︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾ ᠲᠤᠰᠬᠠᠶ ᠰᠡᠳᠦᠪᠲᠦ ᠪᠣᠯᠪᠠᠰᠤᠷᠠᠯ ‍ᠤᠨ‌ᠠᠩᠭᠢ ᠡᠬᠢᠯᠡᠬᠦ ᠶᠣᠰᠣᠯᠠᠯ ᠶᠠᠪᠤᠭᠳᠠᠪᠠ
ᠨᠡᠶᠢᠲᠡᠯᠡᠭᠰᠡᠨ ᠴᠠᠭ᠄
2023/7/18
       7 ᠰᠡᠷ᠎ᠡ ᠶᠢᠨ 6 ᠤ ᠡᠳᠣᠷ᠂ ᠬᠦᠪᠡᠬᠡᠳᠣ ᠰᠢᠷ᠎ᠡ ᠬᠤᠰᠢᠭᠤᠨ ᠤ ᠦᠨᠳᠦᠰᠦᠨ ᠱᠠᠲᠤᠨ ᠤ ᠡᠪᠯᠡᠯ ᠤᠨ ᠺᠠᠳ᠋ᠷ᠂ ᠪᠠᠭᠠᠴᠤᠳ ᠤᠨ ᠬᠤᠰᠢᠭᠤᠴᠢ ᠠᠩᠭᠢ ᠶᠢᠨ ᠠᠵᠢᠯᠲᠠᠨ᠂ ︽ᠵᠠᠯᠠᠭᠤ ᠮᠠᠷᠺᠰ ᠤᠨ ᠦᠵᠡᠯᠲᠡᠨ ᠢ ᠭᠦᠮᠦᠵᠢᠭᠦᠯᠭᠦ ᠢᠨᠵᠧᠨᠧᠷᠢᠩ︾ ᠤᠨ ᠰᠣᠷᠣᠯᠭᠠᠳᠠᠳ ᠤᠨ ᠴᠢᠳᠠᠪᠤᠷᠢ ᠶᠢ ᠳᠡᠭᠡᠭᠰᠢᠯᠡᠭᠦᠯᠬᠦ ᠵᠢᠴᠢ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠡᠬᠢᠯᠡᠬᠦ ᠶᠣᠰᠣᠯᠠᠯ ᠣᠩᠭᠤᠨ ᠠᠭᠤᠯᠠ ᠰᠣᠮᠣᠨ ᠤ ᠣᠯᠠᠭᠠᠨᠨᠠᠭᠤᠷ ᠭᠠᠴᠠᠭᠠᠨ ᠳᠤ ᠶᠠᠪᠣᠬᠳᠠᠪᠠ᠃       ᠬᠦᠪᠡᠬᠡᠳᠣ ᠰᠢᠷ᠎ᠡ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ ᠸᠠᠩ ᠱᠤ᠋ ᠲᠠᠢ ᠪᠣᠯᠪᠠᠰᠣᠷᠠᠯ ᠡᠬᠢᠯᠡᠬᠦ ᠶᠣᠰᠣᠯᠠᠯ ᠳᠤ ᠣᠷᠣᠯᠴᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭᠠᠨ ᠤ ᠲᠣᠭᠤᠷᠢᠨ ᠳᠤ ᠂ ︽ᠵᠠᠯᠠᠭᠤ ᠨᠠᠰᠤᠨ ᠤ ᠵᠢᠪᠬᠤᠭ᠎ᠠ ᠪᠠᠨ ᠪᠠᠳᠠᠷᠠᠭᠤᠯᠵᠦ᠂ ᠵᠠᠭᠤᠨ ᠵᠢᠯ ᠤᠨ ᠢᠷᠠᠭᠤ ᠠᠯᠳᠠᠷ ᠢᠶᠠᠨ ᠦᠷᠭᠦᠯᠵᠢᠯᠡᠭᠦᠯᠦᠶ᠎ᠡ︾ ᠭᠡᠬᠦ ᠰᠡᠳᠦᠪ ᠢᠶᠠᠷ ᠲᠤᠰᠬᠠᠶ ᠰᠡᠳᠦᠪᠲᠦ ᠲᠠᠶᠢᠯᠣᠮᠵᠢ ᠬᠢᠵᠦ᠂  ᠬᠦᠪᠡᠬᠡᠳᠣ ᠰᠢᠷ᠎ᠡ ᠬᠤᠰᠢᠭᠤᠨ ᠤ ᠡᠪᠯᠡᠯ ᠤᠨ ᠬᠤᠷᠢᠶᠠᠨ ᠤ ᠬᠠᠷᠢᠭᠤᠴᠠᠯᠭᠠᠳᠠᠨ ᠠᠴᠠ ︽ᠳᠣᠮᠳᠠᠳᠣ ᠣᠯᠣᠰ ᠤᠨ ᠡᠪ ᠬᠠᠮᠳᠣ ᠵᠠᠯᠠᠭᠤᠴᠣᠳ ᠤᠨ ᠡᠪᠯᠡᠯ ᠤᠨ ᠠᠷᠪᠠ ᠶᠢᠰᠦᠳᠦᠭᠡᠷ ᠶᠡᠭᠡ ᠬᠤᠷᠠᠯ ᠤᠨ ᠴᠢᠬᠤᠯᠠ ᠠᠴᠢ ᠬᠤᠯᠪᠣᠭᠳᠠᠯ ᠢ ᠭᠦᠨᠵᠡᠭᠡᠶ ᠲᠠᠨᠢᠬᠤ︾᠂ ︽ᠳᠣᠮᠳᠠᠳᠣ ᠣᠯᠣᠰ ᠤᠨ ᠡᠪ ᠬᠠᠮᠳᠣ ᠵᠠᠯᠠᠭᠤᠴᠣᠳ ᠤᠨ ᠡᠪᠯᠡᠯ ᠤᠨ ᠠᠷᠪᠠ ᠶᠢᠰᠦᠳᠦᠭᠡᠷ ᠶᠡᠭᠡ ᠬᠤᠷᠠᠯ ᠤᠨ ᠭᠤᠤᠯ ᠰᠡᠳᠦᠪ ᠢ ᠪᠠᠲᠤ ᠡᠵᠡᠮᠳᠡᠵᠦ᠂ ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ ᠰᠢᠨ᠎ᠡ ᠴᠠᠭ ᠦᠶ᠎ᠡ ᠳᠤ ᠡᠷᠡᠯᠬᠡᠭᠯᠡᠨ ᠣᠷᠣᠬᠰᠢᠯᠠᠶ᠎ᠠ︾ ᠵᠡᠷᠭᠡ 8 ᠲᠠᠯ᠎ᠠ ᠪᠠᠷ ᠳᠣᠮᠳᠠᠳᠣ ᠣᠯᠣᠰ ᠤᠨ ᠡᠪ ᠬᠠᠮᠳᠣ ᠵᠠᠯᠠᠭᠤᠴᠣᠳ ᠤᠨ ᠡᠪᠯᠡᠯ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭᠠᠨ ᠤ ᠲᠤᠰᠬᠠᠶ ᠰᠡᠳᠦᠪᠲᠦ ᠬᠢᠴᠢᠶᠡᠯ ᠣᠷᠣᠵᠠᠢ᠃       ᠪᠣᠯᠪᠠᠰᠣᠷᠠᠯ ᠡᠬᠢᠯᠡᠬᠦ ᠶᠣᠰᠣᠯᠠᠯ ᠳᠡᠭᠡᠷ᠎ᠡ᠂ 2022 ᠣᠨ ᠤ ᠤᠯᠤᠰ᠂ ᠣᠷᠣᠨ᠂ ᠠᠶᠢᠮᠠᠭ ᠤᠨ ᠲᠠᠰ ᠤᠨ ᠲᠠᠪᠣᠨ ᠰᠡᠷ᠎ᠡ ᠶᠢᠨ ᠲᠦᠷᠪᠠᠨ ᠤ ᠣᠯᠠᠭᠠᠨ ᠲᠣᠬᠴᠢ ᠡᠪᠯᠡᠯ ᠤᠨ ᠵᠣᠭᠢᠶᠠᠨ ᠪᠠᠶᠢᠭᠤᠯᠣᠯᠳᠠ᠂ ᠠᠶᠢᠮᠠᠭ ᠤᠨ ᠲᠠᠰ ᠤᠨ ᠰᠢᠯᠢᠳᠡᠭ ᠡᠪᠯᠡᠯ ᠤᠨ ᠺᠠᠳ᠋ᠷ ᠪᠠ 2022 ᠣᠨ ᠤ ᠪᠥᠬᠦ ᠬᠤᠰᠢᠭᠤᠨ ᠤ ᠰᠢᠯᠢᠳᠡᠭ ᠵᠠᠯᠠᠭᠤ ᠯᠧᠺᠲᠷ ᠲᠤ ᠱᠠᠩᠨᠠᠯ ᠭᠠᠷᠳᠠᠭᠤᠯᠪᠠ᠃ ︽ᠪᠢ ᠲᠣᠰ ᠣᠳᠠᠭᠠᠨ ᠤ ᠪᠣᠯᠪᠠᠰᠣᠷᠠᠯ ᠳᠤ ᠤᠷᠤᠯᠴᠠᠭᠠᠳ ᠨᠠᠮ ᠤᠨ ᠬᠤᠷᠢᠳᠣᠭᠠᠷ ᠶᠡᠭᠡ ᠬᠤᠷᠠᠯ ᠪᠣᠯᠣᠨ ᠡᠪᠯᠡᠯ ᠤᠨ ᠠᠷᠪᠠ ᠶᠢᠰᠣᠳᠣᠬᠡᠷ ᠬᠤᠷᠠᠯ ᠤᠨ ᠵᠣᠷᠢᠭ ᠰᠠᠨᠠᠭ᠎ᠠ ᠶᠢ ᠬᠦᠨᠵᠡᠬᠡᠢ ᠣᠶᠢᠯᠠᠭᠠᠵᠠᠢ︔ ᠮᠦᠨᠴᠦ ᠰᠢᠨ᠎ᠠ ᠴᠠᠭ ᠦᠶ᠎ᠡ ᠶᠢᠨ ᠵᠠᠯᠠᠭᠤᠴᠣᠳ ᠤᠨ ᠵᠠᠯᠠᠭᠤ ᠨᠠᠰᠣᠨ ᠤ ᠡᠬᠦᠷᠬᠡ ᠬᠠᠷᠢᠭᠤᠴᠠᠯᠭ᠎ᠠ ᠬᠢᠵᠠᠭᠠᠯᠠᠰᠢ ᠦᠬᠡᠢ ᠦᠩᠬᠡ ᠬᠡᠷᠡᠯᠲᠠᠢ ᠬᠡᠳᠡᠭ ᠢ ᠮᠡᠳᠡᠯ᠎ᠡ︔ ᠨᠢᠬᠡ ᠦᠨᠳᠣᠰᠣᠨ ᠱᠠᠳᠣᠨ ᠤ ᠡᠪᠯᠡᠯ ᠤᠨ ᠺᠠᠳ᠋ᠷ ᠪᠣᠯᠣᠬᠰᠠᠨ ᠤ ᠬᠤᠪᠢ  ᠳᠤ᠂ ᠨᠠᠮ ᠢᠶᠠᠨ ᠲᠠᠭᠠᠵᠣ ᠬᠦᠳᠡᠯᠦᠯᠴᠡᠨ᠂ ᠣᠯᠣᠰ ᠲᠦᠷᠣ ᠶᠢᠨ ᠢᠳᠡᠬᠡᠯ ᠪᠢᠰᠢᠷᠡᠯ ᠢᠶᠠᠨ ᠣᠯᠠᠮ ᠪᠠᠷᠢᠮᠳᠠᠯᠠᠵᠣ᠂ ᠦᠨᠳᠣᠰᠣᠨ ᠱᠠᠳᠣᠨ ᠤ ᠵᠠᠯᠠᠭᠤᠴᠣᠳ᠂ ᠡᠪᠯᠡᠯ ᠤᠨ ᠺᠠᠳ᠋ᠷ ᠢᠶᠠᠨ ᠲᠠᠭᠠᠭᠤᠯᠣᠨ ᠲᠠᠶᠢᠴᠢᠯᠠᠵᠣ᠂ ︿ᠵᠢᠷᠭᠤᠭᠠᠨ ᠡᠷᠬᠡᠪᠰᠢ﹀ ᠶᠢ ᠪᠠᠷᠢᠮᠳᠠᠯᠠᠨ᠂ ᠵᠣᠷᠢᠬᠲᠠᠢ ᠪᠠᠷ ᠰᠢᠨ᠎ᠠ ᠶᠢ ᠡᠬᠦᠳᠣᠨ ᠭᠠᠪᠰᠢᠭᠠᠶᠢᠯᠠᠵᠤ᠂ ᠵᠠᠯᠠᠭᠤᠴᠣᠳ ᠤᠨ ᠭᠠᠪᠰᠢᠭᠠᠢ ᠠᠩᠬᠢ ᠶᠢᠨ ᠦᠢᠯᠠᠳᠣᠯ ᠢ ᠬᠦᠳᠡᠭᠡ ᠲᠣᠰᠬᠤᠨ ᠢ ᠬᠦᠭᠵᠢᠬᠦᠯᠣᠨ ᠮᠠᠨᠳᠣᠭᠤᠯᠬᠤ᠂ ᠦᠨᠳᠣᠰᠣᠨ ᠱᠠᠳᠣᠨ  ᠤ ᠵᠠᠰᠠᠯᠳᠠ ᠵᠡᠷᠬᠡ ᠭᠤᠣᠯᠳᠠᠯᠭ᠎ᠠ ᠲᠠᠢ ᠶᠡᠭᠡ ᠲᠠᠯ᠎ᠠ ᠳᠤ ᠦᠢᠯᠡᠴᠢᠯᠡᠬᠦᠯᠵᠣ᠂ ᠵᠠᠯᠠᠭᠤᠴᠣᠳ ᠤᠨ ᠲᠠᠭᠤᠨ ᠢ ᠦᠨᠳᠣᠰᠣᠨ ᠱᠠᠳᠣᠨ ᠳᠤ ᠡᠬᠦᠷᠢᠳᠠ ᠳᠠᠭᠤᠷᠢᠰᠤᠭᠤᠯᠤᠨ᠎ᠠ ᠬᠡᠵᠣ ᠪᠣᠳᠣᠵᠣ ᠪᠠᠶᠢᠨ᠎ᠠ︾ ᠭᠡᠵᠦ ᠬᠦᠪᠡᠬᠡᠳᠣ ᠰᠢᠷ᠎ᠡ ᠬᠤᠰᠢᠭᠤᠨ ᠤ ᠪᠣᠬᠳᠠ ᠶᠢᠨ ᠭᠤᠣᠯ ᠰᠣᠮᠣᠨ ᠤ ᠡᠪᠯᠡᠯ ᠤᠨ ᠬᠤᠷᠢᠶᠠᠨ ᠤ ᠲᠡᠳ᠋ ᠱᠦᠵᠢ ᠢᠯᠠᠨ᠎ᠠ ᠶᠠᠷᠢᠯ᠎ᠠ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号