ᠬᠦᠪᠡᠭᠡᠲᠦ ᠰᠢᠷ᠎ᠠ ᠬᠤᠰᠢᠭᠤᠨ ᠤ ᠨᠣᠮ ᠤᠨ ᠰᠠᠩ ᠠᠷᠠᠳ ᠤᠨ ᠨᠡᠶᠢᠷ ᠤᠨ ᠲᠠᠯᠠᠪᠠᠢ ᠳᠤ ᠨᠤᠮ ᠬᠦᠷᠭᠡᠬᠦ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2023/8/24
     8 ᠰᠠᠷ᠎ᠠ ᠶᠢᠨ 5᠎ ᠤ ᠡᠳᠦᠷ᠂ ᠬᠥᠪᠡᠭᠡᠲᠦ ᠰᠢᠷ᠎ᠠ ᠬᠤᠰᠢᠭᠤᠨ ᠤ ᠨᠣᠮ ᠤᠨ ᠰᠠᠩ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠶᠡᠭᠡ ᠨᠡᠶᠢᠷ ᠤᠨ ᠲᠠᠯᠠᠪᠠᠶ ᠳᠤ ᠨᠣᠮ ᠬᠦᠷᠬᠡᠬᠦ ᠠᠵᠢᠯᠯᠠᠭ᠎ᠠ ᠦᠷᠨᠢᠬᠦᠯᠵᠤ᠂ ᠨᠠᠭᠠᠳᠤᠮᠴᠢᠳ ᠤᠨ ᠮᠠᠭᠳᠠᠭᠠᠯ ᠰᠠᠶᠢᠰᠢᠶᠠᠯ ᠢ ᠬᠦᠷᠲᠡᠪᠡ᠃     ᠠᠵᠢᠯᠯᠠᠭᠠᠨ ᠤ ᠠᠬᠤᠢ ᠲᠠᠯᠠᠪᠠᠢ ᠳᠤ᠂ ᠱᠠᠭ᠎ᠠ ᠤᠷᠬᠢᠵᠤ ᠰᠡᠶᠡᠷ ᠭᠠᠷᠪᠠᠯ ᠤᠶᠤᠨ ᠤ ᠲᠡᠵᠢᠭᠡᠯ ᠪᠤᠯᠬᠤ ᠭᠤᠴᠤ ᠰᠠᠶᠢᠬᠠᠨ ᠠᠭᠤᠯᠭ᠎ᠠ ᠪᠦᠬᠦᠢ ᠨᠤᠮ ᠪᠢᠴᠢᠭ ᠬᠦᠷᠭᠡᠵᠤ᠂ ᠬᠡᠦᠬᠡᠳ ᠪᠠᠭᠠᠴᠣᠳ ᠪᠣᠯᠣᠨ ᠨᠠᠭᠠᠳᠣᠮᠴᠢᠳ ᠢᠶᠠᠨ ᠪᠠᠶᠠᠷᠯᠠᠭᠤᠯᠵᠤ ᠪᠠᠶᠢᠯ᠎ᠠ᠃ ︽ᠬᠦᠪᠡᠬᠡᠳᠣ ᠰᠢᠷ᠎ᠡ ᠬᠤᠰᠢᠭᠤᠨ ᠤ ᠨᠣᠮ ᠤᠨ ᠰᠠᠩ ᠨᠢ ᠠᠷᠠᠳ ᠤᠨ ᠶᠡᠭᠡ ᠨᠡᠶᠢᠷ ᠢᠶᠠᠷ ᠪᠦᠬᠦ ᠠᠷᠠᠳ ᠢᠶᠠᠷ ᠢᠶᠠᠨ ᠨᠣᠮ ᠣᠩᠰᠢᠬᠤ ᠶᠢ ᠲᠦᠬᠡᠮᠡᠯᠵᠢᠬᠦᠯᠬᠦ ᠵᠣᠷᠢᠯᠭ᠎ᠠ ᠠᠴᠠ ᠨᠣᠮ ᠪᠢᠴᠢᠭ ᠬᠦᠷᠬᠡᠬᠦ  ᠬᠦᠳᠡᠯᠬᠡᠬᠡᠨ ᠶᠠᠪᠣᠬᠳᠠᠭᠤᠯᠵᠣ ᠪᠠᠶᠢᠨ᠎ᠠ︾ ᠭᠡᠵᠤ ᠨᠤᠮ ᠤᠨ ᠰᠠᠩ ᠤᠨ ᠳᠠᠷᠤᠭ᠎ᠠ ᠪᠦᠷᠢᠩᠭᠤᠸ᠎ᠠ ᠶᠠᠷᠢᠯ᠎ᠠ᠃      ᠠᠵᠢᠯᠯᠠᠭ᠎ᠠ ᠪᠠᠷ ᠳᠠᠮᠵᠢᠭᠤᠯᠤᠨ᠂ ᠨᠣᠮ ᠤᠨ ᠰᠠᠩ ᠠᠴᠠ ᠤᠳᠬ᠎ᠠ ᠵᠣᠬᠢᠶᠠᠯ᠂ ᠲᠡᠦᠬᠡ᠂ ᠰᠢᠨᠵᠢᠯᠡᠬᠦ ᠤᠬᠠᠭᠠᠨ᠂ ᠬᠡᠦᠬᠡᠳ ᠤᠨ ᠵᠢᠷᠤᠭᠲᠤ ᠳᠡᠪᠲᠡᠷ ᠵᠡᠷᠭᠡ ᠠᠭᠤᠯᠭ᠎ᠠ ᠪᠥᠬᠦᠶ 200 ᠭᠠᠷᠤᠶ ᠨᠣᠮ ᠪᠢᠴᠢᠭ ᠢ ᠦᠨ᠎ᠠ ᠲᠦᠯᠣᠪᠣᠷᠢ ᠦᠬᠡᠢ ᠪᠠᠷ ︽ᠣᠶᠤᠨ ᠤ ᠬᠦᠨᠡᠰᠦ︾  ᠪᠣᠯᠭᠠᠨ ᠬᠦᠷᠭᠡᠵᠤ᠂ ᠬᠤᠰᠢᠭᠤ ᠨᠠᠶᠢᠷ ᠲᠤ ᠨᠢᠭᠡᠨ ᠰᠠᠶᠢᠬᠠᠨ ᠠᠭᠤᠯᠭ᠎ᠠ ᠨᠡᠮᠡᠷᠢᠯᠡᠭᠰᠡᠨ ᠪᠠᠶᠢᠨ᠎ᠠ᠃ ︽ᠪᠢ ᠰᠢᠯᠢᠩᠬᠤᠳᠠ ᠠᠴᠠ ᠢᠷᠡᠵᠠᠢ︔ ᠬᠦᠪᠡᠬᠡᠳᠣ ᠰᠢᠷ᠎ᠡ ᠬᠤᠰᠢᠭᠤ ᠪᠣᠯ ᠮᠢᠨᠣ ᠠᠪᠤ ᠶᠢᠨ ᠨᠣᠳᠤᠭ︔ ᠦᠨᠣᠳᠣᠷ ᠪᠢ ᠱᠠᠭ᠎ᠠ ᠣᠷᠬᠢᠭᠠᠳ ᠨᠣᠮ ᠣᠯᠣᠬᠰᠠᠨ ᠳᠤ ᠪᠠᠨ ᠪᠠᠶᠠᠷ ᠲᠠᠢ ᠪᠠᠶᠢᠨ᠎ᠠ︾ ᠭᠡᠵᠦ ᠪᠢᠴᠢᠬᠠᠨ ᠨᠠᠶᠢᠵᠠ ᠨᠠᠶᠢᠷᠠᠬᠴᠢ ᠶᠠᠷᠢᠯ᠎ᠠ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号