ᠬᠦᠪᠡᠬᠡᠳᠣ ᠰᠢᠷ᠎ᠡ ᠬᠤᠰᠢᠭᠤ ᠬᠤᠲᠠ ᠪᠠᠯᠭᠠᠰᠤᠨ ᠤ ᠲᠦᠪᠯᠡᠷᠡᠬᠦᠯᠣᠨ ᠢᠯᠴᠢ ᠬᠠᠩᠭᠠᠬᠤ ᠬᠤᠭᠤᠯᠠᠶ ᠶᠢ ᠰᠤᠯᠢᠬᠤ ᠠᠵᠢᠯ ᠢ ᠲᠦᠷᠭᠡᠳᠬᠡᠨ ᠠᠬᠢᠭᠤᠯᠵᠣ ᠪᠠᠶᠢᠨ᠎ᠠ
ᠨᠡᠶᠢᠲᠡᠯᠡᠭᠰᠡᠨ ᠴᠠᠭ᠄
2023/7/18
       ᠬᠦᠪᠡᠬᠡᠳᠣ ᠰᠢᠷ᠎ᠡ ᠬᠤᠰᠢᠭᠤ ᠡᠪᠦᠯ ᠤᠨ ᠤᠯᠠᠷᠢᠯ ᠤᠨ ᠲᠦᠪᠯᠡᠷᠡᠬᠦᠯᠣᠨ ᠢᠯᠴᠢ ᠬᠠᠩᠭᠠᠬᠤ ᠠᠵᠢᠯ ᠤᠨ ᠬᠡᠪ ᠤᠨ ᠡᠵᠡᠩᠨᠡᠯᠲᠡ ᠶᠢ ᠪᠠᠲᠤᠯᠠᠵᠤ᠂ ᠳᠤᠯᠠᠭᠠᠯᠠᠭ᠎ᠠ ᠶᠢᠨ ᠴᠢᠨᠠᠷ ᠴᠢᠨᠰᠠᠭ᠎ᠠ ᠶᠢ ᠲᠡᠬᠡᠭᠰᠢᠯᠡᠬᠦᠯᠬᠦ ᠶᠢᠨ ᠲᠥᠯᠥᠭᠡ᠂ ᠬᠤᠳᠠ ᠪᠠᠯᠭᠠᠰᠣᠨ ᠤ ᠲᠦᠪᠯᠡᠷᠡᠬᠦᠯᠣᠨ ᠨᠢᠭᠡᠳᠦᠭᠡᠷ ᠳᠡᠰ ᠤᠨ ᠢᠯᠴᠢ ᠬᠠᠩᠭᠠᠬᠤ ᠬᠤᠭᠤᠯᠠᠢ ᠶᠢ ᠰᠤᠯᠢᠬᠤ ᠢᠨᠵᠧᠨᠧᠷᠢᠩ ᠢ 5 ᠳ᠋ᠤᠭᠠᠷ ᠰᠠᠷ᠎ᠠ ᠶᠢᠨ ᠰᠡᠭᠦᠯᠴᠢ ᠪᠠᠷ ᠡᠭᠢᠯᠡᠨ ᠭᠢᠵᠦ᠂ ᠤᠳᠤᠬᠠᠨ ᠳᠤ ᠢᠡᠵᠧᠨᠧᠷᠢᠩ ᠤᠨ ᠡᠯ᠎ᠡ ᠲᠦᠷᠦᠯ ᠤᠨ ᠠᠵᠢᠯ ᠣᠷᠣᠬᠰᠢᠳᠠᠢ ᠶᠠᠪᠣᠬᠳᠠᠵᠦ ᠪᠣᠢ᠃       ᠣᠷᠴᠢᠮ ᠤᠨ ᠬᠤᠭᠤᠴᠠᠭᠠᠨ ᠤ ᠠᠭᠠᠭᠢᠮ᠎ᠠ ᠬᠠᠯᠠᠭᠤᠨ ᠡᠳᠦᠷ ᠤᠳ ᠴᠦ ᠠᠵᠢᠯ ᠤᠨ ᠲᠤᠬᠠᠶ ᠶᠢᠨ ᠲᠠᠯᠠᠪᠠᠶ ᠳᠤ᠂ ᠠᠵᠢᠯᠲᠠᠳ ᠠᠭᠠᠭᠢᠮ᠎ᠡ ᠬᠠᠯᠠᠭᠤᠨ ᠢ ᠬᠠᠶᠢᠬᠤᠷᠣᠯ ᠦᠭᠡᠢ ᠶᠠᠭᠠᠷᠠᠯᠳᠠᠢ ᠠᠵᠢᠯᠯᠠᠵᠦ᠂ ᠠᠵᠢᠯ ᠢᠶᠠᠨ ᠣᠰᠣᠯᠳᠣᠭᠤᠯᠣᠯ ᠦᠭᠡᠢ ᠡᠮᠭᠢ ᠵᠢᠷᠣᠮ ᠲᠠᠢ ᠠᠬᠢᠭᠤᠯᠤᠭᠰᠠᠨ ᠪᠠᠶᠢᠨ᠎ᠠ᠃ 6 ᠳ᠋ᠤᠭᠠᠷ ᠰᠠᠷ᠎ᠠ ᠶᠢᠨ 25 ᠤ ᠡᠳᠦᠷ ᠪᠣᠯᠲᠠᠯ᠎ᠠ᠂ ᠪᠠᠶᠠᠨ ᠵᠡᠭᠡᠯᠢ ᠶᠢᠨ ᠪᠥᠬᠦ ᠱᠤᠭᠤᠮ ᠤᠨ ᠮᠠᠯᠳᠠᠬᠤ ᠠᠵᠢᠯ ᠳᠠᠭᠤᠰᠴᠠᠢ᠃ ᠬᠤᠰᠢᠭᠤᠨ ᠤ ᠵᠥᠩ ᠳ᠋ᠡ ᠢᠯᠴᠢ ᠶᠢᠨ ᠬᠦᠴᠦᠨ ᠤ ᠬᠢᠵᠠᠭᠠᠷᠲᠤ ᠺᠣᠮᠫᠠᠨᠢ ᠶᠢᠨ ᠶᠡᠷᠦᠩᠬᠡᠶ ᠬᠢᠨᠠᠭᠴᠢ ᠰᠦᠨ ᠫᠧᠩ᠄ ︽ᠣᠳᠣᠬᠠᠨ ᠳᠤ 1000 ᠭᠠᠷᠤᠶ ᠮᠧᠲᠷ ᠤᠨ ᠢᠯᠴᠢ ᠬᠠᠩᠭᠠᠬᠤ ᠬᠤᠭᠤᠯᠠᠶ ᠶᠢ ᠮᠠᠯᠲᠠᠵᠤ᠂ ᠬᠤᠣᠰ ᠴᠢᠭᠯᠡᠯ ᠢᠶᠠᠷ ᠢᠯᠴᠢ ᠬᠠᠨᠭ᠍ᠭᠠᠬᠤ ᠬᠤᠭᠤᠯᠠᠢ ᠶᠢ 1500 ᠮᠧᠲᠷ ᠭᠠᠩᠨᠠᠵᠤ ᠣᠬᠰᠠᠷᠠᠵᠡᠢ︔ ᠭᠠᠩᠨᠠᠭᠤᠷ ᠢ ᠪᠠᠶᠢᠴᠠᠭᠠᠬᠤ ᠪᠠ ᠵᠠᠯᠭᠠᠭᠠᠰᠤ ᠶᠢᠨ ᠳᠤᠯᠠᠭᠠᠨ ᠢ ᠬᠠᠮᠠᠭᠠᠯᠠᠬᠤ᠂ ᠮᠠᠯᠳᠠᠬᠰᠠᠨ ᠨᠦᠭᠡ ᠶᠢ ᠪᠤᠯᠠᠬᠤ ᠠᠵᠢᠯ ᠴᠤ ᠯᠠᠪᠳᠠᠭᠤᠨ ᠢᠶᠠᠷ ᠠᠭᠢᠵᠤ ᠪᠠᠶᠢᠨ᠎ᠠ︔ ᠮᠠᠨ  ᠤ ᠺᠣᠮᠫᠠᠨᠢ ᠨᠢ ᠣᠯᠠᠨ ᠰᠠᠯᠠᠭ᠎ᠠ ᠮᠥᠴᠢᠷ ᠲᠠᠢ ᠨᠢᠬᠳᠠ ᠬᠤᠯᠪᠣᠭᠠᠯᠠᠨ ᠬᠥᠳᠡᠯᠦᠯᠴᠡᠵᠦ᠂ ᠢᠨᠵᠧᠨᠧᠷᠢᠩ ᠤᠨ ᠶᠠᠰᠤ ᠴᠢᠨᠠᠷ ᠢ ᠪᠠᠳᠣᠯᠠᠵᠦ᠂ ᠲᠣᠬᠳᠠᠬᠰᠠᠨ ᠬᠤᠭᠤᠴᠠᠭᠠᠨ ᠳᠤ ᠪᠦᠳᠦᠭᠡᠨ ᠪᠠᠶᠢᠭᠤᠯᠣᠯᠳᠠ ᠪᠠᠨ ᠳᠠᠭᠤᠰᠬᠠᠨ᠎ᠠ︾ ᠭᠡᠯ᠎ᠡ᠃        ᠣᠶᠢᠯᠠᠭᠠᠭᠰᠠᠨ ᠢᠶᠠᠷ᠂ ᠬᠤᠲᠠ ᠪᠠᠯᠭᠠᠰᠤᠨ ᠤ ᠲᠦᠪᠯᠡᠷᠡᠬᠦᠯᠣᠨ ᠢᠯᠴᠢ ᠬᠠᠩᠭᠠᠬᠤ ᠬᠤᠭᠤᠯᠠᠶ ᠶᠢ ᠰᠤᠯᠢᠬᠤ ᠢᠨᠵᠧᠨᠧᠷᠢᠩ ᠪᠣᠯ 2023 ᠣᠨ ᠤ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠨᠢᠭᠡᠨ ᠴᠢᠬᠤᠯᠠ ᠠᠷᠠᠳ ᠤᠨ ᠠᠮᠢᠳᠣᠷᠠᠯ ᠤᠨ ᠢᠨᠵᠧᠨᠧᠷᠢᠩ ᠪᠣᠯᠣᠨ᠎ᠠ᠃ ᠲᠣᠰ ᠲᠦᠷᠦᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ ᠨᠢ 2000 ᠲᠦᠮᠡᠨ ᠲᠥᠭᠦᠷᠢᠭ ᠪᠠᠶᠢᠵᠤ᠂ ᠡᠨᠡ ᠵᠢᠯ ᠤᠨ 8 ᠰᠠᠷ᠎ᠠ ᠶᠢᠨ 30 ᠤ ᠡᠳᠦᠷ ᠠᠴᠠ ᠡᠮᠦᠨ᠎ᠡ ᠲᠠᠭᠤᠰᠬᠠᠬᠤ ᠪᠠᠷ ᠲᠦᠯᠦᠪᠯᠡᠵᠤ ᠪᠣᠢ᠃ ᠭᠤᠤᠯᠳᠠᠭᠤ ᠰᠢᠨᠡᠪᠤᠯᠠᠭ ᠪᠠᠯᠭᠠᠰᠤᠨ ᠤ ᠢᠯᠴᠢ ᠬᠠᠩᠭᠠᠬᠤ ᠨᠢᠭᠡᠳᠦᠭᠡᠷ ᠳᠡᠰ ᠤᠨ ᠬᠤᠭᠤᠯᠠᠶ ᠲᠣᠤᠷ ᠤᠨ ᠭᠤᠤᠯ ᠱᠤᠭᠤᠮ ᠤᠨ 3200 ᠮᠧᠲᠷ ᠱᠤᠭᠤᠮ ᠢ ᠪᠥᠲᠥᠭᠡᠨ ᠪᠠᠶᠢᠭᠤᠯᠵᠣ᠂ ᠡᠭᠦᠨ ᠳᠤ 2250 ᠮᠧᠲᠷ ᠤᠨ ᠭᠤᠤᠯ ᠱᠤᠭᠤᠮ ᠢ ᠰᠣᠯᠢᠵᠤ᠂ 950 ᠮᠧᠲᠷ ᠤᠨ ᠭᠤᠣᠯ ᠱᠤᠭᠤᠮ ᠢ ᠰᠢᠨ᠎ᠡ ᠪᠠᠷ ᠪᠠᠶᠢᠭᠤᠯᠬᠤ ᠪᠤᠯᠤᠨ᠎ᠠ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号