ᠰᠠᠭᠤᠭᠠᠯᠢ ᠠᠷᠠᠳ ᠤᠨ ᠰᠡᠳᠬᠢᠯ ᠳᠠᠬᠢ ︽ᠳᠣᠲᠣᠨᠣ ᠬᠥᠮᠦᠨ︾
ᠨᠡᠶᠢᠲᠡᠯᠡᠭᠰᠡᠨ ᠴᠠᠭ᠄
2023/7/18
 — ᠬᠥᠪᠡᠭᠡᠲᠦ ᠰᠢᠷ᠎ᠠ ᠬᠤᠰᠢᠭᠤᠨ ᠤ ᠮᠠᠨᠳᠤᠯ᠎ᠠ ᠨᠡᠶᠢᠭᠡᠮ ᠲᠣᠭᠤᠷᠢᠭ ᠤᠨ       ᠨᠠᠮ ᠤᠨ ᠡᠭᠦᠷ ᠤᠨ ᠱᠦᠵᠢ ᠴᠧᠨ ᠰᠦ᠋ ᠶᠢᠩ ᠢ ᠲᠡᠮᠳᠡᠭᠯᠡᠪᠡ                                                                                      ᠬᠥᠪᠡᠭᠡᠲᠦ ᠰᠢᠷ᠎ᠠ ᠬᠤᠰᠢᠭᠤᠨ ᠤ ᠮᠠᠨᠳᠤᠯ᠎ᠠ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠱᠦᠵᠢ ᠴᠧᠨ ᠰᠦ᠋ ᠶᠢᠩ ᠠᠷᠠᠳ ᠤᠯᠠᠨ ᠤ ᠬᠡᠷᠡᠭᠴᠡᠭᠡ ᠱᠠᠭᠠᠷᠳᠠᠯᠭ᠎ᠠ ᠶᠢ ᠲᠡᠷᠢᠭᠦᠨ ᠪᠠᠶᠢᠷᠢᠨ ᠳᠤ ᠲᠠᠯᠪᠢᠵᠤ᠂ ᠠᠵᠢᠯ ᠳᠠᠭᠠᠨ ᠴᠢᠩ ᠦᠨᠡᠨᠴᠢ ᠎ ᠪᠠᠷ ᠵᠢᠳᠬᠦᠨ᠂ ᠡᠪ ᠬᠠᠮᠲᠤ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠶᠢᠨ ᠦᠢᠯᠡᠳᠦᠯ ᠢᠶᠠᠨ ᠪᠠᠳᠠᠷᠠᠭᠤᠯᠵᠤ᠂ ᠰᠠᠭᠤᠭᠠᠯᠢ ᠠᠷᠠᠳ ᠤᠨ ᠰᠡᠳᠬᠢᠯ ᠳᠤ  ᠰᠠᠶᠢᠨ ᠰᠠᠶᠢᠬᠠᠨ ᠨᠦᠯᠦᠭᠡ ᠲᠤᠰᠬᠠᠯ ᠢ  ᠪᠤᠢ ᠪᠤᠯᠭᠠᠵᠠᠢ᠃        ᠴᠧᠨ ᠰᠦ᠋ ᠶᠢᠩ 2002 ᠣᠨ ᠠᠴᠠ ᠮᠠᠨᠳᠤᠯ᠎ᠠ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠱᠦᠵᠢ ᠶᠢᠨ ᠲᠤᠰᠢᠶᠠᠯ ᠢ ᠡᠬᠦᠷᠭᠡᠯᠡᠭᠰᠡᠨ ᠠᠴᠠ ᠨᠠᠭᠠᠰᠢ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠬᠦ ᠶᠢᠨ ᠲᠥᠯᠥᠭᠡ᠂ ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ ᠤᠯᠠᠨ᠂ ᠠᠵᠢᠯ ᠠᠴᠠ ᠪᠠᠨ ᠠᠮᠠᠷᠠᠭᠰᠠᠨ ᠨᠠᠮ ᠤᠨ ᠭᠡᠰᠢᠭᠦᠨ ᠤᠯᠠᠨ ᠵᠡᠷᠭᠡ ᠪᠣᠳᠠᠲᠤ ᠪᠠᠶᠢᠳᠠᠯ ᠳᠤ ᠴᠢᠭᠯᠡᠭᠦᠯᠦᠨ᠂ ᠲᠣᠭᠲᠠᠮᠠᠯ ᠬᠤᠭᠤᠴᠠᠭ᠎ᠠ ᠲᠠᠢ ᠪᠠᠷ ᠨᠠᠮ ᠤᠨ ᠭᠡᠰᠢᠭᠦᠨ ᠤ ᠶᠡᠭᠡ ᠬᠤᠷᠠᠯ ᠢ ᠬᠤᠷᠠᠯᠳᠤᠭᠤᠯᠵᠤ᠂ ᠨᠠᠮ ᠤᠨ ᠭᠡᠰᠢᠭᠦᠨ ᠤ ᠬᠥᠮᠦᠵᠢᠯ ᠬᠠᠮᠢᠶᠠᠷᠤᠯᠲᠠ ᠶᠢ ᠴᠢᠩᠭᠠᠳᠬᠠᠭᠰᠠᠨ ᠪᠥᠭᠡᠳ ᠠᠳᠠᠯᠢ ᠪᠤᠰᠤ ᠨᠠᠮ ᠤᠨ ᠭᠡᠰᠢᠭᠦᠨ ᠤ ᠪᠦᠲᠦᠴᠡ ᠲᠠᠢ ᠤᠶᠠᠯᠳᠤᠭᠤᠯᠤᠨ᠂ ᠠᠳᠠᠯᠢ ᠪᠤᠰᠤ ᠰᠤᠷᠤᠯᠴᠠᠬᠤ ᠠᠷᠭ᠎ᠠ ᠶᠢ ᠠᠪᠴᠤ᠂ ᠨᠠᠮ ᠤᠨ ᠭᠡᠰᠢᠭᠦᠳ ᠲᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠳᠠᠯ ᠢ ᠴᠠᠭ ᠲᠤᠬᠠᠢ ᠳᠤᠨᠢ ᠤᠢᠢᠯᠠᠭᠠᠭᠤᠯᠪᠠ᠃ ᠡᠭᠦᠨ ᠤ ᠬᠠᠮᠲᠤ᠂ ᠨᠠᠮ ᠤᠨ ᠭᠡᠰᠢᠭᠦᠨ ᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠭᠡᠰᠢᠭᠦᠨ ᠢ ᠳᠠᠭᠠᠭᠤᠯᠤᠨ ᠭᠠᠳᠠᠭᠰᠢ ᠭᠠᠷᠴᠤ ᠲᠡᠷᠢᠭᠦᠨ ᠤ ᠲᠤᠷᠰᠢᠯᠭ᠎ᠠ ᠶᠢ ᠰᠤᠷᠤᠯᠴᠠᠬᠤ᠂ ᠡᠯ᠎ᠡ ᠲᠦᠷᠦᠯ ᠤᠨ ᠭᠤᠣᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠬᠦ᠂ ᠲᠣᠭᠲᠠᠮᠠᠯ ᠨᠠᠮ ᠤᠨ ᠡᠳᠦᠷ ᠤᠨ ᠠᠵᠢᠯᠯᠠᠭ᠎ᠠ ᠬᠢᠬᠦ ᠵᠡᠷᠭᠡ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠲᠠᠯ᠎ᠠ ᠪᠠᠷ ᠰᠢᠨ᠎ᠡ ᠶᠢ ᠡᠭᠦᠳᠬᠦ ᠪᠠᠷ ᠳᠠᠮᠵᠢᠭᠤᠯᠤᠨ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠨᠢᠭᠲᠠᠷᠠᠯ ᠤᠨ ᠬᠦᠴᠦᠨ ᠢ ᠴᠢᠩᠭᠠᠳᠬᠠᠪᠠ᠃ ︽ᠪᠢ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠱᠦᠵᠢ ᠶᠢᠨ ᠲᠤᠰᠢᠶᠠᠯ ᠢ ᠡᠭᠦᠷᠭᠡᠯᠡᠭᠰᠡᠨ ᠠᠴᠠ ᠨᠠᠭᠠᠰᠢ᠂ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠶᠯᠡᠴᠢᠯᠡᠬᠦ ᠵᠣᠷᠢᠯᠲᠠ ᠶᠢ ᠪᠠᠲᠤ ᠴᠡᠭᠡᠵᠢᠯᠡᠵᠦ᠂ ᠰᠠᠭᠤᠭᠠᠯᠢ ᠠᠷᠠᠳ ᠤᠨ ᠬᠦᠰᠡᠯ ᠱᠠᠭᠠᠷᠳᠠᠯᠭ᠎ᠠ ᠶᠢ ᠨᠢᠭᠡᠳᠦᠭᠡᠷ ᠰᠣᠩᠭᠤᠯᠲᠠ ᠪᠣᠯᠭᠠᠵᠤ᠂ ᠴᠠᠭ ᠢᠮᠠᠭᠲᠠ ᠡᠪ ᠬᠠᠮᠲᠤ ᠨᠠᠮ ᠤᠨ ᠭᠡᠰᠢᠭᠦᠨ ᠤ ᠪᠠᠷᠢᠮᠵᠢᠶ᠎ᠠ ᠪᠠᠷ ᠥᠪᠡᠷ ᠢ ᠪᠠᠨ ᠱᠠᠭᠠᠷᠳᠠᠵᠤ᠂ ᠨᠡᠶᠢᠭᠡᠮ ᠲᠣᠭᠤᠷᠢᠭ ᠤᠨ ᠬᠤᠶᠠᠷ ᠵᠥᠪᠯᠡᠯ ᠤᠨ ᠪᠠᠭ ᠢ ᠳᠠᠭᠠᠭᠤᠯᠤᠨ ᠪᠦᠯᠬᠦᠮᠳᠡᠨ ᠬᠠᠮᠵᠢᠯᠴᠠᠵᠤ᠂ ᠰᠢᠨ᠎ᠡ ᠶᠢ ᠡᠭᠦᠳᠬᠦ ᠪᠠᠷ ᠴᠢᠷᠮᠠᠶᠢᠨ᠂ ᠲᠤᠷᠰᠢᠯᠭ᠎ᠠ ᠪᠠᠨ ᠳ᠋ᠦᠩᠨᠡᠵᠦ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ ᠠᠳᠬᠤᠨ ᠪᠣᠳᠠᠲᠠᠶ ᠠᠳᠬᠤᠵᠤ᠂ ᠳᠠᠭᠠᠭᠤᠯᠤᠭᠴᠢ ᠶᠢᠨ ᠦᠶᠯᠡᠳᠦᠯ ᠢᠶᠠᠨ ᠪᠠᠳᠠᠷᠠᠭᠤᠯᠪᠠ᠃ ᠬᠤᠶᠢᠰᠢᠳᠠ ᠪᠢ ᠡᠪ ᠬᠠᠮᠲᠤ ᠨᠠᠮ ᠤᠨ ᠭᠡᠰᠢᠭᠦᠨ ᠤ ᠰᠢᠯᠢᠳᠡᠭ ᠤᠯᠠᠮᠵᠢᠯᠠᠯ ᠪᠠ ᠬᠤᠰᠢᠭᠤᠴᠢ ᠵᠢᠱᠢᠶᠡᠴᠢ ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ ᠠᠷᠠᠳ ᠤᠯᠠᠨ ᠳᠤ ᠨᠡᠩ ᠰᠠᠶᠢᠨ ᠦᠢᠯᠡᠴᠢᠯᠡᠨ᠎ᠡ︾ ᠭᠡᠵᠦ ᠴᠧᠨ ᠰᠦ᠋ ᠶᠢᠩ ᠶᠠᠷᠢᠯ᠎ᠠ᠃        ᠨᠡᠶᠢᠭᠡᠮ ᠲᠣᠭᠤᠷᠢᠭ ᠤᠨ ᠠᠵᠢᠯ ᠪᠣᠯ ᠠᠷᠠᠳ ᠤᠯᠠᠨ ᠲᠠᠢ ᠰᠢᠭᠤᠳ ᠬᠠᠷᠢᠯᠴᠠᠬᠤ ᠠᠵᠢᠯ ᠪᠤᠯᠬᠤ ᠪᠠᠷ ᠪᠠᠷᠠᠬᠤ ᠦᠭᠡᠢ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠠᠷᠠᠳ ᠤᠯᠠᠨ ᠢ ᠬᠤᠯᠪᠣᠬᠤ ᠬᠤᠯᠪᠣᠭᠠᠰᠤ ᠮᠥᠨ᠃  ᠨᠠᠮ ᠤᠨ ᠬᠤᠷᠢᠶ᠎ᠠ ᠵᠠᠰᠠᠭ ᠤᠨ ᠣᠷᠳᠣᠨ ᠤ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ ᠴᠠᠭ ᠲᠤᠬᠠᠢ ᠳᠤᠨᠢ ᠤᠯᠠᠨ ᠲᠦᠮᠡᠨ ᠳᠤ ᠤᠬᠠᠭᠤᠯᠬᠤ ᠶᠢᠨ ᠲᠥᠯᠥᠭᠡ᠂ ᠴᠧᠨ ᠰᠦ᠋ ᠶᠢᠩ ᠦᠷᠭᠦᠯᠵᠢ ᠰᠠᠭᠤᠭᠠᠯᠢ ᠠᠷᠠᠳ ᠤᠨ ᠲᠣᠭᠤᠷᠢᠭ ᠢᠶᠠᠷ ᠭᠦᠡᠵᠡᠬᠡᠶᠢᠷᠡᠵᠥ᠂ ᠨᠡᠶᠢᠭᠡᠮ ᠲᠣᠭᠤᠷᠢᠭ ᠤᠨ ᠥᠷᠭᠡᠨ ᠤᠯᠠᠨ ᠨᠠᠮ ᠤᠨ ᠭᠡᠰᠢᠭᠦᠨ ᠢ ᠳᠠᠭᠠᠭᠤᠯᠤᠨ ᠰᠠᠭᠤᠭᠠᠯᠢ ᠠᠷᠠᠳ ᠲᠤ ᠬᠠᠯᠠᠭᠤᠨ ᠰᠡᠳᠬᠢᠯ ᠢᠶᠠᠷ ᠦᠢᠯᠡᠴᠢᠯᠡᠵᠦ᠂ ᠶᠠᠳᠠᠭᠤ ᠬᠦᠴᠢᠷᠳᠡᠯᠲᠡᠢ ᠬᠥᠮᠦᠰ ᠢ ᠬᠠᠪᠰᠤᠷᠤᠨ ᠲᠡᠳᠬᠦᠵᠦ᠂ ᠨᠠᠮ ᠤᠨ ᠬᠠᠶᠢᠷ᠎ᠠ ᠬᠠᠯᠠᠮᠵᠢ ᠶᠢ ᠤᠯᠠᠨ ᠲᠦᠮᠡᠨ ᠤ ᠳᠤᠮᠳᠠ ᠬᠦᠷᠭᠡᠪᠡ᠃        ᠤᠷᠴᠢᠮ ᠬᠥᠪᠡᠭᠡᠲᠦ ᠰᠢᠷ᠎ᠠ ᠬᠤᠰᠢᠭᠤᠨ ᠤ ᠵᠢᠶᠠ ᠯᠢᠶᠠᠨA ᠲᠣᠭᠤᠷᠢᠭ ᠤᠨ ᠰᠠᠭᠤᠭᠠᠯᠢ ᠠᠷᠠᠳ ᠸᠠᠩ ᠴᠢᠨ ᠬᠤᠶᠠᠷ ᠡᠪᠦᠳᠦᠭ ᠤᠨ ᠦᠶ᠎ᠡ ᠪᠠᠨ ᠰᠣᠯᠢᠬᠤ ᠮᠡᠰᠡ ᠵᠠᠰᠠᠯ ᠬᠢᠯᠭᠡᠭᠰᠡᠨ ᠪᠠᠶᠢᠳᠠᠯ ᠢ ᠮᠡᠳᠡᠭᠰᠡᠨ ᠤ ᠳᠠᠷᠠᠭ᠎ᠠ ᠴᠧᠨ ᠰᠦ᠋ ᠶᠢᠩ ᠲᠡᠷᠡ ᠳᠠᠷᠤᠢ ᠳᠤᠨᠢ ᠸᠠᠩ ᠴᠢᠨ ᠤ ᠡᠪᠡᠳᠴᠢᠨ ᠤ ᠪᠠᠶᠢᠳᠠᠯ ᠢ ᠯᠠᠪᠯᠠᠨ ᠠᠰᠠᠭᠤᠵᠤ᠂ ᠨᠡᠶᠢᠭᠡᠮ ᠲᠣᠭᠤᠷᠢᠭ ᠤᠨ ᠠᠵᠢᠯᠲᠠᠳ ᠲᠠᠢ ᠪᠠᠶᠢᠩᠭᠤ ᠬᠡᠷ ᠲᠤᠨᠢ ᠬᠦᠷᠴᠦ᠂ ᠨᠠᠰᠤᠲᠠᠨ ᠤ ᠡᠳᠦᠷ ᠲᠤᠳᠤᠮ ᠤᠨ ᠠᠮᠢᠳᠤᠷᠠᠯ ᠢ ᠬᠠᠷᠠᠭᠠᠯᠵᠠᠳᠠᠭ ᠪᠠᠶᠢᠯ᠎ᠠ᠃ ︽ᠪᠢ ᠪᠡᠭᠡᠵᠢᠩ ᠤᠨ ᠡᠮᠨᠡᠯᠭᠡ ᠶᠢᠨ ᠬᠤᠷᠢᠶᠠᠨ ᠳᠤ ᠰᠠᠭᠤᠵᠤ ᠪᠠᠶᠢᠬᠤ ᠦᠶ᠎ᠡ ᠳᠤ᠂ ᠴᠧᠨ ᠱᠦᠵᠢ ᠦᠷᠭᠦᠯᠵᠢ ᠤᠲᠠᠰᠤ ᠢᠷᠡᠵᠦ ᠬᠠᠯᠠᠮᠵᠢᠯᠠᠨ ᠠᠰᠠᠭᠤᠳᠠᠭ︔ ᠬᠠᠷᠢᠵᠤ ᠢᠷᠡᠭᠰᠡᠨ ᠤ ᠳᠠᠷᠠᠭ᠎ᠠ ᠴᠦ ᠨᠠᠮ᠎ᠠ ᠶᠢ ᠦᠷᠭᠦᠯᠵᠢ ᠦᠵᠡᠬᠦ ᠪᠠᠷ ᠢᠷᠡᠳᠡᠭ︔ ᠴᠧᠨ ᠱᠦᠵᠢ ᠨᠡᠶᠢᠭᠡᠮ ᠲᠣᠭᠤᠷᠢᠭ ᠤᠨ ᠬᠥᠮᠦᠨ ᠪᠤᠯᠭᠠᠨ ᠢ ᠬᠠᠯᠠᠮᠵᠢᠯᠠᠨ᠂ ᠰᠠᠭᠤᠭᠠᠯᠢ ᠠᠷᠠᠳ ᠤᠨ ᠬᠤᠭᠤᠷᠤᠨᠳᠤᠬᠢ ᠵᠦᠷᠢᠴᠡᠯ ᠢ ᠢᠳᠡᠪᠬᠢᠲᠡᠶ ᠡᠶᠡᠳᠡᠭᠦᠯᠳᠡᠭ︾ ᠭᠡᠵᠦ ᠰᠠᠭᠤᠭᠠᠯᠢ ᠠᠷᠠᠳ ᠸᠠᠩ ᠴᠢᠨ ᠶᠠᠷᠢᠵᠤ ᠪᠠᠶᠢᠯ᠎ᠠ᠃       ᠨᠡᠶᠢᠭᠡᠮ ᠲᠣᠭᠤᠷᠢᠭ ᠤᠨ ᠱᠦᠵᠢ ᠶᠢᠨ ᠲᠤᠰᠢᠶᠠᠯ ᠢ ᠬᠠᠷᠢᠭᠤᠴᠠᠵᠤ ᠪᠠᠶᠢᠭᠰᠠᠨ ᠬᠤᠷᠢᠨ ᠵᠢᠯ ᠤᠨ ᠬᠤᠭᠤᠴᠠᠭᠠᠨ ᠳᠤ ᠂ ᠴᠧᠨ ᠰᠦ᠋ ᠶᠢᠩ ᠤᠯᠠᠨ ᠠᠷᠪᠢᠠ ᠠᠷᠠᠳ ᠤᠨ ᠰᠡᠳᠬᠢᠯ ᠲᠤ ᠭᠦᠷᠥᠭᠰᠡᠡ ᠰᠠᠶᠢᠠ ᠤᠴᠢᠷ ᠶᠠᠪᠤᠳᠠᠯ ᠢ ᠬᠢᠵᠤ᠂ ᠰᠠᠭᠤᠭᠠᠯᠢ ᠠᠷᠠᠳ ᠤᠨ ᠢᠳᠡᠭᠡᠯ ᠢ ᠤᠯᠤᠠᠠᠰᠠᠠ ᠢᠶᠠᠷ ᠪᠠᠷᠠᠬᠤ ᠦᠭᠡᠢ᠂ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠰᠠᠶᠢᠨ ᠨᠤᠲᠠᠯᠠᠯᠲᠠ ᠎ ᠶᠢ ᠤᠯᠵᠤ᠂ 2014 ᠣᠨ ᠳᠤ ᠨᠡᠶᠢᠭᠡᠮ ᠲᠣᠭᠤᠷᠢᠭ ᠤᠨ ᠨᠠᠮ ᠤᠨ ᠡᠭᠦᠷ ᠨᠢ ︽ᠥᠪᠡᠷᠲᠡᠭᠡᠨ ᠵᠠᠰᠠᠬᠤ ᠣᠷᠣᠨ ᠤ ᠲᠡᠰ ᠤᠨ ᠦᠨᠳᠦᠰᠦᠨ ᠱᠠᠲᠤᠨ ᠳᠤ ᠦᠢᠯᠡᠴᠢᠯᠡᠭᠦ ᠮᠠᠶ᠋ᠢᠭ ᠤᠨ ᠨᠠᠮ ᠤᠨ ᠵᠣᠬᠢᠶᠠᠨ ᠪᠠᠶᠢᠭᠤᠯᠤᠯᠲᠠ︾᠎ ᠶᠢᠨ ᠵᠢᠱᠢᠶ᠎ᠡ ᠦᠵᠡᠭᠦᠯᠬᠦ ᠴᠡᠭ ᠤᠨ ᠢᠷᠠᠭᠤ ᠠᠯᠳᠠᠷ ᠤᠨ ᠴᠣᠯᠠ ᠶᠢ ᠬᠦᠷᠳᠡᠪᠡ᠃ ᠲᠡᠷᠡ ᠦᠪᠡᠷ ᠢᠶᠠᠨ ᠤᠷᠢᠳ ᠬᠤᠵᠢᠳ ᠪᠦᠬᠦ ᠬᠤᠰᠢᠭᠤᠨ ᠤ ᠰᠢᠯᠢᠳᠡᠭ ᠭᠠᠴᠠᠭ᠎ᠠ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠱᠦᠵᠢ᠂ ᠪᠦᠬᠦ ᠬᠤᠰᠢᠭᠤᠨ ᠤ ᠠᠷᠪᠠᠨ ᠰᠢᠯᠢᠳᠡᠭ ᠡᠮᠡᠭᠲᠡᠢ ᠵᠢᠱᠢᠶᠡᠴᠢ ᠵᠡᠷᠭᠡ ᠤᠯᠠᠨ ᠰᠠᠶᠢᠬᠠᠨ ᠱᠠᠩᠨᠠᠯ ᠭᠦᠬᠢᠭᠦᠯᠥᠯ ᠢᠶᠠᠷ ᠡᠩᠭᠡᠷ ᠢᠶᠠᠨ ᠮᠢᠯᠢᠶᠠᠯᠭᠠᠵᠤ ᠶᠠᠪᠤᠵᠠᠢ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号