ᠬᠥᠪᠡᠭᠡᠲᠦ ᠰᠢᠷ᠎ᠠ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠨᠠᠭᠠᠳᠤᠮ ᠤᠨ ᠶᠡᠭᠡ ᠬᠤᠷᠠᠯ ᠢ ᠡᠷᠬᠢᠯᠡᠬᠦ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2023/7/20
       ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾᠎ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠬᠤᠶᠠᠷ ᠶᠡᠭᠡ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠶᠡᠭᠡ ᠪᠠᠷ ᠪᠠᠳᠠᠷᠠᠭᠤᠯᠤᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠵᠤ᠂ ᠬᠥᠪᠡᠭᠡᠲᠦ ᠰᠢᠷ᠎ᠠ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠪᠠ ᠰᠣᠶᠣᠯ ᠵᠢᠭᠤᠯᠴᠢᠯᠠᠯ ᠤᠨ ᠭᠦᠨᠵᠡᠭᠡᠶ ᠠᠭᠤᠰᠤᠯᠴᠠᠯ ᠢ ᠲᠦᠷᠭᠡᠳᠭᠡᠨ᠂ ︽ᠲᠤᠷᠭᠠᠠ ᠨᠤᠲᠤᠭ ᠬᠥᠪᠡᠭᠡᠲᠦ ᠰᠢᠷ᠎ᠠ᠂ ᠲᠤᠮᠳᠠᠲᠦ ᠤᠯᠤᠰ ᠤᠨ ᠠᠰᠤᠷᠤ ᠠᠶᠠᠯᠭᠤ ᠶᠢᠨ ᠨᠤᠲᠤᠭ ︾᠎ ᠤᠨ ᠨᠡᠷ᠎ᠡ ᠠᠯᠳᠠᠷᠰᠢᠯ ᠪᠠ ᠨᠥᠯᠥᠭᠡᠯᠡᠬᠦ ᠬᠦᠴᠦᠨ ᠢᠶᠠᠨ ᠤᠯᠠᠮ ᠳᠡᠭᠡᠭᠰᠢᠯᠡᠭᠦᠯᠬᠦ ᠶᠢᠨ ᠲᠤᠰᠠᠳᠠ᠂ ᠭᠦᠪᠡᠭᠡᠲᠦ ᠰᠢᠷ᠎ᠠ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ 2023 ᠣᠨ ᠤ 8 ᠰᠠᠷ᠎ᠠ ᠶᠢᠨ 4᠎ ᠤ ᠡᠳᠦᠷ ᠠᠴᠠ 8 ᠰᠠᠷ᠎ᠠ ᠶᠢᠨ 6᠎ ᠤ ᠡᠳᠦᠷ ᠪᠣᠯᠲᠠᠯ᠎ᠠ᠂ ᠬᠥᠪᠡᠭᠡᠲᠦ ᠰᠢᠷ᠎ᠠ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠨᠠᠭᠠᠳᠤᠮ ᠤᠨ ᠶᠡᠭᠡ ᠬᠤᠷᠠᠯ ᠢ ᠡᠷᠭᠢᠯᠡᠬᠦ ᠪᠠᠷ ᠰᠤᠳᠤᠯᠤᠨ ᠲᠣᠭᠲᠠᠭᠠᠪᠠ᠃       ᠨᠠᠭᠠᠳᠤᠮ ᠤᠨ ᠬᠤᠭᠤᠴᠠᠭᠠᠨ ᠳᠤ᠂ ︽ᠡᠷ᠎ᠡ ᠶᠢᠨ ᠭᠤᠷᠪᠠᠨ︾ ᠨᠠᠭᠠᠳᠤᠮ ᠶᠠᠪᠤᠭᠳᠠᠬᠤ ᠶᠢᠨ ᠬᠠᠮᠲᠦ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠠᠨᠢᠯᠴᠠᠭᠤᠯᠭ᠎ᠠ ᠶᠢᠨ ᠬᠤᠷᠠᠯ᠂ ᠳᠤᠮᠳᠠᠳᠤ ᠮᠣᠩᠭᠤᠯ ᠤᠷᠤᠰ ᠤᠨ ᠦᠨᠳᠦᠰᠦᠲᠡᠨ ᠤ ᠲᠠᠸᠠᠷ ᠤᠨ ᠠᠷᠠᠯᠵᠢᠶ᠎ᠠ ᠬᠤᠳᠠᠯᠳᠤᠭᠠᠠ ᠤ ᠴᠤᠭᠯᠠᠭᠠᠨ᠂ ᠪᠣᠳᠠᠰ ᠤᠨ ᠪᠤᠰᠤ ᠰᠣᠶᠣᠯ ᠤᠨ ᠥᠪ ᠤᠨ ᠦᠵᠡᠭᠦᠯᠦᠯᠭᠡ᠂ ︽ᠠᠰᠤᠷᠤ︾ ᠤᠷᠠᠨ ᠰᠠᠶᠢᠬᠠᠨ ᠤ ᠦᠳᠡᠰᠢᠯᠡᠭᠡ ᠵᠡᠷᠭᠡ ᠠᠯᠢ ᠤᠯᠠᠨ ᠭᠤᠶᠢᠳᠠ ᠰᠠᠶᠢᠬᠠᠨ ᠠᠵᠢᠯᠯᠠᠭ᠎ᠠ ᠦᠷᠨᠢᠭᠦᠯᠬᠦ ᠲᠤᠯᠠᠳᠠ ᠡᠯ᠎ᠡ ᠭᠠᠵᠠᠷ ᠤᠷᠤᠠ ᠤ ᠥᠷᠭᠡᠨ ᠤᠯᠠᠨ ᠲᠦᠮᠡᠨ᠂ ᠵᠢᠭᠤᠯᠴᠢᠯᠠᠭᠰᠠᠳ ᠂ ᠰᠣᠨᠢᠨ ᠮᠡᠳᠡᠭᠡ ᠵᠠᠭᠤᠴᠢᠯᠠᠭᠤᠷ ᠤᠨ ᠬᠢᠨ ᠲᠤᠬᠠᠢ ᠶᠢᠨ ᠴᠠᠭ ᠲᠤ ᠮᠤᠷᠢᠯᠠᠨ ᠰᠠᠭᠠᠲᠠᠬᠤ ᠶᠢ  ᠬᠦᠨᠳᠦᠳᠭᠡᠨ ᠤᠷᠢᠵᠤ ᠪᠠᠶᠢᠨ᠎ᠠ᠃                                       ᠬᠥᠪᠡᠭᠡᠲᠦ ᠰᠢᠷ᠎ᠠ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠨᠠᠭᠠᠳᠤᠮ ᠤᠨ         ᠶᠡᠭᠡ ᠬᠤᠷᠠᠯ ᠤᠨ ᠵᠣᠬᠢᠶᠠᠨ ᠪᠠᠶᠢᠭᠤᠯᠬᠤ ᠺᠣᠮᠢᠰ ᠤᠨ ᠪᠡᠯᠡᠳᠬᠡᠯ ᠠᠵᠢᠯ ᠤᠨ ᠠᠯᠪᠠᠨ ᠬᠡᠷ                        2023 ᠤᠠ ᠤ 7 ᠰᠠᠷ᠎ᠠ ᠶᠢᠨ 19᠎ ᠤ ᠡᠳᠥᠷ
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ 
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号