠎ᠠ ᠪᠠᠷ ᠬᠢ ᠤᠷᠤᠭᠤᠯᠤᠯᠲᠠ ᠪᠠᠨ ᠨᠡᠮᠡᠭᠳᠡᠬᠦᠯᠬᠦ ᠶᠢ ᠤᠷᠮᠠᠰᠢᠭᠤᠯᠤᠨ ᠵᠤᠷᠢᠭᠵᠢᠭᠤᠯᠵᠤ᠂ | ᠡᠬᠢ ᠪᠠᠶᠠᠯᠢᠭ ᠢ ᠲᠤᠬᠠᠢ ᠶᠢᠨ ᠭᠠᠵᠠᠷ ᠲᠤᠨᠢ ᠡᠷᠬᠢᠯᠳᠦᠬᠦᠯᠬᠦ ᠨᠤᠷᠮ᠎ᠠ ᠶᠢ ᠳᠡᠭᠡᠭᠰᠢᠯᠡᠭᠦᠯᠦᠨ᠎ᠡ᠃ ᠸᠣᠯᠹᠷᠠᠮ ᠪᠢᠰᠮᠦ᠋ᠲ | ᠮᠥᠩᠭᠦ ᠣᠯᠠᠨ ᠲᠡᠮᠦᠷᠯᠢᠭ ᠤᠨ ᠠᠭᠤᠷᠬᠠᠢ ᠶᠢᠨ ᠬᠠᠶᠢᠨ ᠰᠢᠨᠵᠢᠯᠠᠯᠲᠡ ᠠᠴᠠ ᠨᠡᠭᠡᠭᠡᠨ ᠠᠰᠢᠭᠯᠠᠬᠤ ᠤᠷᠤᠭᠤ | ᠰᠢᠯᠵᠢᠬᠦᠯᠬᠦ ᠠᠵᠢᠯ ᠢ ᠲᠦᠷᠭᠡᠳᠬᠡᠨ ᠠᠬᠢᠭᠤᠯᠤᠨ᠎ᠠ᠃ ᠴᠢᠯᠠᠭᠤᠨ ᠲᠣᠰᠣᠨ ᠤ ᠣᠷᠣᠨ ᠲᠤᠭᠤᠷᠢᠭ ᠢ | ᠰᠢᠯᠢᠳᠡᠭᠵᠢᠬᠦᠯᠵᠦ ᠴᠣᠮᠬᠠᠳᠬᠠᠨ ᠨᠡᠶᠢᠯᠡᠭᠦᠯᠬᠦ ᠠᠵᠢᠯ ᠢ ᠦᠷᠭᠦᠯᠵᠢᠯᠡᠨ ᠠᠬᠢᠭᠤᠯᠵᠤ᠂ ︽ᠵᠢᠵᠢᠭ ᠪᠤᠲᠠᠷᠬᠠᠢ ᠰᠣᠯᠠ︾ | ᠪᠠᠶᠢᠳᠠᠯ ᠢ ᠬᠤᠪᠢᠷᠠᠭᠤᠯᠤᠨ᠂ ᠬᠠᠶᠢᠨ ᠰᠢᠨᠵᠢᠬᠦ ᠡᠷᠴᠢᠮ ᠢᠶᠠᠨ ᠴᠢᠩᠭᠠᠷᠠᠭᠤᠯᠵᠤ᠂ 20 ᠲᠤᠰᠤᠨ ᠤ ᠬᠤᠳᠳᠤᠭ ᠢ | ᠰᠢᠨ᠎ᠡ ᠪᠠᠷ ᠥᠷᠥᠮᠳᠡᠵᠦ᠂ 4 ᠲᠦᠮᠡᠨ ᠲᠣᠨ ᠲᠦᠭᠦᠬᠡᠢ ᠴᠢᠯᠠᠭᠤᠨ ᠲᠣᠰᠣ ᠪᠣᠷᠣᠯᠠᠭᠤᠯᠤᠨ᠎ᠠ᠃ ᠴᠢᠯᠠᠭᠤᠨ | ᠮᠠᠲ᠋ᠧᠷᠢᠶᠠᠯ ᠤᠨ ᠠᠭᠤᠷᠬᠠᠢ ᠶᠢ ᠰᠢᠯᠢᠳᠡᠭᠵᠢᠭᠦᠯᠦᠨ ᠴᠤᠮᠬᠠᠳᠬᠠᠨ ᠨᠡᠶᠢᠯᠡᠭᠦᠯᠬᠦ ᠶᠢ ᠪᠥᠬᠦ ᠬᠦᠴᠦᠨ ᠢᠶᠠᠷ ᠢᠶᠠᠨ | ᠠᠬᠢᠭᠤᠯᠵᠤ᠂ ᠪᠣᠷᠵᠢᠨ ᠴᠢᠯᠠᠭᠤᠯᠢᠭ ᠤᠨ ᠠᠭᠤᠷᠬᠠᠢ ᠶᠢ ᠨᠡᠭᠡᠭᠡᠨ ᠮᠠᠯᠲᠠᠬᠤ ᠮᠡᠷᠭᠡᠵᠢᠯ ᠤᠨ ᠬᠢᠷᠢ ᠲᠥᠪᠰᠢᠨ ᠢ | ᠦᠨᠡᠨᠬᠦ ᠳᠡᠭᠡᠭᠰᠢᠯᠡᠭᠦᠯᠦᠨ᠂ ᠤᠳᠤᠬᠢᠴᠢᠯᠠᠭᠰᠠᠨ ᠪᠣᠬᠢᠷᠳᠣᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ | ᠪᠠᠷᠢᠮᠵᠢᠶ᠎ᠠ ᠳᠤ ᠬᠦᠷᠭᠡᠨ᠎ᠡ᠃ 160 ᠲᠦᠮᠡᠨ ᠲᠡᠭᠰᠢ ᠳᠥᠷᠪᠡᠯᠵᠢᠨ ᠮᠧᠲᠷ ᠬᠠᠪᠲᠠᠰᠤᠨ ᠮᠠᠲ᠋ᠧᠷᠢᠶᠠᠯ ᠢ ᠡᠳ᠋ᠰᠢᠬᠦᠯᠦᠨ | ᠂ ᠴᠢᠯᠠᠭᠤᠨ ᠮᠠᠲ᠋ᠧᠷᠢᠶᠠᠯ ᠤᠨ ᠪᠦᠲᠦᠭᠡᠭᠳᠡᠬᠦᠨ ᠤ ᠪᠣᠷᠤᠯᠠᠭᠤᠯᠭ᠎ᠠ ᠶᠢᠨ ᠠᠷᠭ᠎ᠠ ᠵᠠᠮ ᠢ ᠥᠷᠭᠡᠳᠬᠡᠨ᠂ ︽ᠳᠤᠮᠳᠠᠳᠤ | ᠤᠯᠤᠰ ᠤᠨ ᠣᠮᠠᠷᠠᠲᠦ ᠶᠢᠨ ᠴᠢᠯᠠᠭᠤᠨ ᠮᠠᠲ᠋ᠧᠷᠢᠶᠠᠯ ᠤᠨ ᠨᠤᠲᠤᠭ︾ ᠨᠡᠷᠡᠲᠦ ᠲᠡᠮᠳᠡᠭᠳᠦ ᠶᠢᠨ ᠦᠢᠯᠡᠳᠦᠯ ᠢ | ᠬᠦᠢᠴᠡᠳ ᠪᠠᠳᠠᠷᠠᠭᠤᠯᠤᠨ᠎ᠠ᠃ ᠴᠢᠯᠠᠭᠤᠨ ᠮᠠᠲ᠋ᠧᠷᠢᠶᠠᠯ ᠤᠨ ᠠᠵᠤ ᠦᠢᠯᠡᠰ ᠤᠨ ᠬᠠᠲᠠᠭᠤ ᠪᠡᠶᠡᠳᠦ ᠬᠠᠶᠠᠭᠳᠠᠮᠠᠯ | ᠪᠣᠳᠠᠰ ᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ ᠳᠡᠭᠡᠭᠰᠢᠯᠡᠬᠦᠯᠵᠦ᠂ ᠯᠢᠨ ᠢ ᠬᠢᠮᠢ ᠶᠢᠨ ᠠᠵᠤ ᠦᠢᠯᠡᠳᠪᠦᠷᠢ ᠶᠢᠨ | ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠬᠠᠲᠠᠭᠤ ᠪᠡᠶᠡᠳᠦ ᠬᠠᠶᠠᠭᠳᠠᠮᠠᠯ ᠪᠣᠳᠠᠰ ᠢ | ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ᠢ ᠪᠠᠶᠢᠭᠤᠯᠵᠤ ᠲᠠᠭᠤᠰᠬᠠᠨ ᠠᠰᠢᠭᠯᠠᠯᠲᠠ ᠲᠤ ᠣᠷᠣᠭᠤᠯᠬᠤ ᠶᠢ | ᠪᠠᠲᠤᠯᠠᠨ᠎ᠠ᠃ ᠮᠡᠨᠳᠦ ᠰᠢᠨᠵᠢᠯᠡᠭᠡ ᠮᠡᠷᠭᠡᠵᠢᠯ ᠠᠷᠠᠯᠵᠢᠶᠠᠨ ᠤ ᠺᠤᠮᠫᠠᠨᠢ ᠶᠢᠨ ᠰᠢᠨ᠎ᠡ ᠦᠢᠯᠡᠳᠪᠦᠷᠢ ᠶᠢᠨ ᠲᠤᠭᠤᠷᠢᠭ | ᠤᠨ ᠪᠦᠳᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠰᠣᠳᠣᠯᠣᠨ ᠨᠡᠭᠡᠭᠡᠬᠦ᠂ ᠦᠢᠯᠡᠳᠪᠦᠷᠢᠯᠡᠬᠦ᠂ | ᠪᠤᠷᠤᠯᠠᠭᠤᠯᠬᠤ ᠴᠢᠳᠠᠪᠦᠷᠢ ᠶᠢ ᠤᠯᠠᠮ ᠨᠢᠭᠡ ᠠᠯᠬᠤᠮ ᠲᠡᠭᠡᠭᠰᠢᠯᠡᠬᠦᠯᠦᠨ᠎ᠡ᠃ | ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠤᠯᠠᠨ ᠡᠰᠢᠲᠦ ᠬᠦᠭᠵᠢᠯᠲᠡ ᠶᠢ ᠲᠦᠯᠬᠢᠨ | ᠠᠬᠢᠭᠤᠯᠤᠨ᠎ᠠ᠃ ᠬᠡᠷᠡᠭᠯᠡᠭᠡ ᠶᠢ ᠰᠡᠷᠭᠦᠭᠡᠬᠦ ᠪᠠ ᠥᠷᠭᠡᠳᠬᠡᠬᠦ ᠠᠵᠢᠯ ᠢ ᠰᠠᠶᠢᠲᠤᠷ ᠥᠷᠨᠢᠬᠦᠯᠵᠦ᠂ ᠬᠡᠷᠡᠭᠯᠡᠭᠡ ᠶᠢᠨ | ᠴᠢᠳᠠᠪᠤᠷᠢ ᠶᠢ ᠨᠡᠮᠡᠭᠳᠡᠭᠦᠯᠦᠨ᠂ ᠬᠡᠷᠡᠭᠯᠡᠭᠡᠨ ᠤ ᠨᠥᠬᠦᠴᠡᠯ ᠢ ᠰᠠᠶᠢᠵᠢᠷᠠᠭᠤᠯᠵᠤ᠂ ᠬᠡᠷᠡᠭᠯᠡᠭᠡᠨ ᠤ ᠣᠷᠴᠢᠨ ᠠᠬᠤᠢ ᠶᠢ | ᠰᠢᠨᠡᠴᠢᠯᠡᠨ᠎ᠡ᠃ ᠠᠰᠤᠷᠤ ᠰᠤᠳᠤᠯᠤᠨ ᠶᠠᠷᠢᠯᠴᠠᠬᠤ ᠬᠤᠷᠠᠯ ᠢ ᠬᠤᠷᠠᠯᠳᠤᠭᠤᠯᠵᠤ᠂ ︽ᠳᠥᠷᠪᠡᠨ ᠨᠠᠶᠢᠷ︾ ᠢ ᠴᠢᠨᠠᠷ | ᠰᠠᠶᠢᠲᠠᠢ ᠡᠷᠬᠢᠯᠡᠨ᠂ ᠵᠤᠰᠠᠯᠠᠩ ᠢᠶᠠᠷ ᠭᠤᠣᠯ ᠪᠣᠯᠭᠠᠭᠰᠠᠨ ᠰᠤᠷᠭᠠᠨ ᠬᠥᠮᠦᠵᠢᠯ ᠤᠨ ᠵᠢᠭᠤᠯᠴᠢᠯᠠᠯ᠂ ᠮᠠᠯᠴᠢᠨ | ᠠᠶᠢᠯ ᠢᠶᠠᠷ ᠭᠤᠣᠯ ᠪᠣᠯᠭᠠᠭᠰᠠᠨ ᠠᠷᠠᠳ ᠤᠨ ᠵᠠᠩ ᠦᠢᠯᠡ ᠶᠢᠨ ᠵᠢᠭᠤᠯᠴᠢᠯᠠᠯ ᠪᠣᠯᠣᠨ ᠨᠠᠶᠢᠷ ᠤᠨ ᠲᠤᠯᠤᠭᠠᠢ ᠶᠢᠨ | ᠬᠠᠭᠤᠴᠢ ᠪᠠᠭᠤᠷᠢ ᠪᠠᠷ ᠭᠤᠣᠯ ᠪᠣᠯᠭᠠᠭᠰᠠᠨ ᠬᠠᠭᠤᠴᠢ ᠰᠤᠳᠤᠯᠤᠯ ᠤᠨ ᠵᠢᠭᠤᠯᠴᠢᠯᠠᠯ ᠢ ᠬᠦᠭᠵᠢᠬᠦᠯᠵᠦ᠂ ᠰᠣᠶᠣᠯ | ᠰᠤᠷᠭᠠᠨ ᠬᠥᠮᠦᠵᠢᠯ ᠤᠨ ᠵᠢᠭᠤᠯᠴᠢᠯᠠᠯ ᠤᠨ ᠭᠦᠨᠵᠡᠭᠡᠢ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ | ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ︽ᠲᠤᠷᠭᠠᠨ ᠨᠤᠲᠤᠭ ᠬᠥᠪᠡᠭᠡᠲᠦ ᠰᠢᠷ᠎ᠠ ᠬᠤᠰᠢᠭᠤ · ᠠᠰᠤᠷᠤ | ᠠᠶᠠᠯᠭᠤ ᠶᠢᠨ ᠥᠯᠦᠭᠡᠢ︾ ᠰᠣᠶᠣᠯ ᠵᠢᠭᠤᠯᠴᠢᠯᠠᠯ ᠤᠨ ᠨᠡᠷᠡᠲᠦ ᠲᠡᠮᠳᠡᠭᠲᠦ ᠶᠢᠨ ᠠᠯᠳᠠᠷᠰᠢᠯ ᠢ ᠨᠡᠮᠡᠭᠳᠡᠬᠦᠯᠦᠨ᠎ᠡ᠃ | ᠠᠭᠠᠷ ᠠᠶᠠᠯᠠᠯ ᠤᠨ ᠰᠢᠨᠵᠢᠯᠡᠭᠡ ᠮᠡᠷᠭᠡᠵᠢᠯ ᠢ ᠲᠦᠬᠡᠮᠡᠯᠵᠢᠬᠦᠯᠬᠦ᠂ ᠠᠭᠠᠷ ᠠᠶᠠᠯᠠᠯ ᠤᠨ ᠰᠤᠷᠭᠠᠭᠤᠯᠢ ᠶᠢᠨ ᠪᠤᠯᠪᠠᠰᠤᠷᠠᠯ | ᠂ ᠨᠢᠰᠦᠯᠲᠡ ᠶᠢᠨ ᠰᠤᠷᠢᠯᠲᠠ᠂ ᠨᠢᠰᠦᠯᠲᠡ ᠶᠢ ᠪᠡᠶᠡᠴᠢᠯᠡᠨ ᠣᠶᠢᠯᠠᠭᠠᠬᠤ ᠵᠡᠷᠭᠡ ᠨᠡᠶᠢᠳᠡᠮ ᠬᠡᠷᠡᠭᠯᠡᠬᠦ ᠠᠭᠠᠷ | ᠠᠶᠠᠯᠠᠯ ᠤᠨ ᠠᠵᠤ ᠦᠢᠯᠡᠰ ᠢ ᠢᠳᠡᠪᠬᠢᠲᠡᠢ ᠪᠠᠷ ᠬᠥᠭᠵᠢᠭᠦᠯᠦᠨ᠎ᠡ᠃ ᠡᠯᠧᠺᠲᠷᠣᠨ ᠬᠤᠳᠠᠯᠳᠤᠭᠠᠨ ᠤ ᠶᠠᠪᠤᠳᠠᠯ ᠢ | ᠮᠠᠯᠵᠢᠬᠤ ᠣᠷᠣᠨ ᠳᠤ ᠣᠷᠣᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠬᠤᠰᠢᠭᠤ ᠶᠢᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠢ ᠴᠢᠨᠠᠷ ᠰᠠᠶᠢᠲᠠᠢ ᠪᠡᠶᠡᠯᠡᠭᠦᠯᠵᠦ᠂ ᠥᠨᠳᠦᠷ ᠦᠷ᠎ᠡ ᠪᠦᠳᠦᠮᠵᠢᠳᠡᠢ ᠰᠠᠭᠠᠳ | ᠦᠭᠡᠢ ᠨᠡᠪᠳᠡᠷᠡᠬᠦ ᠤᠳᠤᠬᠢᠴᠢᠯᠠᠭᠰᠠᠨ ᠪᠠᠷᠠᠭᠠᠨ ᠤ ᠬᠦᠢᠯᠭᠡᠭᠡᠨ ᠤ ᠰᠢᠰᠲ᠋ᠧᠮ ᠢ ᠪᠠᠶᠢᠭᠤᠯᠵᠤ᠂ ᠰᠦᠯᠵᠢᠶᠡᠨ | ᠣᠳᠣᠨ ᠢ ᠵᠤᠬᠢᠶᠠᠨ ᠪᠠᠶᠢᠭᠤᠯᠵᠤ ᠤᠷᠤᠯᠳᠤᠭᠠᠨ ᠳᠤ ᠢᠳᠡᠪᠬᠢᠲᠡᠢ ᠤᠷᠤᠯᠴᠠᠭᠤᠯᠵᠤ᠂ ᠰᠦᠯᠵᠢᠶᠡᠨ ᠣᠳᠣᠨ ᠤ ᠠᠵᠤ | ᠦᠢᠯᠡᠰ ᠤᠨ ᠬᠥᠭᠵᠢᠯᠲᠡ ᠶᠢ ᠳᠡᠮᠵᠢᠵᠤ᠂ ︽ᠪᠦᠬᠦ ᠤᠯᠤᠰ ᠠᠴᠠ ᠬᠤᠳᠠᠯᠳᠤᠨ ᠠᠪᠴᠤ᠂ ᠪᠦᠬᠦ ᠤᠯᠤᠰ ᠲᠤ | ᠬᠤᠳᠠᠯᠳᠤᠬᠤ︾ ᠰᠢᠨ᠎ᠡ ᠠᠬᠢᠴᠠ ᠶᠢ ᠡᠬᠦᠳᠦᠨ᠎ᠡ᠃ ᠲᠣᠭᠠᠴᠢᠯᠠᠭᠰᠠᠨ ᠠᠵᠤ ᠠᠬᠤᠢ᠂ ᠶᠠᠰᠤ ᠴᠢᠨᠠᠷ ᠤᠨ ᠰᠢᠯᠭᠠᠨ | ᠪᠠᠶᠢᠴᠠᠭᠠᠯᠲᠠ᠂ ᠡᠷᠡᠬᠦᠯᠵᠢᠯ ᠪᠡᠶ᠎ᠡ ᠰᠤᠪᠢᠯᠠᠯᠲᠠ ᠵᠡᠷᠭᠡ ᠳᠡᠭᠡᠳᠦ ᠲᠠᠰ ᠤᠨ ᠦᠢᠯᠡᠴᠢᠯᠡᠭᠡᠨ ᠤ ᠦᠢᠯᠡᠰ ᠤᠨ | ᠰᠢᠨᠡᠴᠢᠯᠡᠨ ᠬᠦᠭᠵᠢᠬᠦ ᠶᠢ ᠲᠡᠳᠬᠦᠨ ᠳᠡᠮᠵᠢᠵᠦ᠂ ᠬᠤᠳᠠᠯᠳᠤᠭ᠎ᠠ ᠬᠡᠲᠦ ᠳᠡᠯᠭᠡᠭᠦᠷ᠂ ᠪᠥᠭᠡᠮ ᠢᠶᠠᠷ ᠪᠤᠷᠤᠯᠠᠭᠤᠯᠬᠤ ᠪᠠ | ᠵᠢᠵᠢᠭᠯᠡᠨ ᠪᠤᠷᠤᠯᠠᠭᠤᠯᠬᠤ᠂ ᠬᠤᠭᠤᠯᠠ ᠤᠮᠳᠠ᠂ ᠪᠠᠭᠤᠳᠠᠯ᠂ ᠠᠳᠠᠯ ᠠᠬᠤᠢ ᠶᠢᠨ ᠬᠠᠮᠢᠶᠠᠷᠤᠯᠲᠠ ᠪᠠ ᠦᠢᠯᠡᠴᠢᠯᠡᠭᠡ | ᠵᠡᠷᠭᠡ ᠤᠯᠠᠮᠵᠢᠯᠠᠯᠲᠤ ᠦᠢᠯᠡᠴᠢᠯᠡᠭᠡᠨ ᠤ ᠦᠢᠯᠡᠰ ᠤᠨ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠬᠦ ᠶᠢ ᠠᠬᠢᠭᠤᠯᠤᠨ᠎ᠠ᠃ | | ︵ᠬᠤᠶᠠᠷ︶ ᠥᠭᠡᠷᠡᠴᠢᠯᠡᠯᠲᠡ ᠶᠢ ᠬᠦᠨᠵᠡᠭᠡᠶᠢᠷᠡᠬᠦᠯᠦᠨ᠂ ᠲᠥᠪ ᠢ ᠪᠠᠲᠤᠯᠠᠨ ᠰᠢᠨ᠎ᠡ ᠶᠢ ᠡᠭᠦᠳᠴᠤ᠂ ᠴᠢᠨᠠᠷ | ᠰᠠᠶᠢᠲᠠᠢ ᠬᠥᠭᠵᠢᠯᠲᠡ ᠶᠢᠨ ᠰᠠᠭᠤᠷᠢ ᠶᠢ ᠦᠷᠭᠦᠯᠵᠢᠯᠡᠨ ᠪᠠᠬᠢᠵᠢᠭᠦᠯᠦᠨ᠎ᠡ | ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠪᠥᠬᠦ ᠬᠦᠴᠦᠨ ᠢᠶᠠᠷ ᠢᠶᠠᠨ ᠰᠢᠯᠢᠳᠡᠭᠵᠢᠭᠦᠯᠦᠨ᠎ᠡ᠃ ︽ | ᠬᠥᠮᠥᠨ ᠪᠤᠯᠭᠠᠨ ᠢ ᠬᠤᠳᠠᠯᠳᠤᠭ᠎ᠠ ᠡᠷᠬᠢᠯᠡᠬᠦ ᠤᠷᠴᠢᠨ ᠲᠠᠢ ᠣᠶᠢᠷᠠᠳᠤᠭᠤᠯᠵᠤ᠂ ᠤᠴᠢᠷ ᠪᠦᠬᠦᠨ ᠢ ᠣᠷᠤᠨ ᠨᠤᠲᠤᠭ | ᠤᠨ ᠲᠥᠷᠢ ᠲᠦᠷᠬᠦ ᠲᠠᠢ ᠬᠤᠯᠪᠤᠭᠳᠠᠭᠤᠯᠬᠤ︾ ᠣᠶᠢᠯᠠᠭᠠᠭᠳᠠᠬᠤᠨ ᠢ ᠪᠠᠳᠤᠵᠢᠭᠤᠯᠵᠤ᠂ ᠵᠠᠰᠠᠭ ᠢ ᠴᠣᠮᠬᠠᠳᠬᠠᠨ | ᠡᠷᠬᠡ ᠶᠢ ᠳᠣᠷᠣᠭᠰᠢ ᠪᠠᠭᠤᠯᠭᠠᠬᠤ᠂ ᠪᠠᠭᠤᠯᠭᠠᠬᠤ ᠪᠠ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ | ᠰᠢᠯᠢᠳᠡᠭᠵᠢᠭᠦᠯᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠬᠤᠳᠠᠯᠳᠤᠭ᠎ᠠ ᠡᠷᠭᠢᠯᠡᠬᠦ ᠣᠷᠴᠢᠨ ᠨᠦᠬᠦᠴᠡᠯ ᠢ | ᠰᠢᠯᠢᠳᠡᠭᠵᠢᠬᠦᠯᠬᠦ ᠪᠠᠶᠢᠩᠭᠤ ᠶᠢᠨ ᠲᠤᠭᠲᠠᠯᠴᠠᠭ᠎ᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ︽ᠠᠰᠠᠷᠠᠭᠴᠢ︾ | ᠮᠠᠶ᠋ᠢᠭ ᠤᠨ ᠦᠢᠯᠡᠴᠢᠯᠡᠭᠡᠨ ᠤ ᠬᠢᠷᠢ ᠲᠥᠪᠰᠢᠨ ᠢ ᠲᠡᠭᠡᠭᠰᠢᠯᠡᠬᠦᠯᠦᠨ᠎ᠡ᠃ ᠵᠠᠰᠠᠭ ᠤᠨ ᠣᠷᠳᠣᠨ ᠪᠠ ᠠᠷᠠᠯᠵᠢᠶᠠᠴᠢᠨ | ᠤ ᠳᠤᠳᠤᠨᠤ ᠴᠢᠬᠡᠴᠢ ᠬᠠᠷᠢᠴᠠᠭ᠎ᠠ ᠶᠢ ᠦᠷᠬᠦᠯᠵᠢᠯᠡᠨ ᠪᠠᠶᠢᠭᠤᠯᠵᠤ᠂ ᠠᠷᠠᠯᠵᠢᠶᠠᠴᠢᠨ ᠢ ᠬᠦᠨᠳᠦᠳᠭᠡᠨ | ᠳᠤᠳᠤᠨᠤᠴᠢᠯᠠᠵᠤ᠂ ᠠᠷᠠᠯᠵᠢᠶᠠᠴᠢᠨ ᠳᠤ ᠲᠦᠬᠦᠮ ᠲᠦᠳᠡ ᠦᠢᠯᠡᠴᠢᠯᠡᠭᠡ ᠬᠠᠩᠭᠠᠨ᠎ᠠ᠃ ︽ᠶᠡᠷᠦᠩᠬᠡᠶᠢᠯᠡᠭᠰᠡᠨ | ᠴᠣᠩᠬᠤᠪᠴᠢ︾ ᠪᠠ ᠬᠠᠪᠰᠤᠷᠴᠤ ᠣᠷᠣᠯᠠᠨ ᠭᠦᠢᠴᠡᠳᠬᠡᠬᠦ ᠦᠢᠯᠡᠴᠢᠯᠡᠭᠡᠨ ᠤ ᠦᠢᠯᠡᠳᠦᠯ ᠢ ᠭᠦᠢᠴᠡᠳ | ᠪᠠᠳᠠᠷᠠᠭᠤᠯᠤᠨ᠂ ︽ᠨᠢᠭᠡ ᠯᠡ ᠤᠳᠠᠭ᠎ᠠ ᠳᠤ ᠭᠦᠢᠴᠡᠳᠬᠡᠬᠦ︾ ᠶᠢ ᠬᠦᠨᠵᠡᠭᠡᠶᠢᠷᠡᠬᠦᠯᠵᠦ᠂ ᠶᠠᠪᠤᠳᠠᠯ ᠤᠴᠢᠷ | ᠬᠦᠢᠴᠡᠳᠭᠡᠬᠦ ᠲᠥᠬᠦᠮ ᠲᠦᠳᠡ ᠣᠷᠴᠢᠨ ᠢ ᠪᠣᠶ ᠪᠣᠯᠭᠠᠨ᠎ᠠ᠃ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ | ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠠᠷᠭ᠎ᠠ ᠮᠠᠶ᠋ᠢᠭ ᠢ | ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠲᠥᠷᠥ ᠶᠢᠨ ᠪᠣᠳᠣᠯᠭ᠎ᠠ ᠶᠢᠨ ᠨᠠᠷᠢᠯᠢᠭ ᠣᠨᠣᠪᠴᠢᠲᠤ ᠴᠢᠨᠠᠷ ᠪᠠ ᠴᠠᠭ | ᠬᠤᠭᠤᠴᠠᠭᠠᠲᠤ ᠴᠢᠨᠠᠷ ᠢ ᠨᠡᠮᠡᠭᠳᠡᠬᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠦᠴᠢᠷᠳᠡᠯ ᠢ ᠨᠢ | ᠰᠢᠢᠳᠪᠦᠷᠢᠯᠡᠨ᠂ ᠰᠢᠭᠤᠳ ᠠᠰᠢᠭ ᠬᠦᠷᠲᠡᠭᠡᠬᠦ ᠶᠢ ᠦᠨᠡᠨᠬᠦ ᠪᠠᠲᠤᠯᠠᠵᠤ᠂ ᠠᠵᠤ ᠠᠬᠤᠶᠢᠯᠠᠯ ᠤᠨ ᠠᠵᠢᠯᠯᠠᠭᠠᠨ ᠤ | ᠥᠪᠡᠷ ᠤᠨ ᠥᠷᠲᠡᠭ ᠢ ᠨᠢ ᠦᠷᠭᠦᠯᠵᠢᠯᠡᠨ ᠪᠠᠭᠤᠷᠠᠭᠤᠯᠤᠨ᠎ᠠ᠃ ︽ᠬᠤᠤᠰ ᠲᠤᠬᠢᠶᠠᠯᠳᠤᠯ ᠢᠶᠠᠷ ᠰᠤᠭᠤᠴᠢᠨ | ᠪᠠᠶᠢᠴᠠᠭᠠᠵᠤ᠂ ᠨᠢᠭᠡ ᠶᠢ ᠢᠯᠡ ᠨᠡᠶᠢᠲᠡᠯᠡᠬᠦ︾ ᠬᠢᠨᠠᠨ ᠬᠠᠮᠢᠶᠠᠷᠤᠯᠲᠠ ᠪᠠ ︽ᠢᠨᠲ᠋ᠧᠷ ᠰᠦᠯᠵᠢᠶ᠎ᠡ + ᠬᠢᠨᠠᠨ | ᠬᠠᠮᠢᠶᠠᠷᠤᠯᠲᠠ︾ ᠪᠠᠷ ᠰᠠᠭᠤᠷᠢ ᠪᠣᠯᠭᠠᠵᠤ᠂ ᠪᠠᠭᠲᠠᠭᠠᠮᠵᠢᠲᠠᠢ ᠬᠢᠨᠠᠭᠤᠷ ᠪᠣᠯᠭᠤᠮᠵᠢᠲᠠᠢ ᠬᠢᠨᠠᠨ ᠬᠠᠮᠢᠶᠠᠷᠤᠯᠲᠠ ᠶᠢᠨ | ᠠᠷᠭ᠎ᠠ ᠮᠠᠶ᠋ᠢᠭ ᠢ ᠲᠡᠭᠦᠯᠳᠡᠷᠵᠢᠭᠦᠯᠵᠦ᠂ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠨ | ᠬᠠᠮᠢᠶᠠᠷᠤᠯᠲᠠ ᠶᠢ ᠴᠢᠩᠭᠠᠳᠬᠠᠨ᠎ᠠ᠃ ᠦᠨᠡᠨᠴᠢ ᠢᠳᠡᠭᠡᠮᠵᠢᠲᠦ ᠵᠠᠰᠠᠭ ᠤᠨ ᠣᠷᠳᠣᠨ ᠪᠠ ᠨᠡᠶᠢᠭᠡᠮ ᠤᠨ | ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠦᠨᠡᠨᠴᠢ ᠢᠳᠡᠭᠡᠮᠵᠢᠲᠦ | ᠨᠡᠶᠢᠲᠡᠯᠢᠭ ᠬᠡᠷᠡᠭ ᠢᠶᠠᠷ ᠵᠢᠱᠢᠶ᠎ᠡ ᠦᠵᠡᠭᠦᠯᠬᠦ ᠦᠢᠯᠡᠳᠦᠯ ᠢ ᠭᠦᠢᠴᠡᠳ ᠪᠠᠳᠠᠷᠠᠭᠤᠯᠤᠨ᠂ ᠦᠨᠡᠨᠴᠢ ᠢᠲᠡᠭᠡᠮᠵᠢᠲᠡᠢ ᠪᠠᠷ | ᠬᠤᠳᠠᠯᠳᠤᠭ᠎ᠠ ᠶᠢ ᠬᠥᠭᠵᠢᠭᠦᠯᠬᠦ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠲᠠᠰᠤᠷᠠᠯᠲᠠ ᠦᠭᠡᠢ | ᠲᠡᠭᠦᠯᠳᠡᠷᠵᠢᠭᠦᠯᠦᠨ᠎ᠡ᠃ ᠲᠥᠷᠦᠯ ᠵᠦᠢᠯ ᠢ ᠬᠦᠯᠢᠶᠡᠨ ᠠᠪᠬᠤ ᠶᠠᠪᠤᠴᠠ ᠶᠢ ᠰᠢᠯᠢᠳᠡᠭᠵᠢᠬᠦᠯᠦᠨ᠂ ᠣᠯᠠᠨ ᠨᠡᠶᠢᠲᠡ | ᠶᠢᠨ ᠡᠬᠢ ᠪᠡᠶᠠᠯᠢᠭ ᠤᠨ ᠰᠣᠯᠢᠯᠴᠠᠭᠠᠨ ᠤ ᠦᠢᠯᠡᠴᠢᠯᠡᠭᠡ ᠶᠢᠨ ᠬᠢᠷᠢ ᠲᠥᠪᠰᠢᠨ ᠢ ᠳᠡᠭᠡᠭᠰᠢᠯᠡᠬᠦᠯᠦᠨ᠎ᠡ᠃ | ᠪᠠᠷᠢᠮᠵᠢᠶᠠᠵᠢᠭᠰᠠᠨ ᠠᠵᠢᠯ ᠢ ᠴᠢᠩᠭᠠᠳᠬᠠᠨ᠂ ᠤᠷᠠᠨ ᠳᠠᠷᠬᠠᠨ ᠤ ᠵᠣᠷᠢᠭ ᠰᠠᠨᠠᠭ᠎ᠠ ᠶᠢ ᠬᠦᠢᠴᠡᠳ ᠪᠠᠳᠠᠷᠠᠭᠤᠯᠵᠤ᠂ | ᠣᠷᠣᠨ ᠨᠤᠲᠤᠭ ᠤᠨ ᠣᠨᠴᠠᠯᠢᠭ ᠪᠦᠬᠦᠢ ᠲᠠᠸᠠᠷ ᠤᠨ ᠨᠡᠷᠡᠲᠦ ᠲᠡᠮᠳᠡᠭᠳᠦ ᠶᠢ ᠡᠭᠦᠳᠦᠨ᠂ ᠴᠢᠨᠠᠷ ᠴᠢᠨᠰᠠᠭ᠎ᠠ ᠶᠢ | ᠳᠡᠭᠡᠭᠰᠢᠯᠡᠭᠦᠯᠬᠦ ᠠᠵᠢᠯᠯᠠᠭ᠎ᠠ ᠶᠢ ᠪᠥᠬᠦ ᠲᠠᠯ᠎ᠠ ᠪᠠᠷ ᠥᠷᠨᠢᠭᠦᠯᠦᠨ᠎ᠡ᠃ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠲᠦᠯᠬᠢᠨ ᠠᠬᠢᠭᠤᠯᠤᠨ᠎ᠠ᠃ ︽ | ᠲᠦᠷᠦᠯ ᠵᠦᠢᠯ ᠢᠶᠠᠷ ᠭᠤᠣᠯᠳᠠᠯᠭ᠎ᠠ ᠪᠤᠯᠭᠠᠬᠤ︾ ᠠᠵᠢᠯ ᠤᠨ ᠤᠳᠤᠷᠢᠳᠤᠮᠵᠢ ᠶᠢ ᠴᠢᠩᠭᠠᠳᠬᠠᠨ᠂ ᠲᠦᠷᠦᠯ ᠵᠦᠢᠯ ᠢ | ᠲᠥᠯᠥᠪᠵᠢᠭᠦᠯᠵᠦ ᠣᠷᠣᠭᠤᠯᠤᠨ ᠠᠪᠴᠢᠷᠠᠬᠤ ᠪᠠᠶᠢᠭᠤᠯᠤᠯᠲᠠ ᠶᠢ ᠴᠢᠩᠭ᠎ᠠ ᠠᠳᠬᠤᠵᠤ᠂ ᠤᠯᠠᠨ ᠠᠷᠭ᠎ᠠ ᠬᠡᠮᠵᠢᠶ᠎ᠡ | ᠪᠠᠷ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠠᠵᠤ ᠠᠬᠤᠢ ᠶᠢᠨ ᠬᠥᠭᠵᠢᠯᠲᠡ ᠶᠢᠨ ᠴᠢᠨᠠᠷ | ᠴᠢᠨᠰᠠᠭ᠎ᠠ ᠶᠢ ᠲᠡᠭᠡᠭᠰᠢᠯᠡᠬᠦᠯᠬᠦ ᠪᠠ ᠬᠤᠷᠳᠤᠴᠠ ᠶᠢ ᠲᠦᠷᠭᠡᠳᠬᠡᠬᠦ ᠶᠢ ᠠᠬᠢᠭᠤᠯᠤᠨ᠎ᠠ᠃ ᠬᠤᠰᠢᠭᠤ ᠳᠡᠰ ᠤᠨ | ᠤᠳᠤᠷᠢᠳᠬᠤ ᠨᠦᠬᠦᠳ ᠤᠨ ᠲᠥᠷᠦᠯ ᠵᠦᠢᠯ ᠢ ᠠᠬᠢᠭᠤᠯᠬᠤ ᠬᠠᠷᠢᠭᠤᠴᠠᠯᠭ᠎ᠠ ᠶᠢᠨ ᠳᠥᠷᠢᠮ ᠲᠤᠭᠲᠠᠭᠠᠨ᠂ ᠲᠥᠷᠥᠯ | ᠵᠦᠢᠯ ᠢ ᠲᠦᠯᠬᠢᠨ ᠠᠬᠢᠭᠤᠯᠬᠤ ᠡᠬᠡ ᠳᠠᠩᠰᠠ ᠪᠠᠶᠢᠭᠤᠯᠵᠤ᠂ ᠲᠥᠷᠥᠯ ᠵᠦᠢᠯ ᠢ ᠬᠢᠨᠠᠨ ᠵᠥᠪᠰᠢᠶᠡᠷᠡᠬᠦ᠂ ᠭᠠᠵᠠᠷ | ᠰᠢᠷᠣᠢ ᠲᠠᠲᠠᠪᠤᠷᠢᠯᠠᠬᠤ᠂ ᠲᠥᠯᠦᠪᠵᠢᠭᠦᠯᠭᠡ ᠬᠢᠬᠦ᠂ ᠣᠷᠴᠢᠨ ᠲᠣᠭᠤᠷᠢᠨ ᠤ ᠦᠨᠡᠯᠡᠯᠲᠡ ᠬᠢᠬᠦ᠂ ᠡᠨᠧᠷᠭᠢ ᠶᠢᠨ | ᠬᠤᠷᠤᠭᠳᠠᠭᠤᠯᠤᠯ ᠵᠡᠷᠭᠡ ᠪᠡᠯᠡᠳᠭᠡᠯ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠤᠰᠤ᠂ ᠴᠠᠬᠢᠯᠭᠠᠨ ᠵᠡᠷᠭᠡ | ᠪᠠᠲᠤᠯᠠᠭ᠎ᠠ ᠶᠢᠨ ᠴᠢᠨᠠᠷᠲᠠᠢ ᠬᠦᠴᠦᠨ ᠵᠦᠢᠯ ᠢ ᠨᠠᠶᠢᠳᠠᠪᠤᠷᠢᠵᠢᠭᠤᠯᠤᠨ᠂ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠳᠤᠮᠳᠠ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠴᠠᠭ ᠲᠤᠬᠠᠢ ᠳᠤᠨᠢ | ᠰᠢᠢᠳᠪᠦᠷᠢᠯᠡᠨ᠂ 43 ᠭᠤᠣᠯᠳᠠᠯᠭ᠎ᠠ ᠲᠠᠢ ᠲᠥᠷᠥᠯ ᠵᠦᠢᠯ ᠢ ᠨᠠᠶᠢᠳᠠᠪᠦᠷᠢᠵᠢᠭᠤᠯᠤᠨ ᠠᠰᠢᠭᠯᠠᠯᠲᠠ ᠳᠤ ᠣᠷᠣᠭᠤᠯᠬᠤ | ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠪᠡᠶᠡᠯᠡᠬᠦᠯᠦᠨ᠎ᠡ᠃ ᠳᠡᠭᠡᠳᠦ ᠱᠠᠳᠤᠨ ᠤ ᠲᠥᠷᠥ ᠶᠢᠨ ᠪᠣᠳᠣᠯᠭ᠎ᠠ ᠶᠢᠨ | ᠠᠵᠠ ᠲᠣᠬᠢᠶᠠᠯ ᠢ ᠴᠢᠩᠭ᠎ᠠ ᠠᠳᠬᠤᠵᠤ᠂ ᠢᠯᠴᠢ ᠬᠠᠩᠭᠠᠬᠤ ᠲᠤᠤᠷ ᠬᠤᠭᠤᠯᠠᠢ᠂ ᠤᠰᠤ ᠬᠠᠩᠭᠠᠬᠤ ᠲᠣᠣᠷ | ᠬᠤᠭᠤᠯᠠᠢ᠂ ᠵᠠᠮ ᠲᠡᠭᠡᠭᠡᠪᠦᠷᠢ ᠵᠡᠷᠭᠡ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠠᠯ᠎ᠠ ᠪᠠᠷ ᠬᠢ ᠴᠢᠬᠤᠯᠠᠴᠢᠯᠠᠭ᠎ᠠ | ᠶᠡᠬᠡᠳᠡᠢ ᠲᠥᠷᠥᠯ ᠵᠦᠢᠯ ᠢ ᠬᠢᠨᠠᠮᠠᠭᠠᠢ ᠡᠮᠬᠢᠳᠭᠡᠨ᠂ ᠪᠡᠯᠡᠳᠭᠡᠯ ᠠᠵᠢᠯ ᠢ ᠰᠠᠶᠢᠲᠤᠷ ᠬᠢᠵᠦ᠂ ᠳᠠᠭᠠᠭᠠᠴᠢᠯᠠᠯᠲᠠ | ᠵᠠᠷᠯᠠᠬᠤ ᠳᠠᠭᠠᠭᠠᠴᠢᠯᠠᠯᠲᠠ ᠬᠦᠯᠢᠶᠡᠬᠦ ᠨᠥᠬᠦᠴᠡᠯ ᠢ ᠪᠦᠷᠢᠯᠳᠦᠬᠦᠯᠦᠨ᠂ ᠲᠡᠭᠡᠳᠦ ᠱᠠᠳᠣᠨ ᠤ ᠳᠡᠮᠵᠢᠯᠭᠡ ᠶᠢ | ᠢᠳᠡᠪᠬᠢᠳᠡᠢ ᠡᠷᠡᠮᠡᠯᠵᠡᠯᠡᠵᠦ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠠᠯ᠎ᠠ ᠪᠠᠷ ᠬᠢ ᠲᠤᠳᠠᠭᠤᠳᠠᠯ ᠢ | ᠡᠷᠲᠡᠭᠡᠨ ᠨᠦᠬᠦᠪᠦᠷᠢᠯᠡᠨ᠎ᠡ᠃ | ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠠ ᠭᠠᠳᠠᠭᠰᠢ ᠨᠡᠭᠡᠭᠡᠯᠲᠡ ᠬᠢᠬᠦ ᠶᠢ ᠪᠦᠬᠦ ᠬᠦᠴᠦᠨ ᠢᠶᠠᠷ ᠢᠶᠠᠨ | ᠥᠷᠭᠡᠳᠬᠡᠨ᠎ᠡ᠃ ︽ᠬᠥᠮᠥᠨ ᠪᠦᠬᠦᠨ ᠠᠷᠠᠯᠵᠢᠶᠠᠴᠢᠨ ᠤᠷᠢᠬᠤ︾ ᠰᠠᠶᠢᠨ ᠰᠠᠶᠢᠬᠠᠨ ᠠᠭᠤᠷ ᠠᠮᠢᠰᠬᠤᠯ ᠢ ᠪᠣᠶ | ᠪᠣᠯᠭᠠᠵᠤ᠂ ᠳᠡᠭᠡᠳᠦ ᠱᠠᠲᠤᠨ ᠤ ᠠᠵᠤ ᠦᠢᠯᠡᠰ ᠤᠨ ᠲᠥᠷᠥ ᠶᠢᠨ ᠪᠣᠳᠣᠯᠭ᠎ᠠ᠂ ᠬᠤᠰᠢᠭᠤᠨ ᠤ ᠪᠣᠳᠠᠲᠤ ᠪᠠᠶᠢᠳᠠᠯ | ᠪᠠ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢ ᠭᠦᠨᠵᠡᠭᠡᠢ ᠰᠤᠳᠤᠯᠵᠤ᠂ ᠰᠠᠨᠠᠭᠠᠴᠢᠯᠠᠭ᠎ᠠ ᠠᠴᠠ ᠪᠠᠨ | ᠭᠠᠳᠠᠭᠰᠢ ᠭᠠᠷᠴᠤ᠂ ᠲᠥᠷᠦᠯ ᠵᠦᠢᠯ ᠣᠯᠬᠤ ᠤᠬᠠᠮᠰᠠᠷ ᠢᠶᠠᠨ ᠳᠡᠭᠡᠭᠰᠢᠯᠡᠬᠦᠯᠦᠨ᠂ ᠠᠷᠠᠯᠵᠢᠶᠠᠴᠢᠨ ᠤᠷᠢᠬᠤ ᠠᠵᠢᠯ | ᠤᠨ ᠲᠤᠰᠬᠠᠢ ᠲᠤᠭᠤᠶᠢᠯᠠᠩ ᠪᠠᠶᠢᠭᠤᠯᠵᠤ᠂ ᠪᠦᠬᠦᠳᠡᠭᠡᠷ ᠢᠶᠠᠨ ᠠᠷᠠᠯᠵᠢᠶᠠᠴᠢᠨ ᠤᠷᠢᠬᠤ᠂ ᠪᠥᠬᠦ ᠣᠷᠤᠨ ᠬᠡᠪᠴᠢᠶ᠎ᠡ | ᠪᠠᠷ ᠠᠷᠠᠯᠵᠢᠶᠠᠴᠢᠨ ᠤᠷᠢᠬᠤ᠂ ᠪᠦᠬᠦ ᠤᠯᠠᠷᠢᠯ ᠢᠶᠠᠷ ᠠᠷᠠᠯᠵᠢᠶᠠᠴᠢᠨ ᠤᠷᠢᠬᠤ ᠶᠢ ᠬᠡᠷᠡᠭᠵᠢᠭᠦᠯᠦᠨ᠂ ︽ | ᠠᠷᠠᠯᠵᠢᠶᠠᠴᠢᠨ ᠤᠷᠢᠬᠤ ᠶᠢ ᠬᠦᠰᠡᠬᠦ︾ ᠣᠪᠣᠷ ᠢᠶᠠᠷ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠰᠠᠶᠢᠲᠤᠷ | ᠠᠳᠬᠤᠨ᠎ᠠ᠃ ᠪᠡᠭᠡᠵᠢᠩ ᠲᠢᠶᠠᠨᠵᠢᠨ ᠾᠧᠪᠧᠢ᠂ ᠵᠦᠵᠢᠶᠠᠩ ᠮᠦᠷᠡᠨ ᠤ ᠭᠤᠷᠪᠠᠯᠵᠢᠨ ᠬᠤᠶᠢᠭ᠂ ᠬᠦᠬᠡᠮᠦ᠋ᠷᠡᠨ ᠤ | ᠭᠤᠷᠪᠠᠯᠵᠢᠨ ᠬᠤᠶᠢᠭ᠂ ᠬᠦᠬᠡᠬᠤᠲᠠ ᠪᠤᠭᠤᠲᠤ ᠤᠷᠳᠤᠰ ᠵᠡᠷᠭᠡ ᠭᠠᠵᠠᠷ ᠲᠤ ᠠᠷᠠᠯᠵᠢᠶᠠᠴᠢᠨ ᠤᠷᠢᠵᠤ ᠪᠡᠯᠡ | ᠣᠷᠣᠭᠤᠯᠬᠤ ᠠᠵᠢᠯᠯᠠᠭ᠎ᠠ ᠥᠷᠨᠢᠬᠦᠯᠵᠦ᠂ ᠲᠢᠶᠠᠨᠵᠢᠨ ᠵᠡᠷᠭᠡ ᠭᠠᠵᠠᠷ ᠲᠤ ᠠᠷᠠᠯᠵᠢᠶᠠᠴᠢᠨ ᠤᠷᠢᠵᠤ ᠪᠡᠯᠡ | ᠣᠷᠣᠭᠤᠯᠬᠤ ᠬᠡᠷᠡᠭ ᠡᠷᠬᠢᠯᠡᠬᠦ ᠭᠠᠵᠠᠷ ᠢ ᠪᠠᠶᠢᠭᠤᠯᠤᠨ᠎ᠠ᠃ ᠠᠵᠤ ᠦᠢᠯᠡᠰ ᠤᠨ ᠰᠢᠯᠵᠢᠯᠲᠡ ᠶᠢ ᠢᠳᠡᠪᠬᠢᠳᠡᠢ | ᠬᠦᠯᠢᠶᠡᠨ ᠠᠪᠴᠤ᠂ ᠪᠡᠭᠡᠵᠢᠩ ᠲᠢᠶᠠᠨᠵᠢᠨ ᠾᠧᠪᠧᠢ ᠶᠢᠨ ᠲᠣᠮᠣ ᠵᠠᠬ᠎ᠠ ᠳᠡᠯᠭᠡᠭᠦᠷ ᠯᠦᠭᠡ ᠪᠥᠬᠦ ᠲᠠᠯ᠎ᠠ ᠪᠠᠷ | ᠵᠤᠯᠭᠠᠭᠤᠯᠤᠨ᠂ ᠭᠦᠨᠵᠡᠭᠡᠢ ᠠᠭᠤᠰᠤᠯᠴᠠᠭᠤᠯᠬᠤ ᠶᠢ ᠲᠦᠯᠬᠢᠨ ᠠᠬᠢᠭᠤᠯᠵᠤ᠂ ᠠᠵᠠ ᠲᠤᠬᠢᠶᠠᠯ ᠢ ᠬᠦᠢᠴᠡᠳ | ᠠᠰᠢᠭᠯᠠᠨ ᠬᠦᠴᠦᠯᠡᠨ ᠴᠢᠷᠮᠠᠶᠢᠨ᠎ᠠ᠃ ᠰᠦᠨᠢᠳ ᠪᠠᠷᠠᠭᠤᠨ ᠬᠤᠰᠢᠭᠤᠨ ᠤ ᠵᠢᠷᠤᠬᠡ ᠪᠠᠯᠭᠠᠰᠤᠨ ᠠᠴᠠ ᠴᠢᠭᠤᠯᠤᠯᠲᠤ | ᠬᠠᠭᠠᠯᠭ᠎ᠠ ᠶᠢᠨ ᠸᠠᠨ ᠴᠢᠦᠸᠠᠨ ᠲᠤᠭᠤᠷᠢᠭ ᠬᠦᠷᠬᠦ ᠲᠡᠮᠦᠷ ᠵᠠᠮ ᠤᠨ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ | ᠠᠵᠢᠯ ᠢ ᠰᠠᠶᠢᠲᠤᠷ ᠬᠢᠨ᠎ᠡ᠃ ᠡᠷᠢᠶᠡᠨ ᠬᠤᠲᠠ ᠶᠢᠨ ᠤᠯᠤᠰ ᠤᠨ ᠭᠤᠣᠯᠳᠠᠯᠭ᠎ᠠ ᠲᠠᠢ ᠨᠡᠭᠡᠭᠡᠨ ᠬᠥᠭᠵᠢᠭᠦᠯᠵᠦ | ᠨᠡᠭᠡᠭᠡᠯᠲᠡ ᠬᠢᠬᠦ ᠲᠤᠷᠰᠢᠯᠲᠠ ᠶᠢᠨ ᠣᠷᠣᠨ᠂ ᠤᠯᠠᠭᠠᠨᠴᠠᠪ ᠬᠤᠲᠠ ᠶᠢᠨ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ | ᠣᠷᠤᠨ ᠪᠦᠰᠡ ᠶᠢᠨ ᠪᠦᠲᠦᠭᠡᠨ ᠪᠠᠶᠢᠭᠤᠯᠤᠯᠲᠠ ᠲᠠᠢ ᠢᠳᠡᠪᠬᠢᠲᠡᠢ ᠠᠭᠤᠰᠤᠯᠴᠠᠵᠤ᠂ ᠮᠣᠩᠭᠤᠯ ᠤᠯᠤᠰ ᠯᠤᠭ᠎ᠠ ᠶᠢᠨ | ᠬᠠᠮᠲᠤᠷᠠᠯᠴᠠᠭ᠎ᠠ ᠰᠣᠯᠢᠯᠴᠠᠭ᠎ᠠ ᠪᠠᠨ ᠴᠢᠩᠭᠠᠳᠬᠠᠨ᠂ ᠮᠠᠨ ᠤ ᠬᠤᠰᠢᠭᠤ ᠪᠠᠨ ᠠᠯᠬᠤᠮ ᠠᠯᠬᠤᠮ ᠢᠶᠠᠷ ︽ᠨᠢᠭᠡ | ᠪᠦᠰᠡ ᠨᠢᠭᠡ ᠵᠠᠮ︾ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠵᠠᠩᠭᠢᠯᠠᠭ᠎ᠠ ᠶᠢᠨ ᠴᠡᠭ ᠪᠣᠯᠭᠠᠨ ᠪᠦᠲᠦᠭᠡᠨ | ᠪᠠᠶᠢᠭᠤᠯᠤᠨ᠎ᠠ᠃ | ︵ᠭᠤᠷᠪᠠ︶ ᠨᠢᠭᠡᠳᠦᠯᠲᠡᠢ ᠲᠥᠯᠥᠪᠯᠡᠨ ᠨᠡᠶᠢᠳᠡ ᠳᠤᠨᠢ ᠬᠠᠷᠠᠭᠠᠯᠵᠠᠵᠤ᠂ ᠵᠥᠷᠢᠶ᠎ᠡ ᠪᠠᠨ ᠪᠠᠭᠠᠰᠬᠠᠨ᠂ | ᠬᠤᠳᠠ ᠬᠥᠳᠡᠭᠡ ᠶᠢᠨ ᠵᠣᠬᠢᠴᠠᠩᠭᠤᠢ ᠬᠥᠭᠵᠢᠯᠲᠡ ᠶᠢ ᠪᠦᠬᠦ ᠬᠦᠴᠦᠨ ᠢᠶᠠᠷ ᠲᠦᠯᠬᠢᠨ ᠠᠬᠢᠭᠤᠯᠤᠨ᠎ᠠ | ᠬᠤᠲᠠ ᠪᠠᠯᠭᠠᠰᠤᠵᠢᠯᠲᠠ ᠶᠢᠨ ᠴᠢᠨᠠᠷ ᠴᠢᠨᠰᠠᠭ᠎ᠠ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ ᠥᠨᠳᠥᠷ | ᠪᠦᠳᠦᠮᠵᠢᠲᠡᠢ᠂ ᠪᠠᠭᠳᠠᠭᠠᠮᠵᠢᠲᠠᠢ᠂ ᠦᠷᠬᠦᠯᠵᠢᠯᠡᠬᠦᠶᠢᠴᠡ᠂ ᠤᠶᠠᠨ ᠬᠠᠳᠠᠨ ᠴᠢᠨᠠᠷ ᠲᠠᠢ ᠪᠠᠶᠢᠬᠤ ᠪᠠᠷ ᠤᠳᠤᠷᠢᠳᠤᠮᠵᠢ | ᠪᠣᠯᠭᠠᠨ᠂ ᠬᠤᠲᠠ ᠪᠠᠯᠭᠠᠰᠤ ᠶᠢ ᠵᠠᠰᠠᠨ ᠰᠢᠨᠡᠳᠭᠡᠬᠦ ᠠᠵᠢᠯᠯᠠᠭ᠎ᠠ ᠶᠢ ᠬᠡᠷᠡᠭᠵᠢᠭᠦᠯᠦᠨ᠂ ᠤᠯᠠᠨ ᠨᠡᠶᠢᠲᠡ ᠶᠢᠨ | ᠦᠢᠯᠡᠴᠢᠯᠡᠭᠡᠨ ᠤ ᠬᠦᠷᠢᠶᠡᠨ ᠳᠠᠬᠢ ᠣᠷᠣᠭᠤᠯᠤᠯᠲᠠ ᠪᠠᠨ ᠨᠡᠮᠡᠭᠳᠡᠭᠦᠯᠵᠦ᠂ ᠬᠤᠲᠠ ᠪᠠᠯᠭᠠᠰᠤᠨ ᠤ | ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠬᠦᠯᠦᠨ᠂ ᠤᠯᠠᠨ ᠨᠡᠶᠢᠲᠡ ᠶᠢᠨ | ᠦᠢᠯᠡᠴᠢᠯᠡᠭᠡᠨ ᠤ ᠬᠠᠮᠤᠷᠬᠤ ᠬᠦᠷᠢᠶ᠎ᠡ ᠬᠡᠪᠴᠢᠶ᠎ᠡ ᠶᠢ ᠥᠷᠭᠡᠳᠬᠡᠵᠦ᠂ ᠠᠷᠠᠳ ᠤᠯᠠᠨ ᠳᠤ ᠬᠤᠲᠠ | ᠪᠠᠯᠭᠠᠰᠤᠵᠢᠯᠲᠠ ᠶᠢᠨ ᠬᠥᠭᠵᠢᠯᠲᠡ ᠶᠢᠨ ᠦᠷ᠎ᠡ ᠪᠦᠲᠦᠭᠡᠯ ᠢ ᠨᠡᠩ ᠲᠥᠪ ᠭᠤᠣᠯᠴᠢ ᠪᠠᠷ ᠡᠳ᠋ᠯᠡᠭᠦᠯᠦᠨ᠎ᠡ᠃ | ᠰᠢᠨᠡᠪᠤᠯᠠᠭ ᠪᠠᠯᠭᠠᠰᠤᠨ ᠤ ᠬᠤᠲᠠ ᠶᠢᠨ ᠭᠠᠳᠠᠨᠠᠬᠢ ᠲᠤᠭᠤᠷᠢᠭᠤᠯ ᠵᠠᠮ ᠢ ᠪᠦᠳᠦᠭᠡᠨ ᠪᠠᠶᠢᠭᠤᠯᠵᠦ᠂ ᠲᠤᠤᠷ | ᠬᠤᠭᠤᠯᠠᠢ ᠶᠢᠨ ᠢᠵᠢ ᠪᠦᠷᠢᠳᠦᠭᠰᠡᠨ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠰᠠᠶᠢᠳᠦᠷ ᠪᠡᠶᠡᠯᠡᠬᠦᠯᠦᠨ᠎ᠡ᠃ | ᠳᠥᠭᠦᠮ ᠪᠦᠳᠦᠭᠦᠯᠢᠭ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠨ ᠵᠠᠰᠠᠬᠤ ᠰᠡᠬᠦᠯᠴᠢ ᠶᠢᠨ ᠬᠤᠭᠤᠴᠠᠭᠠᠨ | ᠤ ᠲᠥᠷᠥᠯ ᠵᠦᠢᠯ ᠢ ᠬᠡᠷᠡᠭᠵᠢᠬᠦᠯᠦᠨ᠂ 100 ᠡᠷᠦᠬᠡ ᠶᠢᠨ ᠭᠡᠷ ᠪᠠᠶᠢᠰᠢᠩ ᠢ ᠥᠭᠡᠷᠡᠴᠢᠯᠡᠨ ᠵᠠᠰᠠᠵᠤ᠂ 10 | ᠲᠦᠮᠡᠨ ᠲᠡᠭᠰᠢ ᠳᠥᠷᠪᠡᠯᠵᠢᠨ ᠮᠧᠲᠷ ᠭᠠᠵᠠᠷ ᠢ ᠲᠠᠲᠠᠪᠤᠷᠢᠯᠠᠨ ᠨᠤᠷᠠᠭᠠᠵᠤ ᠴᠡᠪᠡᠷᠯᠡᠨ᠎ᠡ᠃ ᠰᠢᠨᠡᠪᠤᠯᠠᠭ ᠪᠠᠯᠭᠠᠰᠤᠨ ᠤ | ᠲᠥᠪᠯᠡᠷᠡᠭᠦᠯᠦᠨ ᠢᠯᠴᠢ ᠬᠠᠩᠭᠠᠬᠤ ᠬᠤᠭᠤᠯᠠᠢ ᠶᠢ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠵᠦ᠂ ᠢᠯᠴᠢ | ᠬᠠᠩᠭᠠᠬᠤ ᠴᠢᠨᠠᠷ ᠢ ᠳᠡᠭᠡᠭᠰᠢᠯᠡᠭᠦᠯᠦᠨ᠎ᠡ᠃ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠮᠢᠶᠠᠷᠤᠯᠲᠠ ᠶᠢ | ᠴᠢᠩᠭᠠᠳᠬᠠᠵᠤ᠂ ᠮᠠᠰᠢᠨ ᠢᠶᠠᠷ ᠴᠡᠪᠡᠷᠯᠡᠬᠦ ᠨᠤᠷᠮ᠎ᠠ ᠶᠢ ᠲᠡᠭᠡᠭᠰᠢᠯᠡᠬᠦᠯᠦᠨ᠎ᠡ᠃ ᠰᠢᠨᠡᠪᠤᠯᠠᠭ ᠪᠠᠯᠭᠠᠰᠤᠨ ᠤ | ᠠᠮᠢᠳᠤᠷᠠᠯ ᠤᠨ ᠬᠤᠭ ᠨᠣᠪᠰᠢ ᠶᠢ ᠪᠤᠬᠢᠷᠳᠤᠯ ᠦᠭᠡᠢ ᠰᠢᠢᠳᠪᠦᠷᠢᠯᠡᠬᠦ ᠦᠢᠯᠡᠳᠪᠦᠷᠢ ᠶᠢᠨ ᠲᠥᠷᠥᠯ ᠵᠦᠢᠯ ᠢ 8 | ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠪᠠᠲᠤᠯᠠᠨ᠎ᠠ᠃ | ᠮᠠᠯᠵᠢᠬᠤ ᠤᠷᠤᠨ ᠤ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ | ᠰᠠᠶᠢᠵᠢᠷᠠᠭᠤᠯᠤᠨ᠎ᠠ᠃ ᠬᠦᠭᠵᠢᠯᠲᠡ ᠶᠢᠨ ᠪᠣᠳᠠᠲᠤ ᠪᠠᠶᠢᠳᠠᠯ ᠢᠶᠠᠨ ᠦᠨᠳᠦᠰᠦᠯᠡᠨ᠂ ᠲᠥᠷᠥᠯ ᠵᠦᠢᠯ ᠤᠨ | ᠲᠣᠬᠢᠷᠠᠭᠤᠯᠤᠯᠲᠠ ᠲᠠᠢ ᠤᠶᠠᠯᠳᠤᠭᠤᠯᠵᠤ᠂ ︽ᠬᠤᠶᠠᠷ ᠫᠧᠩ ᠰᠠᠷᠠᠪᠴᠢ ᠨᠢᠭᠡ ᠡᠪᠡᠰᠦ ᠨᠦᠭᠡᠴᠡᠯᠡᠬᠦ ᠫᠧᠩ︾ ᠤᠨ | ᠲᠥᠷᠥᠯ ᠵᠦᠢᠯ ᠢ ᠨᠢᠭᠡᠳᠦᠯᠲᠡᠢ ᠲᠥᠯᠦᠪᠯᠡᠨ ᠬᠡᠷᠡᠭᠵᠢᠭᠦᠯᠦᠨ᠎ᠡ᠃ 6 ᠲᠦᠭᠡᠭᠡᠯ ᠤᠰᠤᠨ ᠤ ᠢᠨᠵᠧᠨᠧᠷᠢᠩ ᠢ ᠰᠢᠨ᠎ᠡ | ᠪᠠᠷ ᠪᠠᠶᠢᠭᠤᠯᠵᠤ᠂ 30 ᠠᠮᠠᠰᠠᠷ ᠬᠤᠳᠳᠤᠭ ᠮᠠᠯᠳᠠᠵᠤ᠂ 20 ᠢᠵᠢ ᠤᠰᠤ ᠬᠠᠳᠠᠭᠠᠯᠠᠬᠤ ᠵᠣᠭᠤᠷᠢ ᠶᠢ ᠰᠢᠨ᠎ᠡ ᠪᠠᠷ | ᠪᠠᠶᠢᠭᠤᠯᠵᠤ᠂ ᠮᠠᠯᠵᠢᠬᠤ ᠣᠷᠤᠨ ᠤ ᠤᠰᠤᠨ ᠤ ᠬᠠᠩᠭᠠᠯᠭ᠎ᠠ ᠶᠢᠨ ᠪᠠᠳᠤᠯᠠᠭ᠎ᠠ ᠶᠢᠨ ᠴᠢᠳᠠᠪᠦᠷᠢ ᠶᠢ | ᠳᠡᠭᠡᠭᠰᠢᠯᠡᠬᠦᠯᠦᠨ᠎ᠡ᠃ ᠮᠠᠯᠵᠢᠬᠤ ᠣᠷᠤᠨ ᠳᠤ 10 ᠺᠢᠯᠣᠸᠠᠲ ᠤᠨ ᠴᠠᠬᠢᠯᠭᠠᠨ ᠬᠦᠴᠦᠨ ᠤ ᠲᠣᠣᠷ ᠢ 73.4 | ᠺᠢᠯᠣᠮᠧᠲᠷ᠂ 0.4 ᠺᠢᠯᠣᠸᠠᠲ ᠤᠨ ᠴᠠᠬᠢᠯᠭᠠᠨ ᠬᠦᠴᠦᠨ ᠤ ᠲᠣᠣᠷ ᠢ 59.7 ᠺᠢᠯᠣᠮᠧᠲᠷ ᠦᠭᠡᠷᠡᠴᠢᠯᠡᠨ ᠵᠠᠰᠠᠵᠤ᠂ | 162 ᠴᠠᠬᠢᠯᠭᠠᠨ ᠬᠦᠴᠦᠳᠡᠯ ᠥᠭᠡᠷᠡᠴᠢᠯᠡᠭᠴᠢ ᠶᠢ ᠤᠭᠰᠠᠷᠠᠵᠤ᠂ ᠰᠢᠨᠡᠪᠤᠯᠠᠭ ᠪᠠᠯᠭᠠᠰᠤᠨ ᠤ ᠪᠠᠷᠠᠭᠤᠨ | ᠲᠡᠭᠦᠷᠬᠡ ᠶᠢᠨ 110 ᠺᠢᠯᠣᠸᠠᠲ ᠤᠨ ᠴᠠᠬᠢᠯᠭᠠᠨ ᠳᠠᠮᠵᠢᠭᠤᠯᠬᠤ ᠬᠦᠴᠦᠳᠡᠯ ᠥᠭᠡᠷᠡᠴᠢᠯᠡᠬᠦ ᠢᠨᠵᠧᠨᠧᠷᠢᠩ ᠢ | ᠪᠡᠶᠡᠯᠡᠭᠦᠯᠦᠨ᠎ᠡ᠃ ᠡᠳ᠋ ᠤᠨ ᠬᠦᠴᠦᠨ ᠪᠠ ᠲᠥᠷᠥᠯ ᠵᠦᠢᠯ ᠢ ᠡᠷᠡᠮᠡᠯᠵᠡᠯᠡᠨ ᠣᠯᠬᠤ ᠪᠠᠶᠢᠳᠠᠯ ᠢᠶᠠᠨ ᠦᠨᠳᠦᠰᠦᠯᠡᠨ᠂ | C004 ᠠᠴᠠ ᠰᠠᠶᠢᠬᠤᠰᠤ ᠬᠦᠷᠬᠦ ᠵᠡᠷᠭᠡ 4 ᠵᠤᠷᠪᠤᠰ ᠵᠠᠰᠠᠮᠠᠯ ᠵᠠᠮ ᠢ ᠵᠠᠰᠠᠵᠤ᠂ Y624 ᠵᠠᠮ ᠤᠨ ᠬᠤᠨᠢᠴᠢᠨ | ᠬᠠᠰᠢᠶᠠᠲᠤ ᠶᠢᠨ ᠬᠡᠰᠡᠭ ᠵᠡᠷᠭᠡ 8 ᠵᠤᠷᠪᠤᠰ ᠵᠠᠰᠠᠮᠠᠯ ᠵᠠᠮ ᠢ ᠠᠷᠠᠴᠢᠯᠠᠨ ᠬᠠᠮᠠᠭᠠᠯᠠᠵᠤ᠂ G511 ᠵᠠᠰᠠᠮᠠᠯ ᠵᠠᠮ ᠤᠨ | ᠬᠦᠪᠡᠭᠡᠲᠦ ᠰᠢᠷ᠎ᠠ ᠬᠤᠰᠢᠭᠤᠨ ᠤ ᠬᠡᠰᠡᠭ ᠤᠨ ᠬᠠᠭᠤᠴᠢᠨ ᠵᠠᠮ ᠢ ᠳᠠᠬᠢᠨ ᠰᠢᠨᠡᠳᠭᠡᠨ ᠵᠠᠰᠠᠬᠤ ᠲᠥᠷᠥᠯ ᠵᠦᠢᠯ ᠢ | ᠬᠡᠷᠡᠭᠵᠢᠭᠦᠯᠦᠨ᠎ᠡ᠃ ᠵᠠᠮ ᠤᠨ ᠲᠠᠷᠤᠭ᠎ᠠ ᠶᠢᠨ ᠳᠥᠷᠢᠮ ᠢ ᠬᠦᠨᠵᠡᠭᠡᠢ ᠨᠠᠶᠢᠳᠠᠪᠦᠷᠢᠵᠢᠭᠤᠯᠤᠨ᠎ᠠ᠃ 4G ᠰᠠᠭᠤᠷᠢ | ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠬᠦᠯᠵᠦ᠂ 5G ᠰᠠᠭᠤᠷᠢ ᠥᠷᠲᠡᠭᠡ ᠶᠢᠨ | ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ︽ᠣᠶᠤᠨᠲᠤ ᠷᠠᠳᠢᠣ᠋ ᠲᠧᠯᠸᠢᠰ︾ ᠢ ᠪᠦᠷᠬᠦᠬᠦᠯᠬᠦ ᠨᠣᠷᠮ᠎ᠠ ᠶᠢ | ᠳᠡᠭᠡᠭᠰᠢᠯᠡᠭᠦᠯᠦᠨ᠎ᠡ᠃ | ᠮᠠᠯᠵᠢᠬᠤ ᠣᠷᠣᠨ ᠤ ᠪᠥᠬᠦ ᠲᠠᠯ᠎ᠠ ᠶᠢᠨ ᠬᠦᠭᠵᠢᠯᠲᠡ ᠶᠢ ᠦᠷᠭᠦᠯᠵᠢᠯᠡᠨ ᠠᠬᠢᠭᠤᠯᠤᠨ᠎ᠠ᠃ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ︽5 + 1︾ ᠬᠡᠷᠡᠭᠵᠢᠭᠦᠯᠬᠦ ᠲᠥᠰᠥᠯ ᠢ ᠬᠢᠨᠠᠮᠠᠭᠠᠢ ᠨᠠᠶᠢᠳᠠᠪᠦᠷᠢᠵᠢᠭᠤᠯᠤᠨ᠂ | ᠮᠠᠯᠵᠢᠬᠤ ᠣᠷᠣᠨ ᠤ ᠣᠳᠣᠬᠢᠴᠢᠯᠠᠯᠲᠠ ᠶᠢᠨ ᠶᠡᠷᠦᠩᠬᠡᠢ ᠬᠠᠷᠠᠯᠲᠠ ᠶᠢᠨ ᠲᠣᠭᠤᠷᠢᠨ ᠳᠤ᠂ ᠮᠠᠯ ᠠᠵᠤ ᠠᠬᠤᠢ | ᠮᠠᠯᠵᠢᠬᠤ ᠣᠷᠣᠨ ᠢ ᠤᠷᠢᠳᠠᠪᠠᠷ ᠬᠥᠭᠵᠢᠭᠦᠯᠬᠦ ᠶᠢ ᠪᠠᠷᠢᠮᠲᠠᠯᠠᠵᠤ᠂ ᠠᠵᠤ ᠦᠢᠯᠡᠰ ᠬᠦᠭᠵᠢᠭᠰᠡᠨ᠂ ᠠᠮᠢ ᠠᠬᠤᠢ | ᠲᠠᠭᠠᠯᠠᠮᠵᠢᠲᠠᠢ᠂ ᠰᠤᠷᠲᠠᠯ ᠪᠣᠯᠪᠠᠰᠤᠨ᠂ ᠵᠠᠰᠠᠯᠲᠠ ᠪᠦᠲᠦᠮᠵᠢᠲᠡᠢ᠂ ᠠᠮᠢᠳᠤᠷᠠᠯ ᠴᠢᠨᠡᠭᠡᠯᠢᠭᠵᠢᠭᠰᠡᠨ ᠶᠡᠷᠦᠩᠬᠡᠢ | ᠱᠠᠭᠠᠷᠳᠠᠯᠭ᠎ᠠ ᠶᠢ ᠨᠠᠶᠢᠳᠠᠪᠦᠷᠢᠵᠢᠭᠤᠯᠤᠨ᠂ ᠮᠠᠯᠵᠢᠬᠤ ᠣᠷᠣᠨ ᠤ ᠠᠵᠤ ᠦᠢᠯᠡᠰ᠂ ᠴᠢᠳᠠᠪᠤᠷᠢᠲᠠᠨ᠂ ᠰᠣᠶᠣᠯ᠂ ᠠᠮᠢ | ᠠᠬᠤᠢ᠂ ᠵᠣᠬᠢᠶᠠᠨ ᠪᠠᠶᠢᠭᠤᠯᠤᠯᠲᠠ ᠶᠢᠨ ᠴᠡᠴᠡᠭᠯᠡᠨ ᠬᠦᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠰᠢᠨ᠎ᠡ ᠪᠠᠶᠢᠳᠠᠯ ᠢ ᠲᠠᠰᠤᠷᠠᠯᠲᠠ ᠦᠭᠡᠢ | ᠡᠭᠦᠳᠦᠨ᠎ᠡ᠃ ︽ᠴᠠᠬᠠᠷ ᠬᠤᠨᠢ ᠪᠠ ᠴᠠᠭᠠᠨ ᠢᠳᠡᠭᠡᠨ︾ ᠤ ᠠᠵᠤ ᠦᠢᠯᠡᠰ ᠢ ᠬᠦᠴᠦᠷᠭᠡᠭᠵᠢᠬᠦᠯᠵᠦ᠂ | ᠲᠤᠯᠤᠭᠠᠶᠢᠯᠠᠭᠴᠢ ᠠᠵᠤ ᠠᠬᠤᠶᠢᠯᠠᠯ ᠪᠠ ᠮᠠᠯᠴᠢᠳ ᠤᠨ ᠠᠰᠢᠭ ᠲᠤᠰᠠ ᠬᠤᠯᠪᠤᠯᠳᠤᠭᠰᠠᠨ ᠲᠤᠭᠲᠠᠯᠴᠠᠭ᠎ᠠ ᠶᠢ | ᠲᠡᠭᠦᠯᠳᠡᠷᠵᠢᠬᠦᠯᠵᠦ᠂ ᠮᠠᠯᠴᠢᠳ ᠤᠨ ᠣᠷᠤᠯᠭ᠎ᠠ ᠶᠢ ᠨᠡᠮᠡᠭᠳᠡᠬᠦᠯᠦᠨ᠎ᠡ᠃ ᠣᠯᠠᠨ ᠨᠡᠶᠢᠲᠡ ᠶᠢᠨ ᠦᠢᠯᠡᠴᠢᠯᠡᠭᠡᠨ ᠤ | ᠬᠠᠮᠤᠷᠬᠤ ᠬᠦᠷᠢᠶ᠎ᠡ ᠬᠡᠪᠴᠢᠶ᠎ᠡ ᠶᠢ ᠦᠷᠭᠡᠳᠬᠡᠵᠦ᠂ ᠮᠠᠯᠵᠢᠬᠤ ᠣᠷᠣᠨ ᠤ ᠡᠷᠡᠭᠦᠯ ᠬᠠᠮᠠᠭᠠᠯᠠᠯ᠂ ᠰᠣᠶᠣᠯ ᠲᠠᠮᠢᠷ᠂ | ᠨᠡᠶᠢᠭᠡᠮ ᠤᠨ ᠠᠰᠠᠷᠠᠮᠵᠢ ᠶᠢᠨ ᠦᠢᠯᠡᠰ ᠢ ᠠᠬᠢᠭᠤᠯᠵᠤ᠂ ᠮᠠᠯᠴᠢᠳ ᠤᠨ ᠨᠠᠰᠤᠵᠢᠯ ᠤᠨ ᠳᠠᠭᠠᠳᠬᠠᠯ ᠪᠣᠯᠣᠨ ᠡᠮ | ᠡᠮᠨᠡᠯᠭᠡ ᠶᠢᠨ ᠳᠠᠭᠠᠳᠬᠠᠯ ᠳᠤ ᠤᠷᠤᠯᠴᠠᠬᠤ ᠨᠤᠷᠮ᠎ᠠ ᠶᠢ ᠳᠡᠭᠡᠭᠰᠢᠯᠡᠬᠦᠯᠦᠨ᠎ᠡ᠃ ᠠᠶᠢᠮᠠᠭ ᠤᠨ ᠲᠠᠰ ᠤᠨ 3 ᠵᠢᠱᠢᠶ᠎ᠡ | ᠦᠵᠡᠭᠦᠯᠬᠦ ᠭᠠᠴᠠᠭ᠎ᠠ ᠶᠢᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠶᠠᠳᠠᠭᠤ ᠠᠴᠠ | ᠠᠩᠭᠢᠵᠢᠷᠠᠭᠤᠯᠬᠤ ᠪᠤᠭᠤᠮᠳᠠ ᠰᠢᠪᠳᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠶᠢ ᠠᠬᠢᠭᠤᠯᠵᠤ᠂ ᠳᠠᠬᠢᠨ | ᠶᠠᠳᠠᠭᠤᠷᠠᠬᠤ ᠶᠢ ᠰᠡᠷᠭᠡᠶᠢᠯᠡᠬᠦ ᠬᠦᠳᠡᠯᠦᠩᠬᠦᠢ ᠬᠢᠨᠠᠨ ᠬᠡᠮᠵᠢᠯᠲᠡ ᠪᠠ ᠨᠠᠷᠢᠯᠢᠭ ᠤᠨᠤᠪᠴᠢᠲᠠᠢ ᠪᠠᠷ ᠬᠠᠪᠰᠤᠷᠤᠨ | ᠲᠡᠳᠬᠦᠬᠦ ᠲᠤᠭᠲᠠᠯᠴᠠᠭ᠎ᠠ ᠶᠢ ᠪᠥᠬᠦ ᠲᠠᠯ᠎ᠠ ᠪᠠᠷ ᠨᠠᠶᠢᠳᠠᠪᠦᠷᠢᠵᠢᠭᠤᠯᠤᠨ᠂ ᠬᠡᠪᠴᠢᠶᠡᠵᠢᠯ ᠤᠨ ᠴᠢᠨᠠᠷᠲᠠᠢ ᠳᠠᠬᠢᠨ | ᠶᠠᠳᠠᠭᠤᠷᠠᠯ ᠡᠬᠦᠰᠬᠦ ᠦᠭᠡᠢ ᠪᠠᠶᠢᠬᠤ ᠶᠢ ᠪᠠᠲᠤ ᠰᠠᠬᠢᠨ᠎ᠠ᠃ ᠶᠠᠳᠠᠭᠤ ᠶᠢ ᠲᠡᠳᠬᠦᠬᠦ ᠪᠠ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠦᠷ᠎ᠡ ᠠᠰᠢᠭ ᠢ | ᠨᠢ ᠭᠦᠢᠴᠡᠳ ᠪᠠᠳᠠᠷᠠᠭᠤᠯᠤᠨ᠎ᠠ᠃ | ︵ᠳᠥᠷᠪᠡ︶ ᠠᠮᠢ ᠠᠬᠤᠢ ᠶᠢ ᠲᠡᠷᠢᠭᠦᠨ ᠳᠤ ᠲᠠᠯᠪᠢᠨ᠂ ᠪᠣᠬᠢᠷᠳᠤᠯ ᠦᠭᠡᠢ ᠬᠦᠭᠵᠢᠯᠲᠡ ᠶᠢ ᠪᠠᠷᠢᠮᠲᠠᠯᠠᠨ᠂ | ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠲᠦᠯᠬᠢᠨ ᠠᠬᠢᠭᠤᠯᠤᠨ᠎ᠠ | ᠪᠤᠬᠢᠷᠳᠤᠯ ᠦᠭᠡᠢ ᠬᠦᠭᠵᠢᠯᠲᠡ ᠶᠢ ᠳᠠᠰᠤᠷᠠᠯᠲᠠ ᠦᠭᠡᠢ ᠠᠬᠢᠭᠤᠯᠤᠨ᠎ᠠ᠃ ᠡᠨᠧᠷᠭᠢ᠂ ᠤᠰᠤ᠂ ᠭᠠᠵᠠᠷ | ᠰᠢᠷᠤᠢ᠂ ᠮᠠᠲ᠋ᠧᠷᠢᠶᠠᠯ᠂ ᠠᠭᠤᠷᠬᠠᠢ ᠶᠢᠨ ᠡᠬᠢ ᠪᠠᠶ᠋ᠯᠢᠭ ᠢ ᠠᠷᠪᠢᠯᠠᠬᠤ ᠪᠠᠷᠢᠮᠵᠢᠶ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠪᠤᠬᠢᠷᠳᠤᠯ ᠦᠭᠡᠢ ᠲᠣᠣᠷ᠎ᠠ ᠨᠡᠭᠦᠷᠡᠰᠦᠳᠦᠷᠦ᠋ᠭᠴᠢᠲᠦ ᠦᠢᠯᠡᠳᠪᠦᠷᠢᠯᠡᠯ ᠠᠮᠢᠳᠤᠷᠠᠯ ᠤᠨ | ᠠᠷᠭ᠎ᠠ ᠮᠠᠶ᠋ᠢᠭ ᠢ ᠰᠠᠨᠠᠭᠠᠴᠢᠯᠠᠵᠤ᠂ ᠠᠵᠤ ᠠᠬᠤᠢ ᠨᠡᠶᠢᠭᠡᠮ ᠤᠨ ᠪᠣᠬᠢᠷᠳᠤᠯ ᠦᠭᠡᠢ ᠲᠤᠤᠷ᠎ᠠ ᠨᠡᠭᠦᠷᠡᠰᠦᠳᠦᠷᠦ᠋ᠭᠴᠢᠲᠦ | ᠬᠦᠭᠵᠢᠯᠲᠡ ᠶᠢ ᠲᠦᠯᠬᠢᠨ ᠠᠬᠢᠭᠤᠯᠤᠨ᠎ᠠ᠃ ᠡᠯ᠎ᠡ ᠲᠦᠷᠦᠯ ᠤᠨ ᠡᠬᠢ ᠪᠠᠶᠠᠯᠢᠭ ᠢ ᠠᠷᠪᠢᠯᠠᠵᠤ ᠶᠡᠷᠦᠩᠬᠡᠶᠢᠯᠡᠨ | ᠠᠰᠢᠭᠯᠠᠬᠤ ᠶᠢ ᠠᠬᠢᠭᠤᠯᠤᠨ᠂ ᠨᠡᠭᠦᠷᠡᠰᠦ᠂ ᠴᠢᠯᠠᠭᠤᠨ ᠮᠠᠲ᠋ᠧᠷᠢᠶᠠᠯ ᠤᠨ ᠬᠠᠶᠠᠭᠳᠠᠮᠠᠯ ᠡᠳ᠋᠂ ᠨᠢᠦᠪᠢ ᠲᠠᠨᠲ᠋ᠠᠯ ᠤᠨ | ᠦᠯᠡᠳᠡᠭᠳᠡᠯ ᠠᠭᠤᠷᠬᠠᠢ ᠵᠡᠷᠭᠡ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠨᠤᠷᠮ᠎ᠠ ᠶᠢ ᠳᠡᠭᠡᠭᠰᠢᠯᠡᠭᠦᠯᠦᠨ᠎ᠡ᠃ | ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ ᠪᠣᠬᠢᠷᠳᠤᠯ ᠦᠭᠡᠢ ᠴᠠᠬᠢᠯᠭᠠᠨ ᠬᠡᠷᠡᠭᠯᠡᠬᠦ ᠶᠢ ᠢᠳᠡᠪᠬᠢᠲᠡᠢ ᠪᠠᠷ | ᠬᠥᠲᠥᠯᠥᠨ ᠵᠢᠯᠤᠭᠤᠳᠴᠤ᠂ ᠡᠨᠧᠷᠭᠢ ᠬᠡᠷᠡᠭᠯᠡᠬᠦ ᠲᠥᠰᠥᠪ ᠤᠨ ᠬᠠᠮᠢᠶᠠᠷᠤᠯᠲᠠ ᠶᠢ ᠴᠢᠩᠭᠠᠷᠠᠭᠤᠯᠤᠨ᠂ | ᠭᠤᠣᠯᠳᠠᠯᠭ᠎ᠠ ᠲᠠᠢ ᠡᠨᠧᠷᠭᠢ ᠬᠡᠷᠡᠭᠯᠡᠬᠦ ᠨᠢᠭᠡᠴᠡ ᠶᠢᠨ ᠡᠨᠧᠷᠭᠢ ᠶᠢᠨ ᠬᠤᠷᠣᠭᠳᠠᠭᠤᠯᠤᠯ ᠢ ᠰᠦᠯᠵᠢᠶᠡᠨ ᠳᠡᠭᠡᠷ᠎ᠡ ᠬᠢᠨᠠᠨ | ᠬᠡᠮᠵᠢᠬᠦ ᠶᠢ ᠲᠦᠭᠡᠮᠡᠯᠵᠢᠬᠦᠯᠵᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠪᠠ ᠠᠷᠠᠳ ᠤᠨ | ᠠᠮᠢᠳᠤᠷᠠᠯ ᠢ ᠰᠠᠶᠢᠵᠢᠷᠠᠭᠤᠯᠬᠤ ᠳᠤ ᠡᠨᠧᠷᠭᠢ ᠶᠢ ᠵᠦᠢ ᠵᠤᠬᠢᠰᠲᠠᠢ ᠬᠡᠷᠡᠭᠯᠡᠬᠦ ᠶᠢ ᠪᠠᠲᠤᠯᠠᠨ᠂ ᠠᠮᠢ ᠠᠬᠤᠢ ᠶᠢᠨ | ᠨᠡᠭᠦᠷᠡᠰᠦᠲᠥ᠋ᠷᠥᠭᠴᠢ ᠶᠢ ᠬᠤᠷᠠᠮᠳᠤᠭᠤᠯᠤᠨ ᠴᠤᠭᠯᠠᠭᠤᠯᠬᠤ ᠲᠥᠷᠥᠯ ᠵᠦᠢᠯ ᠢ ᠢᠳᠡᠪᠬᠢᠲᠡᠢ ᠪᠠᠷ ᠰᠦᠪᠡᠭᠴᠢᠯᠡᠨ | ᠬᠡᠷᠡᠭᠵᠢᠭᠦᠯᠵᠦ᠂ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ ᠪᠠ ᠨᠡᠭᠦᠷᠡᠰᠦᠲᠥ᠋ᠷᠥᠭᠴᠢ ᠶᠢ ᠰᠠᠭᠠᠷᠮᠭᠵᠢᠭᠤᠯᠬᠤ ᠠᠵᠢᠯ ᠢ | ᠯᠠᠪᠳᠠᠭᠤᠨ ᠢᠶᠠᠷ ᠠᠬᠢᠭᠤᠯᠤᠨ᠎ᠠ᠃ | ᠪᠤᠬᠢᠷᠳᠤᠯ ᠢ ᠰᠡᠷᠭᠡᠶᠢᠯᠡᠨ ᠵᠠᠰᠠᠬᠤ ᠠᠵᠢᠯ ᠢ ᠲᠠᠰᠤᠷᠠᠯᠳᠠ ᠦᠭᠡᠢ ᠴᠢᠩᠭᠠᠳᠬᠠᠨ᠎ᠠ᠃ ᠠᠭᠠᠷ ᠮᠠᠨᠳᠠᠯ ᠤᠨ | ᠣᠯᠠᠨ ᠡᠬᠢᠲᠦ ᠪᠣᠬᠢᠷᠳᠤᠯ ᠢ ᠵᠠᠰᠠᠬᠤ ᠶᠢ ᠴᠢᠩᠭᠠᠳᠬᠠᠵᠤ᠂ ᠣᠯᠠᠨ ᠪᠣᠬᠢᠷᠳᠤᠯ ᠪᠣᠳᠠᠰ ᠢ ᠬᠠᠮᠵᠢᠯᠴᠠᠨ ᠡᠵᠡᠮᠳᠡᠬᠦ ᠶᠢ | ᠴᠢᠩᠭᠠᠷᠠᠭᠤᠯᠤᠨ᠂ ᠪᠠᠶᠠᠨᠲᠠᠯ᠎ᠠ ᠪᠠᠯᠭᠠᠰᠤ᠂ ᠤᠩᠭᠤᠨ ᠠᠭᠤᠯᠠ ᠰᠣᠮᠣᠨ ᠤ ᠠᠯᠪᠠᠨ ᠠᠰᠠᠷ ᠪᠠ ᠰᠢᠪᠡᠭᠡᠲᠦ ᠭᠠᠴᠠᠭᠠᠨ | ᠤ ᠮᠠᠯᠴᠢᠳ ᠤᠨ 3 ᠲᠦᠮᠡᠨ ᠲᠡᠭᠰᠢ ᠳᠥᠷᠪᠡᠯᠵᠢᠨ ᠮᠧᠲᠷ ᠲᠠᠯᠠᠪᠠᠢ ᠲᠠᠢ ︽ᠨᠡᠭᠦᠷᠡᠰᠦ ᠶᠢ ᠴᠠᠬᠢᠯᠭᠠᠨ ᠢᠶᠠᠷ | ᠤᠷᠤᠯᠠᠭᠤᠯᠬᠤ︾ ᠳᠤᠯᠠᠭᠠᠯᠠᠭ᠎ᠠ ᠶᠢᠨ ᠲᠥᠷᠥᠯ ᠵᠦᠢᠯ ᠢ ᠪᠡᠶᠡᠯᠡᠭᠦᠯᠦᠨ᠎ᠡ᠃ ᠪᠣᠬᠢᠷ ᠤᠰᠤ ᠶᠢ ᠰᠢᠢᠳᠪᠦᠷᠢᠯᠡᠬᠦ | ᠦᠢᠯᠡᠳᠪᠦᠷᠢ ᠶᠢᠨ ᠬᠠᠶᠠᠭᠳᠠᠮᠠᠯ ᠤᠰᠤ ᠶᠢ ᠬᠦᠮᠦᠨ ᠤ ᠬᠦᠴᠦᠨ ᠢᠶᠠᠷ ᠵᠣᠬᠢᠶᠠᠮᠠᠯ ᠨᠠᠮᠤᠭ ᠭᠠᠵᠠᠷ ᠪᠤᠯᠭᠠᠨ | ᠪᠠᠶᠢᠭᠤᠯᠬᠤ ᠲᠥᠷᠥᠯ ᠵᠦᠢᠯ ᠢ ᠴᠢᠨᠠᠷ ᠰᠠᠶᠢᠲᠠᠢ ᠬᠡᠷᠡᠭᠵᠢᠭᠦᠯᠵᠦ᠂ ᠤᠰᠤ ᠶᠢ ᠲᠠᠬᠢᠨ ᠠᠰᠢᠭᠯᠠᠬᠤ ᠨᠣᠷᠮ᠎ᠠ ᠶᠢ | ᠳᠡᠭᠡᠭᠰᠢᠯᠡᠭᠦᠯᠦᠨ᠎ᠡ᠃ ᠡᠮᠨᠡᠯᠭᠡ ᠶᠢᠨ ᠪᠣᠬᠢᠷ ᠤᠰᠤ ᠪᠠ ᠬᠤᠭ ᠨᠣᠪᠰᠢ ᠶᠢ ᠰᠢᠢᠳᠪᠦᠷᠢᠯᠡᠬᠦ ᠠᠵᠢᠯ ᠢ ᠰᠠᠶᠢᠲᠤᠷ ᠬᠢᠵᠦ᠂ | ᠮᠠᠯᠵᠢᠬᠤ ᠣᠷᠣᠨ ᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠰᠠᠶᠢᠵᠢᠷᠠᠭᠤᠯᠬᠤ ᠲᠥᠷᠥᠯ ᠵᠦᠢᠯ ᠢ | ᠬᠡᠷᠡᠭᠵᠢᠬᠦᠯᠦᠨ᠂ ᠬᠦᠸᠧ ᠹᠧᠩ ᠮᠢᠨ ᠢᠦᠢ ᠮᠠᠯ ᠵᠢᠭᠦᠷᠲᠡᠨ ᠤ ᠢᠯᠭᠠᠳᠠᠰᠤ ᠶᠢ ᠡᠬᠢ ᠪᠠᠶᠠᠯᠢᠭ ᠪᠤᠯᠭᠠᠨ | ᠠᠰᠢᠭᠯᠠᠬᠤ ᠶᠢ ᠪᠥᠬᠦ ᠬᠤᠰᠢᠭᠤ ᠪᠠᠷ ᠢᠶᠠᠨ ᠲᠦᠯᠬᠢᠨ ᠠᠬᠢᠭᠤᠯᠬᠤ ᠲᠥᠷᠥᠯ ᠵᠦᠢᠯ ᠢ ᠪᠠᠶᠢᠭᠤᠯᠵᠤ ᠲᠠᠭᠤᠰᠬᠠᠨ | ᠠᠰᠢᠭᠯᠠᠯᠲᠠ ᠳᠤ ᠣᠷᠣᠭᠤᠯᠤᠨ᠎ᠠ᠃ 4 ᠭᠠᠴᠠᠭᠠᠨ ᠤ ᠠᠮᠢᠳᠤᠷᠡᠯ ᠤᠨ ᠪᠤᠬᠢᠷ ᠤᠰᠤ ᠶᠢ ᠰᠢᠢᠳᠪᠦᠷᠢᠯᠡᠬᠦ | ᠲᠦᠭᠦᠭᠡᠷᠤᠮᠵᠢ ᠶᠢᠨ ᠪᠠᠶᠢᠭᠤᠯᠤᠯᠳᠡ ᠶᠢ ᠳᠠᠭᠤᠰᠬᠠᠨ᠎ᠠ᠃ ᠬᠤᠶᠠᠳᠤᠭᠠᠷ ᠡᠭᠡᠯᠵᠢ ᠶᠢᠨ ᠲᠥᠪ ᠤᠨ ᠠᠮᠢ ᠠᠬᠤᠢ ᠶᠢᠨ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠭᠰᠠᠨ ᠮᠡᠳᠡᠭᠦᠯᠦᠯᠲᠡ ᠶᠢᠨ ᠣᠨ ᠤ ᠴᠡᠭᠴᠡᠯᠡᠨ | ᠰᠠᠶᠢᠵᠢᠷᠠᠭᠤᠯᠬᠤ ᠡᠭᠦᠷᠭᠡ ᠶᠢ ᠴᠢᠨᠠᠷ ᠰᠠᠶᠢᠲᠠᠢ ᠪᠡᠶᠡᠯᠡᠬᠦᠯᠦᠨ᠎ᠡ᠃ | ᠰᠡᠷᠭᠦᠭᠡᠨ ᠵᠠᠰᠠᠬᠤ ᠠᠵᠢᠯ ᠢ ᠲᠠᠰᠤᠷᠠᠯᠲᠠ ᠦᠭᠡᠢ ᠲᠦᠯᠬᠢᠨ ᠠᠬᠢᠭᠤᠯᠤᠨ᠎ᠠ᠃ ᠥᠪᠡᠷᠲᠡᠭᠡᠨ ᠵᠠᠰᠠᠬᠤ | ᠣᠷᠣᠨ ᠤ ᠵᠡᠭᠦᠨ ᠬᠡᠰᠡᠭ ᠤᠨ ᠲᠠᠯ᠎ᠠ ᠨᠤᠲᠤᠭ ᠤᠨ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠲᠥᠷᠥᠯ ᠵᠦᠢᠯ ᠢ | ᠬᠡᠷᠡᠭᠵᠢᠭᠦᠯᠵᠦ᠂ ᠬᠥᠮᠥᠨ ᠤ ᠬᠦᠴᠦ ᠪᠠᠷ 500 ᠮᠦ ᠣᠶᠢᠵᠢᠭᠤᠯᠵᠤ᠂ 5000 ᠮᠦ ᠠᠭᠤᠯᠠ ᠶᠢ ᠪᠢᠲᠡᠭᠦᠮᠵᠢᠯᠡᠨ | ᠣᠶᠢᠵᠢᠭᠤᠯᠵᠤ᠂ 500 ᠮᠦ ᠲᠠᠴᠢᠷᠳᠠᠭᠰᠠᠨ ᠭᠠᠵᠠᠷ ᠢ ᠵᠠᠰᠠᠨ ᠰᠡᠷᠭᠦᠭᠡᠵᠦ᠂ ᠬᠥᠮᠥᠨ ᠤ ᠬᠦᠴᠦ ᠪᠠᠷ 6000 ᠮᠦ | ᠡᠪᠡᠰᠦ ᠳᠠᠷᠢᠨ᠎ᠠ᠃ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠬᠡᠬᠦ ᠬᠤᠭᠤᠴᠠᠭᠠᠨ ᠳᠠᠬᠢ ᠪᠡᠯᠴᠢᠭᠡᠷᠯᠡᠬᠦᠯᠬᠦ ᠶᠢ ᠲᠥᠷ | ᠵᠤᠭᠰᠤᠭᠠᠬᠤ ᠠᠵᠢᠯ ᠢ ᠴᠢᠨᠠᠷ ᠰᠠᠶᠢᠲᠠᠢ ᠪᠡᠶᠡᠯᠡᠭᠦᠯᠵᠦ᠂ ᠰᠢᠨ᠎ᠡ ᠨᠢᠭᠡ ᠡᠭᠡᠯᠵᠢ ᠶᠢᠨ ᠨᠤᠲᠤᠭ ᠪᠡᠯᠴᠢᠭᠡᠷ ᠤᠨ ᠠᠮᠢ | ᠠᠬᠤᠢ ᠶᠢᠨ ᠨᠦᠬᠦᠪᠦᠷᠢᠯᠡᠨ ᠱᠠᠩᠨᠠᠬᠤ ᠲᠥᠷᠥ ᠶᠢᠨ ᠪᠣᠳᠣᠯᠭ᠎ᠠ ᠶᠢ ᠬᠢᠨᠠᠮᠠᠭᠠᠢ ᠨᠠᠶᠢᠳᠠᠪᠦᠷᠢᠵᠢᠭᠤᠯᠤᠨ᠎ᠠ᠃ ᠣᠶ | ᠰᠢᠭᠤᠢ ᠨᠤᠲᠤᠭ ᠪᠡᠯᠴᠢᠭᠡᠷ ᠤᠨ ᠬᠦᠨᠦᠭᠡᠯᠲᠦ ᠪᠣᠳᠠᠰ ᠢ 70 ᠲᠦᠮᠡᠨ ᠮᠦ ᠰᠡᠷᠭᠡᠶᠢᠯᠡᠨ ᠵᠠᠰᠠᠨ᠎ᠠ᠃ ᠦᠶᠡᠷ ᠤᠨ | ᠭᠤᠤ ᠶᠢ ᠵᠠᠰᠠᠬᠤ᠂ ᠵᠢᠵᠢᠭ ᠰᠠᠪᠠ ᠤᠷᠤᠰᠬᠠᠯ ᠢ ᠵᠠᠰᠠᠬᠤ᠂ ᠬᠦᠢᠲᠡᠨ ᠭᠤᠣᠯ ᠤᠨ ᠰᠡᠭᠦᠵᠢ ᠭᠠᠴᠠᠭᠠᠨ ᠤ ᠬᠡᠰᠡᠭ | ᠤᠨ ᠦᠶᠡᠷ ᠢ ᠰᠡᠷᠭᠡᠶᠢᠯᠡᠬᠦ ᠢᠨᠵᠧᠨᠧᠷᠢᠩ ᠵᠡᠷᠭᠡ ᠲᠥᠷᠥᠯ ᠵᠦᠢᠯ ᠢ ᠬᠡᠷᠡᠭᠵᠢᠭᠦᠯᠦᠨ᠎ᠡ᠃ ᠵᠠᠳᠠᠭᠠᠢ ᠠᠭᠤᠷᠬᠠᠢ ᠶᠢᠨ | ᠤᠷᠤᠨ ᠤ ᠣᠷᠴᠢᠨ ᠠᠬᠤᠢ ᠶᠢ ᠵᠠᠰᠠᠨ ᠰᠠᠶᠢᠵᠢᠷᠠᠭᠤᠯᠬᠤ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠨ᠎ᠡ᠃ ᠲᠡᠦᠬᠡᠨ | ᠬᠠᠶᠠᠭᠳᠠᠮᠠᠯ ᠠᠭᠤᠷᠬᠠᠢ ᠶᠢᠨ ᠨᠦᠬᠡ ᠶᠢ ᠵᠠᠰᠠᠨ ᠰᠠᠶᠢᠵᠢᠷᠠᠭᠤᠯᠬᠤ ᠲᠥᠷᠥᠯ ᠵᠦᠢᠯ ᠤᠨ ᠰᠡᠬᠦᠯᠴᠢ ᠶᠢᠨ ᠠᠵᠢᠯ ᠢ | ᠴᠢᠨᠠᠷ ᠰᠠᠶᠢᠲᠠᠢ ᠪᠡᠶᠡᠯᠡᠭᠦᠯᠦᠨ᠎ᠡ᠃ | ᠬᠠᠤᠯᠢ ᠬᠡᠷᠡᠭᠵᠢᠬᠦᠯᠬᠦ ᠬᠢᠨᠠᠨ ᠬᠠᠮᠢᠶᠠᠷᠤᠯᠲᠠ ᠶᠢ ᠲᠠᠰᠤᠷᠠᠯᠲᠠ ᠦᠭᠡᠢ ᠴᠢᠩᠭᠠᠳᠬᠠᠨ᠎ᠠ᠃ ᠠᠵᠤ | ᠠᠬᠤᠢ ᠶᠢᠨ ᠪᠦᠲᠦᠴᠡ ᠳᠤ ᠲᠣᠬᠢᠷᠠᠭᠤᠯᠤᠯᠲᠠ ᠬᠢᠬᠦ᠂ ᠠᠵᠤ ᠦᠢᠯᠡᠰ ᠤᠨ ᠬᠥᠭᠵᠢᠯᠲᠡ ᠶᠢ ᠲᠥᠯᠥᠪᠵᠢᠭᠦᠯᠬᠦ᠂ | ᠬᠤᠲᠠ ᠪᠠᠯᠭᠠᠰᠤᠵᠢᠯᠲᠠ ᠶᠢ ᠲᠦᠯᠬᠢᠨ ᠠᠬᠢᠭᠤᠯᠬᠤ ᠳᠤᠮᠳᠠ ︽ᠭᠤᠷᠪᠠᠨ ᠣᠷᠤᠨ ᠭᠤᠷᠪᠠᠨ ᠱᠣᠭᠤᠮ︾ ᠢ | ᠵᠠᠭᠠᠭᠯᠠᠨ ᠲᠣᠭᠲᠠᠭᠠᠭᠰᠠᠨ ᠦᠷ᠎ᠡ ᠪᠦᠲᠦᠭᠡᠯ ᠢ ᠴᠢᠩᠭ᠎ᠠ ᠬᠡᠷᠡᠭᠵᠢᠭᠦᠯᠦᠨ᠎ᠡ᠃ ᠪᠦᠲᠦᠭᠡᠨ ᠪᠠᠶᠢᠭᠤᠯᠤᠯᠲᠠ ᠶᠢᠨ | ᠲᠥᠷᠦᠯ ᠵᠦᠢᠯ ᠤᠨ ᠠᠮᠢ ᠠᠬᠤᠢ ᠶᠢᠨ ᠣᠷᠴᠢᠨ ᠲᠤᠭᠤᠷᠢᠨ ᠢ ᠬᠠᠮᠠᠭᠠᠯᠬᠤ ︽ᠭᠤᠷᠪᠠ ᠶᠢ ᠬᠠᠮᠲᠤ ᠳᠤᠨᠢ ᠬᠢᠨᠠᠨ | ᠪᠠᠶᠢᠴᠠᠭᠠᠬᠤ︾ ᠬᠠᠮᠢᠶᠠᠷᠤᠯᠲᠠ ᠶᠢ ᠴᠢᠩᠭᠠᠳᠬᠠᠨ᠎ᠠ᠃ ᠭᠤᠣᠯ ᠤᠨ ᠳᠠᠷᠤᠭ᠎ᠠ᠂ ᠤᠢ ᠰᠢᠭᠤᠢ ᠨᠤᠲᠤᠭ | ᠪᠡᠯᠴᠢᠭᠡᠷ ᠤᠨ ᠳᠠᠷᠤᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠲᠠᠭᠠᠭᠤᠯᠢ ᠣᠳᠣᠨ ᠵᠢᠷᠤᠭ ᠢᠶᠠᠷ | ᠬᠠᠤᠯᠢ ᠬᠡᠷᠡᠭᠵᠢᠬᠦᠯᠵᠦ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠢ | ᠡᠪᠳᠡᠭᠰᠡᠨ ᠠᠵᠢᠯᠯᠠᠭ᠎ᠠ ᠶᠢ ᠢᠯᠡᠴᠢᠯᠡᠨ ᠮᠡᠳᠡᠬᠦᠯᠬᠦ ᠶᠢ ᠱᠠᠩᠨᠠᠨ ᠬᠥᠬᠢᠭᠦᠯᠬᠦ ᠳᠦᠷᠢᠮ ᠢ ᠲᠡᠭᠦᠯᠳᠡᠷᠵᠢᠭᠦᠯᠦᠨ᠂ ᠠᠮᠢ | ᠠᠬᠤᠢ ᠶᠢᠨ ᠣᠷᠴᠢᠨ ᠲᠣᠭᠤᠷᠢᠨ ᠢ ᠡᠪᠳᠡᠭᠰᠡᠨ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ | ︵ᠲᠠᠪᠤ︶ ᠦᠨᠳᠦᠰᠦᠨ ᠵᠦᠢᠯ ᠢ ᠪᠠᠲᠤᠯᠠᠬᠤ ᠶᠢ ᠴᠢᠬᠤᠯᠠᠴᠢᠯᠠᠨ᠂ ᠴᠢᠳᠠᠯ ᠤᠨ ᠢᠶᠠᠨ ᠬᠢᠷᠢ ᠪᠠᠷ ᠠᠬᠢᠭᠤᠯᠵᠤ | ᠂ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠲᠠᠰᠤᠷᠠᠯᠳᠠ ᠦᠭᠡᠢ ᠳᠡᠭᠡᠭᠰᠢᠯᠡᠬᠦᠯᠦᠨ᠎ᠡ | ᠠᠵᠢᠯ ᠣᠯᠭᠤᠯᠲᠠ ᠶᠢ ᠦᠷᠭᠦᠯᠵᠢᠯᠡᠨ ᠲᠤᠭᠲᠠᠪᠤᠷᠢᠵᠢᠭᠤᠯᠤᠨ ᠥᠷᠭᠡᠳᠬᠡᠨ᠎ᠡ᠃ ᠠᠵᠢᠯ ᠤᠯᠭᠤᠯᠲᠠ ᠶᠢ | ᠲᠡᠷᠢᠭᠦᠨ ᠳᠤ ᠲᠠᠯᠪᠢᠬᠤ ᠲᠥᠷᠥ ᠶᠢᠨ ᠪᠣᠳᠣᠯᠭ᠎ᠠ ᠶᠢ ᠪᠤᠳᠠᠳᠠᠶᠢᠵᠢᠭᠤᠯᠤᠨ ᠨᠠᠶᠢᠳᠠᠪᠤᠷᠢᠵᠢᠭᠤᠯᠵᠤ᠂ ᠶᠡᠭᠡ ᠳᠡᠭᠡᠳᠦ | ᠰᠤᠷᠭᠠᠭᠤᠯᠢ ᠲᠡᠭᠦᠰᠦᠭᠰᠡᠳ᠂ ᠬᠤᠲᠠ ᠤᠷᠤᠭᠰᠠᠨ ᠮᠠᠯᠴᠢᠳ᠂ ᠴᠡᠷᠢᠭ ᠠᠴᠠ ᠬᠠᠯᠠᠭᠳᠠᠭᠰᠠᠳ᠂ ᠬᠤᠲᠠ | ᠪᠠᠯᠭᠠᠰᠤᠨ ᠤ ᠠᠵᠢᠯ ᠠᠯᠳᠠᠭᠰᠠᠳ ᠵᠡᠷᠭᠡ ᠭᠤᠣᠯᠳᠠᠯᠭ᠎ᠠ ᠲᠠᠢ ᠬᠦᠮᠦᠰ ᠤᠨ ᠠᠵᠢᠯ ᠣᠯᠭᠤᠯᠲᠠ ᠶᠢ ᠰᠠᠶᠢᠲᠤᠷ ᠬᠢᠨ᠎ᠡ | ᠃ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠤᠯᠪᠠᠰᠤᠷᠠᠯ ᠢ 500 ᠬᠥᠮᠥᠨ ᠤᠳᠠᠭ᠎ᠠ ᠥᠷᠨᠢᠭᠦᠯᠵᠦ᠂ 1000 | ᠬᠤᠪᠢ ᠠᠵᠢᠯ ᠤᠨ ᠪᠠᠶᠢᠷᠢ ᠭᠠᠷᠭᠠᠨ᠂ 400 ᠬᠤᠳᠠ ᠪᠠᠯᠭᠠᠰᠤᠨ ᠤ ᠬᠦᠮᠦᠰ ᠲᠤ ᠰᠢᠨ᠎ᠡ ᠪᠠᠷ ᠠᠵᠢᠯ ᠣᠯᠭᠤᠵᠤ᠂ | 80 ᠨᠡᠷ᠎ᠡ ᠠᠵᠢᠯ ᠣᠯᠬᠤ ᠳᠤ ᠬᠦᠴᠢᠷᠲᠡᠢ ᠬᠦᠮᠦᠰ ᠲᠤ ᠠᠵᠢᠯ ᠣᠯᠭᠤᠨ᠂ 200 ᠨᠡᠷ᠎ᠡ ᠠᠵᠢᠯ ᠠᠯᠳᠠᠭᠰᠠᠳ ᠲᠤ | ᠲᠠᠬᠢᠨ ᠠᠵᠢᠯ ᠤᠯᠭᠤᠨ᠎ᠡ᠃ ᠠᠳᠠᠯ ᠦᠢᠯᠡᠰ ᠪᠤᠰᠬᠠᠬᠤ ᠶᠢ ᠲᠡᠳᠬᠦᠬᠦ ᠡᠷᠴᠢᠮ ᠢᠶᠠᠨ ᠦᠷᠭᠦᠯᠵᠢᠯᠡᠨ | ᠴᠢᠩᠭᠠᠷᠠᠭᠤᠯᠵᠤ᠂ ᠦᠢᠯᠡᠰ ᠪᠤᠰᠬᠠᠬᠤ ᠬᠦᠷᠢᠶᠡᠯᠡᠩ ᠤᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ | ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠪᠠ ᠨᠦᠬᠦᠪᠦᠷᠢ ᠶᠢᠨ ᠲᠥᠷᠥ ᠶᠢᠨ ᠪᠣᠳᠣᠯᠭ᠎ᠠ ᠶᠢ ᠬᠢᠨᠠᠮᠠᠭᠠᠢ | ᠨᠠᠶᠢᠳᠠᠪᠤᠷᠢᠵᠢᠭᠤᠯᠤᠨ᠎ᠠ᠃ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠪᠠᠲᠤᠯᠠᠬᠤ ᠠᠵᠢᠯ ᠢ ᠪᠥᠬᠦ | ᠲᠠᠯ᠎ᠠ ᠪᠠᠷ ᠰᠠᠶᠢᠲᠤᠷ ᠬᠢᠨ᠎ᠡ᠃ | ᠰᠤᠷᠭᠠᠨ ᠬᠥᠮᠦᠵᠢᠯ ᠤᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠦᠨ᠎ᠡ᠃ ᠤᠯᠤᠰ ᠤᠨ ᠬᠤᠰᠢᠭᠤ | ᠰᠢᠶᠠᠨ ᠤ ᠬᠡᠪᠴᠢᠶᠡᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ | ᠬᠥᠭᠵᠢᠯᠲᠡ ᠶᠢ ᠦᠨᠡᠯᠡᠨ ᠰᠢᠯᠭᠠᠬᠤ ᠠᠵᠢᠯ ᠢ ᠴᠢᠨᠠᠷ ᠰᠠᠶᠢᠲᠠᠢ ᠪᠡᠶᠡᠯᠡᠭᠦᠯᠵᠦ᠂ ᠡᠯ᠎ᠡ ᠲᠥᠷᠥᠯ ᠤᠨ ᠰᠤᠷᠭᠠᠨ | ᠬᠥᠮᠦᠵᠢᠯ ᠤᠨ ᠲᠡᠩᠴᠡᠭᠦᠷᠢᠲᠡᠢ ᠬᠥᠭᠵᠢᠯᠲᠡ ᠶᠢ ᠨᠢᠭᠡᠳᠦᠯᠲᠡᠢ ᠲᠥᠯᠦᠪᠯᠡᠨ ᠠᠬᠢᠭᠤᠯᠵᠤ᠂ ᠮᠣᠷᠠᠯ ᠢ ᠲᠡᠭᠡᠳᠦᠯᠡᠨ᠂ | ᠬᠥᠮᠥᠨ ᠢ ᠬᠥᠮᠥᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠤᠨ᠂ ᠰᠤᠷᠤᠭᠴᠢᠳ ᠤᠨ ᠪᠥᠬᠦ ᠲᠠᠯ᠎ᠠ ᠪᠠᠷ | ᠬᠥᠭᠵᠢᠬᠦ ᠪᠠ ᠡᠷᠡᠭᠦᠯ ᠢᠶᠠᠷ ᠦᠰᠦᠨ ᠪᠣᠶᠢᠵᠢᠬᠤ ᠶᠢ ᠠᠬᠢᠭᠤᠯᠤᠨ᠎ᠠ᠃ ᠰᠤᠷᠭᠠᠭᠤᠯᠢ ᠡᠷᠭᠢᠯᠡᠬᠦ ᠵᠠᠭᠪᠤᠷ᠂ | ᠬᠠᠮᠢᠶᠠᠷᠤᠯᠲᠠ ᠶᠢᠨ ᠪᠠᠶᠢᠭᠤᠯᠤᠯ᠂ ᠪᠠᠲᠤᠯᠠᠭ᠎ᠠ ᠶᠢᠨ ᠲᠤᠭᠲᠠᠯᠴᠠᠭ᠎ᠠ ᠶᠢᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ | ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ ᠰᠤᠷᠭᠠᠭᠤᠯᠢ ᠶᠢᠨ ᠵᠠᠬᠢᠷᠤᠯ᠂ ᠪᠠᠭᠰᠢ ᠶᠢ | ᠤᠷᠮᠠᠰᠢᠭᠤᠯᠤᠨ ᠵᠤᠷᠢᠭᠵᠢᠭᠤᠯᠬᠤ ᠲᠤᠭᠲᠠᠯᠴᠠᠭ᠎ᠠ ᠶᠢ ᠲᠡᠭᠦᠯᠳᠡᠷᠵᠢᠭᠦᠯᠵᠦ᠂ ᠨᠠᠷᠠᠲᠤ ᠪᠠᠭᠰᠢ᠂ ᠨᠠᠷᠠᠲᠤ | ᠰᠤᠷᠭᠠᠭᠤᠯᠢ ᠶᠢᠨ ᠵᠠᠬᠢᠷᠤᠯ ᠢ ᠬᠥᠮᠥᠵᠢᠭᠦᠯᠬᠦ ᠠᠵᠢᠯ ᠢ ᠰᠠᠶᠢᠲᠤᠷ ᠠᠳᠬᠤᠵᠤ᠂ ᠪᠠᠭᠰᠢ ᠶᠢᠨ ᠰᠤᠷᠲᠠᠯ ᠤᠨ | ᠪᠠᠶᠢᠭᠤᠯᠤᠯᠲᠠ ᠶᠢ ᠴᠢᠩᠭᠠᠳᠬᠠᠨ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠴᠢᠨᠠᠷ ᠴᠢᠨᠰᠠᠭ᠎ᠠ ᠶᠢ | ᠯᠠᠪᠳᠠᠭᠤᠨ ᠢᠶᠠᠷ ᠳᠡᠭᠡᠭᠰᠢᠯᠡᠭᠦᠯᠦᠨ᠎ᠡ᠃ ᠬᠥᠳᠡᠯᠮᠦᠷᠢ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠢ ᠪᠠᠶᠢᠭᠤᠯᠵᠤ | ᠂ ᠣᠶᠤᠨᠲᠤ ᠰᠤᠷᠭᠠᠭᠤᠯᠢ ᠶᠢᠨ ᠬᠦᠷᠢᠶᠡᠨ ᠤ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠤᠨ᠎ᠠ᠃ | ᠡᠮ ᠡᠮᠨᠡᠯᠭᠡ ᠶᠢᠨ ᠦᠢᠯᠡᠴᠢᠯᠡᠭᠡᠨ ᠤ ᠪᠠᠲᠤᠯᠠᠭ᠎ᠠ ᠶᠢ ᠦᠷᠬᠦᠯᠵᠢᠯᠡᠨ ᠰᠠᠶᠢᠵᠢᠷᠠᠭᠤᠯᠤᠨ᠎ᠠ᠃ ᠡᠷᠡᠭᠦᠯ | ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠮ ᠡᠮᠨᠡᠯᠭᠡ ᠶᠢᠨ ᠳᠠᠭᠠᠳᠬᠠᠯ᠂ | ᠡᠮᠴᠢᠯᠡᠭᠡᠨ ᠤ ᠬᠠᠮᠳᠤᠷᠠᠭᠰᠠᠨ ᠬᠦᠭᠵᠢᠯᠲᠡ ᠶᠢ ᠠᠬᠢᠭᠤᠯᠤᠨ᠂ ᠣᠷᠣᠨ ᠪᠦᠰᠡ ᠶᠢᠨ ᠡᠮᠴᠢᠯᠡᠭᠡᠨ ᠤ ᠬᠤᠯᠪᠣᠭᠠᠲᠤ | ᠴᠣᠭᠴᠠ᠂ ᠬᠤᠰᠢᠭᠤᠨ ᠳᠣᠲᠣᠷᠠᠬᠢ ᠨᠢᠭᠲᠠᠷᠠᠭᠰᠠᠨ ᠬᠡᠯᠪᠡᠷᠢ ᠶᠢᠨ ᠡᠮᠴᠢᠯᠡᠭᠡᠨ ᠤ ᠬᠠᠮᠲᠤ ᠶᠢᠨ ᠴᠣᠭᠴᠠ ᠶᠢᠨ | ᠪᠠᠶᠢᠭᠤᠯᠤᠯᠲᠠ ᠶᠢ ᠠᠬᠢᠭᠤᠯᠵᠤ᠂ ᠡᠮᠴᠢᠯᠡᠭᠡᠨ ᠤ ᠶᠠᠰᠤ ᠴᠢᠨᠠᠷ ᠤᠨ ᠬᠠᠮᠢᠶᠠᠷᠤᠯᠲᠠ ᠶᠢ ᠴᠢᠩᠭᠠᠳᠬᠠᠨ᠂ ᠡᠮᠴᠢᠯᠡᠭᠡᠨ ᠤ | ᠦᠢᠯᠡᠴᠢᠯᠡᠭᠡ ᠶᠢᠨ ᠬᠢᠷᠢ ᠲᠥᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠰᠢᠨ᠎ᠡ ᠱᠠᠲᠤ ᠦᠶ᠎ᠡ ᠶᠢᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠲᠥᠷᠦᠯ ᠤᠨ ᠠᠷᠭ᠎ᠠ ᠬᠡᠮᠵᠢᠶ᠎ᠡ ᠶᠢ ᠬᠢᠨᠠᠮᠠᠭᠠᠢ | ᠨᠠᠶᠢᠳᠠᠪᠤᠷᠢᠵᠢᠭᠤᠯᠵᠤ᠂ ᠣᠯᠠᠨ ᠲᠦᠮᠡᠨ ᠤ ᠡᠪᠡᠳᠴᠢᠨ ᠦᠵᠡᠬᠦᠯᠵᠦ ᠡᠮ ᠬᠡᠷᠡᠭᠯᠡᠬᠦ ᠶᠢ ᠪᠠᠲᠤᠯᠠᠨ᠂ ᠨᠠᠰᠤᠲᠠᠶᠢᠴᠤᠳ | ᠪᠠ ᠬᠠᠭᠤᠴᠢᠨ ᠠᠷᠬᠠᠭ ᠡᠪᠡᠳᠴᠢᠨ ᠲᠠᠢ ᠬᠦᠮᠦᠰ ᠤᠨ ᠡᠪᠡᠳᠴᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ | ᠭᠤᠣᠯᠳᠠᠯᠭ᠎ᠠ ᠲᠠᠢ ᠰᠠᠶᠢᠲᠤᠷ ᠠᠳᠬᠤᠵᠤ᠂ ᠡᠷᠡᠭᠦᠯ ᠮᠡᠨᠳᠦ ᠶᠢ ᠪᠠᠲᠤᠯᠠᠬᠤ ᠪᠠ ᠬᠦᠨᠳᠦ ᠡᠪᠡᠳᠴᠢᠨ ᠢ ᠰᠡᠷᠭᠡᠶᠢᠯᠡᠨ᠎ᠡ | ᠃ ᠬᠤᠰᠢᠭᠤ ᠠᠷᠠᠳ ᠤᠨ ᠡᠮᠨᠡᠯᠭᠡ ᠶᠢᠨ ᠬᠤᠷᠢᠶᠠᠨ ᠤ ᠪᠠᠷᠢᠮᠵᠢᠶ᠎ᠠ ᠶᠢ ᠳᠡᠭᠡᠭᠰᠢᠯᠡᠬᠦᠯᠦᠨ᠂ ᠴᠢᠳᠠᠮᠵᠢ ᠪᠠᠨ | ᠦᠷᠭᠡᠳᠬᠡᠬᠦ ᠪᠠᠶᠢᠭᠤᠯᠤᠯᠲᠠ ᠶᠢ ᠴᠢᠩᠭᠠᠳᠬᠠᠵᠤ᠂ ᠴᠢᠰᠤ ᠨᠡᠪᠴᠢᠭᠦᠯᠦᠨ ᠢᠯᠭᠠᠷᠠᠭᠤᠯᠬᠤ ᠲᠠᠰᠤᠭ ᠢ ᠪᠠᠶᠢᠭᠤᠯᠵᠤ | ᠳᠠᠭᠤᠰᠬᠠᠨ᠎ᠠ᠃ ᠮᠤᠩᠭᠤᠯ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠮᠡᠷᠭᠡᠵᠢᠯ ᠤᠨ ᠠᠰᠠᠷ ᠢ ᠪᠠᠶᠢᠭᠤᠯᠵᠤ | ᠲᠠᠭᠤᠰᠬᠠᠨ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠵᠤ᠂ ᠴᠢᠳᠠᠮᠵᠢ ᠪᠠᠷ ᠨᠡᠯᠢᠶᠡᠳ ᠪᠦᠷᠢᠨ ᠲᠡᠭᠦᠯᠳᠡᠷ | ᠦᠨᠳᠦᠰᠦᠲᠡᠨ ᠤ ᠡᠮ ᠡᠮᠨᠡᠯᠭᠡ ᠡᠷᠡᠬᠦᠯᠵᠢᠯ ᠤᠨ ᠦᠢᠯᠡᠴᠢᠯᠡᠭᠡᠨ ᠤ ᠰᠠᠭᠤᠷᠢᠨ ᠭᠠᠵᠠᠷ ᠢ ᠪᠠᠶᠢᠭᠤᠯᠤᠨ᠎ᠠ᠃ ᠱᠠᠲᠤ | ᠬᠤᠪᠢᠶᠠᠨ ᠣᠨᠣᠰᠢᠯᠠᠨ ᠡᠮᠨᠡᠬᠦ ᠶᠢ ᠢᠳᠡᠪᠬᠢᠲᠡᠢ ᠠᠬᠢᠭᠤᠯᠵᠤ᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ | ᠬᠤᠷᠢᠶᠠᠨ ᠤ ᠡᠪᠡᠳᠴᠢᠨ ᠢ ᠰᠡᠷᠭᠡᠶᠢᠯᠡᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠦᠨᠳᠦ ᠠᠷᠬᠠᠭ | ᠡᠪᠡᠳᠴᠢᠨ ᠤ ᠡᠷᠡᠭᠦᠯ ᠮᠡᠨᠳᠦ ᠶᠢᠨ ᠬᠠᠮᠢᠶᠠᠷᠤᠯᠲᠠ ᠶᠢ ᠴᠢᠩᠭᠠᠳᠬᠠᠨ᠂ ᠤᠯᠤᠰ ᠢᠶᠠᠨ ᠬᠠᠶᠢᠷᠠᠯᠠᠬᠤ ᠡᠷᠡᠭᠦᠯ | ᠬᠠᠮᠠᠭᠠᠯᠠᠯ ᠤᠨ ᠬᠥᠳᠡᠯᠭᠡᠭᠡᠨ ᠪᠠ ᠡᠷᠡᠬᠦᠯ ᠮᠡᠨᠳᠦ ᠶᠢᠨ ᠮᠡᠳᠡᠯᠭᠡ ᠶᠢᠨ ᠲᠦᠭᠡᠮᠡᠯᠵᠢᠬᠦᠯᠦᠯᠲᠡ᠂ ᠪᠦᠬᠦ | ᠠᠷᠠᠳ ᠢᠶᠠᠷ ᠢᠶᠠᠨ ᠪᠡᠶ᠎ᠡ ᠴᠢᠬᠢᠷᠠᠭᠵᠢᠭᠤᠯᠬᠤ ᠬᠦᠳᠡᠯᠭᠡᠭᠡᠨ ᠵᠡᠷᠭᠡ ᠶᠢ ᠭᠦᠨᠵᠡᠭᠡᠢ ᠥᠷᠨᠢᠭᠦᠯᠵᠦ᠂ ᠪᠦᠬᠦ | ᠠᠷᠠᠳ ᠢᠶᠠᠷ ᠢᠶᠠᠨ ᠪᠡᠶ᠎ᠡ ᠴᠢᠬᠢᠷᠠᠭᠵᠢᠭᠤᠯᠬᠤ ᠬᠦᠳᠡᠯᠭᠡᠭᠡᠨ ᠤ ᠲᠠᠯᠠᠪᠤᠷ ᠪᠠᠶᠢᠭᠤᠯᠵᠤ᠂ ᠨᠠᠰᠤᠳᠠᠶᠢᠴᠦᠳ ᠤᠨ ᠪᠡᠶ᠎ᠡ | ᠶᠢᠨ ᠲᠠᠮᠢᠷ ᠤᠨ ᠨᠡᠶᠢᠭᠡᠮᠯᠢᠭ ᠤᠨ ᠦᠢᠯᠡᠰ ᠤᠨ ᠬᠦᠭᠵᠢᠯᠲᠡ ᠶᠢ ᠳᠡᠮᠵᠢᠵᠦ᠂ ᠡᠷᠡᠭᠦᠯ ᠡᠩᠭᠡ ᠬᠦᠪᠡᠭᠡᠲᠦ ᠰᠢᠷ᠎ᠠ | ᠬᠤᠰᠢᠭᠤᠨ ᠤ ᠪᠠᠶᠢᠭᠤᠯᠤᠯᠲᠠ ᠶᠢ ᠠᠬᠢᠭᠤᠯᠤᠨ᠎ᠠ᠃ | ᠨᠡᠶᠢᠭᠡᠮ ᠤᠨ ᠪᠠᠲᠤᠯᠠᠭ᠎ᠠ ᠶᠢᠨ ᠳᠦᠷᠢᠮ ᠢ ᠦᠷᠭᠦᠯᠵᠢᠯᠡᠨ ᠲᠡᠭᠦᠯᠳᠡᠷᠵᠢᠭᠦᠯᠦᠨ᠎ᠡ᠃ ᠬᠤᠳᠠ ᠬᠥᠳᠡᠭᠡ ᠶᠢᠨ | ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ᠂ ᠡᠮ ᠡᠮᠨᠡᠯᠭᠡ ᠶᠢᠨ ᠳᠠᠭᠠᠳᠬᠠᠯ ᠳᠤ ᠣᠷᠤᠯᠴᠠᠬᠤ ᠨᠤᠷᠮ᠎ᠠ ᠶᠢ | ᠳᠡᠭᠡᠭᠰᠢᠯᠡᠭᠦᠯᠵᠦ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠲᠠᠭᠠᠳᠬᠠᠯ ᠪᠠ ᠬᠦᠨᠳᠦ | ᠡᠪᠡᠳᠴᠢᠨ ᠤ ᠲᠠᠭᠠᠳᠬᠠᠯ ᠤᠨ ᠪᠠᠲᠤᠯᠠᠭ᠎ᠠ ᠶᠢᠨ ᠬᠢᠷᠢ ᠲᠥᠪᠰᠢᠨ ᠢ ᠳᠡᠭᠡᠭᠰᠢᠯᠡᠬᠦᠯᠵᠦ᠂ ᠮᠤᠵᠢ ᠠᠯᠤᠰᠯᠠᠨ ᠤᠨᠳᠤᠤ | ᠭᠠᠵᠠᠷ ᠲᠤ ᠡᠪᠡᠳᠴᠢᠨ ᠦᠵᠡᠬᠦᠯᠦᠭᠰᠡᠨ ᠵᠠᠷᠤᠳᠠᠯ ᠢ ᠰᠢᠭᠤᠳ ᠳᠠᠩᠰᠠ ᠴᠠᠶᠢᠷᠠᠭᠤᠯᠵᠤ ᠪᠤᠯᠬᠤ ᠲᠥᠷᠦ ᠶᠢᠨ | ᠪᠣᠳᠣᠯᠭ᠎ᠠ ᠶᠢ ᠬᠡᠷᠡᠭᠵᠢᠬᠦᠯᠦᠨ᠎ᠡ᠃ ᠨᠡᠶᠢᠭᠡᠮ ᠤᠨ ᠠᠪᠤᠷᠠᠨ ᠲᠤᠰᠠᠯᠠᠬᠤ ᠡᠬᠢ ᠪᠠᠶᠠᠯᠢᠭ ᠢ ᠨᠢᠭᠡᠳᠦᠯᠲᠡᠢ | ᠲᠥᠯᠦᠪᠵᠢᠬᠦᠯᠬᠦ ᠶᠢ ᠴᠢᠩᠭᠠᠳᠬᠠᠨ᠂ ᠠᠷᠠᠳ ᠤᠨ ᠠᠮᠢᠳᠤᠷᠠᠯ ᠤᠨ ᠠᠪᠤᠷᠠᠨ ᠲᠤᠰᠠᠯᠠᠬᠤ ᠡᠷᠴᠢᠮ ᠢᠶᠠᠨ | ᠥᠷᠬᠦᠯᠵᠢᠯᠡᠨ ᠴᠢᠩᠭᠠᠷᠠᠭᠤᠯᠵᠤ᠂ ᠬᠢᠵᠢᠭ ᠭᠡᠮ᠂ ᠭᠠᠩ ᠭᠠᠮᠰᠢᠭ ᠠᠴᠠ ᠪᠤᠯᠵᠤ ᠠᠮᠢᠳᠤᠷᠠᠯ ᠨᠢ ᠬᠦᠴᠢᠷᠲᠡᠢ | ᠪᠣᠯᠤᠭᠰᠠᠨ ᠤᠯᠠᠨ ᠲᠦᠮᠡᠨ ᠪᠠ ᠨᠠᠰᠤᠳᠠᠶᠢᠴᠤᠳ᠂ ᠵᠡᠮᠳᠡᠭᠴᠦᠳ ᠪᠠ ᠬᠦᠨᠳᠦ ᠡᠪᠡᠳᠴᠢᠲᠡᠨ ᠵᠡᠷᠭᠡ ᠭᠤᠤᠯᠳᠠᠯᠭ᠎ᠠ | ᠲᠠᠢ ᠬᠦᠮᠦᠰ ᠤᠨ ᠦᠨᠳᠦᠰᠦᠨ ᠠᠮᠢᠳᠤᠷᠠᠯ ᠢ ᠰᠠᠶᠢᠲᠤᠷ ᠪᠠᠲᠤᠯᠠᠨ᠎ᠠ᠃ ᠨᠡᠶᠢᠭᠡᠮ ᠲᠣᠭᠤᠷᠢᠭ ᠤᠨ ᠠᠷᠠᠳ ᠲᠤ | ᠲᠥᠬᠦᠮ ᠦᠵᠡᠭᠦᠯᠬᠦ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠬᠥᠮᠥᠨ ᠠᠮᠠ ᠶᠢᠨ | ᠨᠠᠰᠤᠵᠢᠯᠲᠠ ᠶᠢ ᠢᠳᠡᠪᠬᠢᠲᠡᠢ ᠠᠷᠭᠠᠴᠠᠭᠠᠨ᠂ ᠭᠡᠷ ᠪᠦᠯᠢ ᠶᠢᠨ ᠠᠰᠠᠷᠠᠮᠵᠢ ᠪᠠ ᠨᠡᠶᠢᠭᠡᠮ ᠲᠣᠭᠤᠷᠢᠭ ᠤᠨ | ᠪᠠᠶᠢᠭᠤᠯᠤᠮᠵᠢ ᠶᠢᠨ ᠠᠰᠠᠷᠠᠮᠵᠢ ᠶᠢ ᠬᠠᠷᠢᠯᠴᠠᠨ ᠵᠣᠬᠢᠴᠠᠭᠤᠯᠬᠤ᠂ ᠡᠷᠡᠬᠦᠯᠵᠢᠯ ᠪᠡᠶ᠎ᠡ ᠰᠣᠪᠢᠯᠠᠯᠲᠠ ᠶᠢ ᠬᠠᠷᠢᠯᠴᠠᠨ | ᠤᠶᠠᠯᠳᠤᠭᠤᠯᠭᠰᠠᠨ ᠨᠠᠰᠤᠳᠠᠶᠢᠴᠦᠳ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠢ ᠲᠠᠰᠤᠷᠠᠯᠲᠠ ᠦᠭᠡᠢ | ᠲᠡᠭᠦᠯᠳᠡᠷᠵᠢᠭᠦᠯᠦᠨ᠎ᠡ᠃ | ︵ᠵᠢᠷᠭᠤᠭ᠎ᠠ︶ ᠬᠥᠳᠡᠯᠭᠡᠭᠴᠢ ᠬᠦᠴᠦᠨ ᠢ ᠢᠳᠡᠪᠬᠢᠵᠢᠬᠦᠯᠦᠨ᠂ ᠬᠦᠴᠦᠨ ᠴᠢᠳᠠᠯ ᠢᠶᠠᠨ ᠨᠢᠭᠲᠠᠷᠠᠭᠤᠯᠵᠤ᠂ | ᠨᠡᠶᠢᠭᠡᠮ ᠤᠨ ᠡᠶ᠎ᠡ ᠵᠣᠬᠢᠴᠠᠯ ᠪᠠ ᠠᠮᠤᠷ ᠲᠣᠭᠲᠠᠭᠤᠨ ᠢ ᠪᠠᠲᠤᠯᠠᠨ᠎ᠠ | ᠨᠡᠶᠢᠭᠡᠮ ᠤᠨ ᠪᠣᠯᠪᠠᠰᠤᠨ ᠤ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠬᠦᠯᠦᠨ᠎ᠡ᠃ ᠨᠡᠶᠢᠭᠡᠮ ᠵᠢᠷᠤᠮ ᠤᠨ | ᠭᠤᠣᠯᠯᠠᠭᠴᠢ ᠦᠷᠳᠡᠭ ᠤᠨ ᠦᠵᠡᠯᠲᠡ ᠶᠢᠨ ᠤᠬᠠᠭᠤᠯᠭ᠎ᠠ ᠬᠥᠮᠦᠵᠢᠯ ᠢ ᠭᠦᠨᠵᠡᠭᠡᠢ ᠥᠷᠨᠢᠭᠦᠯᠦᠨ᠎ᠡ᠃ ᠡᠬᠡ | ᠣᠷᠣᠨᠴᠢ ᠦᠵᠡᠯ᠂ ᠨᠡᠶᠢᠲᠡᠴᠢ ᠦᠵᠡᠯ᠂ ᠨᠡᠶᠢᠭᠡᠮ ᠵᠢᠷᠤᠮ ᠤᠨ ᠬᠥᠮᠦᠵᠢᠯ ᠢ ᠬᠦᠨᠵᠡᠭᠡᠶᠢᠷᠡᠬᠦᠯᠦᠨ᠂ ᠬᠥᠳᠡᠯᠮᠦᠷᠢ ᠶᠢᠨ | ᠵᠣᠷᠢᠭ ᠰᠠᠨᠠᠭ᠎ᠠ᠂ ᠲᠡᠮᠡᠴᠡᠯ ᠤᠨ ᠵᠣᠷᠢᠭ ᠰᠠᠨᠠᠭ᠎ᠠ᠂ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ᠂ ᠡᠭᠦᠳᠦᠨ | ᠪᠦᠲᠦᠭᠡᠬᠦ ᠵᠣᠷᠢᠭ ᠰᠠᠨᠠᠭ᠎ᠠ᠂ ᠠᠵᠢᠯᠴᠢ ᠠᠷᠪᠢᠴᠢ ᠵᠣᠷᠢᠭ ᠰᠠᠨᠠᠭ᠎ᠠ ᠵᠡᠷᠭᠡ ᠳᠤᠮᠳᠠᠳᠤ ᠶᠢᠨ ᠤᠯᠠᠮᠵᠢᠯᠠᠯᠲᠤ ᠰᠤᠷᠲᠠᠯ ᠢ | ᠵᠠᠯᠭᠠᠮᠵᠢᠯᠠᠨ ᠪᠠᠳᠠᠷᠠᠭᠤᠯᠵᠤ᠂ ᠡᠯ᠎ᠡ ᠦᠨᠳᠦᠰᠦᠲᠡᠨ ᠤ ᠠᠷᠠᠳ ᠲᠦᠮᠡᠨ ᠤ ᠢᠳᠡᠭᠡᠯ ᠬᠦᠰᠡᠯ᠂ ᠦᠷᠳᠡᠭ ᠤᠨ | ᠦᠵᠡᠯᠲᠡ᠂ ᠶᠣᠰᠣ ᠰᠤᠷᠳᠠᠬᠤᠨ ᠤ ᠣᠶᠢᠯᠠᠭᠠᠭᠳᠠᠬᠤᠨ ᠤ ᠲᠠᠯ᠎ᠠ ᠪᠠᠷ ᠨᠡᠩ ᠢᠯᠡᠬᠦᠦ ᠨᠢᠭᠲᠠᠷᠠᠨ ᠪᠦᠯᠬᠦᠮᠳᠡᠬᠦ ᠶᠢ | ᠠᠬᠢᠭᠤᠯᠤᠨ᠎ᠠ᠃ ᠰᠢᠨᠵᠢᠯᠡᠭᠡ ᠮᠡᠷᠭᠡᠵᠢᠯ ᠢ ᠲᠦᠭᠡᠮᠡᠯᠵᠢᠭᠦᠯᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠂ | ᠪᠦᠬᠦ ᠠᠷᠠᠳ ᠢᠶᠠᠷ ᠢᠶᠠᠨ ᠨᠣᠮ ᠤᠩᠰᠢᠬᠤ ᠶᠢ ᠲᠦᠭᠡᠮᠡᠯᠵᠢᠯᠡᠬᠦᠯᠵᠦ᠂ ᠰᠤᠷᠤᠯᠴᠠᠬᠤ ᠮᠠᠶ᠋ᠢᠭ ᠤᠨ ᠨᠡᠶᠢᠭᠡᠮ ᠢ | ᠪᠠᠶᠢᠭᠤᠯᠤᠨ᠎ᠠ᠃ | ᠤᠯᠠᠨ ᠲᠦᠮᠡᠨ ᠤ ᠤᠶᠤᠨ ᠰᠠᠨᠠᠭᠠᠨ ᠤ ᠰᠣᠶᠣᠯ ᠤᠨ ᠠᠮᠢᠳᠤᠷᠠᠯ ᠢ ᠪᠦᠬᠦ ᠲᠠᠯ᠎ᠠ ᠪᠠᠷ ᠪᠠᠶᠠᠯᠢᠭᠵᠢᠭᠤᠯᠤᠨ᠎ᠠ | ᠃ ᠰᠤᠶᠤᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠤᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ | ᠰᠤᠮᠤ ᠪᠠᠯᠭᠠᠰᠤᠨ ᠤ ᠶᠡᠷᠦᠩᠬᠡᠶᠢᠯᠡᠭᠰᠡᠨ ᠰᠣᠶᠣᠯ ᠤᠨ ᠥᠷᠲᠡᠭᠡ᠂ ᠲᠠᠯ᠎ᠠ ᠨᠤᠲᠤᠭ ᠤᠨ ᠨᠣᠮ ᠤᠨ ᠥᠷᠥᠭᠡ ᠵᠡᠷᠭᠡ | ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠤᠨ ᠦᠢᠯᠡᠳᠦᠯ ᠢ ᠬᠦᠢᠴᠡᠳ ᠪᠠᠳᠠᠷᠠᠭᠤᠯᠤᠨ᠂ ᠣᠯᠠᠨ ᠨᠡᠶᠢᠲᠡ ᠶᠢᠨ | ᠰᠣᠶᠣᠯ ᠤᠨ ᠦᠢᠯᠡᠴᠢᠯᠡᠭᠡᠨ ᠤ ᠲᠤᠭᠲᠠᠯᠴᠠᠭ᠎ᠠ ᠶᠢ ᠤᠯᠠᠮ ᠲᠡᠭᠦᠯᠳᠡᠷᠵᠢᠭᠦᠯᠦᠨ᠎ᠡ᠃ ᠤᠯᠠᠭᠠᠨᠮᠥ᠋ᠴᠢᠷ ᠤᠨ | ᠦᠢᠯᠡᠰ ᠤᠨ ᠴᠡᠴᠡᠭᠯᠡᠨ ᠬᠦᠭᠵᠢᠯᠲᠡ ᠶᠢ ᠠᠬᠢᠭᠤᠯᠤᠨ᠂ ᠰᠣᠳᠣᠨ ᠪᠦᠲᠦᠭᠡᠯ ᠭᠠᠷᠭᠠᠬᠤ ᠶᠢ ᠢᠯᠡᠬᠦᠭᠡᠨ | ᠵᠣᠷᠢᠭᠵᠢᠭᠤᠯᠤᠨ᠎ᠠ᠃ ᠲᠡᠦᠬᠡ ᠶᠢᠨ ᠳᠤᠷᠠᠰᠬᠠᠯᠲᠤ ᠪᠤᠳᠠᠰ ᠢ ᠬᠠᠮᠠᠭᠠᠯᠠᠨ ᠠᠰᠢᠭᠯᠠᠬᠤ ᠪᠠ ᠪᠣᠳᠠᠰ ᠤᠨ ᠪᠤᠰᠤ | ᠰᠣᠶᠣᠯ ᠤᠨ ᠥᠪ ᠢ ᠤᠯᠠᠮᠵᠢᠯᠠᠨ ᠵᠠᠯᠭᠠᠮᠵᠢᠯᠠᠬᠤ ᠠᠵᠢᠯ ᠢ ᠴᠢᠩᠭᠠᠳᠬᠠᠨ᠂ ᠪᠣᠳᠠᠰ ᠤᠨ ᠪᠤᠰᠤ ᠰᠣᠶᠣᠯ ᠤᠨ | ᠥᠪ ᠤᠨ ᠦᠵᠡᠰᠬᠦᠯᠡᠩ ᠤᠨ ᠣᠷᠳᠣᠨ ᠤ ᠪᠠᠶᠢᠭᠤᠯᠤᠯᠲᠠ ᠶᠢ ᠲᠦᠯᠬᠢᠨ ᠠᠬᠢᠭᠤᠯᠦᠨ᠎ᠡ᠃ | ︽ᠬᠤᠶᠠᠷ ᠢ ᠬᠦᠷᠢᠶᠡᠯᠡᠬᠦ︾ ᠠᠵᠢᠯ ᠢ ᠪᠥᠬᠦ ᠲᠠᠯ᠎ᠠ ᠪᠠᠷ ᠴᠢᠩᠭᠠᠳᠬᠠᠨ᠎ᠠ᠃ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠳᠠᠶᠢᠴᠢᠯᠠᠯᠲᠠ᠂ ᠠᠷᠠᠳ ᠤᠨ ᠠᠭᠠᠷ ᠤᠨ ᠰᠡᠷᠭᠡᠶᠢᠯᠡᠯᠲᠡ ᠪᠠ ᠬᠤᠶᠠᠷ ᠢ ᠬᠦᠷᠢᠶᠡᠯᠡᠨ ᠬᠠᠮᠲᠤᠪᠠᠷ | ᠪᠠᠶᠢᠭᠤᠯᠬᠤ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠢ | ᠬᠦᠷᠢᠶᠡᠯᠡᠬᠦ ᠵᠢᠱᠢᠶᠡᠴᠢ ᠬᠤᠰᠢᠭᠤ︾ ᠶᠢᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ᠎ᠡ᠃ | ᠥᠪᠡᠷᠲᠡᠭᠡᠨ ᠵᠠᠰᠠᠬᠤ ᠣᠷᠣᠨ ᠤ ᠪᠠᠷᠢᠮᠵᠢᠶᠠᠵᠢᠭᠰᠠᠨ ᠪᠦᠲᠦᠭᠡᠨ ᠪᠠᠶᠢᠭᠤᠯᠤᠯᠲᠠ ᠶᠢᠨ ︽ᠲᠠᠪᠤ ᠶᠢ ᠪᠦᠷᠢᠳᠦᠭᠦᠯᠬᠦ︾ | ᠱᠠᠭᠠᠷᠳᠠᠯᠭ᠎ᠠ ᠶᠣᠰᠣᠭᠠᠷ᠂ ᠡᠯ᠎ᠡ ᠰᠤᠮᠤ ᠪᠠᠯᠭᠠᠰᠤᠨ ᠤ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ | ᠥᠷᠲᠡᠭᠡ ᠶᠢ ᠲᠠᠰ ᠳᠡᠪᠰᠢᠭᠦᠯᠦᠨ ᠥᠭᠡᠷᠡᠴᠢᠯᠡᠵᠦ᠂ ︽ᠴᠡᠷᠢᠭ ᠠᠴᠠ ᠬᠠᠯᠠᠭᠳᠠᠭᠰᠠᠳ ᠤᠨ ᠭᠡᠷ ᠪᠦᠯᠢ︾ ᠶᠢ | ᠪᠠᠶᠢᠭᠤᠯᠤᠨ᠎ᠠ᠃ ᠦᠢᠯᠡᠴᠢᠯᠡᠭᠡ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠦᠵᠡᠯ ᠰᠠᠨᠠᠭ᠎ᠠ ᠤᠯᠤᠰ | ᠲᠦᠷᠦ ᠶᠢᠨ ᠪᠠᠶᠢᠭᠤᠯᠤᠯᠲᠠ᠂ ᠣᠨᠴᠠ ᠬᠠᠷᠠᠭᠠᠯᠵᠠᠨ ᠲᠥᠪᠬᠢᠨᠡᠭᠦᠯᠬᠦ᠂ ᠠᠵᠢᠯ ᠣᠯᠭᠤᠵᠤ ᠦᠢᠯᠡᠰ ᠴᠣᠭᠴᠠᠯᠠᠬᠤ᠂ | ᠬᠠᠪᠰᠤᠷᠤᠨ ᠲᠡᠳᠬᠦᠵᠦ ᠠᠪᠤᠷᠠᠨ ᠲᠤᠰᠠᠯᠠᠬᠤ᠂ ᠰᠠᠶᠢᠰᠢᠶᠠᠨ ᠬᠥᠬᠢᠭᠦᠯᠵᠦ ᠤᠬᠠᠭᠤᠯᠬᠤ ᠵᠡᠷᠭᠡ ᠠᠵᠢᠯ ᠢ | ᠨᠢᠭᠡᠳᠦᠯᠲᠡᠢ ᠲᠥᠯᠦᠪᠵᠢᠬᠦᠯᠦᠨ ᠰᠠᠶᠢᠲᠤᠷ ᠬᠢᠨ᠎ᠡ᠃ | ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ᠃ ᠠᠶᠤᠯᠬᠦᠢ | ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢᠨ ᠦᠷ᠎ᠡ ᠪᠦᠲᠦᠭᠡᠯ ᠢ | ᠦᠷᠭᠦᠯᠵᠢᠯᠡᠨ ᠪᠠᠬᠢᠵᠢᠭᠦᠯᠵᠦ᠂ ᠠᠶᠤᠯᠭᠦᠢ ᠦᠢᠯᠡᠳᠪᠦᠷᠢᠯᠡᠯ ᠤᠨ ᠠᠶᠤᠯ ᠲᠦᠭᠰᠢᠭᠦᠷᠢ ᠶᠢ ᠲᠤᠰᠬᠠᠢ ᠴᠡᠭᠴᠡᠯᠡᠨ | ᠵᠠᠰᠠᠬᠤ ᠶᠢ ᠠᠬᠢᠭᠤᠯᠤᠨ᠂ ᠭᠤᠣᠯᠳᠠᠯᠭ᠎ᠠ ᠲᠠᠢ ᠠᠵᠢᠯ ᠲᠦᠷᠦᠯ᠂ ᠭᠤᠣᠯᠳᠠᠯᠭ᠎ᠠ ᠲᠠᠢ ᠬᠦᠷᠢᠶ᠎ᠡ ᠬᠡᠪᠴᠢᠶᠡᠨ ᠤ ᠠᠮᠤᠷ | ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠡᠯ᠎ᠡ ᠲᠦᠷᠦᠯ ᠤᠨ ᠠᠮᠤᠷ ᠲᠦᠪᠰᠢᠨ ᠤ ᠭᠡᠮ | ᠰᠣᠭᠤᠭ ᠢ ᠪᠦᠳᠦᠮᠵᠢᠳᠡᠢ ᠠᠷᠢᠯᠭᠠᠵᠤ᠂ ᠣᠨᠴᠠ ᠶᠡᠭᠡ ᠬᠡᠷᠡᠭ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠨ᠎ᠠ᠃ | ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠪᠠ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ | ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠂ ᠪᠠᠴᠢᠮ ᠪᠠᠶᠢᠳᠠᠯ ᠢ ᠠᠷᠭᠠᠴᠠᠭᠠᠬᠤ ᠶᠡᠷᠦᠩᠬᠡᠶᠢᠯᠡᠭᠰᠡᠨ | ᠦᠢᠯᠡᠴᠢᠯᠡᠭᠡᠨ ᠤ ᠲᠥᠪ ᠵᠢᠴᠢ ᠪᠠᠴᠢᠮ ᠪᠠᠶᠢᠳᠠᠯ ᠢ ᠠᠷᠭᠠᠴᠠᠭᠠᠨ ᠵᠢᠯᠤᠭᠤᠳᠬᠤ ᠲᠠᠪᠴᠠᠩ᠂ ᠠᠶᠤᠯᠭᠦᠢ | ᠦᠢᠯᠡᠳᠪᠦᠷᠢᠯᠡᠯ ᠤᠨ ᠬᠢᠨᠠᠯᠲᠠ ᠲᠠᠯᠪᠢᠬᠤ ᠣᠶᠤᠨᠲᠤ ᠲᠠᠪᠴᠠᠩ ᠤᠨ ᠲᠥᠷᠦᠯ ᠵᠦᠢᠯ ᠢ ᠬᠡᠷᠡᠭᠵᠢᠭᠦᠯᠵᠦ᠂ ᠪᠠᠴᠢᠮ | ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠡᠩᠨᠡᠭᠡᠨ ᠤ ᠲᠤᠰᠬᠠᠶᠢᠵᠢᠭᠰᠠᠨ ᠬᠢᠷᠢ ᠲᠦᠪᠰᠢᠨ ᠢ | ᠳᠡᠭᠡᠭᠰᠢᠯᠡᠬᠦᠯᠦᠨ᠂ ᠭᠠᠮᠰᠢᠭ ᠢ ᠰᠡᠷᠭᠡᠶᠢᠯᠡᠬᠦ ᠭᠠᠮᠰᠢᠭ ᠠᠴᠠ ᠠᠪᠤᠷᠠᠬᠤ ᠪᠠ ᠭᠡᠨᠡᠳᠲᠡ ᠡᠬᠦᠰᠬᠦ ᠬᠡᠷᠡᠭ ᠠᠳᠡᠯ ᠢ | ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ ᠨᠡᠮᠡᠭᠳᠡᠭᠦᠯᠦᠨ᠎ᠡ᠃ | ᠨᠡᠶᠢᠭᠡᠮ ᠤᠨ ᠵᠠᠰᠠᠯᠲᠠ ᠶᠢ ᠪᠦᠬᠦ ᠲᠠᠯ᠎ᠠ ᠪᠠᠷ ᠰᠢᠨᠡᠴᠢᠯᠡᠬᠦ ᠪᠠ ᠴᠢᠩᠭᠠᠳᠬᠠᠨ᠎ᠠ᠃ ᠬᠠᠤᠯᠢ ᠶᠣᠰᠣᠭᠠᠷ | ᠬᠤᠰᠢᠭᠤ ᠪᠠᠨ ᠵᠠᠰᠠᠬᠤ ᠡᠯ᠎ᠡ ᠲᠥᠷᠦᠯ ᠤᠨ ᠠᠵᠢᠯ ᠤᠨ ᠳᠦᠷᠢᠮ ᠢ ᠲᠡᠬᠦᠯᠳᠡᠷᠵᠢᠬᠦᠯᠦᠨ᠂ ᠨᠠᠢᠮᠠᠳᠤᠭᠠᠷ ᠲᠠᠪᠤᠨ | ᠵᠢᠯ ᠤᠨ ᠬᠠᠤᠯᠢ ᠴᠠᠭᠠᠵᠠ ᠶᠢ ᠲᠦᠭᠡᠮᠡᠯᠵᠢᠭᠦᠯᠬᠦ ᠠᠵᠢᠯ ᠢ ᠠᠬᠢᠭᠤᠯᠵᠤ᠂ ᠤᠯᠠᠨ ᠨᠡᠶᠢᠲᠡ ᠶᠢᠨ ᠬᠠᠤᠯᠢ ᠴᠠᠭᠠᠵᠠ ᠶᠢᠨ | ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠎ᠡ᠃ ᠰᠢᠨ᠎ᠡ ᠴᠠᠭ ᠦᠶ᠎ᠡ ᠶᠢᠨ ︽ᠹᠧᠩ ᠴᠢᠶᠤᠤ ᠶᠢᠨ | ᠲᠤᠷᠰᠢᠯᠭ᠎ᠠ︾ ᠶᠢ ᠰᠤᠷᠤᠯᠴᠠᠨ ᠲᠦᠭᠡᠮᠡᠯᠵᠢᠬᠦᠯᠵᠦ᠂ ᠨᠢᠭᠡ ᠴᠣᠭᠴᠠᠵᠢᠭᠤᠯᠤᠭᠰᠠᠨ ᠰᠤᠷᠢᠯᠲᠠ ᠶᠢ ᠠᠵᠢᠯᠯᠠᠭᠤᠯᠬᠤ | ᠲᠤᠭᠲᠠᠯᠴᠠᠭ᠎ᠠ ᠶᠢ ᠪᠠᠶᠢᠭᠤᠯᠤᠨ᠂ ᠬᠠᠤᠯᠢ ᠴᠠᠭᠠᠵᠠ ᠶᠢᠨ ᠰᠠᠯᠪᠦᠷᠢ ᠶᠢᠨ ᠲᠦᠷᠢᠮᠵᠢᠭᠰᠡᠨ ᠪᠠᠶᠢᠭᠤᠯᠤᠯᠲᠠ ᠶᠢᠨ | ᠭᠤᠷᠪᠠᠨ ᠵᠢᠯ ᠤᠨ ᠠᠵᠢᠯᠯᠠᠭ᠎ᠠ ᠶᠢ ᠥᠷᠨᠢᠭᠦᠯᠵᠦ᠂ ᠵᠠᠬᠢᠳᠠᠯ ᠰᠣᠷᠪᠤᠯᠵᠢᠯᠠᠭ᠎ᠠ ᠶᠢᠨ ᠬᠠᠤᠯᠢᠵᠢᠭᠰᠠᠨ ᠪᠠᠶᠢᠭᠤᠯᠤᠯᠲᠠ ᠶᠢ | ᠠᠬᠢᠭᠤᠯᠤᠨ᠂ ᠵᠥᠷᠢᠴᠡᠯ ᠵᠢᠭᠤᠷᠠᠭᠠᠨ ᠢ ᠴᠠᠭ ᠲᠤᠬᠠᠢ ᠳᠤᠨᠢ ᠡᠶᠡᠳᠡᠬᠦᠯᠦᠨ ᠰᠢᠢᠳᠪᠦᠷᠢᠯᠡᠨ᠎ᠡ᠃ ᠦᠵᠡᠯ | ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠤᠨ᠂ | ᠡᠷᠡᠮᠡᠭᠡᠶᠢᠯᠡᠨ ᠳᠠᠪᠰᠢᠭᠰᠠᠨ ᠰᠢᠨ᠎ᠡ ᠴᠠᠭ ᠦᠶ᠎ᠡ ᠶᠢᠨ ᠭᠤᠣᠯ ᠤᠷᠤᠰᠬᠠᠯᠲᠤ ᠦᠵᠡᠯ ᠰᠠᠨᠠᠭ᠎ᠠ ᠶᠠᠷᠢᠶ᠎ᠠ ᠬᠡᠯᠡᠯᠴᠡᠭᠡ ᠶᠢ | ᠪᠠᠳᠤᠵᠢᠭᠤᠯᠤᠨ᠎ᠠ᠃ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠳᠤ ᠲᠦᠬᠦᠮ ᠦᠵᠡᠬᠦᠯᠬᠦ | ᠤᠳᠠᠰᠤ ᠪᠠᠷ ᠲᠤᠰᠬᠠᠭᠰᠠᠨ ᠠᠷᠠᠳ ᠣᠯᠠᠨ ᠤ ᠭᠤᠶᠤᠴᠢᠯᠠᠯ᠂ ᠬᠦᠰᠡᠯ ᠱᠠᠭᠠᠷᠳᠠᠯᠭ᠎ᠠ ᠳᠤ ᠴᠠᠭ ᠲᠤᠬᠠᠢ ᠳᠤᠨᠢ | ᠬᠠᠷᠢᠭᠤᠯᠲᠠ ᠥᠭᠴᠦ ᠰᠢᠢᠳᠪᠦᠷᠢᠯᠡᠨ᠎ᠡ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯ ᠢ ᠪᠠᠶᠢᠩᠭᠤ | ᠥᠷᠨᠢᠬᠦᠯᠦᠨ᠂ ᠬᠤᠯᠠᠭᠠᠶᠢᠯᠠᠬᠤ᠂ ᠪᠤᠯᠢᠶᠠᠬᠤ᠂ ᠮᠡᠬᠡᠯᠡᠬᠦ᠂ ᠱᠠᠯᠢᠭ ᠵᠠᠪᠬᠠᠢ᠂ ᠵᠣᠭᠤᠰ ᠨᠠᠭᠠᠳᠬᠤ᠂ ᠬᠤᠣᠷᠲᠤ ᠡᠳ᠋ | ᠠᠷᠠᠯᠵᠢᠶᠠᠯᠠᠬᠤ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠵᠠᠯᠬᠠᠭᠠᠨ | ᠰᠢᠢᠳᠭᠡᠵᠦ᠂ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ᠂ ᠳᠠᠮᠵᠢᠭᠤᠯᠤᠨ ᠪᠣᠷᠣᠯᠠᠭᠤᠯᠬᠤ ᠵᠡᠷᠭᠡ ᠠᠵᠤ | ᠠᠬᠤᠢ ᠶᠢᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠤᠪᠢ ᠬᠥᠮᠥᠨ ᠤ ᠮᠡᠳᠡᠭᠡ ᠵᠠᠩᠭᠢ ᠳᠤ ᠲᠣᠷ᠎ᠠ | ᠪᠠᠷ ᠬᠠᠯᠳᠠᠬᠤ ᠵᠡᠷᠭᠡ ᠶᠠᠯᠠᠲᠤ ᠠᠵᠢᠯᠯᠠᠭ᠎ᠠ ᠶᠢ ᠴᠡᠭᠴᠡᠯᠡᠨ ᠵᠠᠰᠠᠵᠤ᠂ ᠠᠷᠠᠳ ᠤᠯᠠᠨ ᠤ ᠠᠮᠤᠷ ᠲᠦᠪᠰᠢᠨ ᠤ | ᠮᠡᠳᠡᠷᠡᠮᠵᠢ ᠶᠢ ᠳᠡᠭᠡᠭᠰᠢᠯᠡᠭᠦᠯᠦᠨ᠎ᠡ᠃ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠤᠭᠲᠠᠯᠴᠠᠭ᠎ᠠ ᠶᠢ ᠤᠯᠠᠮ | ᠨᠢᠭᠡ ᠠᠯᠬᠤᠮ ᠲᠡᠭᠦᠯᠳᠡᠷᠵᠢᠭᠦᠯᠵᠦ᠂ 2 ᠪᠠᠷᠢᠮᠵᠢᠶᠠᠵᠢᠭᠰᠠᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ | ᠰᠠᠯᠪᠦᠷᠢ ᠶᠢ ᠪᠠᠶᠢᠭᠤᠯᠵᠤ᠂ ᠠᠷᠠᠳ ᠣᠯᠠᠨ ᠤ ᠢᠳᠡᠭᠡᠨ ᠤ ᠵᠦᠢᠯᠡᠰ ᠡᠮ ᠤᠨ ᠵᠦᠢᠯᠡᠰ ᠤᠨ ᠠᠮᠤᠷ ᠲᠦᠪᠰᠢᠨ ᠢ | ᠦᠨᠡᠨᠬᠦ ᠪᠠᠲᠤᠯᠠᠨ᠎ᠠ᠃ ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ | ᠪᠠᠶᠢᠭᠤᠯᠬᠤ ᠠᠵᠢᠯ ᠢ ᠥᠨᠳᠥᠷ ᠪᠠᠷᠢᠮᠵᠢᠶ᠎ᠠ ᠪᠠᠷ ᠰᠠᠶᠢᠲᠤᠷ ᠠᠳᠬᠤᠨ᠎ᠠ᠃ ᠨᠡᠶᠢᠲᠡ ᠶᠢᠨ ᠠᠰᠠᠷᠠᠮᠵᠢ ᠪᠠ | ᠨᠢᠭᠦᠯᠡᠰᠦᠩᠭᠦᠢ ᠦᠢᠯᠡᠰ ᠢ ᠢᠳᠡᠪᠬᠢᠲᠡᠢ ᠬᠥᠭᠵᠢᠭᠦᠯᠦᠨ᠎ᠡ᠃ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ | ᠡᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠵᠡᠷᠭᠡ ᠤᠯᠠᠨ ᠲᠦᠮᠡᠨᠴᠢ ᠪᠦᠯᠬᠦᠮ ᠤᠨ ᠵᠣᠬᠢᠶᠠᠨ | ᠪᠠᠶᠢᠭᠤᠯᠤᠯᠲᠠ ᠶᠢᠨ ᠠᠵᠢᠯ ᠢ ᠲᠡᠮᠵᠢᠵᠤ᠂ ᠰᠠᠶᠢᠨ ᠳᠤᠷᠠᠴᠤᠳ ᠵᠡᠷᠭᠡ ᠨᠡᠶᠢᠭᠡᠮ ᠤᠨ ᠬᠦᠴᠦᠨ ᠤ ᠦᠢᠯᠡᠳᠦᠯ ᠢ | ᠬᠦᠢᠴᠡᠳ ᠪᠠᠳᠠᠷᠠᠭᠤᠯᠤᠨ᠎ᠠ᠃ ᠡᠮᠡᠭᠲᠡᠶᠢᠴᠦᠳ᠂ ᠬᠡᠦᠬᠡᠳ᠂ ᠨᠠᠰᠤᠲᠠᠶᠢᠴᠤᠳ ᠪᠠ ᠵᠡᠮᠳᠡᠭᠴᠦᠳ ᠤᠨ ᠬᠠᠤᠯᠢ | ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ | ᠦᠨᠳᠦᠰᠦᠲᠡᠨ ᠤ ᠠᠵᠢᠯ ᠢ ᠪᠦᠬᠦ ᠲᠠᠯ᠎ᠠ ᠪᠠᠷ ᠴᠢᠩᠭᠠᠳᠬᠠᠨ᠎ᠠ᠃ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠵᠢᠯᠣᠭᠤᠳᠤᠮᠵᠢ ᠪᠣᠯᠭᠠᠨ᠂ ᠪᠥᠬᠦ ᠤᠯᠤᠰ ᠤᠨ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠠᠵᠢᠯ ᠢ | ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ︽ᠨᠠᠢᠮᠠ ᠶᠢ ᠠᠬᠢᠭᠤᠯᠬᠤ︾ ᠠᠵᠢᠯᠯᠠᠭ᠎ᠠ ᠶᠢ | ᠦᠷᠭᠦᠯᠵᠢᠯᠡᠨ ᠥᠷᠨᠢᠭᠦᠯᠵᠦ᠂ ᠡᠯ᠎ᠡ ᠦᠨᠳᠦᠰᠦᠳᠡᠨ ᠤ ᠬᠠᠷᠢᠯᠴᠠᠭ᠎ᠠ ᠶᠠᠪᠤᠯᠴᠠᠭ᠎ᠠ ᠶᠢ ᠠᠬᠢᠭᠤᠯᠤᠨ᠎ᠠ᠃ | ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢᠨ ᠬᠠᠤᠯᠢ ᠪᠠᠷ ᠵᠠᠰᠠᠬᠤ ᠬᠢᠷᠢ ᠲᠦᠪᠰᠢᠨ ᠢ ᠳᠡᠭᠡᠭᠰᠢᠯᠡᠭᠦᠯᠵᠦ᠂ | ᠡᠯ᠎ᠡ ᠦᠨᠳᠦᠰᠦᠳᠡᠨ ᠤ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ | ︵ᠲᠤᠯᠤᠭ᠎ᠠ︶ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠨ᠂ ᠪᠣᠳᠠᠲᠠᠢ ᠶᠢ ᠡᠷᠬᠢᠮᠯᠡᠵᠦ᠂ ᠠᠷᠠᠳ | ᠲᠦᠮᠡᠨ ᠳᠤ ᠮᠡᠳᠡᠷᠡᠭᠳᠡᠭᠰᠡᠨ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠤᠨ᠎ᠠ | ᠤᠯᠤᠰ ᠲᠦᠷᠦ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠨ᠎ᠠ᠃ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠤ᠂ ︽ᠬᠤᠶᠠᠷ ᠢ ᠲᠣᠭᠲᠠᠭᠠᠬᠤ︾ ᠶᠢ ᠡᠷᠡᠰ | ᠬᠠᠮᠠᠭᠠᠯᠠᠵᠤ᠂ ︽ᠲᠦᠷᠪᠡᠨ ᠤᠬᠠᠮᠰᠠᠷ︾ ᠢ ᠴᠢᠩᠭᠠᠳᠬᠠᠨ᠂ ︽ᠲᠦᠷᠪᠡᠨ ᠢᠲᠡᠭᠡᠯ︾ ᠢ ᠪᠠᠲᠤᠳᠬᠠᠵᠤ᠂ ︽ | ᠬᠤᠶᠠᠷ ᠢ ᠬᠠᠮᠠᠭᠠᠯᠠᠬᠤ︾ ᠶᠢ ᠪᠡᠶᠡᠯᠡᠬᠦᠯᠦᠨ᠂ ᠤᠯᠤᠰ ᠲᠦᠷᠦ ᠶᠢᠨ ᠵᠣᠭᠰᠣᠯᠲᠠ᠂ ᠤᠯᠤᠰ ᠲᠦᠷᠦ ᠶᠢᠨ ᠴᠢᠭᠯᠡᠯ᠂ | ᠤᠯᠤᠰ ᠲᠥᠷᠦ ᠶᠢᠨ ᠵᠠᠷᠴᠢᠮ ᠪᠠ ᠤᠯᠤᠰ ᠲᠥᠷᠦ ᠶᠢᠨ ᠵᠠᠮ ᠱᠣᠭᠤᠮ ᠤᠨ ᠲᠠᠯ᠎ᠠ ᠪᠠᠷ ᠨᠠᠮ ᠤᠨ ᠲᠥᠪ | ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠶᠢ ᠪᠠᠲᠤᠯᠠᠨ᠎ᠠ᠃ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠣᠶᠤᠨ ᠢᠶᠠᠨ | ᠵᠡᠪᠰᠡᠭᠯᠡᠵᠦ᠂ ᠳᠡᠭᠡᠳᠦ ᠱᠠᠲᠤᠨ ᠤ ᠴᠢᠭᠯᠡᠯᠲᠡ ᠲᠦᠷᠦ ᠶᠢᠨ ᠪᠣᠳᠣᠯᠭ᠎ᠠ ᠶᠢ ᠣᠨᠣᠪᠴᠢᠲᠠᠢ ᠡᠵᠡᠮᠰᠢᠵᠦ᠂ ᠠᠶᠢᠮᠠᠭ ᠤᠨ | ᠨᠠᠮ ᠤᠨ ᠬᠤᠷᠢᠶ᠎ᠠ᠂ ᠵᠠᠬᠢᠷᠭ᠎ᠠ᠂ ᠬᠤᠰᠢᠭᠤ ᠨᠠᠮ ᠤᠨ ᠬᠤᠷᠢᠶᠠᠨ ᠤ ᠡᠯ᠎ᠡ ᠲᠥᠷᠦᠯ ᠤᠨ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠭᠤᠶᠢᠪᠢᠰᠢ ᠦᠭᠡᠢ ᠨᠠᠶᠢᠳᠠᠪᠤᠷᠢᠵᠢᠭᠤᠯᠬᠤ ᠶᠢ ᠪᠠᠲᠤᠯᠠᠨ᠎ᠠ᠃ | ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠢᠮᠠᠭᠲᠠ ᠪᠠᠷᠢᠮᠲᠠᠯᠠᠨ᠎ᠠ᠃ | ᠬᠠᠤᠯᠢᠵᠢᠭᠰᠠᠨ ᠵᠠᠰᠠᠭ ᠤᠨ ᠪᠠᠶᠢᠭᠤᠯᠤᠯᠲᠠ ᠶᠢ ᠠᠬᠢᠭᠤᠯᠵᠤ᠂ ᠵᠠᠰᠠᠭ ᠤᠨ ᠣᠷᠳᠣᠨ ᠤ ᠪᠦᠬᠦ ᠠᠵᠢᠯ ᠢ ᠬᠠᠤᠯᠢ | ᠶᠤᠰᠤᠭᠠᠷ ᠴᠢᠩᠭ᠎ᠠ ᠵᠠᠰᠠᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ | ᠬᠤᠷᠢᠶᠠᠨ ᠤ ᠬᠠᠤᠯᠢ ᠴᠠᠭᠠᠵᠠ ᠶᠢᠨ ᠬᠢᠨᠠᠯᠲᠠ ᠪᠠ ᠠᠵᠢᠯ ᠤᠨ ᠬᠢᠨᠠᠯᠲᠠ ᠶᠢ ᠬᠠᠤᠯᠢ ᠶᠤᠰᠤᠭᠠᠷ ᠬᠦᠯᠢᠶᠡᠵᠦ᠂ ᠤᠯᠤᠰ | ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠪᠠ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠬᠢᠨᠠᠯᠲᠠ ᠶᠢ | ᠤᠬᠠᠮᠰᠠᠷ ᠠᠴᠠ ᠪᠠᠨ ᠬᠦᠯᠢᠶᠡᠨ ᠠᠪᠴᠤ᠂ ᠨᠡᠶᠢᠭᠡᠮ ᠤᠨ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠶᠢ | ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠦᠬᠦ ᠲᠠᠯ᠎ᠠ ᠪᠠᠷ | ᠬᠡᠷᠡᠭᠵᠢᠬᠦᠯᠦᠨ᠂ ᠡᠷᠬᠡ ᠶᠢ ᠢᠯᠡ ᠪᠠᠷ ᠬᠡᠷᠡᠭᠵᠢᠬᠦᠯᠦᠨ᠎ᠡ᠃ ᠬᠢᠨᠠᠨ ᠪᠣᠳᠣᠯᠲᠠ ᠶᠢᠨ ᠬᠢᠨᠠᠯᠲᠠ ᠶᠢ ᠴᠢᠩᠭᠠᠳᠬᠠᠨ᠎ᠠ᠃ | ︽ᠭᠤᠷᠪᠠᠨ ᠴᠢᠬᠤᠯᠠ ᠨᠢᠭᠡ ᠲᠤᠮᠤ︾ ᠬᠠᠮᠲᠤ ᠪᠠᠷ ᠬᠡᠷᠡᠭ ᠵᠥᠪᠯᠡᠵᠦ ᠰᠢᠢᠳᠪᠦᠷᠢᠲᠦ ᠪᠣᠳᠣᠯᠭ᠎ᠠ ᠲᠣᠭᠲᠠᠭᠠᠬᠤ | ᠳᠦᠷᠢᠮ ᠢ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨᠴᠢ᠂ ᠠᠷᠠᠳᠴᠢᠯᠠᠯ ᠢᠶᠠᠷ᠂ ᠬᠠᠤᠯᠢ ᠶᠣᠰᠣᠭᠠᠷ | ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠦᠨᠡᠨ ᠬᠦ ᠪᠠᠲᠤᠯᠠᠨ᠎ᠠ᠃ ᠬᠠᠤᠯᠢ ᠲᠣᠭᠲᠠᠭᠠᠯ ᠶᠣᠰᠣᠭᠠᠷ ᠬᠢᠭᠰᠡᠨ | ᠠᠮᠠᠯᠠᠯᠲᠠ ᠪᠠᠨ ᠪᠡᠶᠡᠯᠡᠭᠦᠯᠵᠦ᠂ ᠨᠡᠶᠢᠭᠡᠮ ᠤᠨ ᠢᠳᠡᠭᠡᠮᠵᠢ ᠪᠠ ᠬᠡᠷᠡᠭᠵᠢᠬᠦᠯᠬᠦ ᠬᠦᠴᠦᠨ ᠢᠶᠠᠨ ᠨᠡᠮᠡᠭᠳᠡᠬᠦᠯᠦᠨ᠎ᠡ᠃ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠳᠦᠷᠢᠮ ᠪᠠ ᠬᠠᠷᠢᠭᠤᠴᠠᠯᠭ᠎ᠠ ᠨᠡᠬᠡᠮᠵᠢᠯᠡᠬᠦ | ᠳᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ | ᠠᠵᠢᠯᠯᠠᠭ᠎ᠠ ᠶᠢ ᠡᠷᠡᠰ ᠪᠠᠶᠢᠴᠠᠭᠠᠨ ᠰᠢᠢᠳᠪᠦᠷᠢᠯᠡᠵᠦ᠂ ᠲᠥᠪ ᠭᠤᠥᠯᠴᠢ ᠪᠤᠰᠤ ᠪᠣᠯᠪᠠᠰᠤᠨ ᠪᠤᠰᠤ ᠦᠵᠡᠭᠳᠡᠯ ᠢ ᠡᠷᠡᠰ | ᠴᠢᠩᠭ᠎ᠠ ᠴᠡᠭᠴᠡᠯᠡᠨ ᠵᠠᠰᠠᠨ᠎ᠡ᠃ | ᠨᠠᠮ ᠤᠨ ᠰᠤᠷᠲᠠᠯ ᠪᠠ ᠴᠢᠬᠡᠴᠢ ᠵᠠᠰᠠᠭ ᠤᠨ ᠪᠠᠶᠢᠭᠤᠯᠤᠯᠲᠠ ᠶᠢ ᠭᠦᠨᠵᠡᠭᠡᠢ ᠲᠦᠯᠬᠢᠨ ᠠᠬᠢᠭᠤᠯᠤᠨ᠎ᠠ᠃ | ᠨᠠᠮ ᠤᠨ ᠲᠥᠪ ᠬᠤᠷᠢᠶᠠᠨ ᠤ ︽ᠨᠠᠢᠮᠠᠨ ᠵᠤᠷᠪᠤᠰ ᠲᠣᠭᠲᠠᠭᠠᠯ︾ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ | ᠰᠠᠨᠠᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠲᠦᠷᠪᠡᠨ ᠰᠤᠷᠲᠠᠯ︾ ᠢ ᠵᠠᠯᠠᠷᠠᠭᠤᠯᠬᠤ ᠶᠢ | ᠤᠷᠳᠤ ᠬᠤᠭᠤᠴᠠᠭ᠎ᠠ ᠪᠠᠷ ᠪᠠᠷᠢᠮᠲᠠᠯᠠᠨ᠎ᠠ᠃ ᠠᠯᠪᠠᠯᠠᠬᠤ ᠭᠡᠷ ᠪᠠᠶᠢᠰᠢᠩ ᠤᠨ ᠬᠡᠷᠡᠭᠯᠡᠭᠡ ᠶᠢ ᠲᠥᠷᠢᠮᠵᠢᠬᠦᠯᠦᠨ᠂ ᠪᠥᠬᠦ | ᠬᠤᠰᠢᠭᠤᠨ ᠤ ᠠᠯᠪᠠᠨ ᠤ ᠲᠡᠷᠭᠡ ᠶᠢ ᠲᠥᠪᠯᠡᠷᠡᠭᠦᠯᠦᠨ ᠨᠢᠭᠡᠳᠦᠯᠲᠡᠢ ᠬᠠᠮᠢᠶᠠᠷᠬᠤ ᠶᠢ ᠪᠡᠶᠡᠯᠡᠭᠦᠯᠵᠦ᠂ ᠠᠷᠪᠢᠯᠠᠨ | ᠭᠠᠮᠨᠠᠬᠤ ᠬᠡᠯᠪᠡᠷᠢ ᠶᠢᠨ ᠪᠠᠶᠢᠭᠤᠯᠭ᠎ᠠ ᠶᠢ ᠡᠭᠦᠳᠦᠨ ᠪᠠᠶᠢᠭᠤᠯᠬᠤ ᠶᠢ ᠦᠷᠭᠦᠯᠵᠢᠯᠡᠨ ᠠᠬᠢᠭᠤᠯᠤᠨ᠎ᠠ᠃ ᠠᠷᠪᠢᠯᠠᠨ | ᠭᠠᠮᠨᠠᠬᠤ ᠦᠵᠡᠯ ᠰᠠᠨᠠᠭ᠎ᠠ ᠶᠢ ᠪᠤᠢ ᠪᠣᠯᠭᠠᠵᠤ᠂ ︽ᠭᠤᠷᠪᠠᠨ ᠵᠦᠢᠯ ᠤᠨ ᠠᠯᠪᠠᠨ ᠤ ᠵᠠᠷᠤᠳᠠᠯ︾ ᠪᠠ ᠡᠩ ᠤᠨ | ᠴᠢᠨᠠᠷᠲᠠᠢ ᠵᠠᠷᠤᠯᠭ᠎ᠠ ᠶᠢ ᠴᠢᠩᠭ᠎ᠠ ᠬᠢᠵᠠᠭᠠᠷᠯᠠᠨ᠎ᠠ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ᠥᠷᠢᠲᠦᠵᠦ | ᠪᠠᠶᠢᠭ᠎ᠠ ᠦᠷᠢ ᠥᠭᠴᠡᠭᠡ ᠪᠠ ᠣᠨ ᠤ ᠥᠷᠢ ᠥᠭᠴᠡᠭᠡ ᠶᠢ ᠠᠷᠢᠯᠭᠠᠬᠤ ᠡᠭᠦᠷᠭᠡ ᠶᠢ ᠪᠡᠶᠡᠯᠡᠭᠦᠯᠵᠦ᠂ ᠥᠷᠢ | ᠥᠭᠴᠡᠭᠡᠨ ᠤ ᠬᠡᠮᠵᠢᠶ᠎ᠡ ᠪᠠ ᠠᠶᠤᠯ ᠲᠦᠭᠰᠢᠭᠦᠷᠢ ᠶᠢ ᠪᠠᠭᠠᠰᠬᠠᠨ᠎ᠠ᠃ ᠺᠠᠳ᠋ᠷ ᠢ ᠬᠠᠶᠢᠷᠠᠯᠠᠨ ᠬᠠᠯᠠᠮᠵᠢᠯᠠᠵᠤ᠂ | ᠤᠷᠮᠠᠰᠢᠭᠤᠯᠤᠨ ᠬᠢᠵᠠᠭᠠᠠᠷᠯᠠᠠᠬᠤ ᠪᠠ ᠲᠤᠰᠢᠶᠠᠯ ᠢᠶᠠᠨ ᠬᠦᠢᠴᠡᠳᠭᠡᠪᠡᠯ ᠬᠠᠷᠢᠭᠤᠴᠠᠯᠭ᠎ᠠ ᠠᠴᠠ ᠬᠡᠯᠳᠦᠷᠢᠬᠦᠯᠬᠦ | ᠲᠤᠭᠲᠠᠯᠴᠠᠭ᠎ᠠ ᠶᠢ ᠲᠡᠬᠦᠯᠳᠡᠷᠵᠢᠬᠦᠯᠦᠨ᠂ ᠬᠠᠷᠢᠭᠤᠴᠠᠯᠭ᠎ᠠ ᠡᠬᠦᠷᠭᠡᠯᠡᠵᠦ᠂ ᠵᠤᠷᠢᠭᠲᠠᠢ ᠠᠵᠢᠯᠯᠠᠭᠰᠠᠳ ᠢ ᠪᠦᠬᠦ | ᠬᠦᠴᠦᠨ ᠢᠶᠠᠷ ᠳᠡᠮᠵᠢᠨ᠎ᠡ᠃ ᠲᠡᠰᠪᠦᠷᠢ ᠬᠠᠳᠠᠭᠤᠵᠢᠯᠲᠠᠢ ᠲᠡᠮᠡᠴᠡᠬᠦ ᠡᠷᠬᠢᠮ ᠰᠤᠷᠳᠠᠯ ᠢ ᠦᠷᠬᠦᠯᠵᠢᠯᠡᠨ | ᠪᠠᠲᠠᠷᠭᠤᠯᠤᠨᠠ᠃ ᠰᠤᠷᠲᠠᠯ ᠴᠢᠬᠡᠴᠢ᠂ ᠣᠪᠣᠷ ᠲᠥᠪ᠂ ᠪᠣᠳᠠᠲᠠᠢ ᠶᠢ ᠡᠷᠬᠢᠮᠯᠡᠵᠦ᠂ ᠴᠢᠷᠮᠠᠶᠢᠨ ᠠᠵᠢᠯᠯᠠᠬᠤ ᠰᠠᠶᠢᠨ | ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠪᠤᠢ ᠪᠣᠯᠭᠠᠨ᠎ᠠ᠃ | ᠣᠪᠤᠷ ᠰᠤᠷᠲᠠᠯ ᠤᠨ ᠪᠠᠶᠢᠭᠤᠯᠤᠯᠲᠠ ᠶᠢ ᠬᠠᠯᠠᠨ ᠰᠠᠶᠢᠵᠢᠷᠠᠭᠤᠯᠬᠤ ᠪᠠ ᠴᠢᠩᠭᠠᠳᠬᠠᠨ᠎ᠠ᠃ ︽ᠪᠢ ᠬᠦᠮᠦᠨ | ᠢ ᠬᠦᠷᠬᠦ ᠦᠭᠡᠢ︾᠂ ︽ᠬᠦᠭᠵᠢᠬᠦᠯᠬᠦ ᠶᠢ ᠲᠡᠩᠳᠡᠬᠦᠦ ᠶᠠᠭᠠᠷᠠᠬᠤ ᠬᠡᠷᠡᠭ ᠦᠭᠡᠢ︾᠂ ︽ᠶᠠᠪᠤᠴᠠ ᠶᠢ | ᠴᠢᠬᠤᠯᠠᠴᠢᠯᠠᠨ᠂ ᠦᠷ᠎ᠡ ᠳ᠋ᠥᠩ ᠢ ᠤᠮᠳᠤᠭᠠᠶᠢᠯᠠᠬᠤ︾᠂ ︽ᠵᠣᠷ ᠦᠭᠡᠢ ᠪᠣᠯ ᠡᠮ ᠥᠭᠴᠦ ᠴᠢᠳᠠᠬᠤ ᠦᠭᠡᠢ︾᠂ | ︽ᠨᠢᠳᠦᠨ ᠡᠮᠦᠨᠡᠬᠢ ᠪᠠᠨ ᠯᠠ ᠬᠠᠷᠠᠵᠤ᠂ ᠠᠯᠤᠰ ᠤᠨ ᠪᠤᠳᠣᠯᠭ᠎ᠠ ᠦᠭᠡᠢ︾᠂ ︽ᠨᠠᠷᠢᠨ ᠵᠦᠢᠯᠡᠰ ᠢ | ᠤᠮᠳᠤᠭᠠᠶᠢᠯᠠᠨ᠂ ᠪᠠᠷᠤᠭ ᠲᠥᠯᠦᠪ ᠥᠩᠭᠡᠷᠡᠬᠡᠬᠦ︾᠂ ︽ᠦᠢᠯᠡᠳᠪᠦᠷᠢᠯᠡᠯ ᠢ ᠴᠢᠬᠤᠯᠠᠴᠢᠯᠠᠨ᠂ ᠡᠵᠡᠩᠨᠡᠯᠲᠡ ᠶᠢ | ᠤᠮᠳᠤᠭᠠᠶᠢᠯᠠᠬᠤ︾ ᠵᠡᠷᠭᠡ ᠦᠵᠡᠯᠲᠡ ᠪᠣᠳᠣᠯ ᠢ ᠡᠷᠡᠰ ᠲᠡᠪᠴᠢᠵᠤ᠂ ᠬᠦᠪᠡᠭᠡᠳᠦ ᠰᠢᠷ᠎ᠡ ᠬᠤᠰᠢᠭᠤᠨ ᠤ ᠵᠤᠷᠢᠭ | ᠰᠠᠨᠠᠭ᠎ᠠ ᠶᠢ ᠤᠯᠠᠮᠵᠢᠯᠡᠨ ᠪᠠᠳᠠᠷᠠᠭᠤᠯᠵᠦ᠂ ᠮᠠᠩᠯᠠᠢ ᠳᠤ ᠨᠢ ᠭᠠᠷᠴᠦ᠂ ᠲᠡᠷᠢᠬᠦᠨ ᠤ ᠬᠢ ᠶᠢ ᠡᠭᠦᠳᠬᠦ ᠪᠠᠷᠢᠮᠵᠢᠶ᠎ᠡ ᠪᠠᠷ | ᠠᠵᠢᠯ ᠤᠨ ᠨᠠᠶᠢᠳᠠᠪᠦᠷᠢᠵᠢᠭᠤᠯᠤᠯᠳᠡ ᠶᠢ ᠴᠢᠩᠭ᠎ᠠ ᠠᠳᠬᠤᠨ᠎ᠡ᠃ | ᠲᠥᠯᠥᠭᠡᠯᠡᠭᠴᠢᠳ ᠠ᠋︕ ᠭᠠᠭᠴᠠ ᠬᠦ ᠬᠠᠳᠠᠭᠤᠵᠢᠯᠲᠠᠢ ᠲᠡᠮᠡᠴᠡᠵᠦ᠂ ᠰᠢᠨᠲᠠᠷᠠᠰᠢ ᠦᠭᠡᠢ ᠵᠢᠳᠬᠦᠪᠡᠯ ᠰᠠᠶ᠋ᠢ | ᠴᠠᠭ ᠦᠶ᠎ᠡ ᠪᠠ ᠠᠷᠠᠳ ᠲᠦᠮᠡᠨ ᠤ ᠬᠦᠰᠡᠯ ᠱᠠᠭᠠᠷᠳᠠᠯᠭ᠎ᠠ ᠲᠠᠢ ᠨᠡᠶᠢᠴᠡᠵᠦ ᠴᠢᠳᠠᠨ᠎ᠠ︕ ᠪᠢᠳᠡ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠬᠠᠷᠢᠭᠤᠴᠠᠯᠭᠠᠲᠤ ᠤᠬᠠᠮᠰᠠᠷ ᠢᠶᠠᠨ ᠴᠢᠩᠭᠠᠳᠬᠠᠨ᠂ ᠢᠲᠡᠭᠡᠯ ᠵᠣᠷᠢᠭ ᠢᠶᠠᠨ | ᠪᠠᠲᠤᠳᠬᠠᠵᠤ᠂ ᠨᠢᠭᠡ ᠰᠡᠳᠬᠢᠯ ᠨᠢᠭᠡ ᠵᠣᠷᠢᠭ ᠢᠶᠠᠷ ᠡᠷᠡᠯᠬᠡᠭᠯᠡᠨ ᠤᠷᠤᠭᠰᠢᠯᠠᠵᠤ᠂ ᠰᠢᠯᠢᠳᠡᠭ ᠬᠢᠷᠢ ᠪᠦᠲᠦᠮᠵᠢ ᠶᠢ | ᠲᠠᠬᠢᠨᠳᠡ ᠡᠭᠦᠳᠴᠦ᠂ ᠪᠠᠶᠠᠨ ᠴᠢᠨᠡᠭᠡᠯᠢᠭ ᠪᠣᠯᠪᠠᠰᠤᠨ ᠦᠵᠡᠰᠬᠦᠯᠡᠩᠲᠦ ᠰᠠᠶᠢᠬᠠᠨ ᠵᠣᠯ ᠵᠢᠷᠭᠠᠯᠲᠤ ᠨᠡᠶᠢᠭᠡᠮ | ᠵᠢᠷᠤᠮ ᠤᠨ ᠣᠳᠣᠬᠢᠴᠢᠯᠠᠭᠰᠠᠨ ᠬᠥᠪᠡᠭᠡᠲᠦ ᠰᠢᠷ᠎ᠠ ᠬᠤᠰᠢᠭᠤ ᠶᠢ ᠡᠷᠲᠡ ᠨᠢᠭᠡᠨ ᠡᠳᠦᠷ ᠪᠠᠶᠢᠭᠤᠯᠤᠨ ᠴᠣᠭᠴᠠᠯᠠᠬᠤ | ᠳᠤ ᠪᠠᠲᠤ ᠪᠠᠬᠢ ᠰᠠᠭᠤᠷᠢ ᠶᠢ ᠲᠠᠯᠪᠢᠶ᠎ᠠ᠃ | | | | | |