ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶᠠᠠ ᠤ ᠣᠷᠴᠢᠭᠤᠯᠤᠨ ᠦᠶᠯᠡᠳᠬᠦ ᠲᠥᠪ ᠬᠥᠪᠡᠭᠡᠲᠦ ᠰᠢᠷ᠎ᠠ ᠬᠤᠰᠢᠭᠤᠨ ᠳᠤ ᠪᠠᠶᠢᠴᠠᠭᠠᠨ ᠰᠤᠳᠤᠯᠤᠯᠲᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/7/18
       7 ᠰᠠᠷ᠎ᠠ ᠶᠢᠨ 7  ᠠᠴᠠ 7 ᠰᠠᠷ᠎ᠠ ᠶᠢᠨ 8 ᠤ ᠡᠳᠦᠷ ᠪᠤᠯᠲᠠᠯ᠎ᠠ᠂ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶᠠᠨ ᠤ ᠣᠷᠴᠢᠭᠤᠯᠤᠨ ᠦᠶᠯᠡᠳᠬᠦ ᠲᠥᠪ ᠨᠢ ᠬᠥᠪᠡᠭᠡᠲᠦ ᠰᠢᠷ᠎ᠠ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠵᠦ᠂ ︽ᠰᠢᠨ᠎ᠡ ᠴᠠᠭ ᠦᠶ᠎ᠡ ᠶᠢᠨ ᠤᠶᠠᠩᠭ᠎ᠠ ᠰᠢᠯᠢᠳᠡᠭ ᠵᠦᠴᠦᠭᠡ ᠶᠢᠨ ᠰᠤᠨᠢᠷᠬᠠᠯ︾ ᠰᠢᠯᠢᠳᠡᠭ ᠤᠷᠴᠢᠭᠤᠯᠭ᠎ᠠ ᠶᠢᠨ ᠵᠦᠴᠦᠭᠡ ᠬᠦᠷᠭᠡᠬᠦ ᠶᠣᠰᠣᠯᠠᠯ ᠵᠢᠴᠢ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠤᠬᠠᠭᠤᠯᠭ᠎ᠠ ᠶᠢᠨ ᠠᠵᠢᠯ ᠢ ᠰᠠᠶᠢᠲᠤᠷ ᠦᠷᠨᠢᠭᠦᠯᠰᠥᠬᠡᠢ︾ ᠳᠤᠮᠳᠠᠳᠤ ᠶᠢᠨ ᠰᠣᠶᠣᠯ ᠤᠨ ᠰᠢᠷᠢᠰ ᠲᠡᠯᠭᠡᠴᠡ ᠪᠠ ᠤᠷᠴᠢᠭᠤᠯᠭ᠎ᠠ ᠶᠢᠨ ᠫᠷᠤᠭ᠍ᠷᠠᠮ ᠤᠨ ᠴᠢᠨᠠᠷ ᠢ ᠠᠬᠢᠭᠤᠯᠤᠠ ᠲᠠᠰ ᠲᠠᠪᠰᠢᠭᠦᠯᠭᠦ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠶᠢᠨ ᠠᠵᠢᠯᠯᠠᠭ᠎ᠠ ᠶᠠᠪᠤᠭᠳᠠᠭᠤᠯᠪᠠ᠃       ᠤᠷᠴᠢᠭᠤᠯᠭ᠎ᠠ ᠶᠢᠨ ᠵᠦᠴᠦᠭᠡ ᠬᠦᠷᠭᠡᠬᠦ ᠶᠤᠰᠤᠯᠠᠯ ᠳᠡᠭᠡᠷ᠎ᠡ᠂ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶᠠᠠ ᠤ ᠣᠷᠴᠢᠭᠤᠯᠤᠨ ᠦᠶᠯᠡᠳᠬᠦ ᠲᠥᠪ ᠠᠴᠠ ᠠᠪᠢᠶ᠎ᠠ ᠲᠠᠭᠠᠷᠠᠭᠤᠯᠬᠤ᠂ ᠦᠶᠯᠡᠳᠬᠦ᠂ ᠲᠤᠰᠬᠠᠶ ᠰᠡᠳᠦᠪ ᠢᠶᠠᠷ ᠣᠷᠴᠢᠭᠤᠯᠤᠨ ᠦᠶᠯᠡᠳᠬᠦ ᠵᠡᠷᠭᠡ ᠠᠵᠢᠯ ᠢ ᠲᠠᠨᠢᠯᠴᠠᠭᠤᠯᠵᠤ᠂ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠲᠤ ᠰᠢᠯᠢᠳᠡᠭ ᠣᠷᠴᠢᠭᠤᠯᠤᠨ ᠦᠶᠯᠡᠳᠦᠭᠰᠡᠨ ᠵᠦᠴᠦᠭᠡ ᠪᠠᠨ ᠪᠡᠯᠡᠭᠯᠡᠨ᠂  ᠺᠢᠨᠣ᠋ ᠲᠧᠯᠸᠢᠰ ᠤᠨ ᠪᠦᠲᠦᠭᠡᠯ ᠢ ᠣᠷᠴᠢᠭᠤᠯᠤᠨ ᠦᠢᠯᠡᠳᠦᠭᠰᠡᠨ ᠦᠷ᠎ᠡ ᠪᠦᠲᠦᠮᠵᠢ᠂ ᠳᠠᠮᠵᠢᠭᠤᠯᠤᠭᠰᠠᠨ ᠪᠠᠶᠢᠳᠠᠯ᠂ ᠫᠷᠤᠭ᠍ᠷᠠᠮ ᠤᠨ ᠶᠠᠰᠤ ᠴᠢᠨᠠᠷ ᠢ ᠳᠡᠭᠡᠭᠰᠢᠯᠡᠭᠦᠯᠬᠦ᠂ ᠥᠷᠭᠡᠨ ᠤᠯᠠᠨ ᠲᠧᠯᠸᠢᠰ ᠦᠵᠡᠭᠴᠢᠥᠡ ᠤᠨ ᠤᠶᠤᠨ ᠰᠠᠨᠠᠭ᠎ᠠ ᠰᠣᠶᠣᠯ ᠤᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠵᠡᠷᠭᠡ ᠲᠠᠯ᠎ᠠ ᠪᠠᠷ ᠰᠤᠳᠤᠯᠤᠨ ᠶᠠᠷᠢᠯᠴᠠᠭᠰᠠᠨ ᠪᠠᠶᠢᠨ᠎ᠠ᠃ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠲᠡᠭᠰᠢ ᠶᠤᠰᠤᠯᠠᠯ ᠳᠤ ᠤᠷᠤᠯᠴᠠᠨ ᠪᠠᠶᠠᠷ ᠤᠨ ᠦᠭᠡ ᠬᠡᠯᠡᠵᠦ᠂ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠬᠠᠮ ᠵᠠᠭᠤᠴᠢᠯᠠᠭᠤᠷ ᠤᠨ ᠲᠥᠪ ᠤᠨ ᠬᠠᠮᠢᠶ᠎ᠠ ᠪᠥᠬᠦᠶ ᠬᠠᠷᠢᠭᠤᠴᠠᠯᠭᠠᠲᠠᠨ᠂ ᠷᠠᠳᠢᠣ᠋ ᠲᠧᠯᠸᠢᠰ ᠤᠨ ᠠᠵᠢᠯ ᠲᠥᠷᠥᠯ ᠤᠨ ᠠᠬᠠᠮᠠᠳ ᠠᠵᠢᠯᠲᠠᠨ᠂ ᠲᠧᠯᠸᠢᠰ ᠦᠵᠡᠭᠴᠢᠥᠡ ᠶᠤᠰᠤᠯᠠᠯ ᠳᠤ ᠣᠷᠣᠯᠴᠠᠪᠠ᠃       7 ᠰᠠᠷ᠎ᠠ ᠶᠢᠨ 8 ᠤ ᠡᠳᠦᠷ᠂ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶᠠᠨ ᠤ ᠣᠷᠴᠢᠭᠤᠯᠤᠨ ᠦᠶᠯᠡᠳᠬᠦ ᠲᠥᠪ ᠤᠨ ᠬᠢᠨ ᠨᠢ ᠮᠠᠨ ᠤ ᠬᠤᠰᠢᠭᠤᠨ ᠤ ᠤᠩᠭᠤᠨ ᠠᠭᠤᠯᠠ ᠰᠤᠮᠤᠨ ᠤ ᠴᠠᠭᠠᠨ ᠡᠷᠭᠢ ᠭᠠᠴᠠᠭ᠎ᠠ  ᠪᠠᠷ ᠬᠦᠨᠵᠡᠭᠡᠶᠢᠷᠡᠵᠦ᠂ ᠮᠠᠯᠴᠢᠨ ᠦᠵᠡᠭᠴᠢᠳ ᠲᠠᠢ ᠠᠭᠤᠯᠵᠠᠨ ᠶᠠᠷᠢᠯᠴᠠᠵᠤ᠂ ᠮᠤᠩᠭᠤᠯ ᠷᠠᠳᠢᠤ᠋ ᠲᠧᠯᠸᠢᠰ ᠤᠨ ᠤᠷᠴᠢᠭᠤᠯᠤᠨ ᠦᠢᠯᠡᠳᠬᠦ ᠠᠵᠢᠯ ᠤᠨ ᠲᠠᠯ᠎ᠠ ᠪᠠᠷ ᠮᠠᠰᠢ ᠤᠯᠠᠨ ᠨᠠᠨᠳᠢᠨ ᠵᠦᠪᠯᠡᠯᠭᠡ ᠶᠢ ᠰᠤᠨᠤᠰᠤᠭᠰᠠᠨ ᠪᠠᠶᠢᠨ᠎ᠠ᠃       ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶᠠᠨ ᠤ ᠣᠷᠴᠢᠭᠤᠯᠤᠨ ᠦᠶᠯᠡᠳᠬᠦ ᠲᠥᠪ ᠤᠨ ᠬᠢᠨ ᠠᠴᠠ  ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ ᠲᠤ ᠬᠦᠷᠭᠡᠭᠰᠡᠨ ︽ᠬᠦᠳᠡᠭᠡ ᠰᠢᠯᠢ︾ ᠵᠡᠷᠭᠡ ᠦᠵᠡᠭᠴᠢᠳ ᠤᠨ ᠦᠵᠡᠬᠦ ᠳᠤᠷᠠᠲᠠᠢ ᠰᠢᠯᠢᠳᠡᠭ ᠵᠦᠴᠦᠬᠡ ᠨᠢ ᠤᠳᠠᠯ ᠦᠭᠡᠢ ᠬᠦᠪᠡᠭᠡᠲᠦ ᠰᠢᠷ᠎ᠠ ᠬᠤᠰᠢᠭᠤᠨ ᠤ ᠷᠠᠳᠢᠤ᠋ ᠲᠧᠯᠸᠢᠰ ᠰᠤᠪᠠᠭ ᠢᠶᠠᠷ ᠦᠵᠡᠭᠴᠢᠳ ᠲᠠᠢ ᠵᠤᠯᠭᠠᠬᠤ ᠪᠤᠯᠤᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号